ᠦᠭᠡᠬᠦ ᠲᠤᠰᠤᠨ ᠤ ᠱᠠᠩᠳᠠᠭᠤᠨ ᠢ ᠲᠠᠷᠤᠬᠤ ᠬᠡᠳᠦᠨ ᠵᠦᠢᠯ ᠤᠨ ᠠᠷᠭ᠎ᠠ
ᠨᠡᠶᠢᠲᠡᠯᠡᠭᠰᠡᠨ ᠴᠠᠭ᠄
2018-04-10
     1. ᠲᠤᠯᠤᠭᠤᠨ᠎ᠠ ᠦᠭᠡᠬᠦ ᠶᠢ ᠵᠠᠳᠠᠷᠠᠭᠤᠯᠬᠤ ᠦᠢᠯᠡᠳᠦᠯ ᠲᠠᠢ ᠲᠤᠯᠤᠭᠤᠨ᠎ᠠ ᠶᠢᠨ ᠪᠦᠲᠦᠭᠦᠯᠢᠭ ᠰᠢᠷᠭᠡᠭᠯᠢᠭ ᠤᠨ ᠠᠭᠤᠯᠤᠭᠳᠠᠴᠠ ᠨᠢ 20% ᠲᠤ ᠬᠦᠷᠴᠦ᠂ ᠬᠡᠳᠡᠰᠦᠨ ᠤ ᠬᠦᠷᠪᠡᠯᠵᠡᠬᠦ ᠶᠢ ᠠᠬᠢᠭᠤᠯᠤᠨ᠎ᠠ᠃ ᠲᠤᠯᠤᠭᠤᠨ᠎ᠠ ᠪᠠᠰᠠ ᠬᠤᠳᠤᠭᠤᠳᠤᠨ ᠤ ᠤᠭᠤᠷᠠᠭ ᠤᠨ ᠢᠰᠭᠡᠭᠦᠷ ᠤᠨ ᠢᠳᠡᠪᠬᠢ ᠴᠢᠨᠠᠷ ᠢ ᠨᠡᠮᠡᠭᠳᠡᠬᠦᠯᠵᠤ᠂ ᠲᠡᠭᠦᠨ ᠳᠤ ᠠᠭᠤᠯᠤᠭᠳᠠᠬᠤ ᠦᠭᠡᠭᠦᠨ ᠤ ᠢᠰᠭᠡᠬᠦᠷ ᠨᠢ ᠦᠭᠡᠬᠦ ᠶᠢᠨ ᠵᠠᠳᠠᠷᠠᠯᠳᠠ ᠶᠢ ᠠᠬᠢᠭᠤᠯᠵᠤ᠂ ᠰᠢᠩᠭᠡᠭᠡᠯᠳᠡ ᠶᠢ ᠠᠬᠢᠭᠤᠯᠬᠤ ᠦᠢᠯᠡᠳᠦᠯ ᠲᠠᠢ᠃ ᠤᠨᠴᠠᠭᠠᠢᠢᠯᠠᠨ ᠮᠢᠬᠠᠨ ᠤ ᠲᠦᠷᠦᠯ ᠢ ᠰᠢᠩᠭᠡᠭᠡᠬᠦ ᠲᠠᠯ᠎ᠠ ᠪᠠᠷ ᠨᠡᠩ ᠰᠠᠶᠢᠨ ᠪᠠᠶᠢᠳᠠᠭ ᠂ ᠲᠡᠷᠡ ᠨᠢ ᠪᠠᠰᠠ ᠴᠢᠰᠤᠨ ᠤ ᠦᠭᠡᠬᠦ ᠵᠢᠴᠢ ᠴᠢᠰᠤᠨ ᠲᠠᠷᠤᠯᠳᠠ ᠶᠢ ᠪᠠᠭᠤᠷᠠᠭᠤᠯᠬᠤ ᠦᠢᠯᠡᠳᠦᠯ ᠲᠠᠢ᠂ ᠵᠢᠷᠦᠭᠡᠨ ᠤ ᠰᠤᠳᠠᠯ ᠤᠨ ᠡᠪᠡᠳᠴᠢᠨ ᠢ ᠰᠡᠷᠭᠡᠶᠢᠯᠡᠬᠦ ᠪᠠ ᠵᠢᠷᠦᠭᠡᠨ ᠤ ᠠᠵᠢᠯᠯᠠᠭ᠎ᠠ ᠶᠢ ᠰᠠᠶᠢᠵᠢᠷᠠᠭᠤᠯᠬᠤ ᠳᠤ ᠠᠰᠢᠭ ᠲᠠᠢ ᠶᠤᠮ᠃ 2. ᠠᠯᠮᠤᠷᠠᠳ ᠦᠭᠡᠬᠦ ᠶᠢ ᠭᠠᠳᠠᠭᠰᠢᠯᠠᠭᠤᠯᠬᠤ ᠦᠢᠯᠡᠳᠦᠯ ᠲᠠᠢ ᠠᠯᠮᠤᠷᠠᠳ ᠲᠤ ᠢᠳᠡᠰᠢᠨ ᠰᠢᠷᠭᠡᠭᠯᠢᠭ ᠤᠨ ᠵᠢᠮᠢᠰ ᠤᠨ ᠴᠠᠪᠠᠤᠯᠢᠭ ᠤᠨ ᠠᠭᠤᠯᠤᠭᠳᠠᠴᠠ ᠡᠯᠪᠡᠭ ᠪᠠᠶᠢᠳᠠᠭ᠂ ᠵᠢᠮᠢᠰ ᠤᠨ ᠴᠠᠪᠠᠤᠯᠢᠭ ᠲᠤ ᠦᠨᠳᠦᠰᠦᠨ ᠳᠡᠭᠡᠨ ᠢᠯᠴᠢ ᠠᠭᠤᠯᠤᠭᠳᠠᠬᠤ ᠦᠭᠡᠢ᠂ ᠵᠦᠪᠬᠡᠨ ᠬᠦᠮᠦᠨ ᠤ ᠪᠡᠶ᠎ᠠ ᠪᠠᠷ ᠦᠡᠭᠭᠡᠷᠡᠬᠦ ᠦᠶᠡᠰ ᠦᠭᠡᠬᠦ᠂ ᠲᠤᠰᠤ ᠵᠡᠷᠭᠡ ᠶᠢ ᠠᠪᠴᠤ ᠶᠠᠪᠤᠳᠠᠭ᠂ ᠪᠡᠶ᠎ᠠ ᠶᠢᠨ ᠬᠦᠨᠳᠦ ᠶᠢ ᠪᠠᠭᠤᠷᠠᠭᠤᠯᠬᠤ ᠶᠢᠨ ᠬᠠᠮᠳᠤ ᠪᠠᠰᠠ ᠬᠦᠮᠦᠨ ᠤ ᠠᠷᠠᠰᠤ ᠶᠢ ᠬᠢᠯᠪᠠᠭ᠎ᠠ ᠲᠠᠢ ᠪᠤᠯᠭᠠᠨ᠎ᠠ᠃ 3. ᠬᠦᠢᠳᠡᠡ ᠵᠠᠭᠤᠰᠢ ᠦᠭᠡᠬᠦ ᠶᠢ ᠬᠤᠷᠢᠭᠯᠠᠬᠤ ᠦᠢᠯᠡᠳᠦᠯ ᠲᠠᠢ ᠬᠤᠭᠤᠯᠠᠠ ᠢᠳᠡᠬᠦ ᠪᠤᠯᠭᠠᠨ ᠨᠤᠭᠤᠭ᠎ᠠ ᠶᠢᠨ ᠲᠦᠷᠦᠯ ᠤᠨ ᠪᠤᠶᠤ ᠮᠦᠬᠦ᠂ ᠤᠰᠤᠨ ᠤ ᠤᠷᠭᠤᠮᠠᠯ ᠤᠨ ᠲᠦᠷᠦᠯ ᠤᠨ ᠬᠦᠢᠲᠡᠨ ᠵᠠᠭᠤᠰᠢ ᠪᠡᠯᠡᠳᠭᠡᠪᠡᠯ ᠵᠤᠬᠢᠨ᠎ᠠ᠂ ᠲᠡᠭᠦᠨ ᠤ ᠵᠤᠷᠢᠯᠭ᠎ᠠ ᠨᠢ ᠦᠭᠡᠬᠦ ᠲᠤᠰᠤ ᠶᠢ ᠰᠢᠩᠭᠡᠭᠡᠬᠦ ᠶᠢ ᠪᠠᠭᠠᠰᠬᠠᠵᠤ᠂ ᠬᠠᠯᠠᠭᠠᠵᠤ ᠦᠡᠭᠭᠡᠷᠡᠭᠰᠡᠨ ᠦᠭᠡᠢ ᠪᠤᠯᠬᠤᠷ ᠰᠢᠮ᠎ᠠ ᠲᠡᠵᠢᠭᠡᠯ ᠤᠨ ᠬᠤᠷᠤᠭᠳᠠᠯ ᠨᠢ ᠨᠡᠩ ᠪᠠᠭ᠎ᠠ ᠪᠠᠶᠢᠳᠠᠭ᠃ ᠪᠠᠰᠠ ᠨᠢᠭᠡ ᠰᠢᠯᠳᠠᠭᠠᠨ ᠨᠢ ᠬᠦᠢᠲᠡᠨ ᠵᠠᠭᠤᠰᠢ ᠨᠢ ᠦᠭᠡᠬᠦ ᠶᠢ ᠰᠢᠩᠭᠡᠭᠡᠬᠦ ᠶᠢ ᠬᠤᠷᠢᠬᠯᠠᠵᠤ ᠴᠢᠳᠠᠨ᠎ᠠ᠃ ᠢᠳᠡᠰᠢᠨ ᠨᠤᠭᠤᠭ᠎ᠠ ᠶᠢᠨ ᠲᠤᠳᠤᠷ᠎ᠠ ᠸᠢᠲ᠋ᠠᠮᠢᠨ ᠪᠠ ᠮᠢᠨᠧᠷᠡᠯ ᠪᠤᠳᠠᠰ ᠡᠯᠪᠡᠭ ᠠᠭᠤᠯᠤᠭᠳᠠᠵᠤ ᠪᠤᠢ᠂ ᠡᠨᠡ ᠨᠢ ᠬᠦᠮᠦᠨ ᠤ ᠪᠡᠶ᠎ᠠ ᠶᠢᠨ ᠭᠤᠤᠯ ᠢᠷᠡᠯᠳᠡ ᠮᠦᠨ᠂ ᠲᠠᠬᠢᠪᠠᠯ ᠢᠳᠡᠰᠢᠨ ᠨᠤᠭᠤᠭ᠎ᠠ ᠳᠤ ᠢᠳᠡᠰᠢᠨ ᠰᠢᠷᠭᠡᠭᠯᠢᠭ ᠡᠯᠪᠡᠭ ᠠᠭᠤᠯᠤᠭᠳᠠᠵᠤ ᠪᠠᠶᠢᠨ᠎ᠠ᠂ ᠡᠨᠡ ᠨᠢ ᠦᠭᠡᠬᠦ ᠶᠢ ᠭᠠᠳᠠᠭᠰᠢᠯᠠᠭᠤᠯᠬᠤ ᠦᠢᠯᠡᠳᠦᠯ ᠲᠠᠢ᠃ ᠡᠭᠦᠨ ᠠᠴᠠ ᠭᠠᠳᠠᠨ᠎ᠠ᠂ ᠬᠦᠢᠲᠡᠨ ᠵᠠᠭᠤᠰᠢ ᠨᠢ ᠬᠦᠮᠦᠨ ᠤ ᠪᠡᠶ᠎ᠠ ᠶᠢᠨ ᠬᠦᠴᠢᠯ ᠱᠦᠯᠳᠦ ᠶᠢ ᠲᠡᠩᠴᠡᠭᠦᠷᠢᠰᠢᠭᠦᠯᠬᠦ ᠦᠢᠯᠡᠳᠦᠯ ᠲᠠᠢ᠂ ᠬᠡᠷᠪᠡ ᠤᠷᠢᠳᠠᠪᠠᠷ ᠬᠦᠢᠲᠡᠨ ᠵᠠᠭᠤᠰᠢ ᠢᠳᠡᠵᠤ ᠲᠠᠷᠠᠭ᠎ᠠ ᠨᠢ ᠮᠢᠬ᠎ᠠ ᠲᠠᠢ ᠵᠠᠭᠤᠰᠢ ᠢᠳᠡᠪᠡᠯ᠂ ᠦᠭᠡᠬᠦ ᠶᠢᠨ ᠪᠡᠶ᠎ᠠ ᠳᠤ ᠰᠢᠩᠭᠡᠭᠡᠬᠦ ᠶᠢ ᠬᠤᠷᠢᠬᠯᠠᠵᠤ ᠴᠢᠳᠠᠨ᠎ᠠ᠃ 4. ᠢᠳᠡᠭᠡᠨ ᠤ ᠼᠦ ᠦᠭᠡᠬᠦ ᠶᠢᠨ ᠰᠤᠯᠢᠯᠴᠠᠭ᠎ᠠ ᠶᠢ ᠠᠬᠢᠭᠤᠯᠬᠤ ᠦᠢᠯᠡᠳᠦᠯ ᠲᠠᠢ ᠢᠳᠡᠭᠡᠨ ᠤ ᠼᠦ ᠲᠤᠳᠤᠷ᠎ᠠ ᠠᠭᠤᠯᠤᠭᠳᠠᠬᠤ ᠠᠮᠢᠨᠣ᠋ ᠬᠦᠴᠢᠯ ᠨᠢ ᠪᠡᠶ᠎ᠠ ᠲᠤᠳᠤᠷᠠᠬᠢ ᠦᠭᠡᠬᠦ ᠶᠢ ᠵᠠᠳᠠᠷᠠᠭᠤᠯᠵᠤ ᠲᠡᠶᠢᠯᠬᠦ ᠮᠦᠷᠳᠡᠭᠡᠨ ᠰᠢᠬᠢᠷ᠂ ᠤᠭᠤᠷᠠᠭ ᠵᠡᠷᠭᠡ ᠶᠢᠨ ᠰᠢᠨ᠎ᠠ ᠬᠠᠭᠤᠴᠢᠨ ᠤ ᠰᠤᠯᠢᠯᠴᠠᠭ᠎ᠠ ᠶᠢ ᠤᠷᠤᠭᠰᠢᠳᠠᠢ ᠶᠠᠪᠤᠭᠳᠠᠭᠤᠯᠤᠨ᠎ᠠ᠂ ᠡᠶᠢᠮᠦ ᠠᠴᠠ ᠮᠠᠷᠢᠶ᠎ᠠ ᠰᠢᠭᠤᠷᠠᠭᠤᠯᠬᠤ ᠦᠢᠯᠡᠳᠦᠯ ᠲᠠᠢ᠃ ᠡᠭᠦᠨ ᠠᠴᠠ ᠭᠠᠳᠠᠨ᠎ᠠ ᠬᠡᠳᠦ ᠠᠷᠪᠢᠨ ᠵᠢᠭᠠᠰᠤ᠂ ᠮᠢᠬ᠎ᠠ᠂ ᠲᠤᠳᠤᠷᠭ᠎ᠠ ᠪᠤᠳᠠᠭ᠎ᠠ᠂ ᠲᠠᠯᠬ᠎ᠠ ᠵᠡᠷᠭᠡ ᠢᠳᠡᠭᠡᠨ ᠢᠳᠡᠭᠰᠡᠨ ᠤ ᠳᠠᠷᠠᠭ᠎ᠠ ᠵᠢᠭᠠᠬᠠᠨ ᠼᠦ ᠤᠤᠭᠤᠪᠠᠯ ᠰᠢᠩᠭᠡᠭᠡᠯᠳᠡ ᠶᠢ ᠠᠬᠢᠭᠤᠯᠬᠤ ᠦᠢᠯᠡᠳᠦᠯ ᠲᠠᠢ᠃ ᠼᠦ ᠲᠤᠳᠤᠷ᠎ᠠ ᠠᠭᠤᠯᠤᠭᠳᠠᠬᠤ ᠠᠭᠤᠷᠰᠢᠬᠤ ᠴᠢᠨᠠᠷᠲᠠᠢ ᠪᠤᠳᠠᠰ ᠪᠠ ᠠᠮᠢᠨᠣ᠋ ᠬᠦᠴᠢᠯ ᠵᠡᠷᠭᠡ ᠨᠢ ᠶᠡᠭᠡ ᠲᠠᠷᠢᠬᠢᠨ ᠤ ᠮᠡᠳᠡᠷᠡᠯ ᠤᠨ ᠲᠦᠪ ᠲᠤ ᠰᠡᠳᠡᠯᠳᠡ ᠦᠭᠴᠤ᠂ ᠰᠢᠩᠭᠡᠭᠡᠯᠳᠡ ᠶᠢᠨ ᠡᠷᠭᠡᠳᠡᠨ ᠢ ᠵᠠᠬᠢᠷᠴᠤ ᠶᠡᠭᠡ ᠬᠡᠮᠵᠢᠶᠡᠨ ᠤ ᠰᠢᠩᠭᠡᠭᠡᠯᠳᠡ ᠶᠢᠨ ᠰᠢᠩᠭᠡᠨ ᠢ ᠱᠦᠭᠦᠷᠡᠭᠦᠯᠵᠤ ᠰᠢᠩᠭᠡᠭᠡᠯᠳᠡ ᠶᠢᠨ ᠴᠢᠳᠠᠮᠵᠢ ᠶᠢ ᠰᠠᠶᠢᠵᠢᠷᠠᠭᠤᠯᠤᠨ᠎ᠠ᠃ 5. ᠰᠢᠩᠭᠡᠨ ᠪᠤᠳᠠᠭ᠎ᠠ ᠦᠭᠡᠬᠦ ᠶᠢ ᠰᠢᠩᠭᠡᠭᠡᠨ ᠠᠪᠬᠤ ᠶᠢ ᠪᠠᠭᠠᠰᠬᠠᠬᠤ ᠦᠢᠯᠡᠳᠦᠯ ᠲᠠᠢ ᠬᠡᠷᠪᠡ ᠬᠡᠳᠦᠷᠡᠳᠡᠯ᠎ᠠ ᠢᠳᠡᠬᠦ ᠠᠴᠠ ᠠᠶᠤᠪᠠᠯ᠂ ᠬᠤᠭᠤᠯᠠᠨ ᠠᠴᠠ ᠡᠮᠦᠨ᠎ᠠ ᠵᠢᠭᠠᠬᠠᠨ ᠰᠢᠩᠭᠡᠨ ᠪᠤᠳᠠᠭ᠎ᠠ ᠢᠳᠡᠬᠦ ᠶᠢ ᠰᠠᠨᠠᠭᠤᠯᠤᠶ᠎ᠠ᠂ ᠤᠴᠢᠷ ᠨᠢ ᠬᠤᠭᠤᠯᠠᠨ ᠠᠴᠠ ᠡᠮᠦᠨ᠎ᠠ ᠰᠢᠩᠭᠡᠨ ᠪᠤᠳᠠᠭ᠎ᠠ ᠢᠳᠡᠪᠡᠯ ᠬᠤᠭᠤᠯᠠᠨ ᠴᠠᠭ ᠲᠤ ᠠᠷᠪᠢᠨ ᠶᠠᠭᠤᠮ᠎ᠠ ᠢᠳᠡᠬᠦ ᠵᠠᠢ ᠦᠭᠡᠢ ᠪᠤᠯᠬᠤ ᠮᠦᠷᠳᠡᠭᠡᠨ ᠬᠡᠳᠦ ᠠᠷᠪᠢᠨ ᠮᠢᠬ᠎ᠠ ᠢᠳᠡᠭᠰᠡᠨ ᠠᠴᠠ ᠡᠭᠦᠰᠦᠭᠰᠡᠨ ᠤᠭᠤᠷᠠᠭ ᠨᠢ ᠡᠨᠧᠷᠬᠢ ᠪᠤᠯᠤᠨ ᠰᠦᠢᠳᠬᠦ ᠠᠴᠠ ᠵᠠᠶᠢᠯᠠᠰᠬᠢᠵᠤ ᠲᠡᠶᠢᠯᠦᠨ᠎ᠠ᠂ ᠡᠭᠦᠨ ᠠᠴᠠ ᠭᠠᠳᠠᠨ᠎ᠠ ᠪᠠᠰᠠ ᠢᠳᠡᠰᠢᠨ ᠰᠢᠷᠭᠡᠭᠯᠢᠭ ᠡᠭᠦᠰᠭᠡᠵᠤ ᠬᠡᠳᠡᠰᠦᠨ ᠤ ᠬᠦᠷᠪᠡᠯᠵᠡᠬᠦ ᠶᠢ ᠠᠬᠢᠭᠤᠯᠵᠤ᠂ ᠬᠡᠳᠡᠰᠦ ᠴᠠᠳᠬᠤᠯᠠᠩ ᠲᠦᠷᠦᠭᠳᠡᠯ ᠢ ᠨᠡᠮᠡᠭᠳᠡᠭᠦᠯᠦᠨ᠎ᠠ᠃ 6. ᠠᠷᠪᠠᠢ ᠶᠢᠨ ᠴᠢᠢᠳᠠᠮ ᠤᠤᠭᠤᠪᠠᠯ ᠦᠭᠡᠭᠦ ᠶᠢ ᠠᠷᠢᠯᠭᠠᠬᠤ ᠦᠢᠯᠡᠳᠦᠯ ᠲᠠᠢ ᠬᠠᠭᠤᠷᠴᠦ ᠦᠡᠭᠭᠡᠷᠡᠭᠰᠡᠨ ᠠᠷᠪᠠᠢ ᠪᠠᠷ ᠬᠢᠭᠰᠡᠨ ᠠᠷᠪᠠᠢ ᠶᠢᠨ ᠴᠢᠢᠳᠠᠮ ᠨᠢ ᠬᠦᠮᠦᠨ ᠤ ᠪᠡᠶ᠎ᠠ ᠳᠤ ᠱᠠᠭᠠᠷᠳᠠᠭᠳᠠᠬᠤ ᠤᠯᠠᠨ ᠵᠦᠢᠯ ᠤᠨ ᠪᠢᠴᠢᠯ ᠡᠯᠧᠮᠧᠨ᠋ᠲ᠂ ᠠᠮᠢᠨᠣ᠋ ᠬᠦᠴᠢᠯ᠂ ᠬᠠᠨᠤᠮᠠᠯ ᠪᠤᠰᠤ ᠦᠭᠡᠭᠦᠨ ᠬᠦᠴᠢᠯ ᠪᠠ ᠢᠳᠡᠰᠢ ᠶᠢᠨ ᠰᠢᠷᠭᠡᠭ ᠠᠭᠤᠯᠤᠭᠳᠠᠵᠤ ᠪᠠᠶᠢᠬᠤ ᠮᠦᠷᠳᠡᠭᠡᠨ ᠰᠢᠬᠢᠷ ᠤᠨ ᠠᠭᠤᠯᠤᠭᠳᠠᠴᠠ ᠪᠠᠰᠠ ᠲᠦᠢᠯ ᠤᠨ ᠲᠤᠤᠷ᠎ᠠ ᠪᠠᠶᠢᠳᠠᠭ᠃ ᠴᠠᠭᠠᠨ ᠰᠠᠷ᠎ᠠ ᠶᠢᠨ ᠬᠤᠭᠤᠴᠠᠭᠠᠨ ᠳᠤ ᠠᠷᠪᠢᠨ ᠦᠭᠡᠬᠦ ᠲᠤᠰᠤ ᠲᠠᠢ ᠶᠠᠭᠤᠮ᠎ᠠ ᠢᠳᠡᠪᠡᠯ ᠠᠮᠠᠷᠬᠠᠨ ᠱᠠᠩᠳᠠᠭᠤᠷᠠᠵᠤ᠂ ᠮᠠᠷᠢᠶ᠎ᠠ ᠨᠡᠮᠡᠭᠳᠡᠳᠡᠭ᠃ ᠬᠠᠷᠢᠨ ᠠᠷᠪᠠᠢ ᠶᠢᠨ ᠴᠢᠢᠳᠠᠮ ᠨᠢ ᠱᠠᠩᠳᠠᠭᠤᠨ ᠢ ᠲᠠᠷᠤᠬᠤ᠂ ᠰᠢᠩᠭᠡᠭᠡᠯᠳᠡ ᠶᠢ ᠠᠬᠢᠭᠤᠯᠬᠤ᠂ ᠬᠤᠳᠤᠭᠤᠳᠦ ᠶᠢ ᠰᠠᠶᠢᠵᠢᠷᠠᠭᠤᠯᠬᠤ ᠦᠢᠯᠡᠳᠦᠯ ᠲᠠᠢ᠃ ᠠᠷᠪᠠᠢ ᠶᠢᠨ ᠴᠢᠢᠳᠠᠮ ᠳᠤ ᠪᠠᠰᠠ ᠴᠠᠢ ᠤᠰᠤᠨ ᠳᠤ ᠠᠭᠤᠰᠬᠤ ᠢᠳᠡᠰᠢᠨ ᠰᠢᠷᠭᠡᠭᠯᠢᠭ ᠠᠭᠤᠯᠤᠭᠳᠠᠵᠤ ᠪᠠᠶᠢᠨ᠎ᠠ᠂ ᠲᠡᠷᠡ ᠨᠢ ᠬᠤᠳᠤᠭᠤᠳᠦ ᠬᠡᠳᠡᠰᠦᠨ ᠲᠤᠳᠤᠷᠠᠬᠢ ︽ᠬᠤᠭ ᠨᠤᠪᠰᠢ︾ ᠶᠢ ᠪᠡᠶ᠎ᠠ ᠠᠴᠠ ᠭᠠᠳᠠᠭᠰᠢᠯᠠᠭᠤᠯᠵᠤ᠂ ᠶᠠᠮᠠᠷᠴᠦ ᠢᠯᠴᠢ ᠪᠠ ᠲᠠᠷᠤᠭᠠᠰᠤ ᠠᠪᠴᠢᠷᠠᠬᠤ ᠦᠭᠡᠢ ᠶᠤᠮ᠃
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1