ᠠᠭᠤᠰᠬᠢ ᠪᠤᠯ ᠡᠯ᠎ᠠ ᠴᠤᠯᠤ ᠡᠷᠭᠡᠳᠡᠨ ᠤ ᠳᠤᠳᠤᠷ᠎ᠠ ᠦᠪᠡᠷ ᠢ ᠪᠠᠨ ᠬᠠᠮᠠᠭᠠᠯᠠᠬᠤ ᠴᠢᠳᠠᠪᠤᠷᠢ ᠪᠠᠷ | ᠬᠠᠮᠤᠭ ᠤᠨ ᠳᠤᠷᠤᠢ ᠮᠦᠷᠳᠡᠭᠡᠨ ᠠᠯᠢ ᠢᠯᠡᠭᠦᠦ ᠬᠠᠯᠠ ᠦᠵᠡᠳᠡᠭ ᠨᠢᠭᠡ ᠨᠢ ᠪᠤᠯᠤᠨ᠎ᠠ᠃ ᠳᠠᠮᠠᠬᠢ ᠳᠠᠳᠠᠬᠤ ᠪᠤᠯ | ᠠᠭᠤᠰᠬᠢ ᠶᠢ ᠪᠤᠬᠢᠷᠳᠤᠭᠤᠯᠳᠠᠭ ᠬᠠᠮᠤᠭ ᠤᠨ ᠶᠡᠭᠡ ᠪᠤᠬᠢᠷᠳᠤᠯ ᠤᠨ ᠡᠬᠢ ᠪᠤᠯᠤᠨ᠎ᠠ᠂ ᠡᠩ ᠤᠨ ᠬᠦᠮᠦᠨ ᠠᠭᠤᠰᠬᠢ | ᠤᠯᠠᠭᠠᠨ ᠪᠠᠶᠢᠬᠤ ᠳᠤ᠂ ᠳᠠᠮᠠᠬᠢ ᠳᠠᠳᠠᠳᠠᠭ ᠬᠦᠮᠦᠨ ᠠᠭᠤᠰᠬᠢ ᠤᠳᠤᠭᠳᠠᠭᠠᠳ ᠬᠠᠷᠠᠯᠠᠴᠢᠬᠠᠬᠰᠠᠨ ᠪᠠᠶᠢᠳᠠᠭ᠃ | ᠨᠢᠺᠤᠲ᠋ᠢᠨ᠂ ᠬᠦᠬᠦᠷ ᠤᠨ ᠳᠠᠪᠬᠤᠷ ᠢᠰᠦᠯ ᠵᠡᠷᠭᠡ ᠬᠤᠤᠷ᠎ᠠ ᠲᠠᠢ ᠪᠤᠳᠠᠰ ᠪᠦᠷ ᠠᠭᠤᠰᠬᠢᠨ ᠳᠤ ᠤᠷᠤᠳᠠᠭ ᠪᠤᠯᠬᠤᠷ | ᠠᠭᠤᠰᠬᠢ ᠮᠦᠨ ᠬᠠᠮᠤᠭ ᠤᠨ ᠪᠤᠵᠠᠷ ᠡᠷᠭᠡᠳᠡᠨ ᠪᠤᠯᠤᠨ᠎ᠠ᠃ ᠳᠠᠷᠠᠭ᠎ᠠ ᠨᠢ ᠪᠤᠬᠢᠷᠳᠤᠯ ᠤᠨ ᠡᠬᠢ ᠠᠭᠠᠷ ᠤᠨ | ᠪᠤᠬᠢᠷᠳᠤᠯ ᠪᠤᠯᠤᠨ᠎ᠠ᠃ ᠬᠦᠮᠦᠨ ᠢ ᠠᠮᠢᠰᠬᠤᠬᠤ ᠳᠤᠭᠠᠯᠠᠨ ᠠᠭᠠᠷ ᠳᠤᠳᠤᠷᠠᠬᠢ ᠬᠦᠪᠪᠦᠮᠡᠯ ᠮᠦᠬᠦᠯᠢᠭ᠂ | ᠬᠤᠤᠷ᠎ᠠ ᠲᠠᠢ ᠬᠡᠢ ᠪᠡᠶᠡᠳᠦ ᠬᠦᠮᠦᠨ ᠤ ᠪᠡᠶ᠎ᠡ ᠳᠤ ᠤᠷᠤᠵᠤ ᠪᠠᠶᠢᠳᠠᠭ᠃ ᠠᠭᠤᠰᠬᠢᠨ ᠳᠡᠭᠡᠷᠡᠬᠢ ᠨᠠᠷᠢᠨ ᠰᠢᠷᠭᠡᠭ ᠲᠠᠢ | ᠦᠰᠦ ᠵᠡᠷᠭᠡ ᠨᠢ ᠨᠢᠭᠡ ᠪᠦᠯᠦᠭ ᠪᠤᠬᠢᠷᠳᠤᠯ ᠪᠤᠳᠠᠰ ᠪᠠ ᠪᠠᠺᠲ᠋ᠧᠷᠢ ᠶᠢ ᠴᠡᠪᠡᠷᠯᠡᠨ ᠭᠠᠷᠭᠠᠵᠤ ᠪᠠᠶᠢᠳᠠᠭ ᠪᠤᠯᠪᠠᠴᠤ | ᠤᠷᠳᠤ ᠬᠤᠭᠤᠴᠠᠭ᠎ᠠ ᠪᠠᠷ ᠠᠭᠠᠷ ᠤᠨ ᠪᠤᠬᠢᠷᠳᠤᠯ ᠲᠠᠢ ᠤᠷᠴᠢᠨ ᠳᠤᠭᠤᠷᠢᠨ ᠳᠤ ᠠᠮᠢᠳᠤᠷᠠᠬᠤ ᠶᠤᠮ ᠪᠤᠯ ᠶᠠᠮᠠᠷ | ᠬᠦᠴᠦᠷᠭᠡᠭ ᠠᠭᠤᠰᠬᠢ ᠴᠤ ᠳᠡᠰᠴᠦ ᠳᠡᠶᠢᠯᠬᠦ ᠦᠭᠡᠢ ᠨᠢ ᠶᠠᠷᠢᠶᠠᠨ ᠦᠭᠡᠢ᠃ ᠡᠭᠦᠨ ᠠᠴᠠ ᠭᠠᠳᠠᠨ᠎ᠠ᠂ ᠬᠦᠮᠦᠰ ᠤᠨ | ᠡᠮᠦᠰᠴᠦ ᠵᠡᠭᠦᠭᠦ ᠢᠳᠡᠵᠦ ᠤᠤᠭᠤᠬᠤ ᠶᠠᠪᠤᠵᠤ ᠰᠠᠭᠤᠬᠤ᠂ ᠳᠦᠷᠪᠡᠨ ᠤᠯᠠᠷᠢᠯ ᠤᠨ ᠰᠤᠯᠢᠬᠳᠠᠯ ᠵᠡᠷᠭᠡ ᠨᠢ ᠪᠦᠷ | ᠠᠭᠤᠰᠬᠢ ᠳᠤ ᠨᠦᠯᠦᠭᠡ ᠦᠵᠡᠭᠦᠯᠵᠦ ᠪᠠᠶᠢᠳᠠᠭ᠃ ᠬᠡᠷᠪᠡ ᠬᠢᠴᠢᠶᠡᠬᠦ ᠦᠭᠡᠢ ᠪᠤᠯ ᠰᠠᠯᠪᠤᠷᠢ ᠮᠦᠭᠡᠷᠰᠦᠨ | ᠬᠤᠭᠤᠯᠠᠢ ᠶᠢᠨ ᠦᠷᠪᠢᠰᠦᠯ᠂ ᠠᠭᠰᠠᠭ᠎ᠠ᠂ ᠠᠭᠤᠰᠭᠢᠨ ᠤ ᠰᠦᠷᠢᠶ᠎ᠡ ᠵᠡᠷᠭᠡ ᠶᠢ ᠡᠭᠦᠰᠭᠡᠬᠦ ᠪᠠᠷ ᠪᠠᠷᠠᠬᠤ ᠦᠭᠡᠢ | ᠬᠦᠨᠳᠦ ᠨᠢ ᠠᠭᠤᠰᠭᠢᠨ ᠤ ᠦᠮᠡᠨ ᠪᠤᠯᠵᠤ ᠴᠤ ᠮᠡᠳᠡᠨ᠎ᠠ᠃ ᠠᠭᠤᠰᠭᠢᠨ ᠳᠤ ᠬᠤᠤᠷᠠᠳᠤ ᠪᠤᠳᠠᠰ ᠬᠤᠷᠠᠭᠰᠠᠨ ᠢᠯᠡᠷᠡᠯ | ᠄ 1. ᠠᠷᠠᠰᠤᠨ ᠤ ᠦᠩᠭᠡ ᠵᠢᠪᠡᠷᠡᠵᠦ᠂ ᠦᠩᠭᠡ ᠠᠯᠳᠠᠨ᠎ᠠ᠃ ᠬᠢᠳᠠᠳ ᠡᠮᠨᠡᠯᠭᠡ ᠳᠤ ᠠᠭᠤᠰᠭᠢ ᠪᠦᠬᠦ ᠪᠡᠶ᠎ᠡ ᠶᠢᠨ | ᠠᠷᠠᠰᠤ ᠶᠢ ᠬᠠᠮᠢᠶᠠᠷᠳᠠᠭ ᠭᠡᠵᠦ ᠦᠵᠡᠳᠡᠭ᠃ ᠠᠭᠤᠰᠬᠢ ᠰᠠᠶᠢᠨ ᠪᠠᠶᠢᠪᠠᠯ ᠰᠠᠶ᠋ᠢ ᠠᠷᠠᠰᠤ ᠵᠦᠭᠡᠯᠡᠨ ᠪᠤᠯᠪᠠᠷᠠᠢ᠂ | ᠴᠠᠭᠠᠨ ᠪᠠᠶᠢᠬᠤ ᠶᠢ ᠪᠠᠳᠤᠯᠠᠵᠤ ᠴᠢᠳᠠᠨ᠎ᠠ᠃ ᠠᠭᠤᠰᠭᠢᠨ ᠳᠤ ᠤᠷᠤᠭᠰᠠᠨ ᠬᠤᠤᠷᠠᠳᠤ ᠪᠤᠳᠠᠰ ᠠᠷᠪᠢᠤᠨᠬᠤ ᠦᠶ᠎ᠠ ᠳᠤ | ᠂ ᠬᠤᠤᠷᠠᠳᠤ ᠪᠤᠳᠠᠰ ᠠᠭᠤᠰᠭᠢᠨ ᠤ ᠦᠢᠯᠡᠳᠦᠯᠴᠡᠯ ᠢᠶᠠᠷ ᠠᠷᠠᠰᠤᠨ ᠳᠤ ᠬᠤᠷᠠᠵᠤ᠂ ᠠᠷᠠᠰᠤ ᠦᠩᠭᠡ ᠪᠠᠨ ᠠᠯᠳᠠᠳᠠᠭ | ᠃ 2. ᠬᠤᠷᠭᠤᠰᠯᠠᠬᠤ᠃ ᠬᠢᠳᠠᠳ ᠡᠮᠨᠡᠯᠭᠡ ᠳᠤ ᠠᠭᠤᠰᠬᠢ ᠪᠤᠯᠤᠨ ᠪᠦᠲᠦᠭᠦᠨ ᠭᠡᠳᠡᠰᠦ ᠨᠢ ᠨᠢᠭᠡ ᠰᠢᠰᠲ᠋ᠧᠮ ᠳᠤ | ᠪᠠᠶᠢᠵᠤ᠂ ᠳᠡᠭᠡᠷ᠎ᠡ ᠳᠠᠯ᠎ᠠ ᠶᠢᠨ ᠠᠭᠤᠰᠬᠢᠨ ᠳᠤ ᠬᠤᠤᠷᠠᠳᠤ ᠪᠤᠳᠠᠰ ᠲᠠᠢ ᠪᠤᠯᠬᠤ ᠦᠶ᠎ᠠ ᠳᠤ ᠳᠤᠤᠷᠠᠳᠤ ᠳᠠᠯ᠎ᠠ ᠶᠢᠨ | ᠪᠦᠲᠦᠭᠦᠨ ᠭᠡᠳᠡᠰᠦᠨ ᠳᠤ ᠴᠤ ᠬᠡᠪ ᠤᠨ ᠪᠤᠰᠤ ᠪᠦᠭᠡᠨᠡᠷᠡᠯ ᠭᠠᠷᠴᠤ ᠬᠤᠷᠭᠤᠰᠤᠯᠠᠳᠠᠭ ᠭᠡᠵᠦ ᠦᠵᠡᠳᠡᠭ ᠪᠠᠶᠢᠨ᠎ᠠ᠃ | 3. ᠵᠤᠪᠠᠨᠢᠵᠤ ᠤᠶᠠᠷᠠᠬᠤ᠂ ᠠᠮᠠᠷᠬᠠᠨ ᠭᠤᠨᠢᠬᠤ ᠪᠠᠶᠢᠳᠠᠯ ᠭᠠᠷᠤᠨ᠎ᠠ᠃ ᠠᠭᠤᠰᠭᠢᠨ ᠳᠤ ᠬᠤᠤᠷᠠᠳᠤ ᠪᠤᠳᠠᠰ ᠬᠤᠷᠠᠵᠤ | ᠂ ᠠᠭᠤᠰᠬᠢᠨ ᠤ ᠬᠡᠢ ᠴᠢᠰᠤᠨ ᠤ ᠡᠷᠭᠢᠯᠳᠡ ᠶᠢ ᠨᠦᠯᠦᠭᠡᠯᠡᠨ ᠠᠭᠤᠰᠬᠢ ᠬᠡᠪ ᠤᠨ ᠳᠡᠨᠢᠭᠦᠨ ᠪᠠᠶᠢᠳᠠᠯ ᠢᠶᠠᠨ ᠠᠯᠳᠠᠵᠤ | ᠠᠶᠤᠤᠯᠢᠬᠠᠢ ᠪᠢᠳᠡᠭᠦᠷᠡᠵᠦ᠂ ᠬᠦᠮᠦᠨ ᠨᠡᠷ᠎ᠡ ᠦᠭᠡᠢ ᠳᠠᠷᠤᠮᠳᠠ ᠳᠤ ᠤᠷᠤᠭᠰᠠᠨ ᠰᠢᠬ ᠪᠤᠯᠵᠤ ᠵᠤᠪᠠᠨᠢᠬᠤ ᠤᠶᠠᠷᠠᠬᠤ | ᠢᠯᠡᠷᠡᠯ ᠭᠠᠷᠳᠠᠭ᠃ ᠠᠭᠤᠰᠭᠢᠨ ᠳᠤ ᠬᠤᠷᠠᠭᠰᠠᠨ ᠬᠤᠭ ᠨᠤᠪᠰᠢ ᠶᠢ ᠴᠡᠪᠡᠷᠯᠡᠬᠦ ᠠᠷᠭ᠎ᠠ ᠳᠡᠮ᠄ 1. ᠯᠤᠤᠪᠠᠩ ᠪᠤᠯ | ᠠᠭᠤᠰᠬᠢᠨ ᠳᠤ ᠬᠤᠷᠠᠭᠰᠠᠨ ᠬᠤᠤᠷᠠᠳᠤ ᠪᠤᠳᠠᠰ ᠢ ᠴᠡᠪᠠᠷᠯᠡᠬᠦ ᠰᠠᠶᠢᠨ ᠢᠳᠡᠭᠡᠨ ᠪᠤᠯᠤᠨ᠎ᠠ᠃ ᠪᠦᠲᠦᠭᠦᠨ ᠭᠡᠳᠡᠰᠦ | ᠪᠤᠯᠤᠨ ᠠᠭᠤᠰᠬᠢ ᠨᠢ ᠨᠢᠬᠳᠠ ᠬᠠᠷᠢᠴᠠᠭ᠎ᠠ ᠲᠠᠢ ᠪᠠᠶᠢᠵᠤ᠂ ᠠᠭᠤᠰᠭᠢᠨ ᠤ ᠬᠤᠤᠷᠠᠳᠤ ᠪᠤᠳᠠᠰ ᠢ ᠭᠠᠳᠠᠭᠰᠢᠯᠠᠭᠤᠯᠬᠤ | ᠭᠡᠮᠵᠢᠶ᠎ᠠ ᠨᠢ ᠪᠦᠲᠦᠭᠦᠨ ᠭᠡᠳᠡᠰᠦᠨ ᠤ ᠰᠠᠭᠠᠳ ᠦᠭᠡᠢ ᠨᠡᠪᠳᠡᠷᠡᠵᠦ ᠪᠠᠶᠢᠬᠤ ᠡᠰᠡᠬᠦ ᠪᠠᠷ ᠳᠤᠭᠳᠠᠭᠠᠭᠳᠠᠳᠠᠭ ᠭᠡᠵᠦ | ᠬᠢᠳᠠᠳ ᠡᠮᠨᠡᠯᠭᠡ ᠶᠢᠨ ᠬᠢᠨ ᠦᠵᠡᠳᠡᠭ᠃ ᠯᠤᠤᠪᠠᠩ ᠨᠢ ᠪᠦᠲᠦᠭᠦᠨ ᠭᠡᠳᠡᠰᠦ ᠶᠢ ᠬᠠᠪᠰᠤᠷᠴᠤ ᠬᠤᠨᠤᠭᠰᠠᠨ | ᠬᠤᠷᠭᠤᠰᠤ ᠶᠢ ᠭᠠᠳᠠᠭᠰᠢᠯᠠᠭᠤᠯᠳᠠᠭ᠃ ᠯᠤᠤᠪᠠᠩ ᠢ ᠳᠦᠭᠦᠬᠡᠢ ᠪᠠᠷ ᠪᠤᠶᠤ ᠪᠤᠯᠭᠤᠭᠠᠳ ᠢᠳᠡᠵᠦ ᠪᠦᠷ ᠪᠤᠯᠤᠨ᠎ᠠ᠃ | 2. ᠬᠡᠯᠡᠭᠡᠢ ᠰᠠᠷᠠᠨ᠎ᠠ ᠨᠢ ᠠᠭᠤᠰᠭᠢᠨ ᠤ ᠬᠤᠤᠷᠠᠳᠤ ᠪᠤᠳᠠᠰ ᠢ ᠡᠰᠡᠷᠭᠦᠴᠡᠬᠦ ᠴᠢᠳᠠᠪᠤᠷᠢ ᠶᠢ ᠰᠠᠶᠢᠵᠢᠷᠠᠭᠤᠯᠳᠠᠭ᠃ | ᠠᠭᠤᠰᠬᠢ ᠶᠡᠷᠦ ᠨᠢ ᠬᠠᠭᠰᠠᠭᠰᠠᠨ ᠬᠠᠭᠤᠷᠠᠢ ᠪᠠᠶᠢᠳᠠᠯ ᠳᠤ ᠳᠤᠷ᠎ᠠ ᠦᠭᠡᠢ ᠪᠠᠶᠢᠳᠠᠭ᠂ ᠬᠠᠭᠤᠷᠠᠢ ᠤᠷᠴᠢᠨ | ᠳᠤᠭᠤᠷᠢᠨ ᠳᠤ ᠬᠤᠤᠷᠠᠳᠤ ᠪᠤᠳᠠᠰ ᠠᠭᠤᠰᠭᠢᠨ ᠳᠤ ᠠᠮᠠᠷᠬᠠᠨ ᠬᠤᠷᠠᠳᠠᠭ᠃ ᠮᠦᠭᠦ᠂ ᠬᠡᠯᠡᠭᠡᠢ ᠰᠠᠷᠠᠨ᠎ᠠ ᠨᠢ | ᠠᠭᠤᠰᠬᠢ ᠶᠢ ᠳᠡᠵᠢᠭᠡᠵᠦ ᠴᠢᠬᠢᠭ ᠢ ᠳᠦᠯᠵᠢᠭᠦᠯᠬᠦ ᠦᠢᠯᠡᠳᠦᠯ ᠢᠶᠠᠷ ᠰᠠᠶᠢᠨ ᠪᠠᠶᠢᠵᠤ᠂ ᠠᠭᠤᠰᠬᠢ ᠶᠢ ᠬᠠᠪᠰᠤᠷᠤᠨ | ᠬᠤᠤᠷᠠᠳᠤ ᠪᠤᠳᠠᠰ ᠲᠤ ᠴᠤᠬᠢᠯᠳᠠ ᠦᠭᠳᠡᠭ᠃ ᠬᠡᠯᠡᠭᠡᠢ ᠰᠠᠷᠠᠨ᠎ᠠ ᠶᠢ ᠪᠤᠯᠭᠤᠵᠤ ᠢᠳᠡᠬᠦ ᠳᠡᠭᠡᠨ ᠡᠳ᠋ᠰᠢᠭᠦᠯᠬᠦ | ᠶᠠᠪᠤᠴᠠ ᠨᠢ ᠭᠡᠳᠦ ᠤᠳᠠᠬᠤ ᠦᠭᠡᠢ ᠪᠤᠯ ᠰᠠᠶᠢᠨ᠂ ᠭᠡᠳᠦ ᠤᠳᠠᠪᠠᠯ ᠬᠡᠯᠡᠭᠡᠢ ᠰᠠᠷᠠᠨ᠎ᠠ ᠶᠢᠨ ᠰᠢᠭᠦᠰᠦ ᠨᠢ ᠪᠠᠭᠠᠰᠴᠤ | ᠬᠤᠤᠷ᠎ᠠ ᠶᠢ ᠰᠡᠷᠭᠡᠶᠢᠯᠡᠬᠦ ᠦᠢᠯᠡᠳᠦᠯ ᠨᠢ ᠶᠡᠭᠡᠪᠡᠷ ᠪᠠᠭᠤᠷᠠᠳᠠᠭ᠃ 3. ᠠᠯᠮᠤᠷᠠᠳ ᠢᠯᠡᠭᠦᠦ ᠢᠳᠡᠨ᠎ᠠ᠃ | ᠠᠮᠧᠷᠢᠺᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠰᠤᠳᠤᠯᠭᠠᠨ ᠤ ᠬᠦᠷᠢᠶᠡᠯᠡᠩ ᠤᠨ ᠬᠢᠨ᠂ ᠦᠷᠭᠦᠯᠵᠢ ᠠᠯᠮᠤᠷᠠᠳ | ᠢᠳᠡᠳᠡᠭ ᠬᠦᠮᠦᠨ ᠤ ᠬᠠᠨᠢᠶᠠᠬᠤ᠂ ᠴᠡᠷ ᠭᠠᠷᠬᠤ ᠨᠤᠷᠮ᠎ᠠ ᠨᠢ ᠠᠯᠮᠤᠷᠠᠳ ᠢᠳᠡᠳᠡᠭ ᠦᠭᠡᠢ ᠬᠦᠮᠦᠨ ᠤ ᠬᠢ ᠠᠴᠠ | 33% ᠳᠤᠤᠷ᠎ᠠ ᠪᠠᠶᠢᠳᠠᠭ ᠢ ᠰᠤᠳᠤᠯᠭᠠᠨ ᠢᠶᠠᠷ ᠢᠯᠡᠷᠡᠭᠦᠯᠦᠭᠰᠡᠨ ᠪᠠᠶᠢᠨ᠎ᠠ᠃ ᠡᠨᠡ ᠨᠢ ᠠᠯᠮᠤᠷᠠᠳ ᠤᠨ | ᠬᠠᠯᠢᠰᠦᠨ ᠳᠠᠬᠢ ᠵᠢᠮᠢᠰᠦᠨ ᠴᠠᠪᠠᠤ ᠪᠠ ᠢᠰᠦᠯᠳᠦᠬᠦ ᠶᠢ ᠡᠰᠡᠷᠭᠦᠴᠡᠬᠦ ᠪᠤᠳᠠᠰ ᠨᠢ ᠠᠭᠤᠰᠬᠢᠨ ᠤ ᠦᠷᠪᠢᠰᠬᠦ ᠪᠠᠶᠢᠳᠠᠯ | ᠭᠠᠷᠬᠤ ᠶᠢ ᠪᠠᠭᠠᠰᠬᠠᠳᠠᠭ ᠠᠴᠠ ᠪᠤᠯᠵᠠᠢ᠃ 4. ᠠᠭᠤᠰᠭᠢᠨ ᠤ ᠬᠤᠤᠷᠠᠳᠤ ᠪᠤᠳᠠᠰ ᠢ ᠭᠠᠳᠠᠭᠰᠢᠯᠠᠭᠤᠯᠬᠤ ᠪᠡᠯᠴᠢᠷ ᠢ | ᠨᠤᠬᠤᠯᠠᠨ᠎ᠠ᠃ ᠠᠭᠤᠰᠬᠢ ᠶᠢ ᠳᠠᠮᠢᠷᠵᠢᠭᠤᠯᠳᠠᠭ ᠪᠡᠯᠴᠢᠷ ᠪᠤᠯ ᠾᠧ ᠭᠦ᠋ ᠪᠡᠯᠴᠢᠷ ︵合谷穴︶ ᠪᠤᠯᠤᠨ᠎ᠠ᠂ | ᠠᠯᠠᠭᠠᠨ ᠤ ᠠᠷᠤ ᠳᠠᠯ᠎ᠠ ᠳᠤ᠂ ᠡᠷᠡᠭᠡᠢ ᠳᠤᠯᠤᠪᠤᠷ ᠬᠤᠶᠠᠷ ᠬᠤᠷᠤᠭᠤᠨ ᠶᠠᠰᠤᠨ ᠤ ᠠᠭᠤᠯᠵᠠᠷ ᠲᠤ ᠪᠠᠶᠢᠨ᠎ᠠ᠂ ᠡᠷᠡᠭᠡᠢ | ᠳᠤᠯᠤᠪᠤᠷ ᠬᠤᠶᠠᠷ ᠬᠤᠷᠤᠭᠤ ᠪᠠᠷ ᠢᠶᠠᠨ ᠴᠢᠮᠬᠢᠭᠡᠳ ᠬᠦᠴᠦᠳᠠᠢ ᠨᠤᠬᠤᠯᠠᠨ᠎ᠠ᠃ 5. ᠬᠦᠯᠦᠰᠦ ᠳᠠᠭᠤᠯᠭᠠᠵᠤ | ᠬᠤᠤᠷ᠎ᠠ ᠳᠠᠶᠢᠯᠤᠨ᠎ᠠ᠃ ᠠᠭᠤᠰᠬᠢ ᠨᠢ ᠠᠷᠠᠰᠤ ᠶᠢ ᠬᠠᠮᠢᠶᠠᠷᠳᠠᠭ᠂ ᠳᠡᠶᠢᠮᠦ ᠠᠴᠠ ᠰᠠᠶᠢᠨ ᠬᠦᠯᠦᠷᠡᠵᠦ᠂ | ᠬᠦᠯᠦᠰᠦ ᠪᠠᠷ ᠪᠡᠶ᠎ᠡ ᠳᠤᠳᠤᠷᠠᠬᠢ ᠬᠤᠤᠷᠠᠳᠤ ᠪᠤᠳᠠᠰ ᠢ ᠳᠠᠭᠤᠯᠭᠠᠪᠠᠯ᠂ ᠠᠭᠤᠰᠬᠢ ᠶᠢ ᠠᠮᠤᠷᠯᠢᠭᠤᠯᠳᠠᠭ᠃ ᠬᠦᠯᠦᠰᠦ | ᠭᠠᠷᠭᠠᠬᠤ ᠳᠤ ᠳᠠᠮᠢᠷ ᠤᠨ ᠬᠦᠳᠡᠯᠭᠡᠭᠡᠨ ᠬᠢᠬᠦ ᠠᠴᠠ ᠭᠠᠳᠠᠨ᠎ᠠ᠂ ᠬᠠᠯᠠᠭᠤᠨ ᠤᠷᠤᠨ ᠳᠤ ᠰᠠᠭᠤᠵᠤ ᠪᠤᠯᠤᠨ᠎ᠠ᠂ ᠪᠡᠶ᠎ᠡ | ᠤᠬᠢᠶᠠᠬᠤ ᠤᠰᠤᠨ ᠳᠠᠭᠠᠨ ᠪᠠᠭ᠎ᠠ ᠰᠠᠭ᠎ᠠ ᠳᠦᠭᠦᠬᠡᠢ ᠭᠠ ᠪᠠ ᠵᠢᠷᠤᠭᠪᠠ ᠶᠢᠨ ᠳᠤᠰᠤ ᠬᠢᠪᠡᠯ ᠬᠦᠯᠦᠰᠦ ᠭᠠᠷᠬᠤ ᠶᠢ | ᠰᠠᠶᠢᠵᠢᠷᠠᠭᠤᠯᠵᠤ᠂ ᠪᠡᠶ᠎ᠡ ᠶᠢᠨ ᠭᠦᠨ ᠳᠤ ᠨᠢᠭᠤᠭᠳᠠᠵᠤ ᠪᠠᠶᠢᠭ᠎ᠠ ᠬᠤᠤᠷᠠᠳᠤ ᠪᠤᠳᠠᠰ ᠢ ᠭᠠᠳᠠᠭᠰᠢᠯᠠᠭᠤᠯᠵᠤ | ᠳᠡᠶᠢᠯᠦᠨ᠎ᠠ᠃ 6. ᠭᠦᠨ ᠠᠮᠢᠰᠬᠤᠨ᠎ᠠ᠃ ᠡᠩ ᠤᠨ ᠠᠮᠢᠰᠬᠤᠬᠤ ᠳᠤ᠂ ᠶᠡᠷᠦᠳᠡᠭᠡᠨ ᠪᠠᠭ᠎ᠠ ᠰᠠᠭ᠎ᠠ ᠬᠠᠶᠠᠬᠳᠠᠮᠠᠯ ᠬᠡᠢ | ᠠᠭᠤᠰᠭᠢᠨ ᠳᠤ ᠦᠯᠡᠳᠡᠳᠡᠭ᠂ ᠡᠳᠡᠭᠡᠷ ᠬᠠᠶᠠᠬᠳᠠᠮᠠᠯ ᠬᠡᠢ ᠶᠢ ᠰᠢᠨ᠎ᠠ ᠪᠠᠷ ᠠᠮᠢᠰᠬᠤᠵᠤ ᠤᠷᠤᠭᠤᠯᠬᠤ | ᠬᠦᠴᠢᠯᠳᠦ᠋ᠷᠦᠭᠴᠢ ᠡᠯᠪᠡᠭ ᠰᠢᠨ᠎ᠠ ᠠᠭᠠᠷ ᠲᠠᠢ ᠠᠳᠠᠯᠢᠳᠬᠠᠪᠠᠯ ᠮᠦᠨ ᠨᠢᠭᠡ ᠵᠦᠢᠯ ᠤᠨ ᠬᠤᠤᠷᠠᠳᠤ ᠪᠤᠳᠠᠰ ᠪᠤᠯᠤᠨ᠎ᠠ | ᠃ ᠳᠡᠶᠢᠮᠦ ᠠᠴᠠ ᠭᠦᠨ ᠠᠮᠢᠰᠬᠤᠬᠤ ᠨᠢ ᠪᠡᠶ᠎ᠡ ᠳᠤ ᠦᠯᠡᠳᠡᠭᠰᠡᠨ ᠬᠠᠶᠠᠬᠳᠠᠮᠠᠯ ᠬᠡᠢ ᠶᠢ ᠬᠦᠢᠴᠡᠳ ᠴᠡᠪᠡᠷᠯᠡᠵᠦ | ᠳᠡᠶᠢᠯᠦᠨ᠎ᠠ᠃ 7. ᠪᠤᠬᠢᠷ ᠮᠠᠨᠠᠨ ᠲᠠᠢ ᠡᠳᠦᠷ ᠴᠢᠳᠠᠬᠤ ᠶᠢᠨ ᠳᠤᠳᠤᠷ᠎ᠠ ᠭᠠᠳᠠᠭ᠎ᠠ ᠭᠠᠷᠬᠤ ᠦᠭᠡᠢ ᠪᠤᠯ ᠰᠠᠶᠢᠨ᠃ | ᠬᠡᠷᠪᠡ ᠭᠠᠷᠬᠤ ᠳᠡᠭᠡᠷ᠎ᠡ ᠳᠤᠯᠪᠠᠯ᠂ ᠠᠮᠠ ᠬᠠᠮᠠᠷ ᠢᠶᠠᠨ ᠪᠦᠭᠯᠡᠵᠦ᠂ ᠦᠷᠯᠦᠭᠡ ᠤᠷᠤᠢ ᠶᠢᠨ ᠤᠳᠤᠭ᠎ᠠ ᠳᠤᠭᠤᠰᠤ | ᠶᠡᠭᠡ ᠴᠠᠭ ᠠᠴᠠ ᠵᠠᠶᠢᠯᠠᠰᠬᠢᠪᠠᠯ ᠵᠤᠬᠢᠨ᠎ᠠ᠃ 8. ᠤᠰᠤ ᠢᠯᠡᠭᠦᠦ ᠤᠤᠭᠤᠵᠤ᠂ ᠳᠠᠮᠠᠬᠢ ᠳᠠᠳᠠᠬᠤ ᠦᠭᠡᠢ᠃ ᠬᠡᠷᠪᠡ | ᠳᠠᠮᠠᠬᠢ ᠳᠠᠳᠠᠳᠠᠭ ᠤᠷᠴᠢᠨ ᠳᠤ ᠤᠷᠳᠤ ᠬᠤᠭᠤᠴᠠᠭ᠎ᠠ ᠪᠠᠷ ᠪᠠᠶᠢᠳᠠᠭ ᠪᠤᠯ ᠡᠷᠭᠡᠪᠰᠢ ᠢᠯᠡᠭᠦᠭᠡᠨ ᠤᠰᠤ ᠤᠤᠭᠤᠬᠤ | ᠭᠡᠷᠡᠭᠳᠡᠢ᠂ ᠳᠡᠪᠡᠪᠡᠯ ᠪᠡᠶ᠎ᠡ ᠳᠠᠬᠢ ᠬᠤᠤᠷᠠᠳᠤ ᠪᠤᠳᠠᠰ ᠤᠨ ᠭᠠᠳᠠᠬᠰᠢᠯᠠᠭᠤᠯᠤᠯᠳᠠ ᠶᠢ ᠳᠦᠷᠭᠡᠳᠭᠡᠳᠡᠭ᠃ ᠳᠤᠭ᠎ᠠ | ᠪᠠᠷᠢᠮᠳᠠ ᠠᠴᠠ ᠦᠵᠡᠪᠡᠯ᠂ ᠨᠠᠢᠮᠠᠨ ᠬᠤᠪᠢ ᠶᠢᠨ ᠠᠭᠤᠰᠬᠢᠨ ᠦᠮᠡᠨ ᠨᠢ ᠳᠠᠮᠠᠬᠢ ᠠᠴᠠ ᠪᠤᠯᠵᠠᠢ᠂ ᠳᠡᠶᠢᠮᠦ ᠠᠴᠠ | ᠳᠠᠮᠠᠬᠢ ᠳᠠᠳᠠᠬᠤ ᠪᠠᠨ ᠪᠤᠯᠢᠭᠠᠴᠢ ᠭᠡᠵᠦ ᠰᠠᠨᠠᠭᠤᠯᠤᠶ᠎ᠠ᠃ 9. ᠦᠷᠯᠦᠭᠡ ᠶᠢᠨ 7 — 9 ᠴᠠᠭ ᠪᠤᠯ ᠠᠭᠤᠰᠭᠢᠨ | ᠳᠠᠮᠢᠷ ᠬᠠᠮᠤᠭ ᠤᠨ ᠴᠢᠩᠭ᠎ᠠ ᠪᠠᠶᠢᠳᠠᠭ ᠬᠤᠭᠤᠴᠠᠭ᠎ᠠ ᠪᠤᠯᠤᠨ᠎ᠠ᠃ ᠡᠶᠢᠮᠦ ᠠᠴᠠ ᠡᠨᠡᠬᠦ ᠬᠤᠭᠤᠴᠠᠭᠠᠨ ᠳᠤ ᠳᠠᠮᠢᠷ ᠤᠨ | ᠬᠦᠳᠡᠯᠭᠡᠭᠡᠨ ᠬᠢᠬᠦ ᠪᠠᠷ ᠳᠠᠮᠵᠢᠭᠤᠯᠤᠨ ᠬᠤᠤᠷ᠎ᠠ ᠶᠢ ᠭᠠᠳᠠᠭᠰᠢᠯᠠᠭᠤᠯᠪᠠᠯ ᠬᠠᠮᠤᠭ ᠤᠨ ᠰᠠᠶᠢᠨ᠃ ᠠᠭᠤᠰᠭᠢᠨ ᠳᠠᠮᠢᠷ | ᠴᠢᠩᠭ᠎ᠠ ᠬᠤᠭᠤᠴᠠᠭᠠᠨ ᠳᠤ ᠬᠦᠶᠦᠬᠦ ᠠᠯᠬᠤᠬᠤ ᠵᠡᠷᠭᠡ ᠬᠦᠴᠢᠯᠳᠦ᠋ᠷᠦᠭᠴᠢᠳᠤ ᠬᠦᠳᠡᠯᠭᠡᠭᠡᠨ ᠬᠢᠪᠡᠯ ᠠᠭᠤᠰᠭᠢᠨ ᠤ | ᠬᠤᠤᠷ᠎ᠠ ᠶᠢ ᠭᠠᠳᠠᠭᠰᠢᠯᠠᠭᠤᠯᠬᠤ ᠴᠢᠳᠠᠪᠤᠷᠢ ᠶᠢ ᠳᠡᠭᠡᠭᠰᠢᠯᠡᠭᠦᠯᠳᠡᠭ᠃ | |