ᠬᠦᠳᠡᠭᠡ ᠳᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠶᠠᠪᠤᠳᠠᠯ ᠢ ᠬᠠᠤᠯᠢ ᠶᠢᠨ ᠳᠤᠭᠳᠠᠭᠠᠯ ᠳᠤ ᠤᠷᠤᠭᠤᠯᠬᠤ ᠪᠠᠷ ᠪᠤᠢ
ᠨᠡᠶᠢᠲᠡᠯᠡᠭᠰᠡᠨ ᠴᠠᠭ᠄
2018-04-10
     
     10 ᠰᠠᠷ᠎ᠠ ᠶᠢᠨ 31᠎ ᠤ ᠡᠳᠦᠷ᠂ ᠬᠦᠳᠡᠭᠡ ᠲᠣᠰᠬᠤᠨ ᠤ ᠬᠦᠮᠦᠨ ᠪᠦᠬᠦᠨ ᠳᠤ ᠬᠤᠯᠪᠤᠭᠳᠠᠬᠤ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ ᠳᠤ ᠵᠠᠰᠠᠪᠤᠷᠢ ᠤᠷᠤᠭᠤᠯᠬᠤ ᠲᠦᠰᠦᠯ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠠᠯ ᠤᠨ ᠭᠤᠴᠢᠳᠤᠭᠠᠷ ᠤᠳᠠᠭᠠᠨ ᠤ ᠬᠤᠷᠠᠯ ᠳᠤ ᠳᠤᠷᠠᠳᠤᠭᠳᠠᠪᠠ᠃ ᠳᠡᠭᠡᠪᠡᠯ ᠲᠦᠰᠦᠯ ᠨᠢ ᠶᠠᠮᠠᠷ ᠠᠰᠢᠭ ᠲᠠᠢ ᠲᠠᠯ᠎ᠠ ᠶᠢ ᠠᠪᠴᠢᠷᠠᠳᠠᠭ ᠪᠤᠯ︖ ᠬᠦᠳᠡᠭᠡ ᠲᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠶᠠᠪᠤᠳᠠᠯ ᠢ ᠬᠠᠤᠯᠢ ᠶᠢᠨ ᠳᠤᠭᠳᠠᠭᠠᠯ ᠳᠤ ᠤᠷᠤᠭᠤᠯᠤᠨ᠎ᠠ᠂ ᠲᠦᠰᠦᠯ ᠨᠢ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠭᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠭᠡ ᠭᠤᠷᠪᠠᠨ ᠡᠷᠬᠡ ᠶᠢ ᠰᠠᠯᠭᠠᠵᠤ᠂ ᠬᠠᠤᠯᠢ ᠲᠤᠭᠲᠠᠭᠠᠬᠤ ᠲᠠᠯ᠎ᠠ ᠪᠠᠷ ᠲᠤᠳᠤᠷᠬᠠᠢ ᠪᠤᠯᠭᠠᠪᠠ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠬᠡ ᠨᠢ ᠬᠠᠮᠲᠤ ᠨᠡᠶᠢᠲᠡ ᠶᠢᠨ ᠪᠠᠶᠢᠵᠦ᠂ ᠲᠠᠷᠢᠶᠠᠴᠢᠳ ᠲᠤ ᠭᠠᠵᠠᠷ ᠰᠢᠷᠤᠢ ᠶᠢᠨ ᠳᠠᠭᠠᠭᠠᠴᠢᠯᠠᠬᠤ ᠡᠷᠬᠡ ᠶᠢ ᠤᠯᠭᠤᠨ᠎ᠠ᠃ ᠬᠤᠲᠠ ᠤᠷᠤᠵᠤ ᠬᠦᠯᠦᠰᠦᠨ ᠠᠵᠢᠯ ᠬᠢᠬᠦ ᠲᠠᠷᠢᠶᠠᠴᠢᠨ ᠡᠳᠦᠷ ᠢᠷᠡᠬᠦᠶ᠎ᠡ ᠤᠯᠠᠰᠢᠷᠠᠬᠤ ᠶᠢ ᠳᠠᠭᠠᠯᠳᠤᠨ ᠲᠠᠷᠢᠶᠠᠴᠢᠳ ᠳᠠᠭᠠᠭᠠᠴᠢᠯᠠᠵᠤ ᠠᠪᠤᠭᠰᠠᠨ ᠭᠠᠵᠠᠷ ᠢᠶᠠᠨ ᠭᠠᠳᠠᠭᠰᠢ ᠳᠦᠷᠢᠶᠡᠰᠦᠯᠡᠵᠦ᠂ ᠪᠤᠰᠤᠳ ᠬᠦᠮᠦᠨ ᠳᠤ ᠰᠢᠯᠵᠢᠭᠦᠯᠵᠤ ᠦᠭᠳᠡᠭ ᠶᠠᠪᠤᠳᠠᠯ ᠤᠯᠠᠨ ᠪᠤᠯᠤᠯ᠎ᠠ᠃ ᠰᠢᠯᠵᠢᠭᠦᠯᠵᠦ ᠠᠪᠤᠭᠰᠠᠳ ᠡᠵᠡᠩᠨᠡᠬᠦ ᠡᠷᠬᠡ ᠲᠠᠢ ᠠᠴᠠ ᠪᠢᠰᠢ ᠳᠠᠭᠠᠭᠠᠴᠢᠯᠠᠬᠤ ᠡᠷᠬᠡ ᠦᠭᠡᠢ ᠪᠠᠶᠢᠳᠠᠭ᠃ ᠡᠶᠢᠮᠦ ᠠᠴᠠ᠂ ᠬᠠᠮᠲᠤ ᠨᠡᠶᠢᠲᠡ ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ᠂ ᠤᠤᠯ ᠤᠨ ᠲᠠᠷᠢᠶᠠᠴᠢᠨ ᠡᠷᠦᠬᠡ ᠶᠢᠨ ᠳᠠᠭᠠᠭᠠᠴᠢᠯᠠᠬᠤ ᠡᠷᠬᠡ ᠵᠢᠴᠢ ᠪᠤᠲᠠᠲᠠᠢ ᠡᠵᠡᠩᠨᠡᠬᠦ ᠡᠲᠡᠭᠡᠳ ᠤᠨ ᠡᠵᠡᠩᠨᠡᠬᠦ ᠡᠷᠬᠡ ᠭᠡᠵᠦ ᠭᠤᠷᠪᠠᠨ ᠡᠷᠬᠡ ᠲᠠᠢ ᠪᠤᠯᠤᠭᠰᠠᠨ ᠪᠠᠶᠢᠳᠠᠭ᠃ ᠲᠠᠷᠢᠶᠠᠴᠢᠳ ᠤᠨ ᠭᠠᠵᠠᠷ ᠰᠢᠷᠤᠢ ᠳᠠᠭᠠᠭᠠᠴᠢᠯᠠᠬᠤ ᠡᠷᠬᠡ ᠶᠢ ᠦᠯᠡᠳᠡᠭᠡᠵᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠪᠠᠨ ᠰᠢᠯᠵᠢᠭᠦᠯᠭᠦ ᠬᠦᠰᠡᠯ ᠡᠷᠡᠮᠡᠯᠵᠡᠯ ᠢᠶᠠᠷ᠂ ᠤᠯᠤᠰ ᠠᠴᠠ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠭᠠᠭᠠᠴᠢᠯᠠᠬᠤ ᠡᠷᠬᠡ ᠪᠠ ᠡᠵᠡᠩᠨᠡᠬᠦ ᠡᠷᠬᠡ ᠪᠤᠯᠭᠠᠨ ᠬᠤᠪᠢᠶᠠᠵᠤ᠂ ᠦᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠰᠠᠯᠭᠠᠵᠤ ᠵᠡᠷᠭᠡᠪᠡᠷ ᠬᠡᠷᠡᠭᠵᠢᠭᠦᠯᠬᠦ ᠪᠠᠷ ᠪᠤᠢ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠯᠢᠦ ᠵᠧᠨ ᠸᠧᠢ᠄ ︽︿ᠭᠤᠷᠪᠠᠨ ᠡᠷᠬᠡ ᠶᠢ ᠰᠠᠯᠭᠠᠬᠤ﹀ ᠪᠤᠯ ᠭᠡᠷ ᠪᠦᠯᠢ ᠶᠢᠨ ᠬᠤᠷᠢᠶᠠᠯᠲᠠ ᠲᠠᠢ ᠨᠢ ᠬᠤᠯᠪᠤᠭᠳᠠᠭᠤᠯᠤᠨ ᠳᠠᠭᠠᠭᠠᠴᠢᠯᠠᠬᠤ ᠬᠠᠷᠢᠭᠤᠴᠠᠯᠭᠠᠲᠤ ᠳᠦᠷᠢᠮ ᠠᠴᠠ ᠰᠡᠭᠦᠯᠡᠷᠬᠢ ᠬᠦᠳᠡᠭᠡ ᠲᠤᠰᠬᠤᠨ ᠤ ᠦᠭᠡᠷᠡᠴᠢᠯᠡᠯᠲᠡ ᠶᠢᠨ ᠪᠠᠰᠠ ᠨᠢᠭᠡ ᠲᠤᠮᠤ ᠳᠦᠷᠢᠮ ᠤᠨ ᠰᠢᠨᠡᠴᠢᠯᠡᠯᠲᠡ ᠮᠦᠨ︾ ᠭᠡᠵᠦ ᠬᠡᠯᠡᠭᠰᠡᠨ ᠪᠠᠶᠢᠨ᠎ᠠ᠃ ᠤᠳᠤᠬᠠᠨ ᠳᠤ᠂ ᠬᠦᠳᠡᠭᠡ ᠲᠤᠰᠬᠤᠨ ᠤ 30%᠎ ᠠᠴᠠ ᠳᠡᠭᠡᠭᠰᠢᠬᠢ ᠲᠠᠷᠢᠶᠠᠴᠢᠨ ᠡᠷᠦᠬᠡ ᠳᠠᠭᠠᠭᠠᠴᠢᠯᠠᠵᠤ ᠠᠪᠤᠭᠰᠠᠨ ᠭᠠᠵᠠᠷ ᠢᠶᠠᠨ ᠭᠠᠳᠠᠭᠰᠢ ᠳᠦᠷᠢᠶᠡᠰᠦᠯᠡᠵᠦ᠂ ᠳᠦᠷᠢᠶᠠᠰᠦᠯᠡᠵᠦ ᠪᠠᠶᠢᠬᠤ ᠭᠠᠵᠠᠷ ᠨᠡᠶᠢᠲᠡ 4.79 ᠳ᠋ᠦᠡᠭᠰᠢᠭᠤᠷ ᠮᠦ ᠪᠤᠯᠵᠠᠢ᠃ ᠲᠦᠰᠦᠯ ᠳᠤ᠂ ᠭᠡᠷ ᠪᠦᠯᠢ ᠪᠠᠷ ᠳᠠᠭᠠᠭᠠᠴᠢᠯᠠᠨ ᠠᠪᠬᠤ ᠠᠷᠭ᠎ᠠ ᠮᠡᠶ᠋ᠢᠭ ᠢᠶᠠᠷ ᠤᠯᠤᠭᠰᠠᠨ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠦᠶ᠎ᠡ ᠳᠤ ᠭᠠᠵᠠᠷ ᠰᠢᠷᠤᠢ ᠳᠠᠭᠠᠭᠠᠴᠢᠯᠠᠬᠤ ᠡᠷᠬᠡ ᠪᠠ ᠭᠠᠵᠠᠷ ᠰᠢᠷᠤᠢ ᠶᠢᠨ ᠡᠵᠡᠩᠨᠡᠬᠦ ᠡᠷᠬᠡ ᠪᠤᠯᠭᠠᠨ ᠰᠠᠯᠭᠠᠵᠤ᠂ ᠡᠭᠦᠨ ᠤ ᠬᠠᠮᠲᠤ ᠭᠠᠵᠠᠷ ᠰᠢᠷᠤᠢ ᠳᠠᠭᠠᠭᠠᠴᠢᠯᠠᠬᠤ ᠡᠷᠬᠡ ᠪᠤᠯᠤᠨ ᠭᠠᠵᠠᠷ ᠰᠢᠷᠤᠢ ᠶᠢᠨ ᠡᠵᠡᠩᠨᠡᠬᠦ ᠡᠷᠬᠡ ᠶᠢᠨ ᠡᠭᠦᠷᠬᠡ ᠴᠢᠳᠠᠪᠬᠢ ᠶᠢ ᠳᠤᠲᠤᠷᠬᠠᠢ ᠪᠤᠯᠭᠠᠨ᠎ᠠ᠃ ᠭᠠᠵᠠᠷ ᠰᠢᠷᠤᠢ ᠶᠢᠨ ᠳᠠᠭᠠᠭᠠᠴᠢᠯᠠᠬᠤ ᠡᠷᠬᠡ ᠶᠢ ᠬᠠᠮᠠᠭᠠᠯᠠᠬᠤ ᠶᠢ ᠴᠢᠩᠭᠠᠳᠬᠠᠬᠤ ᠶᠢᠨ ᠲᠦᠯᠦᠭᠡ᠂ ᠲᠦᠰᠦᠯ ᠳᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠶᠢ ᠰᠢᠯᠵᠢᠭᠦᠯᠦᠭᠰᠡᠨ ᠤ ᠳᠠᠷᠠᠭ᠎ᠠ᠂ ᠳᠠᠭᠠᠭᠠᠴᠢᠯᠠᠵᠤ ᠠᠪᠤᠭᠰᠠᠨ ᠲᠠᠯ᠎ᠠ ᠪᠠ ᠳᠠᠭᠠᠭᠠᠴᠢᠯᠠᠭᠤᠯᠤᠭᠰᠠᠨ ᠲᠠᠯ᠎ᠠ ᠶᠢᠨ ᠳᠠᠭᠠᠭᠠᠴᠢᠯᠠᠬᠤ ᠬᠠᠷᠢᠴᠠᠭ᠎ᠠ ᠬᠤᠪᠢᠷᠠᠬᠤ ᠦᠭᠡᠢ᠂ ᠳᠠᠭᠠᠭᠠᠴᠢᠯᠠᠵᠤ ᠠᠪᠤᠭᠰᠠ ᠲᠠᠯ᠎ᠠ ᠶᠢᠨ ᠭᠠᠵᠠᠷ ᠰᠢᠷᠤᠢ ᠳᠠᠭᠠᠭᠠᠴᠢᠯᠠᠬᠤ ᠡᠷᠬᠡ ᠨᠢ ᠬᠤᠪᠢᠷᠠᠬᠤ ᠦᠭᠡᠢ ᠭᠡᠵᠡᠢ᠃ ᠲᠠᠷᠢᠶᠠᠨ ᠭᠠᠵᠠᠷ ᠤᠨ ᠳᠠᠭᠠᠭᠠᠴᠢᠯᠠᠬᠤ ᠬᠤᠭᠤᠴᠠᠭ᠎ᠠ ᠨᠢ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ ᠤᠷᠲᠤᠳᠬᠠᠨ᠎ᠠ ᠳᠤᠰ ᠤᠳᠠᠭᠠᠨ ᠤ ᠵᠠᠰᠠᠪᠤᠷᠢ ᠤᠷᠤᠭᠤᠯᠬᠤ ᠲᠦᠰᠦᠯ ᠳᠤ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢᠨ ᠲᠤᠭᠲᠠᠭᠤᠨ᠂ ᠤᠷᠲᠤ ᠬᠤᠭᠤᠴᠠᠭ᠎ᠠ ᠪᠠᠷ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠶᠢᠨ ᠲᠦᠯᠦᠭᠡ᠂ ᠤᠯᠤᠰ ᠠᠴᠠ ᠬᠠᠤᠯᠢ ᠴᠠᠭᠠᠵᠠ ᠶᠢᠨ ᠬᠠᠮᠠᠭᠠᠯᠠᠯᠲᠠ ᠲᠠᠢ ᠪᠤᠯᠭᠠᠬᠤ ᠶᠢᠨ ᠵᠡᠷᠭᠡᠪᠡᠷ ᠲᠠᠷᠢᠶᠠᠨ ᠭᠠᠵᠠᠷ ᠤᠨ ᠳᠠᠭᠠᠭᠠᠴᠢᠯᠠᠬᠤ ᠬᠤᠭᠤᠴᠠᠭ᠎ᠠ ᠭᠦᠢᠴᠡᠭᠰᠡᠨ ᠤ ᠰᠡᠭᠦᠯᠡᠷ ᠵᠠᠯᠭᠠᠭᠠᠳ 30 ᠵᠢᠯ ᠦᠷᠬᠦᠯᠵᠢᠯᠡᠵᠦ ᠪᠤᠯᠬᠤ ᠲᠤᠬᠠᠢ ᠲᠤᠳᠤᠷᠬᠠᠢ ᠲᠤᠭᠲᠠᠭᠠᠯ ᠭᠠᠷᠭᠠᠭᠰᠠᠨ ᠪᠠᠶᠢᠨ᠎ᠠ᠃ ᠤᠨᠴᠠ ᠵᠠᠷᠢᠮ ᠲᠠᠷᠢᠶᠠᠯᠠᠬᠤ ᠡᠷᠦᠬᠡ ᠶᠢᠨ ᠬᠤᠭᠤᠷᠤᠨᠳᠤᠬᠢ ᠳᠠᠭᠠᠭᠠᠴᠢᠯᠠᠵᠤ ᠠᠪᠤᠭᠰᠠᠨ ᠲᠠᠷᠢᠶᠠᠨ ᠭᠠᠵᠠᠷ ᠪᠠ ᠡᠪᠡᠰᠦᠳᠤ ᠭᠠᠵᠠᠷ ᠢ ᠤᠯᠠᠮ ᠨᠢᠭᠡ ᠠᠯᠬᠤᠮ ᠲᠤᠬᠢᠷᠠᠮᠵᠢᠲᠠᠢ ᠵᠤᠬᠢᠴᠠᠭᠤᠯᠬᠤ ᠶᠢᠨ ᠲᠦᠯᠦᠭᠡ ᠲᠦᠰᠦᠯ ᠳᠤ ᠤᠯᠠᠭᠠᠨ ᠱᠤᠭᠤᠮ ᠢᠶᠠᠷ ᠢᠯᠭᠠᠨ ᠲᠤᠭᠲᠠᠭᠠᠭᠰᠠᠨ ᠪᠠᠶᠢᠨ᠎ᠠ᠄ ᠡᠭᠦᠨ ᠳᠤ᠂ ᠵᠠᠪᠠᠯ ᠭᠠᠵᠠᠷ ᠰᠢᠷᠤᠢ ᠶᠢᠨ ᠳᠠᠭᠠᠭᠠᠴᠢᠯᠠᠬᠤ ᠬᠠᠷᠢᠴᠠᠭ᠎ᠠ ᠶᠢ ᠲᠤᠭᠲᠠᠭᠤᠨ ᠪᠠᠶᠢᠯᠭᠠᠵᠤ᠂ ᠳᠠᠬᠢᠵᠤ ᠳᠤᠷ᠎ᠠ ᠪᠠᠷ ᠬᠤᠪᠢᠶᠠᠵᠤ ᠪᠤᠯᠬᠤ ᠦᠭᠡᠢ ᠪᠠᠶᠢᠬᠤ ᠵᠠᠷᠴᠢᠮ ᠢ ᠪᠠᠷᠢᠮᠳᠠᠯᠠᠬᠤ ᠬᠡᠷᠡᠭᠲᠡᠢ︔ ᠵᠠᠪᠠᠯ ᠲᠤᠰ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠤ ᠲᠤᠰᠬᠤᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠠᠴᠠ ᠳᠡᠭᠡᠭᠰᠢᠬᠢ ᠭᠡᠰᠢᠭᠦᠨ ᠪᠤᠶᠤ ᠭᠤᠷᠪᠠᠨ ᠤ ᠬᠤᠶᠠᠷ ᠠᠴᠠ ᠳᠡᠭᠡᠭᠰᠢᠬᠢ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠵᠦᠪᠰᠢᠶᠡᠷᠡᠯ ᠢ ᠤᠯᠵᠤ᠂ ᠡᠭᠦᠨ ᠤ ᠬᠠᠮᠲᠤ ᠰᠢᠶᠠᠩ ︵ᠪᠠᠯᠭᠠᠰᠤ︶᠎ ᠤᠨ ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠵᠡᠷᠭᠡ ᠵᠠᠰᠠᠭ ᠵᠠᠬᠢᠷᠭᠠᠠ ᠤ ᠭᠤᠤᠯᠯᠠᠨ ᠬᠠᠮᠢᠶᠠᠷᠬᠤ ᠭᠠᠵᠠᠷ ᠤᠨ ᠵᠦᠪᠰᠢᠶᠡᠷᠡᠯ ᠢ ᠤᠯᠬᠤ ᠬᠡᠷᠡᠭᠲᠡᠢ᠃ ᠳᠠᠭᠠᠭᠠᠴᠢᠯᠠᠭᠰᠠᠨ ᠭᠠᠵᠠᠷ ᠰᠢᠷᠤᠢ ᠶᠢᠨ ᠡᠵᠡᠩᠨᠡᠬᠦ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠬᠤᠷᠠᠮᠳᠤᠭᠤᠯᠬᠤ ᠪᠠᠲᠤᠯᠠᠭ᠎ᠠ ᠬᠢᠵᠦ ᠪᠤᠯᠤᠨ᠎ᠠ ᠲᠦᠰᠦᠯ ᠳᠤ᠂ ᠭᠠᠵᠠᠷ ᠰᠢᠷᠤᠢ ᠳᠠᠭᠠᠭᠠᠴᠢᠯᠠᠵᠤ ᠠᠪᠤᠭᠰᠠᠨ ᠲᠠᠯ᠎ᠠ ᠶᠢᠨ ᠬᠢᠨ ᠳᠠᠭᠠᠭᠠᠴᠢᠯᠠᠵᠤ ᠠᠪᠤᠭᠰᠠᠨ ᠭᠠᠵᠠᠷ ᠰᠢᠷᠤᠢ ᠶᠢᠨ ᠡᠵᠡᠩᠨᠡᠬᠦ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠬᠤᠷᠠᠮᠳᠤᠭᠤᠯᠬᠤ ᠪᠠᠲᠤᠯᠠᠭ᠎ᠠ ᠬᠢᠵᠦ ᠪᠤᠯᠬᠤ ᠪᠠᠷ ᠲᠤᠭᠲᠠᠭᠠᠪᠠ᠃ ᠭᠤᠷᠪᠠᠳᠤᠭᠠᠷ ᠲᠠᠯ᠎ᠠ ᠶᠢᠨ ᠬᠢᠨ ᠳᠠᠭᠠᠭᠠᠴᠢᠯᠠᠨ ᠠᠪᠤᠭᠰᠠᠨ ᠲᠠᠯ᠎ᠠ ᠪᠤᠶᠤ ᠤᠷᠤᠯᠠᠭᠴᠢ ᠶᠢᠨ ᠨᠠᠶᠢᠳᠠᠯᠭ᠎ᠠ ᠶᠢᠨ ᠪᠢᠴᠢᠭ ᠤᠨ ᠵᠦᠪᠰᠢᠶᠡᠷᠡᠯ ᠲᠠᠢ ᠪᠤᠯ ᠰᠢᠯᠵᠢᠭᠦᠯᠦᠨ ᠠᠪᠤᠭᠰᠠᠨ ᠭᠠᠵᠠᠷ ᠰᠢᠷᠤᠢ ᠶᠢᠨ ᠡᠷᠬᠡ ᠪᠠᠷ ᠢᠶᠠᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠮᠦᠡᠭᠭᠦ ᠤᠷᠤᠭᠤᠯᠬᠤ ᠪᠠᠲᠤᠯᠠᠭ᠎ᠠ ᠬᠢᠵᠦ ᠪᠤᠯᠤᠨ᠎ᠠ᠃ ᠲᠦᠰᠦᠯ ᠳᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠶᠢ ᠬᠠᠤᠯᠢ ᠶᠤᠰᠤᠭᠠᠷ ᠳᠦᠷᠢᠶᠡᠰᠦᠯᠡᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠪᠡᠯᠡ ᠤᠷᠤᠭᠤᠯᠬᠤ ᠪᠤᠶᠤ ᠪᠤᠰᠤᠳ ᠠᠷᠭ᠎ᠠ ᠪᠠᠷ ᠰᠢᠯᠵᠢᠭᠦᠯᠵᠦ ᠪᠤᠯᠤᠨ᠎ᠠ᠃ ᠰᠢᠯᠵᠢᠭᠦᠯᠦᠨ ᠳᠠᠭᠠᠭᠠᠴᠢᠯᠠᠭᠤᠯᠤᠭᠰᠠᠨ ᠲᠠᠯ᠎ᠠ ᠂ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠬᠠᠤᠯᠢ ᠶᠤᠰᠤᠭᠠᠷ ᠭᠡᠷ᠎ᠡ ᠶᠢᠨ ᠪᠤᠯᠵᠤᠭ᠎ᠠ ᠪᠠᠨ ᠬᠦᠢᠴᠡᠳᠬᠡᠵᠦ᠂ ᠭᠤᠷᠪᠠᠳᠤᠭᠠᠷ ᠲᠠᠯ᠎ᠠ ᠶᠢᠨ ᠬᠠᠤᠯᠢ ᠶᠤᠰᠤᠭᠠᠷ ᠤᠯᠤᠭᠰᠠᠨ ᠡᠷᠬᠡ ᠶᠢ ᠬᠦᠨᠳᠦᠳᠭᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠬᠦᠯᠤᠯᠳᠠ ᠶᠢᠨ ᠰᠤᠳᠤᠯᠭᠠᠨ ᠤ ᠲᠦᠪ ᠤᠨ ᠬᠦᠳᠡᠭᠡ ᠲᠤᠰᠬᠤᠨ ᠤ ᠠᠵᠤ ᠠᠬᠤᠢ ᠶᠢ ᠰᠤᠳᠤᠯᠬᠤ ᠬᠡᠯᠳᠡᠰ ᠤᠨ ᠳᠠᠷᠤᠭ᠎ᠠ ᠶᠧ ᠰᠢᠩ ᠴᠢᠩ᠄ ︽ᠡᠵᠡᠩᠨᠡᠬᠦ ᠡᠷᠬᠡ ᠶᠢ ᠤᠯᠤᠭᠰᠠᠨ ᠤ ᠳᠠᠷᠠᠭ᠎ᠠ᠂ ᠳᠠᠭᠠᠭᠠᠴᠢᠯᠠᠨ ᠠᠪᠤᠭᠰᠠᠨ ᠲᠠᠯ᠎ᠠ ᠶᠢᠨ ᠵᠦᠪᠰᠢᠶᠡᠷᠡᠯ ᠢ ᠤᠯᠪᠠᠯ᠂ ᠪᠠᠷᠢᠴᠠᠭᠠᠨ ᠤ ᠡᠷᠬᠡ ᠪᠤᠯᠭᠠᠵᠤ ᠪᠤᠯᠤᠨ᠎ᠠ᠃ ᠵᠢᠱᠢᠶᠡᠯᠡᠪᠡᠯ᠂ ᠬᠡᠪᠴᠢᠶᠡᠵᠢᠬᠦᠯᠦᠨ ᠡᠵᠡᠩᠨᠡᠬᠦ ᠭᠤᠤᠯ ᠴᠤᠭᠴᠠ᠂ ᠬᠤᠶᠠᠷ ᠭᠤᠷᠪᠡᠨ ᠵᠠᠭᠤᠨ ᠮᠦ ᠶᠢᠨ ᠡᠵᠡᠩᠨᠡᠬᠦ ᠡᠷᠭᠡ ᠲᠠᠢ ᠪᠤᠯ᠂ ᠳᠠᠭᠠᠭᠠᠴᠢᠯᠠᠭᠰᠠᠨ ᠳᠠᠯ᠎ᠠ ᠶᠢᠨ ᠵᠦᠪᠰᠢᠶᠡᠷᠡᠯ ᠢ ᠤᠯᠤᠭᠰᠠᠨ ᠤ ᠳᠠᠷᠠᠭ᠎ᠠ᠂ ᠪᠠᠩᠬᠢ ᠳᠤ ᠬᠦᠷᠴᠤ ᠡᠵᠡᠩᠨᠡᠬᠦ ᠡᠷᠭᠡ ᠪᠠᠨ ᠪᠠᠷᠢᠴᠠᠭᠠᠯᠠᠨ᠂ ᠪᠡᠯᠡ ᠮᠦᠩᠬᠦ ᠳᠤᠳᠠᠭᠳᠠᠬᠤ ᠠᠰᠠᠭᠤᠳᠠᠯ ᠢ ᠰᠢᠢᠳᠪᠤᠷᠢᠯᠡᠵᠦ ᠪᠤᠯᠤᠨ᠎ᠠ︾ ᠭᠡᠵᠠᠢ᠃ ᠲᠠᠷᠢᠶᠠᠴᠢᠨ ᠬᠤᠲᠠ ᠳᠤ ᠡᠷᠦᠬᠡ ᠠᠮᠠ ᠶᠢᠨ ᠲᠠᠩᠰᠠ ᠤᠷᠤᠬᠤ ᠳᠤ ᠭᠠᠵᠠᠷ ᠰᠢᠷᠤᠢ ᠳᠠᠭᠠᠭᠠᠴᠢᠯᠠᠬᠤ ᠡᠷᠬᠡ ᠶᠢ ᠨᠢ ᠪᠤᠴᠠᠭᠠᠯᠭᠠᠬᠤ ᠪᠠᠷ ᠨᠦᠬᠦᠴᠡᠯ ᠪᠤᠯᠭᠠᠵᠤ ᠪᠤᠯᠬᠤ ᠦᠭᠡᠢ ᠳᠤᠰ ᠤᠳᠠᠭᠠᠨ ᠤ ᠲᠦᠰᠦᠯ ᠳᠤ᠂ ᠤᠳᠤᠬᠠᠨ ᠤ ᠬᠠᠤᠯᠢ ᠳᠤ ᠪᠠᠶᠢᠭ᠎ᠠ ᠳᠠᠭᠠᠭᠠᠴᠢᠯᠠᠨ ᠠᠪᠤᠭᠰᠠᠨ ᠲᠠᠯ᠎ᠠ ᠶᠢᠨ ᠬᠢᠨ ᠪᠦᠬᠦ ᠭᠡᠷ ᠢᠶᠠᠷ ᠢᠶᠠᠨ ᠬᠤᠲᠠ ᠳᠤ ᠨᠡᠭᠦᠵᠦ᠂ ᠲᠠᠷᠢᠶᠠᠯᠠᠩ ᠤᠨ ᠪᠤᠰᠤ ᠡᠷᠦᠬᠡ ᠠᠮᠠ ᠪᠤᠯᠭᠠᠨ ᠦᠭᠡᠷᠡᠴᠢᠯᠡᠪᠡᠯ᠂ ᠳᠠᠭᠠᠭᠠᠴᠢᠯᠠᠵᠤ ᠠᠪᠤᠭᠰᠠᠨ ᠭᠠᠵᠠᠷ ᠰᠢᠷᠤᠢ ᠪᠠᠨ ᠳᠠᠭᠠᠭᠠᠴᠢᠯᠠᠭᠤᠯᠤᠭᠰᠠᠨ ᠲᠠᠯ᠎ᠠ ᠳᠤ ᠪᠤᠴᠠᠭᠠᠬᠤ ᠬᠡᠷᠡᠭᠳᠡᠢ ᠭᠡᠰᠡᠨ ᠲᠤᠭᠲᠠᠭᠠᠯ ᠢ ᠦᠭᠡᠶᠢᠰᠭᠡᠬᠦ ᠲᠤᠲᠤᠷᠬᠠᠢ ᠲᠤᠭᠲᠠᠭᠠᠯ ᠭᠠᠷᠭᠠᠪᠠ᠂ ᠦᠬᠡᠷ᠎ᠠ ᠪᠠᠷ ᠬᠡᠯᠡᠪᠡᠯ ᠲᠠᠷᠢᠶᠠᠴᠢᠨ ᠬᠤᠳᠠ ᠳᠤ ᠡᠷᠣᠬᠡ ᠠᠮᠠ ᠣᠷᠣᠬᠤ ᠳᠤ ᠣᠣᠯ ᠤᠨ ᠭᠠᠵᠠᠷ ᠰᠢᠷᠣᠢ ᠲᠠᠭᠠᠭᠠᠴᠢᠯᠠᠬᠰᠠᠨ ᠡᠷᠭᠡ ᠪᠠᠨ ᠦᠷᠬᠦᠯᠵᠢᠯᠡᠨ ᠡᠳ᠋ᠯᠡᠬᠦ ᠡᠷᠭᠡ ᠲᠠᠢ᠃ ᠲᠦᠰᠦᠯ ᠳᠤ᠂ ᠬᠤᠲᠠ ᠤᠷᠤᠵᠤ ᠬᠦᠯᠦᠰᠦᠨ ᠠᠵᠢᠯ ᠬᠢᠵᠦ ᠪᠠᠶᠢᠭ᠎ᠠ ᠲᠠᠷᠢᠶᠠᠴᠢᠳ ᠤᠨ ᠭᠠᠵᠠᠷ ᠰᠢᠷᠤᠢ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠬᠠᠮᠠᠭᠠᠯᠠᠵᠤ᠂ ᠭᠠᠵᠠᠷ ᠰᠢᠷᠤᠢ ᠳᠠᠭᠠᠭᠠᠴᠢᠯᠠᠬᠤ ᠡᠷᠬᠡ ᠪᠠᠨ ᠪᠤᠴᠠᠭᠠᠬᠤ ᠪᠠᠷ ᠲᠠᠷᠢᠶᠠᠴᠢᠨ ᠤ ᠬᠤᠲᠠ ᠳᠤ ᠡᠷᠦᠬᠡ ᠠᠮᠠ ᠤᠷᠤᠬᠤ ᠨᠦᠬᠦᠴᠡᠯ ᠪᠤᠯᠭᠠᠵᠤ ᠪᠤᠯᠬᠤ ᠦᠭᠡᠢ ᠭᠡᠮᠡᠨ ᠲᠤᠭᠲᠠᠭᠠᠪᠠ᠃ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠪᠠᠨ ᠦᠯᠡᠳᠡᠭᠡᠬᠦ ᠡᠰᠡᠬᠦ ᠶᠢᠨ ᠲᠤᠬᠠᠢ᠂ ᠲᠠᠷᠢᠶᠠᠴᠢᠳ ᠦᠪᠡᠷ ᠢᠶᠠᠨ ᠡᠷᠬᠡ ᠮᠡᠳᠡᠨ ᠰᠤᠩᠭᠤᠬᠤ ᠠᠴᠠ ᠪᠢᠰᠢ ᠲᠠᠷᠢᠶᠠᠴᠢᠨ ᠢ ᠤᠷᠤᠯᠠᠵᠤ ᠰᠤᠩᠭᠤᠵᠤ ᠦᠭᠴᠦ ᠪᠤᠯᠬᠤ ᠦᠭᠡᠢ᠃ ︵ᠡᠬᠡ ᠪᠢᠴᠢᠭ ︽ᠳᠤᠮᠳᠠᠳᠤ ᠤᠯᠤᠰ ᠤᠨ ᠠᠵᠤ ᠠᠬᠤᠢ ᠶᠢᠨ ᠰᠦᠯᠵᠢᠶ᠎ᠡ︾᠎ ᠠᠴᠠ ᠤᠷᠴᠢᠭᠤᠯᠤᠨ ᠨᠠᠶᠢᠷᠠᠭᠤᠯᠵᠣ ᠠᠪᠣᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1