ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠲᠦᠷᠪᠡᠨ ᠲᠦᠷᠦᠯ ᠤᠨ ᠬᠦᠮᠦᠰ ᠢ ᠭᠡᠨᠡᠳᠲᠡ ᠶᠢᠨ ᠭᠡᠮᠳᠦᠯ ᠤᠨ ᠲᠠᠭᠠᠳᠬᠠᠯ ᠳᠤ ᠤᠷᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018-04-11
      ᠦᠪᠤᠷ ᠮᠤᠩᠭᠤᠯ ᠤᠨ ᠦᠷᠯᠦᠭᠡ ᠶᠢᠨ ᠰᠤᠨᠢᠨ ᠤ ᠮᠡᠳᠡᠭᠡᠯᠡᠭᠰᠡᠨ ᠠᠴᠠ ᠦᠵᠡᠪᠡᠯ᠂ 2018 ᠤᠨ ᠠᠴᠠ ᠡᠬᠢᠯᠡᠨ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠬᠦᠯᠵᠤ᠂ ᠦᠪᠤᠷ ᠮᠤᠩᠭᠤᠯ ᠤᠨ ᠡᠷᠦᠭᠡ ᠠᠮᠠ ᠪᠦᠬᠦᠢ ᠪᠦᠬᠦᠯᠢ 60 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠴᠦᠮ ᠵᠠᠰᠠᠭ ᠤᠨ ᠤᠷᠳᠤᠨ ᠠᠴᠠ ᠨᠦᠬᠦᠪᠤᠷᠢ ᠦᠭᠬᠦ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠦᠢᠯᠡᠴᠢᠯᠡᠭᠡ ᠬᠦᠷᠲᠡᠬᠦ ᠪᠤᠯᠤᠮᠵᠢ ᠲᠠᠢ ᠪᠤᠯᠪᠠ᠃ ᠤᠶᠢᠷ᠎ᠠ ᠶᠢᠨ ᠡᠳᠤᠷ ᠂ ᠲᠤᠮᠳᠠᠳᠤ ᠤᠯᠤᠰ ᠤᠨ ᠠᠮᠢ ᠨᠠᠰᠤᠨ ᠤ ᠲᠠᠭᠠᠳᠬᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠦᠪᠤᠷ ᠮᠤᠩᠭᠤᠯ ᠳᠠᠬᠢ ᠬᠤᠪᠢᠶᠠᠷᠢ ᠺᠤᠮᠫᠠᠨᠢ ᠬᠢᠭᠡᠳ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠬᠡᠯᠡᠯᠴᠡᠭᠡᠷ ᠲᠤ ᠠᠯᠪᠠᠨ ᠶᠤᠰᠤ ᠪᠠᠷ ᠭᠠᠷ ᠤᠨ ᠦᠰᠦᠭ ᠵᠢᠷᠤᠵᠤ᠂ ᠦᠪᠡᠷᠲᠡᠭᠡᠨ ᠵᠠᠰᠠᠬᠤ ᠤᠷᠤᠨ ᠤ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠲᠠᠭᠠᠭᠠᠴᠢᠯᠠᠨ ᠦᠢᠯᠡᠴᠢᠯᠡᠬᠦ ᠨᠢᠭᠡᠴᠡ ᠪᠤᠯᠪᠠ᠃ ᠲᠤᠭᠲᠠᠭᠠᠯ ᠠᠴᠠ ᠦᠵᠡᠪᠡᠯ᠂ ᠦᠪᠡᠷᠲᠡᠭᠡᠨ ᠵᠠᠰᠠᠬᠤ ᠤᠷᠤᠨ ᠠᠴᠠ ᠠᠳᠠᠯᠢ ᠪᠤᠰᠤ ᠪᠠᠶᠢᠳᠠᠯ ᠢ ᠦᠨᠳᠦᠰᠦᠯᠡᠨ ᠨᠠᠰᠤᠲᠠᠶᠢᠴᠤᠳ ᠲᠤ ᠰᠦᠢᠳᠭᠡᠯ ᠨᠢ 15 ᠲᠦᠬᠦᠷᠢᠭ᠂ ᠲᠠᠭᠠᠳᠬᠠᠬᠤ ᠲᠤᠭ᠎ᠠ ᠨᠢ 2.5 ᠲᠦᠮᠡᠨ ᠲᠦᠬᠦᠷᠢᠭ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠢ ᠪᠦᠬᠦ ᠦᠨ᠎ᠡ ᠪᠠᠷ ᠨᠢ ᠬᠤᠳᠠᠯᠳᠤᠨ ᠠᠪᠴᠦ ᠦᠭᠬᠦ ᠪᠤᠶᠤ ᠨᠢᠭᠡ ᠬᠡᠰᠡᠭ ᠢ ᠨᠢ ᠨᠦᠬᠦᠪᠤᠷᠢᠯᠡᠨ ᠬᠤᠳᠠᠯᠳᠤᠨ ᠠᠪᠴᠦ ᠦᠭᠬᠦᠨ᠎ᠡ᠃ ᠡᠬᠦᠨ ᠳᠤ᠂ ᠦᠪᠤᠷ ᠮᠤᠩᠭᠤᠯ ᠤᠨ ᠡᠷᠦᠭᠡ ᠠᠮᠠ ᠪᠦᠬᠦᠢ ᠪᠦᠬᠦᠯᠢ 60 ᠨᠠᠰᠤᠨ ᠠᠴᠠ ᠲᠡᠭᠡᠭᠰᠢᠬᠢ ᠠᠷᠠᠳ ᠤᠨ ᠶᠠᠪᠤᠳᠠᠯ ᠤᠨ ᠪᠠᠶᠢᠭᠤᠯᠭ᠎ᠠ ᠠᠴᠠ ᠭᠤᠤᠯᠳᠠᠯᠭ᠎ᠠ ᠲᠠᠢ ᠲᠡᠳᠬᠦᠨ ᠲᠡᠮᠵᠢᠵᠤ ᠪᠠᠶᠢᠭ᠎ᠠ ᠡᠳᠡᠭᠡᠳ᠂ ᠤᠨᠴᠠ ᠬᠦᠴᠢᠷᠲᠡᠯ ᠲᠠᠢ ᠬᠦᠮᠦᠰ᠂ ᠵᠡᠮᠳᠡᠭᠴᠤᠳ ᠤᠨ ᠰᠤᠪᠢᠯᠠᠯᠲᠠ ᠶᠢᠨ ᠨᠦᠬᠦᠪᠤᠷᠢ ᠬᠦᠷᠲᠡᠵᠤ ᠪᠠᠶᠢᠭ᠎ᠠ ᠬᠦᠮᠦᠰ᠂ ︽ᠭᠤᠷᠪᠠᠨ ᠠᠷᠠᠳ︾᠎ ᠤᠨ ᠬᠦᠮᠦᠰ ᠤᠨ ᠲᠠᠭᠠᠳᠬᠠᠯ ᠤᠨ ᠰᠦᠢᠳᠭᠡᠯ ᠢ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠪᠦᠬᠦᠨ ᠢ ᠭᠠᠷᠭᠠᠨ᠎ᠠ᠃ ᠡᠳᠡᠭᠡᠷ ᠬᠦᠮᠦᠰ ᠠᠴᠠ ᠭᠠᠳᠠᠨ᠎ᠠ ᠂ ᠦᠪᠤᠷ ᠮᠤᠩᠭᠤᠯ ᠤᠨ ᠡᠷᠦᠭᠡ ᠠᠮᠠ ᠪᠦᠬᠦᠢ ᠪᠤᠰᠤᠳ ᠪᠦᠬᠦᠯᠢ 60 ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ 5 ᠲᠦᠬᠦᠷᠢᠭ ᠤᠨ ᠨᠦ᠋ᠬᠦᠪᠤᠷᠢ ᠦᠭᠴᠦ᠂ ᠬᠤᠪᠢ ᠬᠦᠮᠦᠨ ᠨᠢ 10 ᠲᠦᠬᠦᠷᠢᠭ ᠭᠠᠷᠭᠠᠵᠤ ᠪᠠᠶᠢᠭᠠᠳ ᠠᠳᠠᠯᠢ ᠲᠦᠷᠦᠯ ᠬᠡᠯᠪᠡᠷᠢ ᠶᠢᠨ ᠬᠡᠨᠡᠳᠲᠡ ᠶᠢᠨ ᠭᠡᠮᠳᠦᠯ ᠤᠨ ᠲᠠᠭᠠᠳᠬᠠᠯ ᠬᠤᠳᠠᠯᠳᠤᠨ ᠠᠪᠴᠦ ᠦᠭᠬᠦᠨ᠎ᠡ᠃ ᠲᠠᠭᠠᠳᠬᠠᠭᠤᠯᠤᠭᠴᠢ ᠶᠢᠨ ᠲᠠᠭᠠᠳᠬᠠᠭᠤᠯᠬᠤ ᠪᠦᠬᠦ ᠲᠤᠭ᠎ᠠ ᠨᠢ 2.5 ᠲᠦᠮᠡᠨ ᠲᠦᠬᠦᠷᠢᠭ ᠪᠠᠶᠢᠵᠤ ᠪᠤᠯᠤᠨ᠎ᠠ᠂ ᠡᠬᠦᠨ ᠳᠤ ᠭᠡᠨᠡᠳᠲᠡ ᠶᠢᠨ ᠭᠡᠮᠳᠦᠯ ᠳᠤ ᠨᠠᠰᠤ ᠪᠠᠷᠠᠭᠰᠠᠨ ᠪᠠ ᠰᠢᠷᠬᠠᠳᠤᠵᠤ ᠵᠡᠮᠳᠡᠭᠷᠡᠭᠰᠡᠨ ᠤ ᠲᠠᠭᠠᠳᠬᠠᠯ ᠤᠨ ᠮᠦᠩᠬᠦ ᠨᠢ 2 ᠲᠦᠮᠡᠨ ᠲᠦᠬᠦᠷᠢᠭ᠂ ᠭᠡᠨᠡᠳᠲᠡ ᠶᠢᠨ ᠭᠡᠮᠳᠦᠯ ᠤᠨ ᠡᠮᠴᠢᠯᠡᠭᠡᠨ ᠤ ᠲᠠᠭᠠᠳᠬᠠᠯ ᠤᠨ ᠮᠦᠩᠬᠦ ᠨᠢ 5000 ᠲᠦᠬᠦᠷᠢᠭ ᠪᠤᠯᠤᠨ᠎ᠠ᠃ ᠤᠶᠢᠯᠠᠭᠠᠭᠰᠠᠨ ᠢᠶᠠᠷ᠂ 2017 ᠤᠨ ᠤ ᠡᠴᠦᠰ ᠪᠤᠯᠳᠠᠯ᠎ᠠ ᠦᠪᠡᠷᠲᠡᠭᠡᠨ ᠵᠠᠰᠠᠬᠤ ᠤᠷᠤᠨ ᠤ ᠪᠦᠬᠦᠯᠢ 60 ᠨᠠᠰᠤ ᠬᠦᠷᠦᠭᠰᠡᠨ ᠨᠠᠰᠤᠲᠠᠶᠢᠴᠤᠳ 445 ᠲᠦᠮᠡ ᠬᠦᠷᠴᠦ᠂ ᠪᠦᠬᠦ ᠤᠷᠤᠨ ᠤ ᠡᠷᠦᠭᠡ ᠠᠮᠠ ᠶᠢᠨ ᠲᠠᠩᠰᠠ ᠲᠠᠢ ᠪᠦᠬᠦ ᠬᠦᠮᠦᠨ ᠠᠮᠠ ᠶᠢᠨ 18.3%᠎ ᠶᠢ ᠡᠵᠡᠯᠡᠵᠠᠢ᠃ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠲᠦᠷᠦᠯ ᠵᠦᠢᠯ ᠢ ᠬᠡᠷᠡᠭᠵᠢᠬᠦᠯᠬᠦ ᠨᠢ ᠦᠨᠳᠦᠰᠦᠨ ᠨᠡᠶᠢᠭᠡᠮ ᠤᠨ ᠲᠠᠭᠠᠳᠬᠠᠯ ᠤᠨ ᠠᠰᠢᠭᠲᠠᠢ ᠨᠦᠬᠦᠪᠤᠷᠢᠯᠠᠯ ᠪᠤᠯᠵᠤ᠂ ᠭᠡᠨᠡᠳᠲᠡ ᠶᠢᠨ ᠭᠡᠮᠳᠦᠯ ᠠᠴᠠ ᠪᠤᠯᠤᠭᠰᠠᠨ ᠨᠠᠰᠤᠲᠠᠶᠢᠴᠤᠳ ᠤᠨ ᠠᠵᠤ ᠠᠬᠤᠢ ᠶᠢᠨ ᠲᠠᠷᠤᠯᠲᠠ ᠶᠢ ᠪᠦᠲᠦᠮᠵᠢᠲᠠᠢ ᠪᠠᠭᠤᠷᠠᠭᠤᠯᠵᠤ᠂ ᠨᠠᠰᠤᠲᠠᠶᠢᠴᠤᠳ ᠪᠤᠯᠤᠨ ᠭᠡᠷ ᠪᠦᠯᠢ ᠶᠢᠨ ᠬᠢᠨᠢ ᠠᠶᠤᠯ ᠲᠦᠭᠰᠢᠬᠦᠷᠢ ᠶᠢ ᠡᠰᠡᠬᠦᠷᠴᠡᠬᠦ ᠴᠢᠳᠠᠪᠤᠷᠢ ᠶᠢ ᠲᠡᠭᠡᠭᠰᠢᠯᠡᠬᠦᠯᠬᠦ ᠶᠢᠨ ᠤᠯᠠᠮ ᠠᠴᠠ ᠬᠦᠮᠦᠨ ᠠᠮᠠ ᠶᠢᠨ ᠨᠠᠰᠤᠵᠢᠯᠲᠠ ᠠᠴᠠ ᠪᠤᠯᠤᠭᠰᠠᠨ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠲᠠᠯ᠎ᠠ ᠶᠢᠨ ᠨᠡᠶᠢᠭᠡᠮ ᠤᠨ ᠠᠶᠤᠯ ᠲᠦᠭᠰᠢᠬᠦᠷᠢ ᠶᠢ ᠪᠠᠭᠤᠷᠠᠭᠤᠯᠵᠤ ᠲᠡᠶᠢᠯᠬᠦ ᠤᠴᠢᠷ ᠠᠴᠠ ᠦᠪᠡᠷᠲᠡᠭᠡᠨ ᠵᠠᠰᠠᠬᠤ ᠤᠷᠤᠨ ᠤ ᠬᠦᠮᠦᠨ ᠠᠮᠠ ᠶᠢᠨ ᠨᠠᠰᠤᠵᠢᠯᠲᠠ ᠶᠢ ᠢᠳᠡᠪᠬᠢᠲᠠᠢ ᠠᠷᠭᠠᠴᠠᠬᠤ ᠪᠠ ᠤᠯᠠᠨ ᠲᠠᠪᠬᠤᠷᠭᠠᠳᠤ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠦᠪᠡᠷᠲᠡᠭᠡᠨ ᠵᠠᠰᠠᠬᠤ ᠤᠷᠤᠨ ᠵᠠᠰᠠᠭ ᠤᠨ ᠤᠷᠳᠤᠨ ᠠᠴᠠ ᠬᠦᠲᠦᠯᠦᠨ ᠵᠢᠯᠤᠭᠤᠳᠬᠤ᠂ ᠵᠠᠬ᠎ᠠ ᠲᠡᠯᠭᠡᠬᠦᠷ ᠢᠶᠠᠷ ᠠᠵᠢᠯᠯᠠᠭᠤᠯᠬᠤ᠂ ᠨᠡᠶᠢᠲᠡ ᠶᠢᠨ ᠠᠰᠠᠷᠠᠮᠵᠢ ᠶᠢ ᠢᠯᠡᠷᠡᠬᠦᠯᠬᠦ᠂ ᠰᠠᠶᠢᠨ ᠲᠤᠷ᠎ᠠ ᠠᠴᠠ ᠪᠠᠨ ᠲᠠᠭᠠᠳᠬᠠᠯ ᠳᠤ ᠤᠷᠤᠬᠤ ᠶᠢ ᠤᠶᠠᠯᠳᠤᠭᠤᠯᠤᠭᠰᠠᠨ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠲᠦᠷᠢᠮ ᠢ ᠲᠠᠰᠤᠷᠠᠯᠲᠠ ᠦᠭᠡᠢ ᠲᠡᠬᠦᠯᠳᠡᠷᠵᠢᠬᠦᠯᠵᠤ᠂ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠲᠠᠭᠠᠳᠬᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠭᠡᠬᠦ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1