ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠡᠯᠡ ᠤᠷᠤᠭᠤᠯᠤᠯᠲᠠ ᠶᠢᠨ ᠬᠠᠯᠠᠮᠰᠢᠯ ᠴᠡᠭ ᠪᠤᠯᠵᠠᠢ
ᠨᠡᠶᠢᠲᠡᠯᠡᠭᠰᠡᠨ ᠴᠠᠭ᠄
2018-04-10
2025 ᠤᠨ ᠪᠤᠯᠬᠤ ᠳᠤ ᠮᠠᠨ ᠤ ᠤᠯᠤᠰ ᠤᠨ ᠨᠠᠰᠤᠳᠠᠢ ᠬᠦᠮᠦᠨ 3 ᠳ᠋ᠦᠩᠰᠢᠭᠤᠷ ᠢ ᠳᠠᠪᠠᠭ᠋ᠤ ᠪᠤᠯᠤᠨ᠎ᠠ ▲ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠡᠯᠡ ᠤᠷᠤᠭᠤᠯᠤᠯᠲᠠ ᠶᠢᠨ ᠬᠠᠯᠠᠮᠰᠢᠯ ᠴᠡᠭ ᠪᠤᠯᠪᠠ ᠤᠲᠤᠬᠠᠠ ᠳᠤ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠪᠡᠯᠡ ᠤᠷᠤᠭᠤᠯᠤᠯᠳᠠ ᠶᠢᠨ ᠬᠠᠯᠠᠮᠰᠢᠯ ᠴᠡᠭ ᠪᠤᠯᠵᠤ ᠪᠤᠢ᠃ ᠲᠤᠮᠲᠠᠲᠤ ᠤᠯᠤᠰ ᠤᠨ ᠠᠷᠠᠳ ᠤᠨ ᠠᠮᠢᠲᠤᠷᠠᠯ ᠤᠨ ᠪᠡᠯᠡ ᠤᠷᠤᠭᠤᠯᠤᠯᠲᠠ ᠶᠢᠨ ᠪᠦᠯᠦᠭᠯᠡᠯ ᠺᠤᠮᠫᠠᠨᠢ ᠲᠦᠷᠦᠭᠦᠭᠡᠡ ᠱᠠᠩᠬᠠᠢ ᠳᠤ ︽ᠵᠦᠩ ᠮᠢᠨ ᠨᠠᠰᠤᠵᠢᠯ ᠤᠨ ᠠᠰᠠᠷᠠᠮᠵᠢ ᠶᠢᠨ ᠨᠢᠭᠦᠯᠡᠰᠦᠩᠭᠦᠢ ᠶᠢᠨ ᠰᠠᠭᠤᠷᠢ ᠮᠦᠩᠭᠦ︾ ᠶᠢ ᠪᠠᠶᠢᠭᠤᠯᠵᠦ᠂ ᠲᠤᠮᠲᠠᠲᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠭᠵᠢᠯᠲᠠ ᠶᠢ ᠲᠡᠮᠵᠢᠬᠦ ᠳᠤ ᠬᠡᠷᠡᠭᠯᠡᠨ᠎ᠠ ᠭᠡᠵᠦ ᠨᠡᠶᠢᠲᠡᠯᠡᠪᠡ᠃ ᠲᠤᠰ ᠰᠠᠭᠤᠷᠢ ᠮᠦᠩᠭᠦ ᠨᠢ ᠨᠡᠶᠢᠭᠡᠮ ᠲᠤᠭᠤᠷᠢᠭ ᠤᠨ ᠠᠰᠠᠷᠠᠮᠵᠢ ᠬᠠᠯᠠᠮᠵᠢ ᠱᠠᠭᠠᠷᠳᠠᠬᠤ ᠨᠠᠰᠤᠲᠠᠶᠢᠴᠤᠳ ᠲᠤ ᠬᠠᠪᠰᠤᠷᠴᠤ᠂ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ ︽ᠨᠡᠶᠢᠭᠡᠮ ᠲᠤᠭᠤᠷᠢᠭ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠴᠢᠭ᠋︾ ᠭᠠᠷᠭᠠᠵᠤ᠂ ︽ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠰᠠᠶᠢᠨ ᠲᠤᠷᠠᠴᠢᠳ ᠤᠨ ᠦᠢᠯᠡᠴᠢᠯᠡᠭᠡᠨ ᠤ ᠠᠩᠭᠢ︾ ᠶᠢ ᠵᠤᠬᠢᠶᠠᠨ ᠪᠠᠶᠢᠭᠤᠯᠵᠤ ᠲᠤᠭᠲᠠᠭᠰᠠᠠ ᠬᠤᠭᠤᠴᠠᠭ᠎ᠠ ᠪᠠᠷ ᠨᠠᠰᠤᠳᠠᠶᠢᠴᠤᠳ ᠤᠨ ᠭᠡᠷ ᠲᠤᠨᠢ ᠬᠦᠷᠴᠤ ᠬᠠᠯᠠᠮᠵᠢᠯᠠᠨ ᠳᠤᠬᠤᠨᠢᠭᠤᠯᠵᠤ᠂ ᠡᠷᠡᠭᠦᠯ ᠮᠡᠨᠳᠦ ᠶᠢᠨ ᠪᠠᠶᠢᠴᠠᠭᠠᠯᠲᠠ᠂ ᠨᠡᠶᠢᠭᠡᠮ ᠲᠤᠭᠤᠷᠢᠭ ᠤᠨ ᠨᠠᠰᠤᠳᠠᠶᠢᠴᠤᠳ ᠲᠤ ᠲᠤᠰᠠᠯᠠᠬᠤ ᠂ ᠨᠡᠶᠢᠭᠡᠮ ᠲᠤᠭᠤᠷᠢᠭ ᠤᠨ ᠨᠠᠰᠤᠲᠠᠶᠢᠴᠤᠳ ᠢ ᠬᠠᠷᠠᠭᠠᠯᠵᠠᠬᠤ ᠡᠳᠦᠷ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠵᠦ᠂ ᠨᠠᠰᠤᠲᠠᠶᠢᠴᠤᠳ ᠤᠨ ᠪᠤᠲᠠᠲᠤ ᠭᠡᠷᠡᠭᠴᠡᠭᠡ ᠱᠠᠭᠠᠷᠲᠠᠯᠭ᠎ᠠ ᠶᠢ ᠬᠠᠩᠭᠠᠬᠤ ᠪᠤᠯᠤᠨ᠎ᠠ᠃ ᠲᠤᠮᠲᠠᠲᠤ ᠤᠯᠤᠰ ᠤᠨ ᠠᠷᠠᠳ ᠤᠨ ᠠᠮᠢᠲᠤᠷᠠᠯ ᠤᠨ ᠪᠡᠯᠡ ᠤᠷᠤᠭᠤᠯᠤᠯᠲᠠ ᠶᠢᠨ ᠪᠦᠯᠦᠭᠯᠡᠯ ᠺᠤᠮᠫᠠᠨᠢ ᠶᠢᠨ ᠢᠷᠡᠭᠡᠲᠦᠢ ᠶᠢᠨ ᠭᠡᠷᠡᠭ ᠮᠡᠲᠡᠭᠴᠢᠳ ᠤᠨ ᠲᠠᠷᠤᠭ᠎ᠠ ᠸᠠᠩ ᠬᠤᠢ᠂ ᠲᠡᠳᠡᠨ ᠤ ᠺᠤᠮᠫᠠᠨᠢ ᠶᠢᠨ ᠭᠡᠷ ᠲᠡᠭᠡᠨ ᠦᠲᠡᠯᠦᠭᠡ ᠨᠠᠰᠤ ᠪᠠᠨ ᠦᠩᠭᠡᠷᠡᠭᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠭᠤᠤᠯᠳᠠᠭᠤ ᠨᠠᠰᠤᠳᠠᠶᠢᠴᠤᠳ ᠤᠨ ᠭᠡᠷ ᠲᠤᠨᠢ ᠬᠦᠷᠴᠤ ᠠᠰᠠᠷᠠᠬᠤ᠂ ᠬᠤᠭᠤᠯᠠ ᠤᠮᠳᠠ ᠪᠡᠯᠡᠳᠴᠤ ᠦᠭᠬᠦ ᠵᠡᠷᠭᠡ ᠦᠨᠲᠦᠰᠦᠨ ᠦᠢᠯᠡᠴᠢᠯᠡᠭᠡ ᠬᠠᠩᠭᠠᠬᠤ ᠠᠴᠠ ᠭᠠᠲᠠᠨ᠎ᠠ᠂ ᠪᠠᠰᠠ ᠲᠤᠰᠬᠠᠢ ᠮᠡᠷᠭᠡᠵᠢᠯ ᠤᠨ ᠠᠰᠠᠷᠠᠭᠴᠢ᠂ ᠰᠤᠪᠢᠯᠠᠭᠴᠢ ᠵᠡᠷᠭᠡ ᠪᠠᠷ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠬᠢᠬᠦ᠂ ᠤᠬᠤᠷ ᠬᠤᠭᠤᠴᠠᠭ᠎ᠠ ᠪᠠᠷ ᠬᠠᠮᠳᠤ ᠰᠠᠭᠤᠵᠤ ᠠᠰᠠᠷᠠᠬᠤ᠂ ᠨᠠᠭᠠᠳᠴᠤ ᠴᠡᠩᠭᠡᠬᠦ᠂ ᠡᠷᠡᠭᠦᠯᠵᠢᠬᠦ ᠪᠤᠯᠪᠠᠰᠤᠷᠠᠯ ᠤᠨ ᠵᠢᠯᠤᠭᠤᠳᠤᠮᠵᠢ ᠬᠠᠩᠭᠠᠬᠤ ᠵᠡᠷᠭᠡ ᠪᠠᠷ ᠬᠡᠳᠦᠨ ᠨᠡᠶᠢᠭᠡᠮ ᠲᠤᠭᠤᠷᠢᠭ ᠢ ᠬᠠᠮᠤᠷᠤᠭᠰᠠᠨ ︽ᠨᠠᠰᠤᠲᠠᠳ ᠢᠶᠠᠨ ᠠᠰᠠᠷᠠᠭᠤᠯᠬᠤ ᠭᠠᠵᠠᠷ︾ ᠤᠨ ᠴᠢᠲᠠᠪᠬᠢ ᠲᠠᠢ᠃ ᠤᠷᠤᠨ ᠨᠤᠲᠤᠭ ᠤᠨ ᠤᠯᠤᠰ ᠤᠨ ᠦᠮᠴᠢᠯᠡᠯ ᠤᠨ ᠠᠵᠦ ᠠᠬᠤᠶᠢᠢᠯᠠᠯ ᠴᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠲᠦᠪᠡᠭ ᠠᠰᠠᠭᠤᠲᠠᠯ ᠢ ᠰᠢᠢᠳᠪᠤᠷᠢᠯᠡᠬᠦ ᠪᠠᠷ ᠢᠲᠡᠪᠬᠢᠲᠠᠢ ᠰᠦᠪᠡᠭᠴᠢᠯᠡᠵᠤ ᠪᠤᠢ᠃ ᠵᠢᠱᠢᠶᠡᠯᠡᠪᠡᠯ᠂ ᠱᠠᠩᠬᠠᠢ ᠶᠢᠨ ᠭᠡᠷ ᠭᠠᠵᠠᠷ ᠤᠨ ᠬᠦᠷᠦᠩᠭᠡ ᠶᠢᠨ ᠪᠦᠯᠦᠭᠯᠡᠯ ᠺᠤᠮᠫᠠᠨᠢ ᠪᠤᠯᠤᠨ ᠸᠠᠠ ᠺᠧ᠂ ᠱᠠᠩᠬᠠᠢ ᠶᠢᠨ ᠬᠢᠲᠡᠳ ᠡᠮ ᠡᠮᠨᠡᠯᠭᠡ ᠶᠢᠨ ᠶᠡᠭᠡ ᠰᠤᠷᠭᠠᠭᠤᠯᠢ ᠬᠠᠮᠲᠤᠷᠠᠵᠦ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠤᠭᠰᠠᠨ ᠦᠢᠯᠡᠴᠢᠯᠡᠭᠡ ᠡᠵᠡᠩᠨᠡᠬᠦ ᠬᠤᠲᠠᠯᠲᠤᠭᠠᠴᠢᠨ — ᠱᠠᠩᠬᠠᠢ ᠶᠢᠨ ᠱᠸᠠ ᠶᠠᠩ ᠺᠤᠮᠫᠠᠨᠢ ᠶᠢ ᠪᠠᠶᠢᠭᠤᠯᠵᠦ᠂ ᠭᠡᠷ ᠲᠡᠭᠡᠨ ᠦᠲᠡᠯᠦᠭᠡ ᠨᠠᠰᠤ ᠪᠠᠨ ᠦᠩᠭᠡᠷᠡᠭᠦᠯᠬᠦ᠂ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠂ ᠬᠠᠷᠠᠵᠦ ᠬᠠᠷᠠᠭᠠᠯᠵᠠᠬᠤ ᠪᠠᠶᠢᠭᠤᠯᠤᠮᠵᠢ᠂ ᠨᠠᠰᠤᠳᠠᠶᠢᠴᠤᠳ ᠤᠨ ᠪᠠᠭᠤᠳᠠᠯ ᠵᠡᠷᠭᠡ ᠤᠯᠠᠠ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢᠨ ᠬᠠᠮᠳᠤ ᠲᠤᠰᠬᠠᠢ ᠮᠡᠷᠭᠡᠵᠢᠯ ᠤᠨ ᠠᠯᠪᠠᠠ ᠠᠴᠠ ᠪᠠᠶᠢᠭᠤᠯᠤᠭᠰᠠᠠ ᠡᠮᠨᠡᠯᠭᠡ ᠶᠢᠨ ᠬᠤᠷᠢᠶ᠎ᠠ ᠶᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠠᠮᠤᠷᠤᠨ ᠤᠷᠤᠭᠤᠯᠵᠤ᠂ ᠡᠮᠴᠢᠯᠡᠭᠡ ᠪᠠ ᠠᠰᠠᠷᠠᠮᠵᠢ ᠶᠢ ᠤᠶᠠᠯᠲᠤᠭᠤᠯᠤᠭᠰᠠᠠ ᠡᠵᠡᠩᠨᠡᠯᠲᠡ ᠶᠢᠨ ᠲᠤᠲᠠᠭᠤᠲᠠᠯ ᠢ ᠨᠦᠬᠦᠪᠦᠷᠢᠯᠡᠵᠤ ᠪᠤᠢ᠃ ᠰᠲ᠋ᠤᠺ ᠢᠶᠠᠨ ᠵᠠᠬ᠎ᠠ ᠲᠡᠯᠭᠡᠭᠦᠷ ᠲᠤ ᠭᠠᠷᠭᠠᠭᠰᠠᠨ ᠭᠡᠷ ᠭᠠᠵᠠᠷ ᠤᠨ ᠬᠦᠷᠦᠩᠭᠡ ᠶᠢᠨ ᠠᠵᠦ ᠠᠬᠤᠶᠢᠢᠯᠠᠯ ᠪᠠᠰᠠ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠪᠠᠶᠢᠷᠢᠯᠠᠭᠤᠯᠤᠯᠳᠠ ᠬᠢᠵᠦ ᠪᠤᠢ᠃ ᠵᠢᠱᠢᠶᠡᠯᠡᠪᠡᠯ ᠯᠢᠤᠢ ᠳ᠋ᠢ ᠬᠤᠪᠢᠴᠠᠭᠠᠳᠦ ᠺᠤᠮᠫᠠᠨᠢ 10 ᠰᠠᠷ᠎ᠠ ᠳᠤ ᠡᠷᠡᠭᠦᠯ ᠮᠡᠨᠳᠦ ᠶᠢᠨ ᠨᠠᠰᠤᠵᠢᠯ ᠤᠨ ᠦᠢᠯᠡᠴᠢᠯᠡᠭᠡᠨ ᠤ ᠠᠵᠦ ᠦᠢᠯᠡᠰ ᠤᠨ ᠪᠠᠶᠢᠯᠲᠤᠬᠤ ᠪᠤᠲᠤᠯᠭ᠎ᠠ ᠶᠢᠨ ᠲᠦᠯᠦᠪᠵᠢᠭᠦᠯᠭᠡ ᠨᠡᠶᠢᠲᠡᠯᠡᠵᠦ᠂ 200 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ 2 ᠵᠢᠯ ᠤᠨ ᠲᠤᠲᠤᠷ᠎ᠠ ᠪᠦᠬᠦ ᠤᠯᠤᠰ ᠲᠤ 100 ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠵᠤᠴᠢᠳ ᠤᠨ ᠪᠠᠭᠤᠲᠠᠯ ᠪᠠᠶᠢᠭᠤᠯᠵᠦ᠂ 5 ᠵᠢᠯ ᠤᠨ ᠲᠤᠲᠤᠷ᠎ᠠ ᠤᠯᠤᠰ ᠤᠨ ᠲᠤᠲᠤᠭᠠᠲᠤ ᠭᠠᠲᠠᠭᠠᠲᠤ ᠳᠤ 500 ᠬᠡᠯᠬᠢᠶ᠎ᠠ ᠵᠤᠴᠢᠳ ᠤᠨ ᠪᠠᠭᠤᠲᠠᠯ ᠢ ᠪᠠᠶᠢᠭᠤᠯᠬᠤ ᠶᠢᠨ ᠬᠠᠮᠳᠤ ᠡᠮᠴᠢᠯᠡᠭᠡᠨ ᠤ ᠪᠡᠶ᠎ᠠ ᠶᠢᠨ ᠪᠠᠶᠢᠴᠠᠭᠠᠯᠳᠠ᠂ ᠵᠤᠭᠠᠴᠠᠨ ᠲᠤᠭᠤᠷᠢᠵᠤ ᠪᠠᠭᠤᠲᠠᠯ ᠳᠤ ᠰᠠᠭᠤᠵᠤ ᠦᠲᠡᠯᠦᠭᠡ ᠨᠠᠰᠤ ᠪᠠᠨ ᠦᠩᠭᠡᠷᠡᠭᠦᠯᠬᠦ᠂ ᠡᠷᠡᠭᠦᠯ ᠮᠡᠨᠳᠦ ᠶᠢᠨ ᠲᠠᠭᠠᠳᠬᠠᠯ ᠵᠡᠷᠭᠡ ᠡᠷᠡᠭᠦᠯ ᠮᠡᠨᠳᠦ ᠶᠢᠨ ᠠᠵᠦ ᠦᠢᠯᠡᠰ ᠤᠨ ᠳᠡᠭᠡᠳᠦ ᠳᠤᠤᠷᠠᠳᠦ ᠱᠠᠳᠤᠨ ᠤ ᠠᠵᠤ ᠦᠢᠯᠡᠰ ᠤᠨ ᠬᠡᠯᠬᠢᠶ᠎ᠠ ᠶᠢ ᠰᠢᠯᠤᠭᠤᠳᠬᠠᠵᠤ᠂ ᠰᠢᠯᠢᠳᠡᠭ ᠰᠠᠶᠢᠨ ᠡᠷᠡᠭᠦᠯ ᠮᠡᠨᠳᠦ ᠶᠢᠨ ᠠᠰᠠᠷᠠᠮᠵᠢ ᠶᠢᠨ ᠪᠡᠯᠡ ᠬᠦᠷᠦᠩᠭᠡ ᠶᠢ ᠦᠨᠡᠲᠦ ᠲᠡᠮᠲᠡᠭᠴᠢᠯᠡᠬᠦ ᠶᠢ ᠠᠬᠢᠭᠤᠯᠬᠤ ᠪᠠᠷ ᠲᠦᠯᠦᠪᠯᠡᠵᠦ ᠪᠠᠶᠢᠨ᠎ᠠ᠃ ᠡᠭᠦᠨ ᠠᠴᠠ ᠭᠠᠳᠠᠨ᠎ᠡ᠂ ᠹᠦ᠋ ᠰᠢᠩ ᠵᠡᠷᠭᠡ ᠠᠷᠠᠳ ᠠᠴᠠ ᠡᠵᠡᠩᠨᠡᠭᠰᠡᠨ ᠪᠡᠯᠡ ᠭᠦᠷᠦᠩᠭᠡ ᠪᠡᠰᠡ ᠨᠠᠰᠤᠵᠢᠯ ᠤᠨ ᠠᠰᠠᠷᠠᠮᠵᠢ ᠶᠢᠨ ᠦᠢᠯᠡᠰ ᠲᠤ ᠶᠡᠭᠡ ᠬᠦᠴᠦᠨ ᠢᠶᠠᠷ ᠴᠡᠷᠢᠭᠯᠡᠵᠦ ᠪᠤᠢ᠂ ᠵᠢᠱᠢᠶᠡᠯᠡᠪᠡᠯ ᠹᠦ᠋ ᠰᠢᠩ ᠠᠴᠠ ᠶᠡᠭᠡ ᠡᠷᠡᠭᠦᠯ ᠮᠠᠨᠳᠤ ᠶᠢᠨ ᠪᠡᠯᠡ ᠤᠷᠤᠭᠤᠯᠤᠯᠳᠡ ᠪᠡ ᠡᠵᠡᠩᠨᠡᠯᠳᠡ ᠶᠢᠨ ᠲᠠᠪᠴᠠᠩ — ᠰᠢᠩ ᠵᠢᠶᠠᠨ ᠢ ᠪᠠᠶᠢᠭᠤᠯᠵᠤ᠂ ᠨᠡᠶᠢᠭᠡᠮ ᠲᠤᠭᠤᠷᠢᠭ ᠤᠨ ᠡᠷᠡᠭᠦᠯ ᠮᠠᠨᠳᠤ ᠶᠢᠨ ᠦᠢᠯᠡᠴᠢᠯᠡᠭᠡ᠂ ᠲᠤᠰᠬᠠᠢ ᠮᠡᠷᠭᠡᠵᠢᠯ ᠤᠨ ᠨᠠᠰᠤᠵᠢᠯ ᠤᠨ ᠠᠰᠠᠷᠠᠮᠵᠢ᠂ ᠡᠷᠡᠭᠦᠯᠵᠢᠭᠦᠯᠭᠦ ᠰᠤᠪᠢᠯᠡᠯᠳᠡ ᠪᠠᠷ ᠭᠤᠤᠯ ᠪᠤᠯᠭᠠᠬᠰᠡᠨ ᠤᠯᠠᠨ ᠲᠦᠷᠦᠯ ᠤᠨ ᠦᠢᠯᠡᠴᠢᠯᠡᠭᠡᠨ ᠤ ᠱᠤᠭᠤᠮ ᠢ ᠴᠤᠭᠴᠠᠯᠠᠪᠠ᠃ ᠲᠤᠮᠳᠠᠳᠤ ᠤᠯᠤᠰ ᠤᠨ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠳᠡ ᠶᠢᠨ ᠪᠦᠯᠦᠭᠯᠡᠯ ᠺᠤᠮᠫᠠᠨᠢ ᠶᠢᠨ ᠭᠡᠷᠡᠭ ᠮᠡᠳᠡᠭᠴᠢᠳ ᠤᠨ ᠲᠤᠪᠴᠢᠶᠡᠨ ᠤ ᠲᠡᠳ᠋ ᠲᠡᠷᠢᠭᠦᠯᠡᠭᠴᠢ ᠯᠢ ᠶᠢᠨ ᠾᠧᠩ᠄ ︽ᠤᠳᠤᠬᠠᠨ ᠳᠤ᠂ ᠡᠯ᠎ᠡ ᠲᠠᠯ᠎ᠠ ᠶᠢᠨ ᠭᠦᠷᠦᠩᠭᠡ ᠶᠢᠨ ᠨᠠᠰᠤᠵᠢᠯ ᠤᠨ ᠠᠰᠠᠷᠠᠮᠵᠢ ᠶᠢᠨ ᠲᠠᠪᠴᠠᠩ ᠦᠨᠳᠤᠰᠤᠨ ᠳᠡᠭᠡᠨ ᠪᠦᠷ ᠠᠳᠠᠯ ᠠᠬᠤᠢ ᠶᠢᠨ ᠬᠠᠮᠢᠶᠠᠷᠤᠯᠳᠠ ᠠᠴᠠ ᠭᠠᠷ ᠳᠦᠷᠦᠵᠦ᠂ ᠮᠦᠩᠭᠦᠨ ᠭᠦᠢᠯᠭᠡᠭᠡ ᠪᠠᠷ ᠠᠷᠭ᠎ᠠ ᠬᠡᠮᠵᠢᠶ᠎ᠡ ᠪᠤᠯᠭᠠᠵᠤ᠂ ᠨᠠᠰᠤᠵᠢᠯ ᠤᠨ ᠠᠰᠠᠷᠠᠮᠵᠢ ᠪᠠᠷ ᠲᠦᠪ ᠪᠤᠯᠭᠠᠵᠤ᠂ ᠪᠡᠭᠡᠵᠢᠩ᠂ ᠱᠠᠩᠬᠠᠢ ᠵᠡᠷᠭᠡ ᠪᠦᠭᠦ ᠤᠯᠤᠰ ᠤᠨ ᠲᠤᠮᠤ ᠬᠤᠳᠡ ᠪᠠᠷ ᠡᠩ ᠲᠡᠷᠢᠭᠦᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷ ᠢ ᠪᠠᠶᠢᠷᠢᠰᠢᠭᠤᠯᠵᠤ ᠪᠤᠢ︾ ᠭᠡᠪᠡ᠃ ᠰᠤᠷᠪᠤᠯᠵᠢᠯᠠᠭᠴᠢ ᠪᠠᠶᠢᠴᠠᠭᠠᠯᠳᠡ ᠪᠠᠷ ᠢᠯᠡᠷᠡᠭᠦᠯᠦᠭᠰᠡᠨ ᠨᠢ᠂ ᠤᠳᠤᠬᠠᠨ ᠤ ᠲᠤᠮᠳᠡᠳᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠲᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠲᠦᠪᠡᠭ ᠠᠰᠠᠭᠤᠳᠠᠯ ᠪᠤᠯ ᠨᠠᠰᠤᠳᠠᠶᠢᠴᠤᠳ ᠭᠡᠷ ᠠᠴᠠ ᠪᠠᠨ ᠰᠠᠯᠵᠤ ᠦᠳᠡᠯᠦᠭᠡ ᠨᠠᠰᠤ ᠪᠠᠨ ᠦᠩᠭᠡᠷᠡᠭᠦᠯᠬᠦ ᠲᠤᠷ᠎ᠠ ᠦᠭᠡᠢ ᠤᠯᠠᠮᠵᠢᠯᠠᠯᠳᠦ ᠦᠢᠯᠠᠭᠠᠬᠳᠠᠬᠤᠨ ᠨᠢ ᠬᠡᠳᠦ ᠴᠢᠩᠭ᠎ᠠ ᠪᠠᠶᠢᠬᠤ ᠪᠤᠯᠤᠨ᠎ᠡ᠃ ᠡᠨᠡᠬᠦ ᠪᠠᠶᠢᠳᠠᠯ ᠳᠤ ᠭᠡᠷ ᠤᠨ ᠢᠶᠠᠨ ᠬᠠᠵᠠᠭᠤ ᠳᠤ ᠨᠠᠰᠤᠵᠢᠯ ᠤᠨ ᠠᠰᠠᠷᠠᠮᠵᠢ ᠬᠦᠷᠳᠡᠭᠡᠬᠦ ᠵᠠᠭᠪᠤᠷ ᠨᠢ ᠨᠠᠰᠤᠳᠠᠶᠢᠴᠤᠳ ᠤᠨ ᠤᠯᠠᠮᠵᠢᠯᠠᠯᠳᠦ ᠦᠢᠯᠠᠭᠠᠬᠳᠠᠬᠤᠨ ᠢ ᠬᠤᠪᠢᠷᠠᠭᠤᠯᠬᠤ ᠡᠷᠬᠢᠯᠳᠡ ᠶᠢᠨ ᠴᠡᠭ ᠪᠤᠯᠵᠤ ᠪᠤᠯᠤᠨ᠎ᠠ᠂ ᠡᠨᠡ ᠨᠢ ᠮᠦᠨ ᠤᠳᠤᠬᠢ ᠱᠠᠳᠤᠨ ᠳᠠᠬᠢ ᠠᠯᠢ ᠤᠯᠠᠨ ᠨᠠᠰᠤᠳᠠᠶᠢᠴᠤᠳ ᠪᠡ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠪᠤᠳᠠᠳᠤ ᠭᠡᠷᠡᠭᠴᠡᠭᠡ ᠱᠠᠭᠠᠷᠳᠠᠯᠭ᠎ᠠ ᠳᠤ ᠨᠡᠶᠢᠴᠡᠨ᠎ᠠ᠃ ︽ᠨᠠᠰᠤᠳᠠᠶᠢᠴᠤᠳ ᠭᠡᠷ ᠪᠦᠯᠢ ᠶᠢᠨ ᠬᠠᠷᠢᠯᠴᠠᠭ᠎ᠠ ᠪᠡ ᠭᠦᠷᠰᠢ ᠰᠠᠭᠠᠬᠠᠯᠳᠠ ᠶᠢᠨ ᠬᠠᠷᠢᠯᠴᠠᠭ᠎ᠠ ᠲᠠᠢ ᠨᠡᠶᠢᠭᠡᠮ ᠤᠨ ᠬᠠᠷᠢᠴᠠᠭᠠᠨ ᠤ ᠲᠤᠤᠷ ᠱᠠᠭᠠᠷᠳᠠᠨ᠎ᠠ︾᠃ ᠲᠤᠮᠳᠠᠳᠤ ᠤᠯᠤᠰ ᠤᠨ ᠨᠠᠰᠤᠵᠢᠯ ᠤᠨ ᠰᠢᠨᠵᠢᠯᠡᠭᠦ ᠤᠬᠠᠭᠠᠨ ᠤ ᠰᠤᠳᠤᠯᠭᠠᠨ ᠤ ᠲᠦᠪ ᠤᠨ ᠦᠳᠡᠭᠦᠰ ᠤᠨ ᠠᠵᠤ ᠠᠬᠤᠢ ᠪᠡ ᠠᠵᠤ ᠦᠢᠯᠡᠰ ᠤᠨ ᠰᠤᠳᠤᠯᠬᠤ ᠭᠠᠵᠠᠷ ᠤᠨ ᠲᠡᠳ᠋ ᠲᠠᠷᠤᠭ᠎ᠠ ᠸᠠᠩ ᠯᠢ ᠯᠢ ᠶᠢᠨ ᠦᠵᠡᠭᠦ ᠪᠠᠷ᠂ ᠭᠡᠷ ᠲᠡᠭᠡᠨ ᠰᠠᠭᠤᠵᠤ ᠦᠳᠡᠯᠦᠭᠡ ᠨᠠᠰᠤ ᠪᠠᠨ ᠦᠩᠭᠡᠷᠡᠬᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠨᠠᠰᠤᠳᠠᠶᠢᠴᠤᠳ ᠲᠤ ᠲᠤᠰᠬᠠᠢ ᠮᠡᠷᠭᠡᠵᠢᠯ ᠤᠨ ᠠᠰᠠᠷᠠᠮᠵᠢ ᠰᠤᠪᠢᠯᠡᠯᠳᠡ ᠬᠦᠷᠳᠡᠭᠡᠵᠦ ᠪᠤᠯᠬᠤ ᠪᠠᠷ ᠪᠠᠷᠠᠬᠤ ᠦᠭᠡᠢ ᠪᠡᠰᠡ ᠨᠠᠰᠤᠳᠠᠶᠢᠴᠤᠳ ᠤᠨ ︽ᠭᠡᠷ ᠠᠴᠠ ᠪᠠᠨ ᠰᠠᠯᠬᠤ ᠦᠭᠡᠢ︾ ᠬᠠᠯᠠᠭᠤᠨ ᠲᠤᠳᠤᠨᠤ ᠰᠡᠳᠬᠢᠯᠭᠡ ᠪᠡ ᠦᠪᠡᠷ ᠤᠨ ᠭᠠᠵᠠᠷ ᠲᠠᠭᠠᠨ ᠪᠠᠶᠢᠨ᠎ᠠ ᠭᠡᠬᠦ ᠰᠡᠳᠬᠢᠯᠭᠡ ᠶᠢ ᠨᠢ ᠬᠠᠷᠠᠭᠠᠯᠵᠠᠵᠤ ᠪᠤᠯᠤᠨ᠎ᠡ᠃ ︽ᠲᠤᠮᠳᠠᠳᠤ ᠤᠯᠤᠰ ᠤᠨ ᠮᠠᠶᠢᠬ ᠤᠨ ᠨᠠᠰᠤᠵᠢᠯ ᠤᠨ ᠠᠰᠠᠷᠠᠮᠵᠢ ᠨᠢ ᠵᠦᠪᠭᠡᠨ ᠪᠡᠶ᠎ᠡ ᠮᠠᠬᠠᠪᠤᠳ ᠤᠨ ᠲᠠᠯ᠎ᠡ ᠶᠢᠨ ᠬᠢ ᠪᠢᠰᠢ᠂ ᠨᠡᠩ ᠴᠢᠬᠤᠯᠡ ᠨᠢ ᠦᠵᠡᠯ ᠰᠠᠨᠠᠭᠠᠨ ᠤ ᠳᠠᠪᠬᠤᠷᠭ᠎ᠠ ᠶᠢᠨ ᠬᠢ ᠪᠠᠶᠢᠬᠤ ᠬᠡᠷᠡᠭᠳᠠᠢ︾᠃ ᠠᠷᠠᠳ ᠤᠨ ᠶᠠᠪᠤᠳᠠᠯ ᠤᠨ ᠶᠠᠮᠤᠨ ᠤ ᠨᠡᠶᠢᠳᠡᠯᠡᠭᠰᠡᠨ ︽2016 ᠤᠨ ᠤ ᠨᠡᠶᠢᠭᠡᠮ ᠤᠨ ᠦᠢᠯᠡᠴᠢᠯᠡᠭᠡᠨ ᠤ ᠦᠢᠯᠡᠰ ᠤᠨ ᠭᠦᠭᠵᠢᠯᠳᠡ ᠶᠢᠨ ᠪᠦᠷᠢᠳᠭᠡᠯ ᠤᠨ ᠠᠯᠪᠡᠨ ᠮᠡᠳᠡᠭᠡ︾ ᠳᠤ ᠬᠠᠷᠠᠭᠤᠯᠤᠭᠰᠠᠨ ᠢᠶᠠᠷ᠂ ᠮᠠᠨ ᠤ ᠤᠯᠤᠰ ᠶᠠᠭ ᠬᠦᠮᠤᠨ ᠠᠮᠠ ᠶᠢᠨ ᠨᠠᠰᠤᠵᠢᠯ ᠲᠦᠷᠭᠡᠨ ᠬᠦᠭᠵᠢᠬᠦ ᠬᠤᠭᠤᠴᠠᠭ᠎ᠠ ᠳᠤ ᠤᠷᠤᠰᠢᠵᠤ ᠪᠠᠶᠢᠨ᠎ᠡ᠃ 2016 ᠤᠨ ᠤ ᠡᠴᠤᠰ ᠪᠤᠯᠬᠤ ᠳᠤ᠂ ᠪᠦᠭᠦ ᠤᠯᠤᠰ ᠤᠨ 60 ᠨᠠᠰᠤᠨ ᠠᠴᠠ ᠲᠡᠭᠡᠭᠰᠢᠬᠢ ᠨᠠᠰᠤᠳᠠᠢ ᠬᠦᠮᠦᠨ 2.3 ᠳ᠋ᠦᠩᠰᠢᠭᠤᠷ ᠲᠤ ᠭᠦᠷᠴᠤ᠂ ᠪᠦᠭᠦ ᠬᠦᠮᠤᠨ ᠠᠮᠠ ᠶᠢᠨ 16.7% ᠢ ᠡᠵᠡᠯᠡᠪᠡ᠃ ᠲᠦᠷᠦ ᠶᠢᠨ ᠶᠠᠪᠤᠳᠠᠯ ᠤᠨ ᠬᠤᠷᠢᠶᠡᠨ ᠤ ᠲᠠᠷᠤᠮᠠᠯᠯᠠᠨ ᠲᠠᠷᠬᠠᠭᠠᠬᠰᠡᠨ ︽︿ᠠᠷᠪᠡᠨ ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠭᠦᠯᠭᠡ ᠶᠢᠨ ᠬᠤᠭᠤᠴᠠᠭᠠᠨ ᠤ ᠤᠯᠤᠰ ᠤᠨ ᠨᠠᠰᠤᠵᠢᠯ ᠤᠨ ᠦᠢᠯᠡᠰ ᠤᠨ ᠭᠦᠭᠵᠢᠯᠳᠡ ᠪᠡ ᠨᠠᠰᠤᠵᠢᠯ ᠤᠨ ᠠᠰᠠᠷᠠᠮᠵᠢ ᠶᠢᠨ ᠰᠢᠰᠲᠧᠮ ᠤᠨ ᠪᠠᠶᠢᠭᠤᠯᠤᠯᠳᠡ ᠶᠢᠨ ᠲᠦᠯᠦᠪᠵᠢᠭᠦᠯᠭᠡ︾ ᠳᠤ ᠵᠢᠱᠢᠭᠰᠡᠨ ᠢᠶᠠᠷ᠂ 2020 ᠤᠨ ᠪᠤᠯᠬᠤ ᠳᠤ᠂ ᠪᠦᠭᠦ ᠤᠯᠤᠰ ᠤᠨ 60 ᠨᠠᠰᠤᠨ ᠠᠴᠠ ᠲᠡᠭᠡᠭᠰᠢᠬᠢ ᠨᠠᠰᠤᠳᠠᠢ ᠬᠦᠮᠤᠨ ᠨᠡᠮᠡᠭᠳᠡᠭᠡᠳ 2.55 ᠳ᠋ᠦᠩᠰᠢᠭᠤᠷ ᠤᠷᠴᠢᠮ ᠳᠤ ᠬᠦᠷᠴᠤ᠂ ᠪᠦᠭᠦ ᠬᠦᠮᠤᠨ ᠠᠮᠠ ᠶᠢᠨ 17.8 % ᠢ ᠡᠵᠡᠯᠡᠬᠦ ᠪᠤᠯᠤᠨ᠎ᠠ᠃ 2025 ᠤᠨ ᠪᠤᠯᠬᠤ ᠳᠤ ᠮᠠᠨ ᠤ ᠤᠯᠤᠰ ᠤᠨ ᠨᠠᠰᠤᠳᠠᠢ ᠬᠦᠮᠦᠨ 3 ᠳ᠋ᠦᠩᠰᠢᠭᠤᠷ ᠢ ᠳᠠᠪᠠᠭ᠋ᠤ ᠪᠤᠯᠤᠨ᠎ᠠ᠃ ▲ ᠤᠩᠰᠢᠪᠤᠷᠢ᠄ 12 ᠰᠠᠷ᠎ᠠ ᠶᠢᠨ 6 ᠤ ᠡᠳᠦᠷ᠂ ᠪᠡᠭᠡᠵᠢᠩ ᠳᠤ ᠬᠤᠷᠠᠯᠳᠤᠭᠰᠠᠨ ᠠᠯᠳᠠᠨ ᠲᠤᠭᠤᠰᠬ᠎ᠠ ᠤᠯᠤᠰ ᠤᠳ ᠤᠨ ᠨᠠᠰᠤᠵᠢᠯ ᠤᠨ ᠠᠵᠢᠯ ᠤᠨ ᠬᠤᠷᠠᠯ ᠠᠴᠠ ᠤᠶᠢᠢᠯᠠᠭᠠᠭᠰᠠᠨ ᠢᠶᠠᠷ᠂ 2015 ᠤᠨ ᠪᠤᠯᠳᠠᠯ᠎ᠠ᠂ ᠠᠯᠳᠠᠨ ᠲᠤᠭᠤᠰᠬ᠎ᠠ ᠶᠢᠨ ᠲᠠᠪᠤᠨ ᠤᠯᠤᠰ ᠤᠨ 60 ᠨᠠᠰᠤᠨ ᠠᠴᠠ ᠳᠡᠭᠡᠭᠰᠢᠬᠢ ᠬᠦᠮᠦᠨ ᠠᠮᠠ 3.8 ᠳ᠋ᠦᠩᠰᠢᠭᠤᠷ ᠲᠤ ᠬᠦᠷᠴᠤ᠂ ᠪᠦᠬᠦ ᠪᠦᠮᠪᠦᠷᠴᠡᠭ ᠤᠨ ᠨᠠᠰᠤᠳᠠᠢ ᠬᠦᠮᠦᠨ ᠠᠮᠠ ᠶᠢᠨ 42% ᠢ ᠡᠵᠡᠯᠡᠪᠡ᠃ ᠡᠭᠦᠨ ᠳᠤ ᠳᠤᠮᠳᠠᠳᠤ ᠤᠯᠤᠰ ᠤᠨ ᠨᠠᠰᠤᠳᠠᠢ ᠬᠦᠮᠦᠨ 2 ᠳ᠋ᠦᠩᠰᠢᠭᠤᠷ ᠢ ᠳᠠᠪᠠᠵᠤ᠂ ᠡᠨᠡᠳᠬᠡᠭ ᠤᠨ 1 ᠳ᠋ᠦᠩᠰᠢᠭᠤᠷ ᠢ ᠳᠠᠪᠠᠪᠠ᠃ ᠲᠦᠰᠦᠭᠡᠯᠡᠬᠦ ᠪᠠᠷ᠂ ᠲᠤᠰ ᠵᠠᠭᠤᠨ ᠤ ᠳᠤᠮᠳᠠᠴᠢ ᠦᠶ᠎ᠠ ᠪᠤᠯᠬᠤ ᠳᠤ᠂ ᠠᠯᠳᠠᠨ ᠲᠤᠭᠤᠰᠬ᠎ᠠ ᠳᠠᠪᠤᠨ ᠤᠯᠤᠰ ᠤᠨ ᠨᠠᠰᠤᠳᠠᠢ ᠬᠦᠮᠦᠨ ᠠᠮᠠ 9.4 ᠳ᠋ᠦᠩᠰᠢᠭᠤᠷ ᠲᠤ ᠬᠦᠷᠴᠤ᠂ ᠪᠦᠬᠦ ᠪᠦᠮᠪᠦᠷᠴᠡᠭ ᠤᠨ ᠨᠠᠰᠤᠳᠠᠢ ᠬᠦᠮᠦᠨ ᠠᠮᠠ ᠶᠢᠨ 45% ᠢ ᠡᠵᠡᠯᠡᠬᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1