ᠠᠯᠳᠠᠷᠳᠤ ᠴᠤᠤᠲᠤ ᠵᠦᠩᠭᠡᠨ ᠬᠠᠲᠤᠨ— ᠵᠦᠩᠭᠡᠨ ᠬᠠᠲᠤᠨ ᠤ ᠭᠠᠪᠢᠶ᠎ᠠ ᠵᠢᠳᠭᠦᠯ᠂ ᠣᠰᠣᠯ
ᠨᠡᠶᠢᠲᠡᠯᠡᠭᠰᠡᠨ ᠴᠠᠭ᠄
2018-04-11
      ᠵᠦᠩᠭᠡᠨ ᠬᠠᠲᠤᠨ ᠤ ᠡᠳᠡᠭᠡᠷ ᠠᠵᠢᠯᠯᠠᠭ᠎ᠠ ᠶᠢ ᠨᠣᠮ ᠰᠤᠳᠤᠷ ᠲᠤ ᠶᠡᠭᠡ ᠦᠨᠳᠦᠷ ᠦᠨᠡᠯᠡᠳᠡᠭ᠂ ᠲᠡᠭᠡᠪᠡᠯ ᠡᠳᠡᠭᠡᠷ ᠠᠵᠢᠯᠯᠠᠭ᠎ᠠ ᠨᠢ ᠴᠣᠬᠤᠮ ᠶᠠᠮᠠᠷ ᠰᠢᠭ᠋ ᠭᠠᠪᠢᠶ᠎ᠠ ᠵᠢᠳᠭᠦᠯ᠂ ᠣᠰᠤᠯ ᠠᠳᠡᠯ ᠲᠠᠢ ᠪᠣᠯ︖ ᠵᠦᠩᠭᠡᠨ ᠬᠠᠲᠤᠨ ᠢ ᠮᠤᠩᠭᠤᠯ ᠲᠡᠤᠬᠡᠨ ᠪᠢᠴᠢᠭ ᠲᠤ ᠦᠨᠳᠦᠷ ᠦᠨᠡᠯᠡᠵᠦ᠂ ᠰᠢᠯᠤᠭᠤᠨ ᠴᠠᠭᠠᠨ ᠪᠣᠳᠢᠰᠸ᠎ᠠ ᠶᠢᠨ ᠲᠦᠷᠦᠯᠲᠡᠨ ᠭᠡᠳᠡᠭ᠃ ᠬᠢᠲᠠᠳ ᠰᠤᠳᠤᠷ ᠲᠤ ᠴᠦ ᠲᠡᠭᠦᠨ ᠢ ᠶᠡᠭᠡ ᠭᠤᠶᠣ ᠲᠦᠷᠦᠭᠰᠡᠨ᠂ ᠬᠦᠮᠦᠨ ᠤ ᠰᠠᠨᠠᠭ᠎ᠠ ᠶᠢ ᠣᠶᠢᠯᠠᠭᠠᠳᠠᠭ᠂ ᠨᠠᠶᠢᠷᠲᠠᠢ ᠰᠠᠶᠢᠨ ᠶᠠᠪᠤᠯᠴᠠᠵᠤ ᠴᠢᠳᠠᠳᠠᠭ᠂ ᠤᠯᠤᠰ ᠪᠠᠷᠤᠭ ᠭᠠᠷ ᠲᠠᠭᠠᠨ ᠡᠵᠡᠮᠰᠢᠭᠰᠡᠨ ᠠᠶᠢᠬᠤᠪᠲᠤᠷ ᠬᠠᠲᠤᠨ ᠪᠠᠶᠢᠭᠰᠠᠨ ᠭᠡᠳᠡᠭ᠃ ᠡᠶᠢᠮᠦ ᠠᠴᠠ ︽ᠯᠦᠩ ᠴᠢᠩ ᠤᠨ ᠬᠡᠯᠡᠯᠴᠡᠭᠡᠷ︾ ᠲᠣᠭᠲᠠᠭᠰᠠᠨ ᠤ ᠰᠡᠭᠦᠯᠡᠷ ᠮᠢᠩ ᠤᠯᠤᠰ ᠤᠨ ᠬᠢᠯᠢ ᠶᠢᠨ ᠲᠦᠰᠢᠮᠡᠳ ᠴᠡᠷᠢᠭ ᠳᠦᠴᠢᠨ ᠵᠢᠯ ᠠᠮᠤᠷ ᠵᠢᠮᠦᠷ ᠠᠮᠢᠳᠤᠷᠠᠯ᠎ᠠ ᠭᠡᠳᠡᠭ᠃ ᠡᠭᠦᠨ ᠢᠶᠠᠷ ᠦᠵᠡᠬᠦ ᠳᠤ ᠵᠦᠩᠭᠡᠨ ᠬᠠᠲᠤᠨ ᠲᠣᠬᠠᠢ ᠶᠢᠨ ᠦᠶ᠎ᠡ ᠳᠡᠭᠡᠨ ᠡᠷᠬᠡ ᠰᠦᠷ ᠲᠠᠢ᠂ ᠪᠠᠶᠢᠷᠢ ᠰᠠᠭᠤᠷᠢ ᠦᠨᠳᠦᠷ ᠮᠦᠷᠲᠡᠭᠡᠨ ᠦᠯᠡᠮᠵᠢ ᠭᠠᠪᠢᠶ᠎ᠠ ᠵᠢᠳᠭᠦᠯ ᠭᠠᠷᠭᠠᠵᠤ ᠪᠠᠶᠢᠭᠰᠠᠨ ᠭᠡᠵᠦ ᠦᠵᠡᠵᠦ ᠪᠣᠯᠣᠨ᠎ᠠ᠃ ᠡᠭᠦᠨ ᠳᠤ ᠬᠢᠲᠠᠳ ᠲᠠᠢ ᠬᠠᠷᠢᠯᠴᠠᠭᠰᠠᠨ᠂ ᠲᠦᠪᠡᠳ ᠲᠠᠢ ᠬᠠᠷᠢᠯᠴᠠᠭᠰᠠᠨ᠂ ᠬᠢᠲᠠᠳ ᠠᠴᠠ ᠡᠷᠳᠡᠨᠢᠰ ᠣᠯᠣᠭᠰᠠᠨ᠂ ᠲᠦᠪᠡᠳ ᠠᠴᠠ ᠭᠤᠷᠪᠠᠨ ᠡᠷᠳᠡᠨᠢ ᠣᠯᠣᠭᠰᠠᠨ ᠵᠡᠷᠭᠡ ᠨᠢ ᠮᠤᠩᠭᠤᠯᠴᠤᠳ ᠤᠨ ᠨᠡᠶᠢᠭᠡᠮ ᠳᠤ ᠶᠠᠮᠠᠷ ᠦᠢᠯᠡᠳᠦᠯ ᠦᠵᠡᠭᠦᠯᠦᠭᠰᠡᠨ ᠪᠣᠯ︖ ᠢᠳᠡᠪᠬᠢ ᠰᠠᠶᠢᠨ ᠦᠢᠯᠡᠳᠦᠯ ᠢ ᠳᠤᠷᠠᠳᠪᠠᠯ᠄ ᠮᠢᠩ ᠤᠯᠤᠰ ᠲᠠᠢ ᠬᠠᠷᠢᠴᠠᠵᠤ᠂ ᠠᠷᠠᠯᠵᠢᠶ᠎ᠠ ᠨᠡᠪᠲᠡᠷᠡᠭᠡᠳ ᠪᠠᠷᠠᠭᠤᠨ ᠭᠤᠷᠪᠠᠨ ᠲᠦᠮᠡᠨ ᠮᠢᠩ ᠠᠴᠠ ᠶᠡᠭᠡ ᠠᠷᠪᠢᠨ ᠡᠳ᠋ ᠪᠠᠶᠠᠯᠢᠭ ᠢ ᠣᠯᠣᠭᠰᠠᠨ ᠢᠶᠠᠷ ᠪᠠᠷᠠᠬᠤ ᠦᠭᠡᠢ᠂ ᠲᠤᠬᠠᠢ ᠶᠢᠨ ᠦᠶ᠎ᠡ ᠶᠢᠨ ᠮᠤᠩᠭᠤᠯ ᠤᠨ ᠵᠡᠭᠦᠨ ᠪᠠᠶ᠎ᠡ ᠶᠢᠨ ᠴᠠᠬᠠᠷ ᠵᠡᠷᠭᠡ ᠶᠢᠨ ᠲᠦᠮᠡᠨ ᠨᠦᠭᠦᠳ ᠲᠠᠢ ᠳᠠᠮ ᠢᠶᠠᠷ ᠠᠷᠠᠯᠵᠢᠶ᠎ᠠ ᠬᠢᠵᠦ ᠂ ᠶᠡᠭᠡ ᠬᠡᠮᠵᠢᠶᠡᠨ ᠤ ᠡᠳ᠋ ᠠᠰᠢᠭ ᠣᠯᠵᠤ ᠪᠠᠶᠢᠭᠰᠠᠨ᠃ ᠬᠠᠯᠬ᠎ᠠ ᠲᠦᠮᠡᠨ ᠪᠣᠶᠣ ᠣᠶᠢᠷᠠᠳᠴᠤᠳ ᠴᠦ ᠡᠳᠡᠨᠦᠰ ᠲᠠᠢ ᠬᠦᠬᠡᠬᠤᠲᠠ ᠣᠷᠣᠨ ᠢᠶᠠᠷ ᠳᠠᠮᠵᠢᠨ ᠠᠷᠠᠯᠵᠢᠶ᠎ᠠ ᠬᠤᠳᠠᠯᠳᠤᠭᠠᠨ ᠤ ᠠᠰᠢᠭ ᠬᠤᠨᠵᠢᠪᠤᠷᠢ ᠣᠯᠵᠣ ᠪᠠᠶᠢᠭᠰᠠᠨ᠃ ᠡᠨᠡ ᠨᠢ ᠲᠡᠷᠡ ᠦᠶ᠎ᠡ ᠶᠢᠨ ᠮᠤᠩᠭᠤᠯᠴᠤᠳ ᠤᠨ ᠨᠡᠶᠢᠭᠡᠮ ᠳᠤ ᠠᠪᠴᠤ ᠬᠡᠯᠡᠪᠡᠯ ᠡᠳ᠋ ᠪᠤᠳᠠᠰ ᠤᠨ ᠭᠠᠴᠢᠭ ᠢ ᠲᠤᠭᠤᠯᠵᠤ᠂ ᠠᠮᠢᠳᠤᠷᠠᠯ ᠢᠶᠠᠨ ᠳᠡᠭᠡᠭᠰᠢᠯᠡᠭᠦᠯᠦᠨ ᠪᠠᠶᠠᠯᠢᠭᠵᠢᠭᠤᠯᠬᠤ ᠳᠤ ᠠᠰᠢᠭᠲᠠᠢ ᠲᠠᠯ᠎ᠠ ᠪᠠᠶᠢᠭᠰᠠᠨ ᠨᠢ ᠯᠠᠪᠲᠠᠢ᠃ ᠡᠭᠦᠨ ᠤ ᠬᠠᠮᠲᠤ ᠪᠠᠷᠠᠭᠤᠨ ᠭᠤᠷᠪᠠᠨ ᠲᠦᠮᠡᠨ ᠤ ᠤᠯᠤᠰ ᠲᠦᠷᠦ ᠶᠢᠨ ᠡᠷᠬᠡ ᠰᠠᠭᠤᠷᠢ ᠶᠢ ᠳᠡᠭᠡᠭᠰᠢᠯᠡᠭᠦᠯᠵᠦ᠂ ᠮᠦᠨ ᠢᠩᠭᠢᠭᠰᠡᠨ ᠠᠴᠠ ᠡᠨᠡ ᠣᠷᠤᠨ ᠳᠤ ᠲᠦᠷᠦ ᠱᠠᠰᠢᠨ ᠢ ᠬᠤᠣᠰᠯᠠᠭᠤᠯᠤᠭᠰᠠᠨ ᠬᠠᠤᠯᠢ ᠴᠠᠭᠠᠵᠠ ᠳᠤᠭᠳᠠᠭᠠᠬᠤ᠂ ᠨᠡᠶᠢᠭᠡᠮ ᠤᠨ ᠡᠮᠬᠢ ᠲᠢᠭᠯᠢᠮ ᠢ ᠰᠠᠶᠢᠵᠢᠷᠠᠭᠤᠯᠤᠭᠰᠠᠨ ᠲᠠᠯ᠎ᠠ ᠲᠠᠢ᠃ ᠪᠤᠷᠬᠠᠨ ᠱᠠᠰᠢᠨ ᠢ ᠬᠦᠯᠢᠶᠡᠨ ᠠᠪᠴᠤ᠂ ᠪᠤᠷᠬᠠᠨ ᠱᠠᠰᠢᠨ ᠤ ᠲᠤᠭ᠎ᠠ ᠦᠭᠡᠢ ᠣᠯᠠᠨ ᠨᠣᠮ ᠰᠤᠳᠤᠷ ᠢ ᠮᠤᠩᠭᠤᠯᠴᠢᠯᠠᠵᠤ᠂ ᠮᠤᠩᠭᠤᠯᠴᠤᠳ ᠢ ᠡᠨᠡᠳᠬᠡᠭ ᠲᠦᠪᠡᠳ ᠵᠡᠷᠭᠡ ᠶᠢᠨ ᠳᠡᠯᠡᠬᠡᠢ ᠶᠢᠨ ᠰᠤᠶᠤᠯᠴᠢ ᠦᠨᠳᠦᠰᠦᠲᠡᠨ ᠨᠦᠭᠦᠳ ᠲᠠᠢ ᠬᠠᠷᠢᠴᠠᠭᠤᠯᠵᠤ᠂ ᠳᠡᠯᠡᠬᠡᠢ ᠳᠤ ᠬᠠᠨᠳᠤᠭᠤᠯᠵᠤ᠂ ᠲᠤᠬᠠᠢ ᠶᠢᠨ ᠦᠶ᠎ᠡ ᠶᠢᠨ ᠡᠨᠡᠳᠭᠡᠭ ᠲᠦᠪᠡᠳ ᠤᠨ ᠤᠳᠠᠭᠠᠨ ᠣᠨ ᠤ ᠪᠤᠷᠬᠠᠨ ᠱᠠᠰᠢᠨ ᠤ ᠨᠣᠮ ᠰᠤᠳᠤᠷ ᠢᠶᠠᠷ ᠳᠠᠮᠵᠢᠵᠤ᠂ ᠲᠡᠳᠡᠨ ᠤ ᠶᠡᠭᠡ ᠣᠯᠠᠨ ᠡᠷᠳᠡᠮ ᠤᠬᠠᠭᠠᠨ ᠢ ᠰᠤᠷᠤᠭᠰᠠᠨ᠃ ᠪᠤᠷᠬᠠᠨ ᠤ ᠨᠣᠮ ᠤᠨ ᠠᠭᠤᠯᠭ᠎ᠠ ᠶᠢ ᠲᠠᠪᠤᠨ ᠶᠡᠭᠡ ᠤᠬᠠᠭᠠᠨ ᠭᠡᠳᠡᠭ᠃ ᠡᠭᠦᠨ ᠳᠤ ᠭᠦᠨ ᠤᠬᠠᠭᠠᠨ᠂ ᠠᠨᠠᠭᠠᠬᠤ ᠤᠬᠠᠭᠠᠨ᠂ ᠣᠳᠣᠨ ᠣᠷᠣᠨ ᠤ ᠤᠬᠠᠭᠠᠨ᠂ ᠤᠷᠠᠨ ᠵᠤᠬᠢᠶᠠᠯ ᠵᠡᠷᠭᠡ ᠪᠤᠢ᠃ ᠡᠨᠡ ᠨᠢ ᠮᠤᠩᠭᠤᠯᠴᠤᠳ ᠢ ᠳᠡᠯᠡᠭᠡᠢ ᠶᠢᠨ ᠪᠣᠯᠪᠠᠰᠤᠨ᠂ ᠡᠨᠡᠳᠬᠡᠭ ᠲᠦᠪᠡᠳ ᠤᠨ ᠪᠣᠯᠪᠠᠰᠤᠨ ᠲᠠᠢ ᠲᠠᠨᠢᠯᠴᠠᠬᠤ ᠳᠤ ᠮᠠᠰᠢ ᠶᠡᠭᠡ ᠠᠴᠢ ᠲᠤᠰᠠ ᠦᠵᠡᠭᠦᠯᠵᠡᠢ᠃ ᠠᠵᠤ ᠠᠬᠤᠢ ᠶᠢᠨ ᠲᠠᠯ᠎ᠠ ᠪᠠᠷ ᠠᠪᠴᠤ ᠬᠡᠯᠡᠬᠦ ᠳᠤ ᠬᠢᠲᠠᠳ ᠲᠠᠢ ᠬᠠᠷᠢᠯᠴᠠᠭᠰᠠᠨ ᠠᠴᠠ ᠬᠢᠲᠠᠳ ᠠᠴᠠ ᠣᠯᠠᠨ ᠬᠦᠮᠦᠨ ᠠᠪᠴᠢᠷᠠᠵᠤ᠂ ᠬᠦᠬᠡᠬᠤᠲᠠ ᠲᠦᠮᠡᠳ ᠤᠨ ᠲᠠᠯ᠎ᠠ ᠳᠤ ᠲᠠᠷᠢᠶᠠᠯᠠᠬᠤ ᠲᠤᠰᠬᠤᠨ ᠪᠠᠶᠢᠭᠤᠯᠵᠤ᠂ ᠰᠡᠭᠦᠯᠡᠷ ᠨᠢ ᠠᠷᠠᠯᠵᠢᠶ᠎ᠠ ᠬᠤᠳᠠᠯᠳᠤᠭ᠎ᠠ ᠨᠡᠪᠲᠡᠷᠡᠭᠦᠯᠵᠦ᠂ ᠮᠤᠩᠭᠤᠯ ᠣᠷᠣᠨ ᠳᠤ ᠡᠳ᠋ ᠪᠠᠶᠠᠯᠢᠭ ᠬᠠᠩᠭᠠᠵᠤ ᠦᠭᠬᠦᠭᠰᠡᠨ᠃ ᠭᠡᠬᠦ ᠳᠤ ᠨᠦᠭᠦᠭᠡ ᠲᠠᠯ᠎ᠠ ᠪᠠᠷ ᠠᠪᠴᠤ ᠬᠡᠯᠡᠬᠦ ᠳᠤ ᠪᠠᠰᠠ ᠮᠠᠭᠤ ᠲᠠᠢ ᠲᠠᠯ᠎ᠠ ᠪᠠᠶᠢᠭᠰᠠᠨ ᠢ ᠦᠭᠡᠶᠢᠰᠭᠡᠵᠦ ᠪᠣᠯᠬᠤ ᠦᠭᠡᠢ᠃ ᠲᠡᠷᠡ ᠦᠶ᠎ᠡ ᠳᠤ ᠮᠢᠩ ᠤᠯᠤᠰ ᠤᠨ ᠲᠠᠯ᠎ᠠ ᠠᠴᠠ ᠮᠤᠩᠭᠤᠯ ᠳᠤ ᠬᠠᠭᠠᠴᠠᠭᠤᠯᠵᠤ ᠲᠦᠷᠦ ᠶᠢᠨ ᠪᠣᠳᠤᠯᠭ᠎ᠠ ᠶᠠᠪᠤᠭᠤᠯᠵᠤ᠂ ᠠᠯᠲᠠᠨ ᠬᠠᠨ ᠵᠡᠷᠭᠡ ᠶᠢᠨ ᠭᠠᠵᠠᠷ ᠣᠷᠣᠨ ᠤ ᠨᠣᠶᠠᠳ ᠢ ᠳᠡᠮᠵᠢᠵᠦ᠂ ᠲᠡᠳᠡᠨᠦᠰ ᠲᠤ ᠠᠷᠠᠯᠵᠢᠶᠠᠨ ᠤ ᠠᠰᠢᠭ ᠬᠤᠨᠵᠢᠪᠤᠷᠢ ᠦᠭᠴᠦ᠂ ᠬᠠᠷᠢᠨ ᠮᠤᠩᠭᠤᠯ ᠤᠨ ᠶᠡᠭᠡ ᠬᠠᠭᠠᠨ ᠪᠣᠯᠬᠤ ᠲᠦᠮᠡᠨ ᠵᠠᠰᠠᠭᠲᠤ ᠬᠠᠭᠠᠨ᠂ ᠯᠢᠭᠳᠡᠨ ᠬᠤᠳᠤᠭᠲᠤ ᠬᠠᠭᠠᠨ ᠵᠡᠷᠭᠡ ᠮᠤᠩᠭᠤᠯ ᠤᠨ ᠶᠡᠭᠡ ᠬᠠᠭᠠᠨ ᠢ ᠬᠠᠶᠠᠭᠠᠨ ᠳᠤᠨᠢ ᠬᠠᠶᠠᠵᠤ᠂ ᠮᠤᠩᠭᠤᠯ ᠤᠨ ᠬᠤᠭᠤᠷᠤᠨᠳᠤ ᠨᠢ ᠰᠠᠯᠭᠠᠵᠤ ᠪᠠᠶᠢᠭᠰᠠᠨ᠃ ᠠᠯᠲᠠᠨ ᠬᠠᠨ ᠪᠠ ᠵᠦᠩᠬᠡᠨ ᠬᠠᠲᠤᠨ ᠡᠨᠡ ᠬᠦ ᠠᠷᠠᠯᠵᠢᠶᠠᠨ ᠤ ᠬᠠᠷᠢᠯᠴᠠᠭ᠎ᠠ ᠲᠤᠭᠳᠠᠭᠰᠠᠨ ᠠᠴᠠ ᠪᠣᠯᠵᠤ ᠪᠠᠷᠠᠭᠤᠨ ᠭᠤᠷᠪᠠᠨ ᠲᠦᠮᠡᠨ ᠤ ᠭᠠᠵᠠᠷ ᠣᠷᠣᠨ ᠤ ᠡᠷᠬᠡ ᠨᠢ ᠴᠢᠩᠭᠠᠷᠠᠵᠤ᠂ ᠮᠤᠩᠭᠤᠯ ᠤᠨ ᠶᠡᠭᠡ ᠬᠠᠭᠠᠨ ᠤ ᠡᠷᠬᠡ ᠨᠢ ᠤᠯᠠᠮ ᠰᠤᠯᠠᠷᠠᠭᠰᠠᠨ᠃ ᠡᠨᠡ ᠨᠢ ᠮᠢᠩ ᠤᠯᠤᠰ ᠤᠨ ᠲᠠᠯ᠎ᠠ ᠠᠴᠠ ᠠᠪᠴᠤ ᠪᠠᠶᠢᠭᠰᠠᠨ ᠮᠤᠩᠭᠤᠯ ᠢ ᠪᠤᠲᠠᠷᠠᠭᠠᠨ ᠰᠠᠯᠭᠠᠬᠤ᠂ ᠬᠠᠭᠠᠨ ᠡᠷᠬᠡ ᠶᠢ ᠨᠢ ᠰᠤᠯᠠᠷᠠᠭᠤᠯᠬᠤ ᠭᠡᠰᠡᠨ ᠣᠷᠣᠯᠳᠣᠯᠭ᠎ᠠ ᠲᠠᠢ ᠨᠡᠶᠢᠴᠡᠵᠦ᠂ ᠮᠤᠩᠭᠤᠯ ᠹᠸᠤᠳᠠᠯ ᠤᠨ ᠪᠤᠲᠠᠷᠠᠯ ᠢ ᠤᠯᠠᠮ ᠬᠦᠨᠵᠡᠭᠡᠶᠢᠷᠡᠭᠦᠯᠵᠦ ᠪᠦᠬᠦ᠋ᠢᠯᠡ ᠮᠤᠩᠭᠤᠯ ᠤᠨ ᠨᠡᠶᠢᠭᠡᠮ ᠤᠨ ᠪᠤᠲᠠᠷᠠᠯ ᠤᠨ ᠪᠠᠶᠢᠲᠠᠯ ᠢ ᠤᠯᠠᠮ ᠬᠦᠨᠵᠡᠭᠡᠶᠢᠷᠡᠭᠦᠯᠦᠭᠰᠡᠨ ᠪᠠᠶᠢᠨ᠎ᠠ᠃ ᠲᠦᠪᠡᠳ ᠲᠠᠢ ᠬᠠᠷᠢᠯᠴᠠᠵᠤ᠂ ᠪᠤᠷᠬᠠᠨ ᠱᠠᠰᠢᠨ ᠢ ᠬᠦᠯᠢᠶᠠᠨ ᠠᠪᠤᠭᠰᠠᠨ ᠤᠴᠢᠷ ᠳᠡᠭᠡᠷ᠎ᠡ ᠮᠦᠨ ᠴᠦ ᠡᠶᠢᠮᠦ ᠲᠠᠯ᠎ᠠ ᠳᠣᠪᠤᠶᠢᠮ᠎ᠠ ᠮᠡᠳᠡᠭᠳᠡᠵᠦ ᠪᠤᠢ᠃ ᠠᠯᠲᠠᠨ ᠬᠠᠨ ᠦᠪᠡᠷ ᠤᠨ ᠪᠡᠶ᠎ᠡ ᠪᠠᠨ ᠬᠤᠪᠢᠯᠠᠢ ᠬᠠᠭᠠᠨ ᠲᠠᠢ ᠠᠳᠠᠯᠢ ᠪᠦᠬᠦ ᠮᠤᠩᠭᠤᠯ ᠤᠨ ᠶᠡᠭᠡ ᠬᠠᠭᠠᠨ ᠪᠣᠯᠭᠠᠨ ᠡᠷᠭᠦᠵᠦ᠂ ᠮᠤᠩᠭᠤᠯ ᠤᠨ ᠶᠡᠭᠡ ᠬᠠᠭᠠᠨ ᠢ ᠰᠢᠬᠠᠵᠤ ᠠᠯᠪᠠᠳᠠᠵᠤ ᠪᠠᠶᠢᠭᠠᠳ ᠲᠦᠰᠢᠶᠡᠳᠦ ᠰᠡᠴᠡᠨ ᠬᠠᠭᠠᠨ ᠴᠤᠯᠠ ᠠᠪᠴᠤ᠂ ᠰᠡᠭᠦᠯᠡᠷ ᠨᠢ ᠳᠠᠯᠠᠢ ᠯᠠᠮᠠ ᠠᠴᠠ ᠬᠤᠲᠠᠯᠠ ᠡᠰᠷᠦᠨ ᠶᠡᠭᠡ ᠬᠦᠴᠦᠨᠲᠦ ᠴᠡᠭᠷᠡᠸᠡᠷᠳᠢ ᠨᠣᠮ ᠤᠨ ᠬᠠᠭᠠᠨ ᠴᠤᠯᠠ ᠣᠯᠣᠭᠰᠠᠨ᠃ ᠮᠤᠩᠭᠤᠯ ᠤᠨ ᠶᠡᠭᠡ ᠬᠠᠭᠠᠨ ᠢ ᠬᠠᠶᠠᠭᠠᠨ ᠳᠤᠨᠢ ᠬᠠᠶᠠᠭᠠᠳ᠂ ᠳᠠᠯᠠᠢ ᠯᠠᠮᠠ ᠠᠴᠠ ᠶᠡᠭᠡ ᠬᠠᠭᠠᠨ ᠴᠤᠯᠠ ᠠᠪᠴᠤ᠂ ᠮᠤᠩᠭᠤᠯ ᠤᠨ ᠶᠡᠭᠡ ᠬᠠᠭᠠᠨ ᠲᠠᠢ ᠵᠡᠷᠭᠡᠴᠡᠭᠰᠡᠨ ᠬᠠᠭᠠᠨ ᠪᠣᠯᠵᠤ᠂ ᠲᠡᠭᠷᠢ ᠶᠢᠨ ᠲᠣᠣᠷ᠎ᠠ ᠨᠢᠭᠡ ᠯᠠ ᠬᠠᠭᠠᠨ ᠪᠠᠶᠢᠬᠤ ᠶᠣᠰᠤ ᠶᠢ ᠡᠪᠳᠡᠵᠦ ᠡᠬᠢᠯᠡᠵᠡᠢ᠃ ᠰᠡᠭᠦᠯᠡᠷ ᠨᠢ ᠠᠯᠲᠠᠨ ᠬᠠᠨ ᠤ ᠠᠵᠢᠯᠯᠠᠭ᠎ᠠ ᠶᠢ ᠳᠠᠭᠤᠷᠢᠶᠠᠵᠤ᠂ ᠠᠪᠠᠲᠠᠢ ᠵᠡᠷᠭᠡ ᠮᠤᠩᠭᠤᠯ ᠤᠨ ᠣᠯᠠᠨ ᠠᠷᠪᠢᠨ ᠹᠸᠤᠳᠠᠯᠴᠤᠳ ᠬᠠᠭᠠᠨ ᠴᠤᠯᠠ ᠠᠪᠤᠭᠰᠠᠨ᠃ ᠮᠤᠩᠭᠤᠯ ᠤᠨ ᠭᠠᠭᠴᠠ ᠬᠠᠭᠠᠨ ᠪᠠᠶᠢᠭᠰᠠᠨ ᠪᠠᠶᠢᠳᠠᠯ ᠡᠴᠦᠰᠯᠡᠵᠦ᠂ ᠣᠯᠠᠨ ᠠᠷᠪᠢᠨ ᠬᠠᠭᠠᠨ ᠭᠠᠷᠴᠤ ᠢᠷᠡᠭᠰᠡᠨ ᠠᠴᠠ ᠮᠤᠩᠭᠤᠯ ᠤᠨ ᠹᠸᠤᠳᠠᠯ ᠤᠨ ᠪᠤᠲᠠᠷᠠᠯ ᠢ ᠤᠯᠠᠮ ᠭᠦᠨᠵᠡᠭᠡᠶᠢᠷᠡᠭᠦᠯᠦᠭᠰᠡᠨ᠃ ᠡᠶᠢᠮᠦ ᠠᠴᠠ ᠠᠷᠠᠯᠵᠢᠶ᠎ᠠ ᠬᠤᠳᠠᠯᠳᠤᠭ᠎ᠠ ᠨᠡᠪᠲᠡᠷᠡᠭᠦᠯᠦᠭᠰᠡᠨ ᠪᠠ ᠪᠤᠷᠬᠠᠨ ᠨᠣᠮ ᠢ ᠠᠪᠴᠢᠷᠠᠭᠰᠠᠨ ᠨᠢ ᠪᠦᠷ ᠡᠶᠡᠷᠬᠦ ᠲᠠᠯ᠎ᠠ ᠲᠠᠢ ᠮᠦᠷᠲᠡᠭᠡᠨ ᠪᠠᠰᠠ ᠰᠦᠬᠡᠷᠭᠦ ᠲᠠᠯ᠎ᠠ ᠲᠠᠢ᠃ ᠮᠦᠨ ᠡᠶᠢᠮᠦ ᠰᠦᠬᠡᠷᠬᠦ ᠲᠠᠯ᠎ᠠ ᠪᠠᠶᠢᠭᠰᠠᠨ ᠠᠴᠠ ᠮᠤᠩᠭᠤᠯ ᠤᠨ ᠶᠡᠭᠡ ᠬᠠᠭᠠᠨ ᠤ ᠡᠷᠬᠡ ᠰᠤᠯᠠᠷᠠᠵᠤ᠂ ᠵᠦᠩᠭᠡᠨ ᠬᠠᠲᠤᠨ ᠠᠴᠠ ᠰᠡᠭᠦᠯᠡᠷ ᠬᠤᠷᠢᠭᠠᠳ ᠵᠢᠯ ᠪᠣᠯᠤᠭᠠᠳ ᠰᠠᠷᠨᠢᠨ ᠪᠤᠲᠠᠷᠠᠭᠰᠠᠨ ᠮᠤᠩᠭᠤᠯᠴᠤᠳ ᠠᠷᠤ ᠠᠷᠤ ᠠᠴᠠ ᠪᠠᠨ ᠮᠠᠨᠵᠤ ᠶᠢᠨ ᠠᠶᠢᠰᠢᠨ ᠬᠢᠤᠷᠤ ᠳᠤ ᠣᠷᠣᠵᠤ ᠦᠭᠭᠦᠭᠰᠡᠨ ᠪᠠᠶᠢᠳᠠᠭ᠃
 
ᠢᠷᠡᠯᠲᠡ᠄ ᠪᠤᠭᠤᠲᠤ ᠶᠢᠨ ᠲᠡᠤᠬᠡᠨ ᠳᠠᠬᠢ ᠨᠡᠷᠡᠲᠦ ᠬᠦᠮᠦᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1