2025 ᠤᠨ ᠪᠤᠯᠬᠤ ᠳᠤ ᠮᠠᠨ ᠤ ᠤᠯᠤᠰ ᠤᠨ ᠨᠠᠰᠤᠳᠠᠢ ᠬᠦᠮᠦᠨ 3 ᠳ᠋ᠦᠩᠰᠢᠭᠤᠷ ᠢ ᠳᠠᠪᠠᠭ᠋ᠤ ᠪᠤᠯᠤᠨ᠎ᠠ ▲ | ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠡᠯᠡ ᠤᠷᠤᠭᠤᠯᠤᠯᠲᠠ ᠶᠢᠨ ᠬᠠᠯᠠᠮᠰᠢᠯ ᠴᠡᠭ ᠪᠤᠯᠪᠠ ᠤᠲᠤᠬᠠᠠ ᠳᠤ᠂ | ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠡᠯᠡ ᠤᠷᠤᠭᠤᠯᠤᠯᠳᠠ ᠶᠢᠨ ᠬᠠᠯᠠᠮᠰᠢᠯ ᠴᠡᠭ ᠪᠤᠯᠵᠤ ᠪᠤᠢ᠃ | ᠲᠤᠮᠲᠠᠲᠤ ᠤᠯᠤᠰ ᠤᠨ ᠠᠷᠠᠳ ᠤᠨ ᠠᠮᠢᠲᠤᠷᠠᠯ ᠤᠨ ᠪᠡᠯᠡ ᠤᠷᠤᠭᠤᠯᠤᠯᠲᠠ ᠶᠢᠨ ᠪᠦᠯᠦᠭᠯᠡᠯ ᠺᠤᠮᠫᠠᠨᠢ ᠲᠦᠷᠦᠭᠦᠭᠡᠡ | ᠱᠠᠩᠬᠠᠢ ᠳᠤ ︽ᠵᠦᠩ ᠮᠢᠨ ᠨᠠᠰᠤᠵᠢᠯ ᠤᠨ ᠠᠰᠠᠷᠠᠮᠵᠢ ᠶᠢᠨ ᠨᠢᠭᠦᠯᠡᠰᠦᠩᠭᠦᠢ ᠶᠢᠨ ᠰᠠᠭᠤᠷᠢ ᠮᠦᠩᠭᠦ︾ ᠶᠢ | ᠪᠠᠶᠢᠭᠤᠯᠵᠦ᠂ ᠲᠤᠮᠲᠠᠲᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠭᠵᠢᠯᠲᠠ ᠶᠢ | ᠲᠡᠮᠵᠢᠬᠦ ᠳᠤ ᠬᠡᠷᠡᠭᠯᠡᠨ᠎ᠠ ᠭᠡᠵᠦ ᠨᠡᠶᠢᠲᠡᠯᠡᠪᠡ᠃ ᠲᠤᠰ ᠰᠠᠭᠤᠷᠢ ᠮᠦᠩᠭᠦ ᠨᠢ ᠨᠡᠶᠢᠭᠡᠮ ᠲᠤᠭᠤᠷᠢᠭ ᠤᠨ ᠠᠰᠠᠷᠠᠮᠵᠢ | ᠬᠠᠯᠠᠮᠵᠢ ᠱᠠᠭᠠᠷᠳᠠᠬᠤ ᠨᠠᠰᠤᠲᠠᠶᠢᠴᠤᠳ ᠲᠤ ᠬᠠᠪᠰᠤᠷᠴᠤ᠂ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ ︽ | ᠨᠡᠶᠢᠭᠡᠮ ᠲᠤᠭᠤᠷᠢᠭ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠴᠢᠭ᠋︾ ᠭᠠᠷᠭᠠᠵᠤ᠂ ︽ᠨᠡᠶᠢᠭᠡᠮ | ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠰᠠᠶᠢᠨ ᠲᠤᠷᠠᠴᠢᠳ ᠤᠨ ᠦᠢᠯᠡᠴᠢᠯᠡᠭᠡᠨ ᠤ ᠠᠩᠭᠢ︾ ᠶᠢ ᠵᠤᠬᠢᠶᠠᠨ | ᠪᠠᠶᠢᠭᠤᠯᠵᠤ ᠲᠤᠭᠲᠠᠭᠰᠠᠠ ᠬᠤᠭᠤᠴᠠᠭ᠎ᠠ ᠪᠠᠷ ᠨᠠᠰᠤᠳᠠᠶᠢᠴᠤᠳ ᠤᠨ ᠭᠡᠷ ᠲᠤᠨᠢ ᠬᠦᠷᠴᠤ ᠬᠠᠯᠠᠮᠵᠢᠯᠠᠨ | ᠳᠤᠬᠤᠨᠢᠭᠤᠯᠵᠤ᠂ ᠡᠷᠡᠭᠦᠯ ᠮᠡᠨᠳᠦ ᠶᠢᠨ ᠪᠠᠶᠢᠴᠠᠭᠠᠯᠲᠠ᠂ ᠨᠡᠶᠢᠭᠡᠮ ᠲᠤᠭᠤᠷᠢᠭ ᠤᠨ ᠨᠠᠰᠤᠳᠠᠶᠢᠴᠤᠳ ᠲᠤ ᠲᠤᠰᠠᠯᠠᠬᠤ | ᠂ ᠨᠡᠶᠢᠭᠡᠮ ᠲᠤᠭᠤᠷᠢᠭ ᠤᠨ ᠨᠠᠰᠤᠲᠠᠶᠢᠴᠤᠳ ᠢ ᠬᠠᠷᠠᠭᠠᠯᠵᠠᠬᠤ ᠡᠳᠦᠷ ᠵᠡᠷᠭᠡ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠦᠷᠨᠢᠭᠦᠯᠵᠦ᠂ ᠨᠠᠰᠤᠲᠠᠶᠢᠴᠤᠳ ᠤᠨ ᠪᠤᠲᠠᠲᠤ ᠭᠡᠷᠡᠭᠴᠡᠭᠡ ᠱᠠᠭᠠᠷᠲᠠᠯᠭ᠎ᠠ ᠶᠢ ᠬᠠᠩᠭᠠᠬᠤ ᠪᠤᠯᠤᠨ᠎ᠠ᠃ | ᠲᠤᠮᠲᠠᠲᠤ ᠤᠯᠤᠰ ᠤᠨ ᠠᠷᠠᠳ ᠤᠨ ᠠᠮᠢᠲᠤᠷᠠᠯ ᠤᠨ ᠪᠡᠯᠡ ᠤᠷᠤᠭᠤᠯᠤᠯᠲᠠ ᠶᠢᠨ ᠪᠦᠯᠦᠭᠯᠡᠯ ᠺᠤᠮᠫᠠᠨᠢ ᠶᠢᠨ | ᠢᠷᠡᠭᠡᠲᠦᠢ ᠶᠢᠨ ᠭᠡᠷᠡᠭ ᠮᠡᠲᠡᠭᠴᠢᠳ ᠤᠨ ᠲᠠᠷᠤᠭ᠎ᠠ ᠸᠠᠩ ᠬᠤᠢ᠂ ᠲᠡᠳᠡᠨ ᠤ ᠺᠤᠮᠫᠠᠨᠢ ᠶᠢᠨ ᠭᠡᠷ ᠲᠡᠭᠡᠨ ᠦᠲᠡᠯᠦᠭᠡ | ᠨᠠᠰᠤ ᠪᠠᠨ ᠦᠩᠭᠡᠷᠡᠭᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠭᠤᠤᠯᠳᠠᠭᠤ ᠨᠠᠰᠤᠳᠠᠶᠢᠴᠤᠳ ᠤᠨ | ᠭᠡᠷ ᠲᠤᠨᠢ ᠬᠦᠷᠴᠤ ᠠᠰᠠᠷᠠᠬᠤ᠂ ᠬᠤᠭᠤᠯᠠ ᠤᠮᠳᠠ ᠪᠡᠯᠡᠳᠴᠤ ᠦᠭᠬᠦ ᠵᠡᠷᠭᠡ ᠦᠨᠲᠦᠰᠦᠨ ᠦᠢᠯᠡᠴᠢᠯᠡᠭᠡ | ᠬᠠᠩᠭᠠᠬᠤ ᠠᠴᠠ ᠭᠠᠲᠠᠨ᠎ᠠ᠂ ᠪᠠᠰᠠ ᠲᠤᠰᠬᠠᠢ ᠮᠡᠷᠭᠡᠵᠢᠯ ᠤᠨ ᠠᠰᠠᠷᠠᠭᠴᠢ᠂ ᠰᠤᠪᠢᠯᠠᠭᠴᠢ ᠵᠡᠷᠭᠡ ᠪᠠᠷ ᠡᠷᠡᠭᠦᠯ | ᠮᠡᠨᠳᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠬᠢᠬᠦ᠂ ᠤᠬᠤᠷ ᠬᠤᠭᠤᠴᠠᠭ᠎ᠠ ᠪᠠᠷ ᠬᠠᠮᠳᠤ ᠰᠠᠭᠤᠵᠤ ᠠᠰᠠᠷᠠᠬᠤ᠂ | ᠨᠠᠭᠠᠳᠴᠤ ᠴᠡᠩᠭᠡᠬᠦ᠂ ᠡᠷᠡᠭᠦᠯᠵᠢᠬᠦ ᠪᠤᠯᠪᠠᠰᠤᠷᠠᠯ ᠤᠨ ᠵᠢᠯᠤᠭᠤᠳᠤᠮᠵᠢ ᠬᠠᠩᠭᠠᠬᠤ ᠵᠡᠷᠭᠡ ᠪᠠᠷ ᠬᠡᠳᠦᠨ ᠨᠡᠶᠢᠭᠡᠮ | ᠲᠤᠭᠤᠷᠢᠭ ᠢ ᠬᠠᠮᠤᠷᠤᠭᠰᠠᠨ ︽ᠨᠠᠰᠤᠲᠠᠳ ᠢᠶᠠᠨ ᠠᠰᠠᠷᠠᠭᠤᠯᠬᠤ ᠭᠠᠵᠠᠷ︾ ᠤᠨ ᠴᠢᠲᠠᠪᠬᠢ ᠲᠠᠢ᠃ ᠤᠷᠤᠨ | ᠨᠤᠲᠤᠭ ᠤᠨ ᠤᠯᠤᠰ ᠤᠨ ᠦᠮᠴᠢᠯᠡᠯ ᠤᠨ ᠠᠵᠦ ᠠᠬᠤᠶᠢᠢᠯᠠᠯ ᠴᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ | ᠲᠦᠪᠡᠭ ᠠᠰᠠᠭᠤᠲᠠᠯ ᠢ ᠰᠢᠢᠳᠪᠤᠷᠢᠯᠡᠬᠦ ᠪᠠᠷ ᠢᠲᠡᠪᠬᠢᠲᠠᠢ ᠰᠦᠪᠡᠭᠴᠢᠯᠡᠵᠤ ᠪᠤᠢ᠃ ᠵᠢᠱᠢᠶᠡᠯᠡᠪᠡᠯ᠂ ᠱᠠᠩᠬᠠᠢ ᠶᠢᠨ ᠭᠡᠷ | ᠭᠠᠵᠠᠷ ᠤᠨ ᠬᠦᠷᠦᠩᠭᠡ ᠶᠢᠨ ᠪᠦᠯᠦᠭᠯᠡᠯ ᠺᠤᠮᠫᠠᠨᠢ ᠪᠤᠯᠤᠨ ᠸᠠᠠ ᠺᠧ᠂ ᠱᠠᠩᠬᠠᠢ ᠶᠢᠨ ᠬᠢᠲᠡᠳ ᠡᠮ ᠡᠮᠨᠡᠯᠭᠡ ᠶᠢᠨ ᠶᠡᠭᠡ | ᠰᠤᠷᠭᠠᠭᠤᠯᠢ ᠬᠠᠮᠲᠤᠷᠠᠵᠦ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡ ᠡᠵᠡᠩᠨᠡᠬᠦ | ᠬᠤᠲᠠᠯᠲᠤᠭᠠᠴᠢᠨ — ᠱᠠᠩᠬᠠᠢ ᠶᠢᠨ ᠱᠸᠠ ᠶᠠᠩ ᠺᠤᠮᠫᠠᠨᠢ ᠶᠢ ᠪᠠᠶᠢᠭᠤᠯᠵᠦ᠂ ᠭᠡᠷ ᠲᠡᠭᠡᠨ ᠦᠲᠡᠯᠦᠭᠡ ᠨᠠᠰᠤ ᠪᠠᠨ | ᠦᠩᠭᠡᠷᠡᠭᠦᠯᠬᠦ᠂ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ | ᠂ ᠬᠠᠷᠠᠵᠦ ᠬᠠᠷᠠᠭᠠᠯᠵᠠᠬᠤ ᠪᠠᠶᠢᠭᠤᠯᠤᠮᠵᠢ᠂ ᠨᠠᠰᠤᠳᠠᠶᠢᠴᠤᠳ ᠤᠨ ᠪᠠᠭᠤᠳᠠᠯ ᠵᠡᠷᠭᠡ ᠤᠯᠠᠠ ᠬᠡᠯᠪᠡᠷᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢᠨ ᠬᠠᠮᠳᠤ ᠲᠤᠰᠬᠠᠢ ᠮᠡᠷᠭᠡᠵᠢᠯ ᠤᠨ ᠠᠯᠪᠠᠠ ᠠᠴᠠ | ᠪᠠᠶᠢᠭᠤᠯᠤᠭᠰᠠᠠ ᠡᠮᠨᠡᠯᠭᠡ ᠶᠢᠨ ᠬᠤᠷᠢᠶ᠎ᠠ ᠶᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠠᠮᠤᠷᠤᠨ | ᠤᠷᠤᠭᠤᠯᠵᠤ᠂ ᠡᠮᠴᠢᠯᠡᠭᠡ ᠪᠠ ᠠᠰᠠᠷᠠᠮᠵᠢ ᠶᠢ ᠤᠶᠠᠯᠲᠤᠭᠤᠯᠤᠭᠰᠠᠠ ᠡᠵᠡᠩᠨᠡᠯᠲᠡ ᠶᠢᠨ ᠲᠤᠲᠠᠭᠤᠲᠠᠯ ᠢ | ᠨᠦᠬᠦᠪᠦᠷᠢᠯᠡᠵᠤ ᠪᠤᠢ᠃ ᠰᠲ᠋ᠤᠺ ᠢᠶᠠᠨ ᠵᠠᠬ᠎ᠠ ᠲᠡᠯᠭᠡᠭᠦᠷ ᠲᠤ ᠭᠠᠷᠭᠠᠭᠰᠠᠨ ᠭᠡᠷ ᠭᠠᠵᠠᠷ ᠤᠨ ᠬᠦᠷᠦᠩᠭᠡ ᠶᠢᠨ ᠠᠵᠦ | ᠠᠬᠤᠶᠢᠢᠯᠠᠯ ᠪᠠᠰᠠ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠪᠠᠶᠢᠷᠢᠯᠠᠭᠤᠯᠤᠯᠳᠠ ᠬᠢᠵᠦ ᠪᠤᠢ᠃ ᠵᠢᠱᠢᠶᠡᠯᠡᠪᠡᠯ | ᠯᠢᠤᠢ ᠳ᠋ᠢ ᠬᠤᠪᠢᠴᠠᠭᠠᠳᠦ ᠺᠤᠮᠫᠠᠨᠢ 10 ᠰᠠᠷ᠎ᠠ ᠳᠤ ᠡᠷᠡᠭᠦᠯ ᠮᠡᠨᠳᠦ ᠶᠢᠨ ᠨᠠᠰᠤᠵᠢᠯ ᠤᠨ ᠦᠢᠯᠡᠴᠢᠯᠡᠭᠡᠨ ᠤ ᠠᠵᠦ | ᠦᠢᠯᠡᠰ ᠤᠨ ᠪᠠᠶᠢᠯᠲᠤᠬᠤ ᠪᠤᠲᠤᠯᠭ᠎ᠠ ᠶᠢᠨ ᠲᠦᠯᠦᠪᠵᠢᠭᠦᠯᠭᠡ ᠨᠡᠶᠢᠲᠡᠯᠡᠵᠦ᠂ 200 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠦ᠂ 2 ᠵᠢᠯ ᠤᠨ ᠲᠤᠲᠤᠷ᠎ᠠ ᠪᠦᠬᠦ ᠤᠯᠤᠰ ᠲᠤ 100 ᠡᠷᠡᠭᠦᠯ ᠮᠡᠨᠳᠦ ᠶᠢᠨ ᠨᠠᠰᠤᠵᠢᠯ ᠤᠨ | ᠠᠰᠠᠷᠠᠮᠵᠢ ᠶᠢᠨ ᠵᠤᠴᠢᠳ ᠤᠨ ᠪᠠᠭᠤᠲᠠᠯ ᠪᠠᠶᠢᠭᠤᠯᠵᠦ᠂ 5 ᠵᠢᠯ ᠤᠨ ᠲᠤᠲᠤᠷ᠎ᠠ ᠤᠯᠤᠰ ᠤᠨ ᠲᠤᠲᠤᠭᠠᠲᠤ | ᠭᠠᠲᠠᠭᠠᠲᠤ ᠳᠤ 500 ᠬᠡᠯᠬᠢᠶ᠎ᠠ ᠵᠤᠴᠢᠳ ᠤᠨ ᠪᠠᠭᠤᠲᠠᠯ ᠢ ᠪᠠᠶᠢᠭᠤᠯᠬᠤ ᠶᠢᠨ ᠬᠠᠮᠳᠤ ᠡᠮᠴᠢᠯᠡᠭᠡᠨ ᠤ ᠪᠡᠶ᠎ᠠ ᠶᠢᠨ | ᠪᠠᠶᠢᠴᠠᠭᠠᠯᠳᠠ᠂ ᠵᠤᠭᠠᠴᠠᠨ ᠲᠤᠭᠤᠷᠢᠵᠤ ᠪᠠᠭᠤᠲᠠᠯ ᠳᠤ ᠰᠠᠭᠤᠵᠤ ᠦᠲᠡᠯᠦᠭᠡ ᠨᠠᠰᠤ ᠪᠠᠨ ᠦᠩᠭᠡᠷᠡᠭᠦᠯᠬᠦ᠂ ᠡᠷᠡᠭᠦᠯ | ᠮᠡᠨᠳᠦ ᠶᠢᠨ ᠲᠠᠭᠠᠳᠬᠠᠯ ᠵᠡᠷᠭᠡ ᠡᠷᠡᠭᠦᠯ ᠮᠡᠨᠳᠦ ᠶᠢᠨ ᠠᠵᠦ ᠦᠢᠯᠡᠰ ᠤᠨ ᠳᠡᠭᠡᠳᠦ ᠳᠤᠤᠷᠠᠳᠦ ᠱᠠᠳᠤᠨ ᠤ ᠠᠵᠤ | ᠦᠢᠯᠡᠰ ᠤᠨ ᠬᠡᠯᠬᠢᠶ᠎ᠠ ᠶᠢ ᠰᠢᠯᠤᠭᠤᠳᠬᠠᠵᠤ᠂ ᠰᠢᠯᠢᠳᠡᠭ ᠰᠠᠶᠢᠨ ᠡᠷᠡᠭᠦᠯ ᠮᠡᠨᠳᠦ ᠶᠢᠨ ᠠᠰᠠᠷᠠᠮᠵᠢ ᠶᠢᠨ ᠪᠡᠯᠡ | ᠬᠦᠷᠦᠩᠭᠡ ᠶᠢ ᠦᠨᠡᠲᠦ ᠲᠡᠮᠲᠡᠭᠴᠢᠯᠡᠬᠦ ᠶᠢ ᠠᠬᠢᠭᠤᠯᠬᠤ ᠪᠠᠷ ᠲᠦᠯᠦᠪᠯᠡᠵᠦ ᠪᠠᠶᠢᠨ᠎ᠠ᠃ ᠡᠭᠦᠨ ᠠᠴᠠ ᠭᠠᠳᠠᠨ᠎ᠡ᠂ ᠹᠦ᠋ | ᠰᠢᠩ ᠵᠡᠷᠭᠡ ᠠᠷᠠᠳ ᠠᠴᠠ ᠡᠵᠡᠩᠨᠡᠭᠰᠡᠨ ᠪᠡᠯᠡ ᠭᠦᠷᠦᠩᠭᠡ ᠪᠡᠰᠡ ᠨᠠᠰᠤᠵᠢᠯ ᠤᠨ ᠠᠰᠠᠷᠠᠮᠵᠢ ᠶᠢᠨ ᠦᠢᠯᠡᠰ ᠲᠤ ᠶᠡᠭᠡ | ᠬᠦᠴᠦᠨ ᠢᠶᠠᠷ ᠴᠡᠷᠢᠭᠯᠡᠵᠦ ᠪᠤᠢ᠂ ᠵᠢᠱᠢᠶᠡᠯᠡᠪᠡᠯ ᠹᠦ᠋ ᠰᠢᠩ ᠠᠴᠠ ᠶᠡᠭᠡ ᠡᠷᠡᠭᠦᠯ ᠮᠠᠨᠳᠤ ᠶᠢᠨ ᠪᠡᠯᠡ ᠤᠷᠤᠭᠤᠯᠤᠯᠳᠡ | ᠪᠡ ᠡᠵᠡᠩᠨᠡᠯᠳᠡ ᠶᠢᠨ ᠲᠠᠪᠴᠠᠩ — ᠰᠢᠩ ᠵᠢᠶᠠᠨ ᠢ ᠪᠠᠶᠢᠭᠤᠯᠵᠤ᠂ ᠨᠡᠶᠢᠭᠡᠮ ᠲᠤᠭᠤᠷᠢᠭ ᠤᠨ ᠡᠷᠡᠭᠦᠯ ᠮᠠᠨᠳᠤ ᠶᠢᠨ | ᠦᠢᠯᠡᠴᠢᠯᠡᠭᠡ᠂ ᠲᠤᠰᠬᠠᠢ ᠮᠡᠷᠭᠡᠵᠢᠯ ᠤᠨ ᠨᠠᠰᠤᠵᠢᠯ ᠤᠨ ᠠᠰᠠᠷᠠᠮᠵᠢ᠂ ᠡᠷᠡᠭᠦᠯᠵᠢᠭᠦᠯᠭᠦ ᠰᠤᠪᠢᠯᠡᠯᠳᠡ ᠪᠠᠷ ᠭᠤᠤᠯ | ᠪᠤᠯᠭᠠᠬᠰᠡᠨ ᠤᠯᠠᠨ ᠲᠦᠷᠦᠯ ᠤᠨ ᠦᠢᠯᠡᠴᠢᠯᠡᠭᠡᠨ ᠤ ᠱᠤᠭᠤᠮ ᠢ ᠴᠤᠭᠴᠠᠯᠠᠪᠠ᠃ ᠲᠤᠮᠳᠠᠳᠤ ᠤᠯᠤᠰ ᠤᠨ | ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠡ ᠶᠢᠨ ᠪᠦᠯᠦᠭᠯᠡᠯ ᠺᠤᠮᠫᠠᠨᠢ ᠶᠢᠨ ᠭᠡᠷᠡᠭ ᠮᠡᠳᠡᠭᠴᠢᠳ ᠤᠨ | ᠲᠤᠪᠴᠢᠶᠡᠨ ᠤ ᠲᠡᠳ᠋ ᠲᠡᠷᠢᠭᠦᠯᠡᠭᠴᠢ ᠯᠢ ᠶᠢᠨ ᠾᠧᠩ᠄ ︽ᠤᠳᠤᠬᠠᠨ ᠳᠤ᠂ ᠡᠯ᠎ᠡ ᠲᠠᠯ᠎ᠠ ᠶᠢᠨ ᠭᠦᠷᠦᠩᠭᠡ ᠶᠢᠨ | ᠨᠠᠰᠤᠵᠢᠯ ᠤᠨ ᠠᠰᠠᠷᠠᠮᠵᠢ ᠶᠢᠨ ᠲᠠᠪᠴᠠᠩ ᠦᠨᠳᠤᠰᠤᠨ ᠳᠡᠭᠡᠨ ᠪᠦᠷ ᠠᠳᠠᠯ ᠠᠬᠤᠢ ᠶᠢᠨ ᠬᠠᠮᠢᠶᠠᠷᠤᠯᠳᠠ ᠠᠴᠠ ᠭᠠᠷ | ᠳᠦᠷᠦᠵᠦ᠂ ᠮᠦᠩᠭᠦᠨ ᠭᠦᠢᠯᠭᠡᠭᠡ ᠪᠠᠷ ᠠᠷᠭ᠎ᠠ ᠬᠡᠮᠵᠢᠶ᠎ᠡ ᠪᠤᠯᠭᠠᠵᠤ᠂ ᠨᠠᠰᠤᠵᠢᠯ ᠤᠨ ᠠᠰᠠᠷᠠᠮᠵᠢ ᠪᠠᠷ ᠲᠦᠪ | ᠪᠤᠯᠭᠠᠵᠤ᠂ ᠪᠡᠭᠡᠵᠢᠩ᠂ ᠱᠠᠩᠬᠠᠢ ᠵᠡᠷᠭᠡ ᠪᠦᠭᠦ ᠤᠯᠤᠰ ᠤᠨ ᠲᠤᠮᠤ ᠬᠤᠳᠡ ᠪᠠᠷ ᠡᠩ ᠲᠡᠷᠢᠭᠦᠨ ᠳᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠤᠤᠷ ᠢ ᠪᠠᠶᠢᠷᠢᠰᠢᠭᠤᠯᠵᠤ ᠪᠤᠢ︾ ᠭᠡᠪᠡ᠃ ᠰᠤᠷᠪᠤᠯᠵᠢᠯᠠᠭᠴᠢ ᠪᠠᠶᠢᠴᠠᠭᠠᠯᠳᠡ ᠪᠠᠷ | ᠢᠯᠡᠷᠡᠭᠦᠯᠦᠭᠰᠡᠨ ᠨᠢ᠂ ᠤᠳᠤᠬᠠᠨ ᠤ ᠲᠤᠮᠳᠡᠳᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠦᠢᠯᠡᠰ ᠲᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠲᠦᠪᠡᠭ ᠠᠰᠠᠭᠤᠳᠠᠯ ᠪᠤᠯ ᠨᠠᠰᠤᠳᠠᠶᠢᠴᠤᠳ ᠭᠡᠷ ᠠᠴᠠ ᠪᠠᠨ | ᠰᠠᠯᠵᠤ ᠦᠳᠡᠯᠦᠭᠡ ᠨᠠᠰᠤ ᠪᠠᠨ ᠦᠩᠭᠡᠷᠡᠭᠦᠯᠬᠦ ᠲᠤᠷ᠎ᠠ ᠦᠭᠡᠢ ᠤᠯᠠᠮᠵᠢᠯᠠᠯᠳᠦ ᠦᠢᠯᠠᠭᠠᠬᠳᠠᠬᠤᠨ ᠨᠢ ᠬᠡᠳᠦ ᠴᠢᠩᠭ᠎ᠠ | ᠪᠠᠶᠢᠬᠤ ᠪᠤᠯᠤᠨ᠎ᠡ᠃ ᠡᠨᠡᠬᠦ ᠪᠠᠶᠢᠳᠠᠯ ᠳᠤ ᠭᠡᠷ ᠤᠨ ᠢᠶᠠᠨ ᠬᠠᠵᠠᠭᠤ ᠳᠤ ᠨᠠᠰᠤᠵᠢᠯ ᠤᠨ ᠠᠰᠠᠷᠠᠮᠵᠢ ᠬᠦᠷᠳᠡᠭᠡᠬᠦ | ᠵᠠᠭᠪᠤᠷ ᠨᠢ ᠨᠠᠰᠤᠳᠠᠶᠢᠴᠤᠳ ᠤᠨ ᠤᠯᠠᠮᠵᠢᠯᠠᠯᠳᠦ ᠦᠢᠯᠠᠭᠠᠬᠳᠠᠬᠤᠨ ᠢ ᠬᠤᠪᠢᠷᠠᠭᠤᠯᠬᠤ ᠡᠷᠬᠢᠯᠳᠡ ᠶᠢᠨ ᠴᠡᠭ ᠪᠤᠯᠵᠤ | ᠪᠤᠯᠤᠨ᠎ᠠ᠂ ᠡᠨᠡ ᠨᠢ ᠮᠦᠨ ᠤᠳᠤᠬᠢ ᠱᠠᠳᠤᠨ ᠳᠠᠬᠢ ᠠᠯᠢ ᠤᠯᠠᠨ ᠨᠠᠰᠤᠳᠠᠶᠢᠴᠤᠳ ᠪᠡ ᠭᠡᠷ ᠪᠦᠯᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠪᠤᠳᠠᠳᠤ ᠭᠡᠷᠡᠭᠴᠡᠭᠡ ᠱᠠᠭᠠᠷᠳᠠᠯᠭ᠎ᠠ ᠳᠤ ᠨᠡᠶᠢᠴᠡᠨ᠎ᠠ᠃ ︽ | ᠨᠠᠰᠤᠳᠠᠶᠢᠴᠤᠳ ᠭᠡᠷ ᠪᠦᠯᠢ ᠶᠢᠨ ᠬᠠᠷᠢᠯᠴᠠᠭ᠎ᠠ ᠪᠡ ᠭᠦᠷᠰᠢ ᠰᠠᠭᠠᠬᠠᠯᠳᠠ ᠶᠢᠨ ᠬᠠᠷᠢᠯᠴᠠᠭ᠎ᠠ ᠲᠠᠢ ᠨᠡᠶᠢᠭᠡᠮ ᠤᠨ | ᠬᠠᠷᠢᠴᠠᠭᠠᠨ ᠤ ᠲᠤᠤᠷ ᠱᠠᠭᠠᠷᠳᠠᠨ᠎ᠠ︾᠃ ᠲᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠭᠦ ᠤᠬᠠᠭᠠᠨ ᠤ | ᠰᠤᠳᠤᠯᠭᠠᠨ ᠤ ᠲᠦᠪ ᠤᠨ ᠦᠳᠡᠭᠦᠰ ᠤᠨ ᠠᠵᠤ ᠠᠬᠤᠢ ᠪᠡ ᠠᠵᠤ ᠦᠢᠯᠡᠰ ᠤᠨ ᠰᠤᠳᠤᠯᠬᠤ ᠭᠠᠵᠠᠷ ᠤᠨ ᠲᠡᠳ᠋ | ᠲᠠᠷᠤᠭ᠎ᠠ ᠸᠠᠩ ᠯᠢ ᠯᠢ ᠶᠢᠨ ᠦᠵᠡᠭᠦ ᠪᠠᠷ᠂ ᠭᠡᠷ ᠲᠡᠭᠡᠨ ᠰᠠᠭᠤᠵᠤ ᠦᠳᠡᠯᠦᠭᠡ ᠨᠠᠰᠤ ᠪᠠᠨ ᠦᠩᠭᠡᠷᠡᠬᠦᠯᠬᠦ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠨᠠᠰᠤᠳᠠᠶᠢᠴᠤᠳ ᠲᠤ ᠲᠤᠰᠬᠠᠢ ᠮᠡᠷᠭᠡᠵᠢᠯ ᠤᠨ ᠠᠰᠠᠷᠠᠮᠵᠢ | ᠰᠤᠪᠢᠯᠡᠯᠳᠡ ᠬᠦᠷᠳᠡᠭᠡᠵᠦ ᠪᠤᠯᠬᠤ ᠪᠠᠷ ᠪᠠᠷᠠᠬᠤ ᠦᠭᠡᠢ ᠪᠡᠰᠡ ᠨᠠᠰᠤᠳᠠᠶᠢᠴᠤᠳ ᠤᠨ ︽ᠭᠡᠷ ᠠᠴᠠ ᠪᠠᠨ ᠰᠠᠯᠬᠤ | ᠦᠭᠡᠢ︾ ᠬᠠᠯᠠᠭᠤᠨ ᠲᠤᠳᠤᠨᠤ ᠰᠡᠳᠬᠢᠯᠭᠡ ᠪᠡ ᠦᠪᠡᠷ ᠤᠨ ᠭᠠᠵᠠᠷ ᠲᠠᠭᠠᠨ ᠪᠠᠶᠢᠨ᠎ᠠ ᠭᠡᠬᠦ ᠰᠡᠳᠬᠢᠯᠭᠡ ᠶᠢ ᠨᠢ | ᠬᠠᠷᠠᠭᠠᠯᠵᠠᠵᠤ ᠪᠤᠯᠤᠨ᠎ᠡ᠃ ︽ᠲᠤᠮᠳᠠᠳᠤ ᠤᠯᠤᠰ ᠤᠨ ᠮᠠᠶᠢᠬ ᠤᠨ ᠨᠠᠰᠤᠵᠢᠯ ᠤᠨ ᠠᠰᠠᠷᠠᠮᠵᠢ ᠨᠢ ᠵᠦᠪᠭᠡᠨ ᠪᠡᠶ᠎ᠡ | ᠮᠠᠬᠠᠪᠤᠳ ᠤᠨ ᠲᠠᠯ᠎ᠡ ᠶᠢᠨ ᠬᠢ ᠪᠢᠰᠢ᠂ ᠨᠡᠩ ᠴᠢᠬᠤᠯᠡ ᠨᠢ ᠦᠵᠡᠯ ᠰᠠᠨᠠᠭᠠᠨ ᠤ ᠳᠠᠪᠬᠤᠷᠭ᠎ᠠ ᠶᠢᠨ ᠬᠢ ᠪᠠᠶᠢᠬᠤ | ᠬᠡᠷᠡᠭᠳᠠᠢ︾᠃ ᠠᠷᠠᠳ ᠤᠨ ᠶᠠᠪᠤᠳᠠᠯ ᠤᠨ ᠶᠠᠮᠤᠨ ᠤ ᠨᠡᠶᠢᠳᠡᠯᠡᠭᠰᠡᠨ ︽2016 ᠤᠨ ᠤ ᠨᠡᠶᠢᠭᠡᠮ ᠤᠨ | ᠦᠢᠯᠡᠴᠢᠯᠡᠭᠡᠨ ᠤ ᠦᠢᠯᠡᠰ ᠤᠨ ᠭᠦᠭᠵᠢᠯᠳᠡ ᠶᠢᠨ ᠪᠦᠷᠢᠳᠭᠡᠯ ᠤᠨ ᠠᠯᠪᠡᠨ ᠮᠡᠳᠡᠭᠡ︾ ᠳᠤ ᠬᠠᠷᠠᠭᠤᠯᠤᠭᠰᠠᠨ ᠢᠶᠠᠷ᠂ | ᠮᠠᠨ ᠤ ᠤᠯᠤᠰ ᠶᠠᠭ ᠬᠦᠮᠤᠨ ᠠᠮᠠ ᠶᠢᠨ ᠨᠠᠰᠤᠵᠢᠯ ᠲᠦᠷᠭᠡᠨ ᠬᠦᠭᠵᠢᠬᠦ ᠬᠤᠭᠤᠴᠠᠭ᠎ᠠ ᠳᠤ ᠤᠷᠤᠰᠢᠵᠤ ᠪᠠᠶᠢᠨ᠎ᠡ᠃ | 2016 ᠤᠨ ᠤ ᠡᠴᠤᠰ ᠪᠤᠯᠬᠤ ᠳᠤ᠂ ᠪᠦᠭᠦ ᠤᠯᠤᠰ ᠤᠨ 60 ᠨᠠᠰᠤᠨ ᠠᠴᠠ ᠲᠡᠭᠡᠭᠰᠢᠬᠢ ᠨᠠᠰᠤᠳᠠᠢ ᠬᠦᠮᠦᠨ 2.3 | ᠳ᠋ᠦᠩᠰᠢᠭᠤᠷ ᠲᠤ ᠭᠦᠷᠴᠤ᠂ ᠪᠦᠭᠦ ᠬᠦᠮᠤᠨ ᠠᠮᠠ ᠶᠢᠨ 16.7% ᠢ ᠡᠵᠡᠯᠡᠪᠡ᠃ ᠲᠦᠷᠦ ᠶᠢᠨ ᠶᠠᠪᠤᠳᠠᠯ ᠤᠨ | ᠬᠤᠷᠢᠶᠡᠨ ᠤ ᠲᠠᠷᠤᠮᠠᠯᠯᠠᠨ ᠲᠠᠷᠬᠠᠭᠠᠬᠰᠡᠨ ︽︿ᠠᠷᠪᠡᠨ ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠭᠦᠯᠭᠡ ᠶᠢᠨ | ᠬᠤᠭᠤᠴᠠᠭᠠᠨ ᠤ ᠤᠯᠤᠰ ᠤᠨ ᠨᠠᠰᠤᠵᠢᠯ ᠤᠨ ᠦᠢᠯᠡᠰ ᠤᠨ ᠭᠦᠭᠵᠢᠯᠳᠡ ᠪᠡ ᠨᠠᠰᠤᠵᠢᠯ ᠤᠨ ᠠᠰᠠᠷᠠᠮᠵᠢ ᠶᠢᠨ | ᠰᠢᠰᠲᠧᠮ ᠤᠨ ᠪᠠᠶᠢᠭᠤᠯᠤᠯᠳᠡ ᠶᠢᠨ ᠲᠦᠯᠦᠪᠵᠢᠭᠦᠯᠭᠡ︾ ᠳᠤ ᠵᠢᠱᠢᠭᠰᠡᠨ ᠢᠶᠠᠷ᠂ 2020 ᠤᠨ ᠪᠤᠯᠬᠤ ᠳᠤ᠂ ᠪᠦᠭᠦ | ᠤᠯᠤᠰ ᠤᠨ 60 ᠨᠠᠰᠤᠨ ᠠᠴᠠ ᠲᠡᠭᠡᠭᠰᠢᠬᠢ ᠨᠠᠰᠤᠳᠠᠢ ᠬᠦᠮᠤᠨ ᠨᠡᠮᠡᠭᠳᠡᠭᠡᠳ 2.55 ᠳ᠋ᠦᠩᠰᠢᠭᠤᠷ ᠤᠷᠴᠢᠮ ᠳᠤ | ᠬᠦᠷᠴᠤ᠂ ᠪᠦᠭᠦ ᠬᠦᠮᠤᠨ ᠠᠮᠠ ᠶᠢᠨ 17.8 % ᠢ ᠡᠵᠡᠯᠡᠬᠦ ᠪᠤᠯᠤᠨ᠎ᠠ᠃ 2025 ᠤᠨ ᠪᠤᠯᠬᠤ ᠳᠤ ᠮᠠᠨ ᠤ | ᠤᠯᠤᠰ ᠤᠨ ᠨᠠᠰᠤᠳᠠᠢ ᠬᠦᠮᠦᠨ 3 ᠳ᠋ᠦᠩᠰᠢᠭᠤᠷ ᠢ ᠳᠠᠪᠠᠭ᠋ᠤ ᠪᠤᠯᠤᠨ᠎ᠠ᠃ ▲ ᠤᠩᠰᠢᠪᠤᠷᠢ᠄ 12 ᠰᠠᠷ᠎ᠠ ᠶᠢᠨ 6 ᠤ | ᠡᠳᠦᠷ᠂ ᠪᠡᠭᠡᠵᠢᠩ ᠳᠤ ᠬᠤᠷᠠᠯᠳᠤᠭᠰᠠᠨ ᠠᠯᠳᠠᠨ ᠲᠤᠭᠤᠰᠬ᠎ᠠ ᠤᠯᠤᠰ ᠤᠳ ᠤᠨ ᠨᠠᠰᠤᠵᠢᠯ ᠤᠨ ᠠᠵᠢᠯ ᠤᠨ | ᠬᠤᠷᠠᠯ ᠠᠴᠠ ᠤᠶᠢᠢᠯᠠᠭᠠᠭᠰᠠᠨ ᠢᠶᠠᠷ᠂ 2015 ᠤᠨ ᠪᠤᠯᠳᠠᠯ᠎ᠠ᠂ ᠠᠯᠳᠠᠨ ᠲᠤᠭᠤᠰᠬ᠎ᠠ ᠶᠢᠨ ᠲᠠᠪᠤᠨ ᠤᠯᠤᠰ ᠤᠨ | 60 ᠨᠠᠰᠤᠨ ᠠᠴᠠ ᠳᠡᠭᠡᠭᠰᠢᠬᠢ ᠬᠦᠮᠦᠨ ᠠᠮᠠ 3.8 ᠳ᠋ᠦᠩᠰᠢᠭᠤᠷ ᠲᠤ ᠬᠦᠷᠴᠤ᠂ ᠪᠦᠬᠦ ᠪᠦᠮᠪᠦᠷᠴᠡᠭ ᠤᠨ ᠨᠠᠰᠤᠳᠠᠢ | ᠬᠦᠮᠦᠨ ᠠᠮᠠ ᠶᠢᠨ 42% ᠢ ᠡᠵᠡᠯᠡᠪᠡ᠃ ᠡᠭᠦᠨ ᠳᠤ ᠳᠤᠮᠳᠠᠳᠤ ᠤᠯᠤᠰ ᠤᠨ ᠨᠠᠰᠤᠳᠠᠢ ᠬᠦᠮᠦᠨ 2 | ᠳ᠋ᠦᠩᠰᠢᠭᠤᠷ ᠢ ᠳᠠᠪᠠᠵᠤ᠂ ᠡᠨᠡᠳᠬᠡᠭ ᠤᠨ 1 ᠳ᠋ᠦᠩᠰᠢᠭᠤᠷ ᠢ ᠳᠠᠪᠠᠪᠠ᠃ ᠲᠦᠰᠦᠭᠡᠯᠡᠬᠦ ᠪᠠᠷ᠂ ᠲᠤᠰ ᠵᠠᠭᠤᠨ ᠤ | ᠳᠤᠮᠳᠠᠴᠢ ᠦᠶ᠎ᠠ ᠪᠤᠯᠬᠤ ᠳᠤ᠂ ᠠᠯᠳᠠᠨ ᠲᠤᠭᠤᠰᠬ᠎ᠠ ᠳᠠᠪᠤᠨ ᠤᠯᠤᠰ ᠤᠨ ᠨᠠᠰᠤᠳᠠᠢ ᠬᠦᠮᠦᠨ ᠠᠮᠠ 9.4 | ᠳ᠋ᠦᠩᠰᠢᠭᠤᠷ ᠲᠤ ᠬᠦᠷᠴᠤ᠂ ᠪᠦᠬᠦ ᠪᠦᠮᠪᠦᠷᠴᠡᠭ ᠤᠨ ᠨᠠᠰᠤᠳᠠᠢ ᠬᠦᠮᠦᠨ ᠠᠮᠠ ᠶᠢᠨ 45% ᠢ ᠡᠵᠡᠯᠡᠬᠦ ᠪᠤᠯᠤᠨ᠎ᠠ᠃ | |