ᠦᠪᠦᠷ ᠮᠣᠩᠭᠤᠯ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠳᠤ ᠴᠦᠬᠡᠨ ᠲᠤᠭᠠᠳᠤ ᠦᠨᠳᠤᠰᠦᠳᠡᠨ ᠤ ᠤᠶᠤᠳᠠᠨ ᠢ 50 ᠲᠦᠮᠡ ᠭᠠᠷᠤᠢ ᠬᠦᠮᠦᠵᠢᠬᠦᠯᠵᠡᠢ
ᠨᠡᠶᠢᠲᠡᠯᠡᠭᠰᠡᠨ ᠴᠠᠭ᠄
2018/12/18
     ᠰᠢᠨᠬᠤᠸᠠ ᠬᠤᠷᠢᠶ᠎ᠠ ᠬᠦᠬᠡᠬᠤᠳᠠ ᠶᠢᠨ 12 ᠰᠠᠷ᠎ᠠ ᠶᠢᠨ 16 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠠᠩ ᠵᠢᠩ︶ ᠰᠤᠷᠪᠤᠯᠵᠢᠯᠠᠭᠴᠢ 16 ᠤ ᠡᠳᠤᠷ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠤᠶᠢᠯᠠᠭᠠᠭᠰᠠᠨ ᠢᠶᠠᠷ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠲᠤᠷᠰᠢ᠂ ᠦᠪᠦᠷ  ᠮᠣᠩᠭᠤᠯ ᠦᠨᠳᠤᠰᠦᠳᠡᠨ ᠤ ᠰᠤᠷᠭᠠᠨ ᠬᠦᠮᠦᠵᠢᠯ ᠢ ᠬᠦᠴᠦᠯᠡᠨ ᠬᠦᠭᠵᠢᠬᠦᠯᠵᠤ᠂ ᠴᠦᠬᠡᠨ ᠲᠤᠭᠠᠳᠤ ᠦᠨᠳᠤᠰᠦᠳᠡᠨ ᠤ ᠤᠶᠤᠳᠠᠨ ᠢ ᠨᠡᠶᠢᠳᠡ 50.6 ᠲᠦᠮᠨ ᠬᠦᠮᠦᠵᠢᠬᠦᠯᠦᠭᠰᠡᠨ ᠪᠠᠶᠢᠨ᠎ᠠ᠃      ᠤᠶᠢᠯᠠᠭᠠᠭᠰᠠᠨ ᠢᠶᠠᠷ᠂ 40 ᠵᠢᠯ ᠤᠨ ᠲᠤᠷᠰᠢ ᠦᠪᠦᠷ ᠮᠣᠩᠭᠤᠯ ᠭᠤᠤᠯᠳᠠᠯᠭ᠎ᠠ ᠲᠠᠢ ᠬᠦᠭᠵᠢᠬᠦᠯᠬᠦ ᠦᠨᠳᠤᠰᠦᠳᠡᠨ ᠤ ᠰᠤᠷᠭᠠᠨ ᠬᠦᠮᠦᠵᠢᠯ ᠢ ᠪᠠᠷᠢᠮᠳᠠᠯᠠᠵᠤ᠂ ︽ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠦᠳᠡᠨ ᠤ ᠰᠤᠷᠭᠠᠨ ᠬᠦᠮᠦᠵᠢᠯ ᠤᠨ ᠲᠦᠷᠢᠮ︾ ᠵᠡᠷᠬᠡ ᠴᠤᠪᠤᠷᠠᠯ ᠬᠠᠤᠯᠢ ᠴᠠᠭᠠᠵᠠ ᠶᠢᠨ ᠮᠠᠲ᠋ᠧᠷᠢᠶᠠᠯ ᠢ ᠪᠠᠳᠤᠯᠠᠭᠤᠯᠤᠭᠰᠠᠨ ᠪᠦ᠋ᠭᠡᠳ ᠦᠨᠳᠤᠰᠦᠳᠡᠨ ᠤ ᠰᠤᠷᠭᠠᠨ ᠬᠦᠮᠦᠵᠢᠯ ᠤᠨ ᠲᠦᠷᠦ ᠶᠢᠨ ᠪᠤᠳᠤᠯᠭ᠎ᠠ ᠶᠢᠨ ᠬᠠᠤᠯᠢ ᠲᠤᠭᠳᠠᠭᠠᠮᠵᠢ ᠶᠢᠨ ᠪᠠᠳᠤᠯᠠᠭ᠎ᠠ ᠶᠢ   ᠴᠢᠩᠭᠠᠳᠬᠠᠭᠰᠠᠨ ᠪᠠᠶᠢᠨ᠎ᠠ᠃      ᠡᠯ᠎ᠡ ᠵᠡᠷᠬᠡᠯᠡᠯ ᠤᠨ ᠡᠳ᠋ ᠤᠨ ᠵᠠᠰᠠᠭ ᠰᠠᠩᠬᠦᠦ ᠶᠢᠨ ᠲᠡᠮᠵᠢᠯᠬᠡ ᠪᠠᠷ ᠦᠪᠦᠷ ᠮᠣᠩᠭᠤᠯ ᠦᠨᠳᠤᠰᠦᠳᠡᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠳᠤ ᠲᠤᠰᠬᠠᠢ ᠲᠦᠷᠦᠯ ᠤᠨ ᠬᠦᠷᠦᠩᠬᠡ ᠮᠦᠩᠬᠦ ᠤᠷᠤᠭᠤᠯᠵᠤ᠂ ︽10•5︾ ᠶᠢᠨ ᠬᠦᠭᠵᠢᠯᠳᠡ ᠶᠢᠨ ᠲᠦᠰᠦᠯ ᠤᠨ ᠬᠤᠭᠤᠴᠠᠭᠠᠨ ᠤ ᠳ᠋ᠦᠩᠰᠢᠭᠤᠷ ᠲᠦᠬᠦᠷᠢᠭ ᠠᠴᠠ ᠪᠠᠨ ︽13•5︾ ᠶᠢᠨ ᠬᠦᠭᠵᠢᠯᠳᠡ ᠶᠢᠨ ᠲᠦᠰᠦᠯ ᠤᠨ ᠬᠤᠭᠤᠴᠠᠭᠠᠨ ᠤ 20 ᠳ᠋ᠦᠩᠰᠢᠭᠤᠷ ᠲᠦᠭᠦᠷᠢᠭ ᠲᠤ ᠬᠦᠷᠪᠡ᠃ ᠤᠳᠤᠬᠠᠨ ᠳᠤ ᠤᠷᠤᠨ ᠲᠠᠶᠠᠭᠠᠷ ᠤᠨ ᠴᠦᠬᠡᠨ ᠲᠤᠭᠠᠳᠤ ᠦᠨᠳᠤᠰᠦᠳᠡᠨ ᠤ ᠰᠤᠷᠭᠠᠭᠤᠯᠢ ᠳᠤ ᠰᠠᠭᠤᠭ᠎ᠠ ᠰᠤᠷᠤᠭᠴᠢ 96.9 ᠲᠦᠮᠡ ᠪᠤᠢ᠂ 1978 ᠤᠨ ᠤ ᠬᠢ ᠠᠴᠠ 38.6 ᠲᠦᠮᠡᠨ ᠰᠤᠷᠤᠭᠴᠢ ᠨᠡᠮᠡᠭᠳᠡᠪᠡ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1