︽ᠶᠠᠳᠠᠷᠠᠬᠤ︾᠎ ᠠᠴᠠ ︽ᠶᠠᠳᠠᠷᠡᠭᠠᠳ ᠡᠪᠡᠳᠴᠢᠯᠡᠬᠦ︾ ᠬᠦᠷᠳᠡᠯ᠎ᠠ ᠲᠠᠪᠤᠬᠠᠨ ᠠᠯᠬᠤᠮ ᠤᠨ ᠵᠠᠶᠢᠲᠠᠢ
ᠨᠡᠶᠢᠲᠡᠯᠡᠭᠰᠡᠨ ᠴᠠᠭ᠄
2018-04-11
︽40 ᠨᠠᠰᠤᠨ ᠠᠴᠠ ᠡᠮᠦᠨ᠎ᠠ ᠠᠮᠢ ᠪᠠᠷ ᠢᠶᠠᠨ ᠵᠤᠭᠤᠰ ᠮᠦᠩᠭᠦ ᠰᠤᠯᠢᠵᠤ᠂ 40 ᠨᠠᠰᠤᠨ ᠠᠴᠠ ᠰᠡᠭᠦᠯᠡᠷ ᠵᠤᠭᠤᠰ ᠢᠶᠠᠷ ᠠᠮᠢ ᠨᠠᠰᠤ ᠪᠠᠨ ᠬᠠᠮᠠᠭᠠᠯᠠᠬᠤ︾ ᠪᠤᠯᠤᠭᠰᠠᠨ ᠨᠢ ᠤᠳᠤ ᠶᠢᠨ ᠴᠠᠭᠠᠨ ᠵᠠᠭᠠᠮᠠᠲᠠᠨ ᠤ ᠪᠤᠳᠠᠳᠦ ᠪᠠᠶᠢᠳᠠᠯ ᠤᠨ ᠵᠢᠷᠤᠭᠯᠠᠯ ᠪᠤᠯᠵᠠᠢ᠃ ︽2016 ᠤᠨ ᠤ ᠲᠤᠮᠳᠠᠳᠦ ᠤᠯᠤᠰ ᠤᠨ ᠢᠨᠲ᠋ᠧᠷᠨᠧᠲ ᠤᠨ ᠠᠵᠤ ᠠᠬᠤᠢᠢᠯᠠᠯ ᠤᠨ ᠠᠵᠢᠯᠲᠠᠨ ᠤ ᠨᠦᠢᠷ ᠤᠨ ᠮᠡᠳᠡᠭᠦᠯᠦᠯᠳᠡ︾᠎ ᠶᠢ ᠦᠨᠳᠦᠰᠦᠯᠡᠪᠡᠯ᠂ 80%᠎ ᠠᠴᠠ ᠳᠡᠭᠡᠭᠰᠢᠬᠢ ᠢᠨᠲ᠋ᠧᠷᠨᠧᠲ ᠤᠨ ᠠᠵᠢᠯᠲᠠᠨ ᠤ ᠨᠦᠢᠷ ᠤᠨ ᠴᠢᠨᠠᠷ ᠨᠢ 80 ᠬᠤᠪᠢ ᠠᠴᠠ ᠲᠤᠷᠤᠭᠰᠢ ᠪᠦᠬᠡᠳ 3 ᠬᠤᠪᠢ ᠶᠢᠨ ᠠᠵᠢᠯᠲᠠᠨ ᠤ ᠨᠦᠢᠷ ᠤᠨ ᠴᠢᠨᠠᠷ ᠤᠨ ᠤᠯᠤᠭᠰᠠᠨ ᠬᠤᠪᠢ ᠨᠢ ᠤᠨᠴᠠ ᠲᠤᠤᠷ᠎ᠠ᠂ 7 ᠬᠤᠪᠢ ᠶᠢᠨ ᠠᠵᠢᠯᠲᠠᠨ ᠴᠠᠭ ᠨᠡᠮᠡᠵᠤ ᠠᠵᠢᠯᠯᠠᠭᠰᠠᠨ ᠦᠩᠭᠡᠷᠡᠯᠳᠡ ᠲᠠᠢ᠂ 4 ᠬᠤᠪᠢ ᠶᠢᠨ ᠠᠵᠢᠯᠲᠠᠨ ᠤ ᠠᠵᠢᠯ ᠤᠨ ᠲᠠᠷᠤᠭᠠᠰᠤ ᠨᠦᠢᠷ ᠤᠨ ᠬᠢᠨ ᠴᠢᠨᠠᠷ ᠢ ᠨᠦᠯᠦᠭᠡᠯᠡᠳᠡᠭ ᠬᠡᠪᠡ᠃ ︽ᠠᠵᠢᠯ ᠲᠠᠢ ᠪᠤᠯᠪᠠᠴᠤ ᠠᠮᠢᠳᠤᠷᠠᠯ ᠦᠭᠡᠢ︾᠎ ᠨᠢ ᠤᠳᠤᠬᠢ ᠨᠡᠶᠢᠭᠡᠮ ᠤᠨ ᠨᠡᠶᠢᠳᠡᠮ ᠦᠵᠡᠭᠳᠡᠯ ᠪᠤᠯᠤᠭᠰᠠᠨ ᠪᠠᠶᠢᠨ᠎ᠠ᠃  ᠲᠤᠮᠳᠠᠳᠦ ᠤᠯᠤᠰ ᠤᠨ ᠡᠮᠴᠢ ᠶᠢᠨ ᠨᠡᠶᠢᠭᠡᠮᠯᠢᠭ ᠵᠡᠷᠭᠡ ᠪᠠᠶᠢᠭᠤᠯᠤᠮᠵᠢ ᠶᠢᠨ ᠬᠤᠯᠪᠤᠭᠠᠯᠠᠵᠤ ᠨᠡᠶᠢᠳᠡᠯᠡᠭᠰᠡᠨ 2010 ᠤᠨ ᠤ ︽ᠲᠤᠮᠳᠠᠳᠦ ᠤᠯᠤᠰ ᠤᠨ ᠬᠤᠳᠠ ᠶᠢᠨ ᠴᠠᠭᠠᠨ ᠵᠠᠭᠠᠮᠠᠳᠠᠨ ᠤ ᠡᠷᠡᠭᠦᠯ ᠡᠩᠭᠡ ᠶᠢᠨ ᠴᠠᠭᠠᠨ ᠭᠠᠳᠠᠷᠲᠤ ᠪᠢᠴᠢᠭ︾᠎ ᠲᠤ ᠢᠯᠡᠷᠡᠭᠦᠯᠦᠭᠰᠡᠨ ᠢᠶᠠᠷ᠂ 76%᠎ ᠶᠢᠨ ᠴᠠᠭᠠᠨ ᠵᠠᠭᠠᠮᠠᠲᠠᠨ ᠪᠡᠶ᠎ᠠ ᠪᠠᠷᠤᠭᠳᠠᠶᠢᠬᠠᠨ ᠪᠠᠶᠢᠳᠠᠯ ᠳᠤ ᠤᠷᠤᠰᠢᠵᠤ᠂ ᠪᠡᠭᠡᠵᠢᠩ᠂ ᠱᠠᠩᠬᠠᠢ ᠵᠡᠷᠭᠡ ᠬᠤᠳᠠ ᠶᠢᠨ 6 ᠬᠤᠪᠢ ᠶᠢᠨ ᠴᠠᠭᠠᠨ ᠵᠠᠭᠠᠮᠠᠲᠠᠨ ︽ᠵᠦᠳᠡᠷᠡᠵᠦ︾ ᠪᠠᠶᠢᠬᠤ ᠢᠯᠡᠷᠡᠯ ᠲᠠᠢ᠄ ᠪᠡᠶ᠎ᠠ ᠮᠠᠬᠠᠪᠤᠳ ᠨᠢ ᠠᠨᠠᠢ᠂ 24 ᠴᠠᠭ ᠢᠶᠠᠷ ᠵᠠᠷᠯᠢᠭ ᠬᠦᠯᠢᠶᠡᠬᠦ᠂ ᠭᠠᠷᠠᠭ ᠤᠨ ᠡᠳᠦᠷ ᠲᠡᠭᠡᠨ ᠠᠮᠠᠷᠠᠯᠳᠠ ᠦᠭᠡᠢ᠂ ᠠᠯᠪᠠᠨ ᠭᠡᠷ ᠲᠤ ᠬᠤᠨᠤᠬᠤ ᠵᠡᠷᠭᠡ ᠪᠠᠶᠢᠳᠠᠯ ᠬᠦᠨᠳᠦ ᠨᠤᠴᠢᠲᠠᠢ ᠤᠷᠤᠰᠢᠵᠤ ᠪᠤᠢ᠃ ᠨᠧᠲ ᠢᠶᠠᠷ ︽ᠦᠨᠳᠦᠷ ᠴᠠᠯᠢᠩ ᠲᠠᠢ ᠠᠵᠢᠯ ᠪᠠ ᠪᠡᠶ᠎ᠠ ᠮᠠᠬᠠᠪᠤᠳ ᠤᠨ ᠡᠷᠡᠭᠦᠯ ᠮᠡᠨᠳᠦ ᠵᠦᠷᠢᠴᠡᠯ ᠭᠠᠷᠬᠤ ᠦᠶᠡᠰ᠂ ᠲᠠ ᠠᠯᠢ ᠶᠢ ᠨᠢ ᠰᠤᠩᠭᠤᠬᠤ ᠪᠤᠢ︖︾ ᠬᠡᠰᠡᠨ ᠪᠠᠶᠢᠴᠠᠭᠠᠯᠳᠠ ᠳᠠᠮᠵᠢᠭᠳᠠᠵᠤ ᠪᠠᠶᠢᠯ᠎ᠠ᠃ ᠪᠠᠶᠢᠴᠠᠭᠠᠯᠳᠠ ᠶᠢᠨ ᠳ᠋ᠦᠡᠭ ᠳᠤ 71%᠎ ᠶᠢᠨ ᠬᠦᠮᠦᠰ ᠡᠷᠡᠭᠦᠯ ᠮᠡᠨᠳᠦ ᠪᠠᠨ ᠤᠮᠳᠤᠭᠠᠢᠢᠯᠠᠵᠦ᠂ ᠦᠨᠳᠦᠷ ᠴᠠᠯᠢᠩ ᠲᠠᠢ ᠠᠵᠢᠯ ᠢ ᠰᠤᠩᠭᠤᠨ᠎ᠠ ᠬᠡᠵᠤ ᠢᠯᠡᠷᠬᠡᠶᠢᠯᠡᠪᠡ᠂ ᠲᠡᠷᠡᠴᠢᠯᠡᠨ 52%᠎ ᠤᠨ ᠬᠦᠮᠦᠰ ᠠᠷᠪᠠᠨ ᠵᠢᠯ ᠤᠨ ᠠᠮᠢ ᠨᠠᠰᠤ ᠪᠠᠷ ᠢᠶᠠᠨ 500 ᠲᠦᠮᠡᠨ ᠲᠦᠭᠦᠷᠢᠭ ᠰᠤᠯᠢᠬᠤ ᠲᠤᠷᠠᠲᠠᠢ ᠬᠡᠵᠤ ᠢᠯᠡᠳᠬᠡᠵᠡᠢ᠃ ᠦᠨᠡᠨᠳᠡᠭᠡᠨ ︽ᠶᠠᠳᠠᠷᠠᠬᠤ︾᠎ ᠠᠴᠠ ︽ᠶᠠᠳᠠᠷᠡᠭᠠᠳ ᠡᠪᠡᠳᠴᠢᠯᠡᠬᠦ︾ ᠬᠦᠷᠳᠡᠯ᠎ᠠ ᠲᠠᠪᠤᠨ ᠠᠯᠬᠤᠮ ᠯᠡ ᠵᠠᠶᠢᠲᠠᠢ᠄ ᠨᠢᠭᠡᠳᠦᠭᠡᠷ ᠠᠯᠬᠤᠮ᠂ ᠰᠦᠷ ᠰᠦᠯᠳᠡ ᠦᠭᠡᠢ ᠪᠤᠯᠬᠤ᠃ ᠬᠤᠶᠠᠳᠤᠭᠠᠷ ᠠᠯᠬᠤᠮ᠂ ᠲᠤᠯᠤᠭᠠᠢ ᠲᠦᠷᠦᠭᠦᠦ ᠲᠦᠢᠷᠡᠬᠦ᠃ ᠭᠤᠷᠪᠠᠳᠤᠭᠠᠷ ᠠᠯᠬᠤᠮ᠂ ᠪᠦᠬᠦ ᠪᠡᠶ᠎ᠠ ᠱᠠᠷᠬᠢᠷᠠᠵᠤ ᠡᠪᠡᠳᠬᠦ᠃ ᠲᠦᠷᠪᠡᠳᠦᠭᠡᠷ ᠠᠯᠬᠤᠮ᠂ ᠡᠪᠡᠳᠴᠢᠨ ᠳᠤ ᠡᠬᠢᠯᠡᠨ ᠨᠡᠷᠪᠡᠭᠳᠡᠬᠦ᠃ ᠲᠠᠪᠤᠳᠤᠭᠠᠷ ᠠᠯᠬᠤᠮ᠂ ᠦᠮᠠᠨ ᠤ ᠲᠠᠯᠳᠠ ᠬᠡᠮ ᠨᠢᠭᠤᠭᠳᠠᠬᠤ᠃ ︽ᠶᠠᠳᠠᠷᠡᠭᠠᠳ ᠡᠪᠡᠳᠴᠢᠯᠡᠬᠦ︾᠎ ᠶᠢᠨ ᠭᠤᠤᠯ ᠰᠢᠯᠳᠠᠭᠠᠨ ᠨᠢ᠄ ᠵᠢᠷᠦᠬᠡᠨ ᠤ ᠲᠢᠳᠢᠮ ᠰᠤᠳᠠᠯ ᠤᠨ ᠡᠪᠡᠳᠴᠢᠨ᠂ ᠭᠤᠤᠯ ᠰᠤᠳᠠᠯ ᠤᠨ ᠬᠠᠪᠤᠳᠠᠷ᠂ ᠵᠢᠷᠦᠬᠡᠨ ᠬᠠᠪᠬᠠᠯᠠᠭ᠎ᠠ ᠶᠢᠨ ᠡᠪᠡᠳᠴᠢᠨ᠂ ᠵᠢᠷᠦᠬᠡᠨ ᠪᠤᠯᠴᠢᠩ ᠤᠨ ᠡᠪᠡᠳᠴᠢᠨ ᠳᠤ ᠨᠡᠷᠪᠡᠭᠳᠡᠬᠦ ᠪᠤᠶᠤ ᠲᠡᠷᠢᠬᠢᠨ ᠳᠤ ᠴᠢᠰᠤ ᠬᠠᠷᠪᠤᠬᠰᠠᠨ ᠠᠴᠠ ᠪᠤᠯᠵᠡᠢ᠃ ᠠᠨᠠᠭᠠᠬᠤ ᠤᠬᠠᠭᠠᠨ ᠤ ᠰᠤᠳᠤᠯᠤᠯ ᠢ ᠦᠨᠳᠦᠰᠦᠯᠡᠪᠡᠯ᠂ ᠡᠳᠡᠭᠡᠷ ᠡᠪᠡᠳᠴᠢᠨ ᠨᠢ ᠪᠦᠷ ᠰᠡᠳᠬᠢᠯ ᠤᠨ ᠲᠠᠷᠤᠭᠠᠰᠤ ᠲᠠᠢ ᠬᠤᠯᠪᠤᠭᠳᠠᠯ ᠲᠠᠢ᠃ ᠠᠮᠢ ᠲᠡᠮᠡᠴᠡᠨ ᠠᠵᠢᠯᠯᠠᠪᠠᠯ ᠵᠤᠭᠤᠰ ᠮᠦᠩᠭᠦ᠂ ᠪᠠᠶᠢᠷᠢ ᠰᠠᠭᠤᠷᠢ ᠪᠠ ᠠᠮᠵᠢᠯᠳᠠ ᠶᠢᠨ ᠮᠡᠳᠡᠷᠡᠮᠵᠢ ᠤᠯᠬᠤ ᠪᠤᠯᠪᠠᠴᠤ ᠪᠡᠶ᠎ᠠ ᠮᠠᠬᠠᠪᠤᠳ ᠤᠨ ᠡᠷᠡᠭᠦᠯ ᠮᠡᠨᠳᠦ ᠪᠤᠯᠤᠨ ᠠᠮᠢᠳᠤᠷᠠᠯ ᠢᠶᠠᠨ ᠦᠷᠡᠭᠳᠡᠭᠦᠯᠵᠦ ᠪᠠᠶᠢᠳᠠᠭ᠂ ᠵᠤᠭᠤᠰ ᠮᠦᠩᠭᠦ ᠤᠯᠬᠤ ᠶᠠᠪᠤᠴᠠ ᠳᠤ ᠲᠡᠳᠡᠭᠡᠷ ᠦᠯᠦ ᠮᠡᠳᠡᠭᠳᠡᠮ᠎ᠡ ᠶᠢᠨ ᠳᠤᠮᠳᠠᠭᠤᠷ ᠠᠯᠳᠠᠵᠤ ᠶᠠᠪᠤᠭᠤᠯᠤᠭᠰᠠᠨ ᠵᠦᠢᠯ ᠢ ᠬᠡᠵᠢᠶ᠎ᠡ ᠴᠤ ᠲᠠᠬᠢᠨ ᠡᠷᠬᠢᠭᠦᠯᠵᠤ ᠠᠪᠴᠢᠷᠠᠵᠤ ᠲᠡᠶᠢᠯᠬᠦ ᠦᠭᠡᠢ ᠪᠤᠯᠬᠤᠷ ᠪᠢᠳᠡ ᠰᠡᠷᠭᠡᠢ ᠮᠡᠳᠡᠷᠡᠵᠦ᠂ ᠡᠷᠡᠭᠦᠯ ᠮᠡᠨᠳᠦ ᠪᠠᠨ ᠲᠦᠷᠦᠭᠦᠨ ᠳᠤ ᠲᠠᠯᠪᠢᠶ᠎ᠠ᠃
 
ᠢᠷᠡᠯᠲᠡ᠄  ᠥᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1