ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠳᠠᠭᠠᠭᠠᠴᠢᠯᠠᠭᠤᠯᠬᠤ ᠬᠢᠭᠡᠳ ᠰᠢᠯᠵᠢᠭᠦᠯᠦᠨ ᠦᠭᠭᠦ ᠨᠢ ᠶᠠᠮᠠᠷ ᠢᠯᠭᠠᠭ᠎ᠠ ᠲᠠᠢ ᠪᠤᠢ︖
ᠨᠡᠶᠢᠲᠡᠯᠡᠭᠰᠡᠨ ᠴᠠᠭ᠄
2018-04-10
     
      ᠨᠢᠭᠡ᠄ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠶᠢᠨ ᠤᠬᠠᠭᠳᠠᠬᠤᠨ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠪᠤᠯ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠤᠭᠤᠯᠤᠨ ᠠᠰᠢᠬᠯᠠᠬᠤ ᠨᠢᠭᠡᠨ ᠬᠡᠯᠪᠡᠷᠢ ᠪᠤᠯᠤᠨ᠎ᠠ᠃ ᠮᠠᠯᠵᠢᠬᠤ ᠳᠠᠷᠢᠶᠠᠯᠠᠬᠤ ᠣᠷᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠭᠠᠴᠠᠭ᠎ᠠ ᠲᠤᠰᠬᠤᠨ ᠢ ᠵᠢᠭᠠᠵᠤ ᠪᠤᠢ︶ ᠶᠢᠨ ᠳᠣᠲᠤᠭᠠᠳᠤ ᠳᠠᠭᠠᠨ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠤᠭᠤᠴᠠᠭᠠᠨ ᠤ ᠳᠣᠲᠤᠷ᠎ᠠ ᠮᠠᠯᠴᠢᠨ ᠲᠠᠷᠢᠶᠠᠴᠢᠨ ᠡᠷᠦᠬᠡ ᠨᠦᠭᠦᠳ ᠤᠨ ᠬᠤᠭᠤᠷᠤᠨᠳᠤ ᠪᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠨ ᠦᠨ᠎ᠡ ᠲᠦᠯᠦᠪᠦᠷᠢ ᠲᠠᠢ ᠪᠠᠷ ᠬᠡᠷᠡᠭᠯᠡᠭᠦᠯᠬᠦ ᠶᠢ ᠵᠢᠭᠠᠵᠤ ᠪᠤᠢ᠃ ᠬᠤᠶᠠᠷ᠄ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠶᠢᠨ ᠤᠬᠠᠭᠳᠠᠬᠤᠨ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠪᠤᠯ ᠮᠦᠨ ᠴᠦ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠤᠭᠤᠯᠤᠨ ᠠᠰᠢᠬᠯᠠᠬᠤ ᠨᠢᠭᠡᠨ ᠬᠡᠯᠪᠡᠷᠢ ᠪᠤᠯᠤᠨ᠎ᠠ᠃ ᠮᠠᠯᠵᠢᠬᠤ ᠳᠠᠷᠢᠶᠠᠯᠠᠬᠤ ᠣᠷᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠭᠠᠴᠠᠭ᠎ᠠ ᠲᠤᠰᠬᠤᠨ ᠢ ᠵᠢᠭᠠᠵᠤ ᠪᠤᠢ︶ ᠶᠢᠨ ᠮᠠᠯᠴᠢᠨ ᠲᠠᠷᠢᠶᠠᠴᠢᠨ ᠡᠷᠦᠬᠡ ᠨᠢ ᠲᠡᠭᠦᠨ ᠤ ᠬᠠᠤᠯᠢ ᠶᠣᠰᠤᠭᠠᠷ ᠭᠠᠴᠠᠭᠠᠨ ᠠᠴᠠ ᠪᠠᠨ ᠳᠠᠭᠠᠭᠠᠴᠢᠯᠠᠨ ᠡᠵᠡᠩᠨᠡᠵᠦ ᠪᠠᠶᠢᠭ᠎ᠠ ᠨᠤᠲᠤᠭ ᠪᠡᠯᠴᠢᠭᠡᠷ ᠤᠨ ᠢᠶᠠᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠪᠠᠨ ᠪᠦᠬᠦᠨ ᠢ ᠪᠣᠰᠣᠳ ᠲᠤ ᠰᠢᠯᠵᠢᠭᠦᠯᠦᠨ ᠦᠭᠭᠦ ᠶᠢ ᠵᠢᠭᠠᠵᠤ ᠪᠤᠢ᠃ ᠭᠤᠷᠪᠠ᠄ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠬᠢᠭᠡᠳ ᠰᠢᠯᠵᠢᠭᠦᠯᠦᠨ ᠦᠭᠭᠦ ᠶᠢᠨ ᠢᠯᠭᠠᠭ᠎ᠠ ︵ᠨᠢᠭᠡ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠳᠤ ᠣᠷᠤᠯᠴᠠᠭᠰᠠᠨ ᠡᠷᠬᠡ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠳᠤ᠂ ᠡᠷᠭᠢᠯᠲᠡ ᠳᠤ ᠣᠷᠤᠯᠴᠠᠭᠰᠠᠨ ᠡᠷᠬᠡ ᠨᠢ ᠵᠦᠪᠬᠡᠨ ᠡᠵᠡᠩᠨᠡᠯᠲᠡ ᠶᠢᠨ ᠡᠷᠬᠡ ᠪᠤᠯᠤᠨ᠎ᠠ︔ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠳᠤ᠂ ᠡᠷᠭᠢᠯᠲᠡ ᠳᠤ ᠣᠷᠤᠯᠴᠠᠭᠰᠠᠨ ᠡᠷᠬᠡ ᠨᠢ ᠬᠠᠷᠢᠨ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠪᠤᠯᠤᠨ᠎ᠠ᠃ ︵ᠬᠤᠶᠠᠷ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠬᠠᠤᠯᠢ ᠴᠠᠭᠠᠵᠠ ᠶᠢᠨ ᠬᠠᠷᠢᠴᠠᠭᠠᠨ ᠤ ᠬᠤᠪᠢᠷᠠᠯᠲᠠ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠳᠤ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠨᠢ ᠬᠤᠪᠢᠷᠠᠬᠤ ᠦᠭᠡᠢ ︔ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠳᠤ᠂ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠤᠰᠠᠳᠬᠠᠵᠤ᠂ ᠰᠢᠨ᠎ᠡ ᠳᠠᠭᠠᠭᠠᠴᠢᠯᠠᠯᠲᠠ ᠶᠢᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠤᠢ ᠪᠤᠯᠭᠠᠨ᠎ᠠ᠃ ︵ᠭᠤᠷᠪᠠ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠬᠦᠷᠢᠶ᠎ᠡ ᠬᠡᠪᠴᠢᠶ᠎ᠡ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠨᠢ᠂ ᠵᠦᠪᠬᠡᠨ ᠮᠠᠯᠵᠢᠬᠤ ᠳᠠᠷᠢᠶᠠᠯᠠᠬᠤ ᠣᠷᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠤᠭᠠᠳᠤ ᠳᠠᠬᠢ ᠮᠠᠯᠴᠢᠨ ᠲᠠᠷᠢᠶᠠᠴᠢᠨ ᠡᠷᠦᠬᠡ ᠨᠦᠭᠦᠳ ᠤᠨ ᠬᠤᠭᠤᠷᠤᠨᠳᠤ ᠯᠡ ᠶᠠᠪᠤᠭᠳᠠᠳᠠᠭ︔ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠨᠢ᠂ ᠮᠠᠯᠵᠢᠬᠤ ᠳᠠᠷᠢᠶᠠᠯᠠᠬᠤ ᠣᠷᠤᠨ ᠤ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠤᠭᠠᠳᠤ ᠳᠠᠬᠢ ᠮᠠᠯᠴᠢᠨ ᠲᠠᠷᠢᠶᠠᠴᠢᠨ ᠡᠷᠦᠬᠡ ᠨᠦᠭᠦᠳ ᠤᠨ ᠬᠤᠭᠤᠷᠤᠨᠳᠤ ᠶᠠᠪᠤᠭᠳᠠᠵᠤ ᠪᠤᠯᠬᠤ ᠪᠠᠷ ᠪᠠᠷᠠᠬᠤ ᠦᠭᠡᠢ᠂ ᠪᠠᠰᠠ ᠲᠤᠰ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠡᠵᠡᠩᠨᠡᠯᠲᠡ ᠬᠢᠬᠦ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠬᠡ ᠳᠤ ᠰᠢᠯᠵᠢᠭᠦᠯᠦᠨ ᠦᠭᠴᠦ ᠪᠤᠯᠤᠨ᠎ᠠ᠂ ᠭᠡᠪᠡᠴᠦ ᠡᠷᠬᠡᠪᠰᠢ ᠲᠤᠰ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠬᠦ ᠠᠷᠠᠳ ᠤᠨ ᠶᠡᠭᠡ ᠬᠤᠷᠠᠯ ᠢᠶᠠᠷ ᠳᠠᠮᠵᠢᠨ ᠵᠦᠪᠰᠢᠶᠡᠷᠡᠬᠦ ᠡᠰᠡᠬᠦ ᠶᠢᠨ ᠲᠤᠬᠠᠢ ᠬᠤᠷᠠᠯ ᠤᠨ ᠰᠢᠢᠳᠪᠦᠷᠢ ᠭᠠᠷᠭᠠᠭᠰᠠᠨ ᠤ ᠳᠠᠷᠠᠭ᠎ᠠ ᠰᠠᠶ᠋ᠢ ᠰᠢᠯᠵᠢᠭᠦᠯᠦᠨ ᠦᠭᠴᠦ ᠪᠤᠯᠤᠨ᠎ᠠ᠃ ︵ᠳᠦᠷᠪᠡ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠵᠢᠷᠦᠮ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠳᠤ᠂ ᠵᠢᠷᠦᠮ ᠤᠨ ᠲᠠᠯ᠎ᠠ ᠪᠠᠷ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠭᠤᠯᠤᠭᠴᠢ ︵ᠭᠠᠴᠠᠭᠠᠨ ᠤ ᠠᠷᠠᠳ ᠤᠨ ᠵᠦᠪᠯᠡᠯ︶ ᠶᠢᠨ ᠵᠦᠪᠰᠢᠶᠡᠷᠡᠯ ᠢ ᠳᠠᠮᠵᠢᠬᠤ ᠴᠢᠬᠤᠯᠠ ᠦᠭᠡᠢ᠂ ᠭᠡᠪᠡᠴᠦ ᠬᠤᠶᠠᠷ ᠲᠠᠯ᠎ᠠ ᠪᠠᠷ ᠢᠶᠠᠨ ᠲᠣᠭᠳᠠᠭᠰᠠᠨ ᠰᠢᠯᠵᠢᠭᠦᠯᠦᠨ ᠳᠠᠭᠠᠭᠠᠴᠢᠯᠠᠭᠤᠯᠤᠭᠰᠠᠨ ᠭᠡᠷ᠎ᠡ ᠪᠠᠨ ᠭᠠᠴᠠᠭᠠᠨ ᠤ ᠠᠷᠠᠳ ᠤᠨ ᠵᠦᠪᠯᠡᠯ ᠳᠤ ᠮᠡᠳᠡᠭᠳᠡᠵᠦ ᠳᠡᠮᠳᠡᠭᠯᠡᠨ ᠳᠠᠩᠰᠠᠯᠠᠭᠤᠯᠪᠠᠯ ᠪᠤᠯᠴᠢᠬᠠᠨ᠎ᠠ︔ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠳᠤ᠂ ᠨᠦᠬᠦᠴᠡᠯ ᠳᠤ ᠨᠡᠶᠢᠴᠡᠭᠰᠡᠨ ᠮᠠᠯᠴᠢᠨ ᠲᠠᠷᠢᠶᠠᠴᠢᠨ ᠡᠷᠦᠬᠡ ᠨᠢ ᠨᠤᠲᠤᠭ ᠪᠡᠯᠴᠢᠭᠡᠷ ᠤᠨ ᠤᠤᠯ ᠤᠨ ᠳᠠᠭᠠᠭᠠᠴᠢᠯᠠᠭᠤᠯᠤᠭᠴᠢ ᠳᠠᠭᠠᠨ ᠨᠤᠲᠤᠭ ᠪᠡᠯᠴᠢᠭᠡᠷ ᠤᠨ ᠢᠶᠠᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠦᠭᠭᠦ ᠭᠤᠶᠤᠴᠢᠯᠠᠯ ᠳᠡᠪᠰᠢᠭᠦᠯᠵᠦ᠂ ᠭᠠᠴᠠᠭᠠᠨ ᠤ ᠠᠷᠠᠳ ᠤᠨ ᠵᠦᠪᠯᠡᠯ ᠤᠨ ᠵᠦᠪᠰᠢᠶᠡᠷᠡᠯ ᠢ ᠤᠯᠤᠭᠰᠠᠨ ᠤ ᠳᠠᠷᠠᠭ᠎ᠠ ᠰᠠᠶ᠋ᠢ ᠰᠢᠯᠵᠢᠭᠦᠯᠦᠨ ᠦᠭᠴᠦ ᠪᠤᠯᠤᠨ᠎ᠠ︔ ᠬᠡᠷᠪᠡ ᠲᠤᠰ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠡᠵᠡᠩᠨᠡᠯᠲᠡ ᠬᠢᠬᠦ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠬᠡ ᠳᠤ ᠰᠢᠯᠵᠢᠭᠦᠯᠦᠨ ᠦᠭᠭᠦ ᠳᠤ ᠬᠦᠷᠪᠡᠯ ᠡᠷᠬᠡᠪᠰᠢ ᠲᠤᠰ ᠬᠠᠮᠳᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠬᠦ ᠠᠷᠠᠳ ᠤᠨ ᠶᠡᠭᠡ ᠬᠤᠷᠠᠯ ᠢᠶᠠᠷ ᠳᠠᠮᠵᠢᠨ ᠵᠦᠪᠰᠢᠶᠡᠷᠡᠬᠦ ᠡᠰᠡᠬᠦ ᠶᠢᠨ ᠲᠤᠬᠠᠢ ᠬᠤᠷᠠᠯ ᠤᠨ ᠰᠢᠢᠳᠪᠦᠷᠢ ᠭᠠᠷᠭᠠᠭᠰᠠᠨ ᠤ ᠳᠠᠷᠠᠭ᠎ᠠ ᠰᠠᠶ᠋ᠢ ᠰᠢᠯᠵᠢᠭᠦᠯᠦᠨ ᠦᠭᠴᠦ ᠪᠤᠯᠤᠨ᠎ᠠ᠃ ︵ᠲᠠᠪᠤ︶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢᠨ ᠱᠠᠭᠠᠷᠳᠠᠬᠤ ᠨᠦᠬᠦᠴᠡᠯ ᠨᠢ ᠠᠳᠠᠯᠢ ᠦᠭᠡᠢ᠃ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠳᠠᠭᠠᠭᠠᠴᠢᠯᠠᠭᠤᠯᠬᠤ ᠳᠤ᠂ ᠣᠨᠴᠠᠭᠠᠢ ᠨᠦᠬᠦᠴᠡᠯ ᠱᠠᠭᠠᠷᠳᠠᠯᠭ᠎ᠠ ᠭᠡᠵᠦ ᠦᠭᠡᠢ︔ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠦᠨ ᠦᠭᠭᠦ ᠳᠤ᠂ ᠮᠠᠯᠴᠢᠨ ᠲᠠᠷᠢᠶᠠᠴᠢᠨ ᠡᠷᠦᠬᠡ ᠨᠢ ᠨᠡᠯᠢᠶᠡᠳ ᠲᠣᠭᠳᠠᠭᠤᠨ ᠮᠠᠯ ᠲᠠᠷᠢᠶᠠᠯᠠᠩ ᠤᠨ ᠣᠷᠣᠯᠭ᠎ᠠ ᠶᠢᠨ ᠢᠷᠡᠯᠳᠡ ᠲᠠᠢ ᠪᠤᠶᠤ ᠪᠤᠰᠤᠳ ᠲᠣᠭᠳᠠᠭᠤᠨ ᠠᠵᠤ ᠠᠬᠤᠢ ᠶᠢᠨ ᠣᠷᠤᠯᠭ᠎ᠠ ᠶᠢᠨ ᠢᠷᠡᠯᠲᠡ ᠲᠠᠢ ᠪᠤᠯᠤᠭᠰᠠᠨ ᠪᠠᠶᠢᠳᠠᠯ ᠳᠣᠣᠷ᠎ᠠ᠂ ᠲᠡᠭᠦᠨ ᠤ ᠳᠠᠭᠠᠭᠠᠴᠢᠯᠠᠨ ᠡᠵᠡᠩᠨᠡᠵᠦ ᠪᠠᠶᠢᠭ᠎ᠠ ᠨᠤᠲᠤᠭ ᠪᠡᠯᠴᠢᠭᠡᠷ ᠤᠨ ᠢᠶᠠᠨ ᠳᠠᠭᠠᠭᠠᠴᠢᠯᠠᠨ ᠡᠵᠡᠩᠨᠡᠬᠦ ᠡᠷᠬᠡ ᠶᠢ ᠪᠣᠰᠣᠳ ᠲᠤ ᠰᠢᠯᠵᠢᠭᠦᠯᠦᠨ ᠦᠭᠴᠦ ᠪᠤᠯᠬᠤ ᠤᠷᠢᠳᠠᠴᠢ ᠨᠦᠬᠦᠴᠡᠯ ᠢ ᠱᠠᠭᠠᠷᠳᠠᠨ᠎ᠠ᠃ ︵ᠵᠤᠬᠢᠶᠠᠭᠴᠢ ᠪᠤᠯ ᠦᠪᠦᠷ ᠮᠤᠩᠭᠤᠯ ᠤᠨ ᠽᠧ ᠮᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1