1. ᠵᠠᠰᠠᠵᠤ ᠴᠢᠮᠡᠭᠯᠡᠬᠦ ᠦᠭᠡᠢ᠃ ᠰᠢᠡᠵᠢᠭᠡ ᠤᠨᠤᠰᠢᠯᠳᠠ ᠪᠤᠯ ᠡᠮᠴᠢ ᠶᠢᠨ ᠡᠪᠡᠳᠴᠢᠨ ᠤᠨᠤᠰᠢᠯᠠᠬᠤ | ᠦᠨᠳᠤᠰᠤᠨ ᠠᠷᠭ᠎ᠠ ᠶᠢᠨ ᠨᠢᠭᠡ ᠮᠦᠨ᠃ ᠡᠪᠡᠳᠴᠢᠨ ᠦᠵᠡᠬᠦᠯᠬᠦ ᠠᠴᠠ ᠡᠮᠤᠨ᠎ᠠ ᠤ ᠲᠦᠷᠬᠢᠬᠦ᠂ ᠤᠷᠤᠭᠤᠯ ᠤᠨ | ᠪᠤᠳᠤᠬ ᠲᠦᠷᠬᠢᠬᠦ᠂ ᠠᠨᠢᠰᠬᠠᠨ ᠵᠢᠷᠤᠭᠠᠰᠤ ᠲᠠᠳᠠᠬᠤ᠂ ᠬᠢᠮᠤᠰᠤ ᠪᠤᠳᠤᠬᠤ ᠵᠡᠷᠭᠡ ᠨᠢ ᠡᠪᠡᠳᠴᠢᠨ ᠤ ᠪᠠᠶᠢᠳᠠᠯ ᠢ | ᠬᠠᠯᠬᠠᠯᠠᠵᠤ᠂ ᠡᠮᠴᠢ ᠶᠢᠨ ᠡᠪᠡᠳᠴᠢᠳᠠᠨ ᠤ ᠠᠷᠠᠰᠤ ᠪᠠ ᠦᠡᠭᠭᠡ ᠵᠢᠰᠤ ᠶᠢ ᠰᠢᠨᠵᠢᠬᠦ ᠶᠢ ᠨᠦᠯᠤᠭᠡᠯᠡᠨ᠂ ᠡᠮᠴᠢ ᠳᠤ | ᠡᠮᠴᠢᠯᠡᠭᠡᠨ ᠤ ᠤᠨᠤᠪᠴᠢ ᠦᠭᠡᠢ ᠮᠡᠳᠡᠭᠡ ᠵᠠᠩᠬᠢ ᠦᠭᠬᠦ ᠶᠢᠨ ᠤᠯᠠᠮ ᠠᠴᠠ ᠤᠨᠤᠰᠢᠯᠠᠬᠤ ᠶᠢ ᠨᠦᠯᠤᠭᠡᠯᠡᠬᠦ | ᠴᠢᠨᠠᠭᠰᠢᠯᠠᠪᠠᠯ ᠪᠤᠷᠤᠭᠤ ᠮᠠᠭᠠᠳᠯᠠᠯᠳᠠ ᠬᠢᠯᠭᠡᠵᠤ ᠮᠡᠳᠡᠬᠦ ᠪᠤᠯᠬᠤᠷ ᠴᠡᠭᠡᠷᠯᠡᠬᠦ ᠬᠡᠷᠡᠭᠳᠠᠢ᠃ 2. ᠬᠡᠯᠡᠨ ᠤ ᠦᠡᠭᠬᠦᠷ ᠤᠨ | ᠦᠡᠭᠭᠡ ᠶᠢ ᠬᠤᠪᠢᠷᠠᠭᠤᠯᠬᠤ ᠢᠳᠡᠭᠡᠨ ᠪᠤᠶᠤ ᠡᠮ ᠢ ᠢᠳᠡᠬᠦ ᠦᠭᠡᠢ᠃ ᠬᠡᠯᠡ ᠪᠤᠯ ᠬᠢᠳᠡᠳ ᠡᠮᠨᠡᠯᠭᠡ ᠶᠢᠨ ᠲᠠᠪᠤᠨ | ᠴᠤᠯᠤ ᠵᠢᠷᠭᠤᠭᠠᠨ ᠰᠡᠪᠡ ᠶᠢ ᠠᠵᠢᠭᠯᠠᠬᠤ ︽ᠲᠤᠯᠢ︾ ᠮᠦᠨ᠃ ᠬᠢᠳᠡᠳ ᠡᠮᠨᠡᠯᠭᠡ ᠳᠤ ᠬᠡᠯᠡ ᠰᠢᠨᠵᠢᠬᠦ ᠳᠡᠭᠡᠨ | ᠭᠤᠤᠯᠳᠠᠭᠤ ᠬᠡᠯᠡᠨ ᠤ ᠦᠡᠭᠬᠦᠷ ᠪᠠ ᠭᠡᠯᠡᠨ ᠤ ᠪᠦᠬᠦ ᠪᠠᠶᠢᠳᠠᠯ ᠤᠨ ᠬᠤᠪᠢᠷᠠᠯᠳᠠ ᠶᠢ ᠰᠢᠨᠵᠢᠳᠡᠭ ᠪᠤᠯᠬᠤᠷ ᠢᠳᠡᠭᠡᠨ | ᠪᠤᠶᠤ ᠡᠮ ᠤᠨ ᠬᠡᠯᠡᠨ ᠤ ᠦᠡᠭᠬᠦᠷ ᠤᠨ ᠦᠡᠭᠭᠡ ᠶᠢ ᠬᠤᠪᠢᠷᠠᠭᠤᠯᠵᠤ ᠬᠠᠭᠤᠷᠮᠠᠬ ᠦᠵᠡᠭᠳᠡᠯ ᠭᠠᠷᠭᠠᠬᠤ ᠠᠴᠠ | ᠰᠡᠷᠭᠡᠶᠢᠯᠡᠬᠦ ᠬᠡᠷᠡᠭᠳᠠᠢ᠃ ᠡᠶᠢᠮᠤ ᠠᠴᠠ ᠡᠪᠡᠳᠴᠢᠨ ᠦᠵᠡᠬᠦᠯᠬᠦ ᠠᠴᠠ ᠡᠮᠤᠨ᠎ᠠ ᠲᠤᠤᠷᠡᠬᠢ ᠬᠡᠳᠤᠨ ᠵᠦᠢᠯ ᠤᠨ | ᠢᠳᠡᠭᠡᠨ ᠢ ᠢᠳᠡᠬᠦ ᠦᠭᠡᠢ ᠪᠠᠶᠢᠪᠠᠯ ᠵᠤᠬᠢᠨ᠎ᠠ᠄ ᠬᠡᠯᠡᠨ ᠤ ᠦᠡᠭᠬᠦᠷ ᠢ ᠴᠠᠶᠢᠷᠠᠭᠤᠯᠬᠤ ᠦᠨᠢᠶᠡᠨ ᠰᠦ ᠪᠠ ᠬᠠᠳᠠᠭᠤ | ᠵᠢᠮᠢᠰ︔ ᠬᠡᠯᠡᠨ ᠤ ᠦᠡᠭᠬᠦᠷ ᠢ ᠬᠠᠷᠠᠯᠠᠭᠤᠯᠬᠤ ᠶᠠᠨᠵᠤ ᠬᠥᠢᠯᠡᠰᠤ᠂ ᠬᠠᠷ ᠬᠥᠢᠯᠡᠰᠤ᠂ ᠴᠤᠺᠦᠯᠡᠳ᠋᠂ ᠺᠤᠹᠧ ᠵᠡᠷᠭᠡ︔ | ᠬᠡᠯᠡᠨ ᠤ ᠦᠡᠭᠬᠦᠷ ᠢ ᠰᠢᠷᠠᠯᠠᠭᠤᠯᠬᠤ ᠵᠦᠷᠵᠢ᠂ ᠠᠮᠳᠠᠳᠤ ᠲᠦᠮᠤᠰᠤ ᠵᠡᠷᠭᠡ᠃ ᠬᠡᠳᠤᠷᠭᠡᠢ ᠬᠠᠯᠠᠭᠤᠨ ᠤᠰᠤ ᠪᠠ | ᠭᠤᠱᠤᠭᠤᠨ ᠢᠳᠡᠭᠡᠨ ᠨᠢ ᠬᠡᠯᠡᠨ ᠤ ᠦᠡᠭᠬᠦᠷ ᠢ ᠤᠯᠠᠭᠠᠪᠳᠤᠷ ᠪᠤᠯᠭᠠᠬᠤ ᠲᠤᠯᠠ ᠮᠦᠨ ᠬᠢᠴᠢᠶᠡᠬᠦ ᠬᠡᠷᠡᠭᠳᠠᠢ᠃ 3. | ᠦᠨᠤᠷᠳᠤ ᠤᠰᠤ ᠲᠦᠷᠬᠢᠬᠦ ᠦᠭᠡᠢ᠃ ᠦᠨᠤᠷᠯᠡᠬᠦ ᠪᠤᠯ ᠬᠢᠳᠡᠳ ᠡᠮᠨᠡᠯᠭᠡ ᠶᠢᠨ ᠦᠨᠤᠷᠯᠡᠨ ᠤᠨᠤᠰᠢᠯᠠᠬᠤ ᠶᠢᠨ | ᠴᠢᠬᠤᠯᠠ ᠠᠭᠤᠯᠭ᠎ᠠ ᠮᠦᠨ᠃ ᠬᠥᠮᠤᠨ ᠤ ᠪᠡᠶ᠎ᠠ ᠶᠢᠨ ᠦᠨᠤᠷ ᠪᠤᠯ ᠴᠦᠮ ᠴᠤᠯᠤ ᠰᠠᠪᠠ ᠶᠢᠨ ᠹᠢᠽᠢᠤᠯᠤᠬᠢ ᠶᠢᠨ | ᠬᠤᠪᠢᠷᠠᠯᠳᠠ ᠪᠤᠶᠤ ᠡᠪᠡᠳᠴᠢᠨ ᠤ ᠵᠦᠢ ᠶᠢᠨ ᠬᠤᠪᠢᠷᠠᠯᠳᠠ ᠶᠢᠨ ᠶᠠᠪᠤᠴᠠ ᠳᠤ ᠪᠤᠢ ᠪᠤᠯᠤᠭᠰᠠᠨ ᠪᠠᠶᠢᠳᠠᠬ᠂ ᠵᠠᠷᠢᠮ | ᠦᠶ᠎ᠠ ᠳᠤ ᠡᠪᠡᠳᠴᠢᠳᠠᠨ ᠤ ᠪᠡᠶ᠎ᠠ ᠠᠴᠠ ᠭᠠᠷᠬᠤ ᠦᠨᠤᠷ ᠢᠶᠠᠷ ᠡᠪᠡᠳᠴᠢᠨ ᠡᠮᠭᠡᠭ ᠢ ᠮᠠᠭᠠᠳᠯᠠᠵᠤ ᠪᠤᠯᠤᠨ᠎ᠠ᠃ | ᠦᠨᠤᠷᠳᠤ ᠤᠰᠤ ᠪᠤᠶᠤ ᠦᠳᠭᠡᠨ ᠦᠨᠤᠷ ᠲᠠᠢ ᠠᠷᠠᠰᠤ ᠠᠷᠠᠴᠢᠯᠠᠬᠤ ᠡᠳ᠋ ᠵᠡᠷᠭᠡ ᠶᠢ ᠬᠡᠷᠡᠭᠯᠡᠪᠡᠯ ᠡᠪᠡᠳᠴᠢᠳᠠᠨ ᠤ | ᠪᠡᠶ᠎ᠠ ᠶᠢᠨ ᠦᠨᠤᠷ ᠢ ᠲᠠᠷᠤᠵᠤ ᠤᠨᠤᠰᠢᠯᠠᠯᠳᠠ ᠶᠢ ᠨᠦᠯᠤᠭᠡᠯᠡᠳᠡᠭ᠃ ᠡᠬᠦᠨ ᠠᠴᠠ ᠭᠠᠳᠠᠨ᠎ᠠ᠂ ᠡᠪᠡᠳᠴᠢᠳᠠᠨ | ᠡᠪᠡᠳᠴᠢᠨ ᠢᠶᠠᠨ ᠦᠵᠡᠬᠦᠯᠬᠦ ᠠᠴᠠ ᠡᠮᠤᠨ᠎ᠠ ᠰᠠᠷᠢᠮᠰᠤᠬ ᠵᠡᠷᠭᠡ ᠦᠳᠭᠡᠨ ᠦᠨᠤᠷ ᠲᠠᠢ ᠢᠳᠡᠭᠡᠨ ᠢ ᠢᠳᠡᠬᠦ ᠦᠭᠡᠢ | ᠪᠠᠶᠢᠪᠠᠯ ᠵᠤᠬᠢᠨ᠎ᠠ᠃ 4. ᠰᠢᠷᠤᠬᠦᠨ ᠬᠥᠳᠡᠯᠭᠡᠭᠡᠨ ᠬᠢᠬᠦ ᠦᠭᠡᠢ᠃ ᠰᠤᠳᠡᠯ ᠤᠨ ᠤᠨᠤᠰᠢᠯᠠᠯᠳᠠ ᠪᠤᠯ ᠬᠢᠳᠡᠳ | ᠡᠮᠨᠡᠯᠭᠡ ᠶᠢᠨ ᠡᠪᠡᠳᠴᠢᠨ ᠤᠨᠤᠰᠢᠯᠠᠬᠤ ᠴᠢᠬᠤᠯᠠ ᠠᠷᠭ᠎ᠠ ᠪᠠᠷᠢᠯ ᠮᠦᠨ᠂ ᠬᠢᠳᠡᠳ ᠡᠮᠨᠡᠯᠭᠡ ᠳᠤ ᠭᠤᠤᠯᠳᠠᠭᠤ ᠰᠤᠳᠡᠯ | ᠪᠠᠷᠢᠵᠤ ᠰᠤᠳᠡᠯ ᠤᠨ ᠪᠠᠶᠢᠳᠠᠯ ᠬᠤᠪᠢᠷᠠᠯᠳᠠ ᠶᠢ ᠦᠨᠳᠤᠰᠤᠯᠡᠨ ᠤᠨᠤᠰᠢᠯᠠᠳᠠᠬ᠃ ᠰᠤᠳᠠᠯ ᠤᠨ ᠪᠠᠶᠢᠳᠠᠯ ᠨᠢ ᠴᠤᠯᠤ | ᠰᠠᠪᠠ ᠴᠢᠰᠤ ᠬᠡᠢ ᠶᠢᠨ ᠰᠠᠶᠢᠨ ᠮᠠᠭᠤ ᠲᠠᠢ ᠨᠢᠬᠳᠠ ᠬᠤᠯᠪᠤᠭ᠎ᠠ ᠲᠠᠢ᠃ ᠬᠡᠳᠤᠷᠭᠡᠢ ᠬᠦᠭᠰᠡᠬᠦ ᠵᠢᠴᠢ ᠰᠢᠷᠤᠬᠦᠨ | ᠬᠥᠳᠡᠯᠭᠡᠭᠡᠨ ᠬᠢᠪᠠᠯ ᠴᠦᠮ ᠰᠤᠳᠡᠯ ᠤᠨ ᠯᠤᠬᠰᠢᠯᠳᠠ ᠶᠢ ᠲᠦᠷᠭᠡᠨ ᠪᠦᠭᠡᠳ ᠬᠦᠴᠤᠳᠠᠢ ᠪᠤᠯᠭᠠᠵᠤ᠂ ᠰᠤᠳᠡᠯ ᠤᠨ | ᠦᠨᠡᠨ ᠪᠠᠶᠢᠳᠠᠯ ᠢ ᠠᠮᠠᠷᠬᠠᠨ ᠬᠠᠯᠬᠠᠯᠠᠳᠠᠬ ᠶᠤᠮ᠃ ᠡᠶᠢᠮᠤ ᠠᠴᠠ ᠡᠪᠡᠳᠴᠢᠳᠠᠨ ᠡᠪᠡᠳᠴᠢᠨ ᠦᠵᠡᠬᠦᠯᠬᠦ ᠠᠴᠠ | ᠡᠮᠤᠨ᠎ᠠ ᠰᠢᠷᠤᠬᠦᠨ ᠬᠥᠳᠡᠯᠭᠡᠭᠡᠨ ᠬᠢᠬᠦ ᠦᠭᠡᠢ ᠪᠤᠶᠤ ᠬᠡᠳᠤᠷᠭᠡᠢ ᠬᠥᠭᠰᠡᠬᠦ ᠦᠭᠡᠢ ᠪᠠᠶᠢᠪᠠᠯ ᠵᠤᠬᠢᠨ᠎ᠠ᠂ ᠰᠠᠶ᠋ᠢ | ᠬᠥᠳᠡᠯᠭᠡᠭᠡᠨ ᠬᠢᠵᠤ ᠪᠠᠷᠠᠭᠰᠠᠨ ᠪᠤᠶᠤ ᠠᠰᠠᠷ ᠤᠨ ᠱᠠᠳᠤ ᠮᠠᠴᠤᠭᠰᠠᠨ ᠪᠠᠶᠢᠪᠠᠯ ᠵᠢᠭᠠᠬᠠᠨ ᠠᠮᠤᠰᠬᠢᠵᠤ ᠠᠪᠤᠭᠠᠳ | ᠰᠤᠳᠡᠯ ᠤᠨ ᠯᠤᠬᠰᠢᠯᠳᠠ ᠲᠤᠬᠳᠠᠭᠤᠨ ᠪᠤᠯᠤᠭᠰᠠᠨ ᠤ ᠲᠠᠷᠠᠭ᠎ᠠ ᠡᠮᠴᠢ ᠪᠠᠷ ᠰᠤᠳᠡᠯ ᠪᠠᠷᠢᠭᠤᠯᠪᠠᠯ ᠵᠤᠬᠢᠨ᠎ᠠ᠃ 5. | ᠪᠡᠶ᠎ᠠ ᠪᠠᠷᠢᠬᠰᠠᠨ ᠬᠤᠪᠴᠡᠰᠤ ᠡᠮᠤᠰᠬᠦ ᠦᠭᠡᠢ᠃ ᠪᠡᠶ᠎ᠠ ᠶᠢᠨ ᠪᠠᠶᠢᠴᠠᠭᠠᠯᠳᠠ ᠬᠢᠬᠦ ᠪᠤᠯ ᠡᠮᠴᠢ ᠶᠢᠨ ᠡᠪᠡᠳᠴᠢᠨ | ᠦᠵᠡᠬᠦ ᠦᠶ᠎ᠠ ᠶᠢᠨ ᠮᠠᠰᠢ ᠴᠢᠬᠤᠯᠠ ᠪᠠᠶᠢᠴᠠᠭᠠᠨ ᠤᠨᠤᠰᠢᠯᠠᠬᠤ ᠭᠤᠭᠴᠤᠭ᠎ᠠ ᠮᠦᠨ᠂ ᠪᠡᠶ᠎ᠠ ᠶᠢᠨ ᠨᠠᠷᠢᠨ | ᠪᠠᠶᠢᠴᠠᠭᠠᠯᠳᠠ ᠨᠢ ᠡᠮᠴᠢ ᠶᠢᠨ ᠡᠪᠡᠳᠴᠢᠨ ᠤ ᠪᠠᠶᠢᠳᠠᠯ ᠢ ᠤᠨᠤᠪᠴᠢᠳᠠᠢ ᠦᠢᠯᠠᠭᠠᠬᠤ᠂ ᠡᠪᠡᠳᠴᠢᠨ ᠢ ᠵᠦᠪ ᠢᠶᠠᠷ | ᠤᠨᠤᠰᠢᠯᠠᠬᠤ ᠳᠤ ᠴᠢᠬᠤᠯᠠ ᠦᠢᠯᠡᠳᠤᠯ ᠦᠵᠡᠬᠦᠯᠳᠡᠭ᠃ ᠬᠡᠷᠪᠡ ᠬᠡᠳᠤᠷᠭᠡᠢ ᠪᠡᠶ᠎ᠠ ᠪᠠᠷᠢᠬᠰᠠᠨ ᠬᠤᠪᠴᠠᠰᠤ ᠡᠮᠤᠰᠪᠠᠯ | ᠵᠠᠷᠢᠮ ᠹᠢᠽᠢᠤᠯᠤᠬᠢ ᠶᠢᠨ ᠦᠢᠯᠳᠡ ᠪᠠ ᠡᠪᠡᠳᠴᠢᠨ ᠤ ᠵᠦᠢ ᠶᠢᠨ ᠦᠢᠯᠳᠡ ᠶᠢ ᠬᠠᠯᠬᠠᠯᠠᠵᠤ᠂ ᠡᠮᠴᠢ ᠶᠢᠨ | ᠮᠠᠭᠠᠳᠯᠠᠯᠳᠠ ᠭᠠᠷᠭᠠᠬᠤ ᠳᠤ ᠠᠰᠢᠬ ᠦᠭᠡᠢ ᠪᠠᠶᠢᠳᠠᠭ᠃ ᠡᠶᠢᠮᠤ ᠠᠴᠠ᠂ ᠡᠮᠴᠢ ᠶᠢᠨ ᠬᠤᠯᠪᠤᠬᠳᠠᠯ ᠪᠦᠬᠦᠢ | ᠪᠠᠶᠢᠴᠠᠭᠠᠯᠳᠠ ᠬᠢᠬᠦ ᠳᠤ ᠲᠦᠬᠦᠮ ᠪᠠᠶᠢᠯᠭᠠᠬᠤ ᠶᠢᠨ ᠲᠤᠯᠠᠳᠠ᠂ ᠡᠪᠡᠳᠴᠢᠳᠠᠨ ᠡᠪᠡᠳᠴᠢᠨ ᠦᠵᠡᠬᠦᠯᠬᠦ ᠳᠡᠭᠡᠨ | ᠠᠭᠤᠵᠢᠭᠤ ᠡᠯᠪᠡᠭ ᠬᠤᠪᠴᠠᠰᠤ ᠡᠮᠤᠰᠪᠠᠯ ᠵᠤᠬᠢᠨ᠎ᠠ᠃ 6. ᠡᠪᠡᠳᠴᠢᠨ ᠤ ᠪᠠᠶᠢᠳᠠᠯ ᠢᠶᠠᠨ ᠨᠢᠭᠤᠬᠤ ᠦᠭᠡᠢ᠃ | ᠠᠰᠠᠭᠤᠬᠤ ᠰᠢᠨᠵᠢᠯᠡᠭᠡ ᠪᠤᠯ ᠡᠮᠴᠢ ᠶᠢᠨ ᠡᠪᠡᠳᠴᠢᠨ ᠤᠨᠤᠰᠢᠯᠠᠬᠤ ᠦᠶ᠎ᠠ ᠳᠤ ᠪᠤᠷᠤ ᠮᠠᠲ᠋ᠧᠷᠢᠶᠠᠯ ᠤᠯᠬᠤ ᠴᠢᠬᠤᠯᠠ | ᠠᠷᠭ᠎ᠠ ᠮᠦᠨ ᠪᠤᠯᠬᠤᠷ ᠡᠪᠡᠳᠴᠢᠳᠠᠨ ᠵᠠᠪᠠᠯ ᠡᠪᠡᠳᠴᠢᠨ ᠤ ᠪᠠᠶᠢᠳᠠᠯ ᠢᠶᠠᠨ ᠡᠮᠴᠢ ᠳᠤ ᠦᠨᠡᠨ ᠮᠦᠨ ᠢᠶᠠᠷ ᠨᠢ ᠨᠠᠷᠢᠨ | ᠨᠢᠮᠪᠠᠢ ᠲᠠᠨᠢᠯᠴᠠᠭᠤᠯᠬᠤ ᠪᠦᠭᠡᠳ ᠡᠮᠴᠢ ᠶᠢᠨ ᠠᠰᠠᠭᠤᠬᠰᠠᠨ ᠵᠦᠢᠯ ᠢ ᠲᠤᠳᠤᠷᠬᠠᠢ ᠬᠠᠷᠢᠭᠤᠯᠬᠤ ᠬᠡᠷᠡᠭᠳᠠᠢ᠂ | ᠶᠠᠭᠠᠬᠢᠬᠰᠠᠨ ᠴᠤ ᠡᠪᠡᠳᠴᠢᠨ ᠤ ᠪᠠᠶᠢᠳᠠᠯ ᠢᠶᠠᠨ ᠨᠢᠭᠤᠵᠤ ᠪᠤᠯᠬᠤ ᠦᠭᠡᠢ᠃ ᠡᠮᠴᠢ ᠶᠢᠨ ᠠᠳᠡᠬᠦᠤ ᠤᠨᠤᠰᠢᠯᠠᠵᠤ | ᠭᠡᠭᠡᠭᠳᠡᠬᠦᠯᠤᠨ ᠤᠨᠤᠰᠢᠯᠠᠬᠤ ᠶᠢᠨ ᠤᠯᠠᠮ ᠠᠴᠠ ᠡᠪᠡᠳᠴᠢᠨ ᠤ ᠪᠠᠶᠢᠳᠠᠯ ᠢ ᠰᠠᠭᠠᠳᠠᠭᠠᠬᠤ ᠠᠴᠠ ᠵᠠᠶᠢᠯᠠᠰᠬᠢᠬᠦ ᠶᠢᠨ | ᠲᠤᠯᠠᠳᠠ᠂ ᠢᠯᠠᠩᠭᠤᠶ᠎ᠠ ᠡᠪᠡᠳᠴᠢᠨ ᠡᠮᠭᠡᠭ ᠤᠨ ᠤᠨᠤᠰᠢᠯᠠᠯᠳᠠ ᠶᠢ ᠨᠦᠯᠤᠭᠡᠯᠡᠵᠤ ᠮᠡᠳᠡᠬᠦ ᠲᠤᠰ ᠡᠪᠡᠳᠴᠢᠨ ᠲᠠᠢ | ᠬᠤᠯᠪᠤᠬᠳᠠᠬᠤ ᠠᠰᠠᠭᠤᠳᠠᠯ ᠢ ᠬᠠᠷᠢᠭᠤᠯᠬᠤ ᠳᠠᠭᠠᠨ ᠵᠠᠪᠠᠯ ᠦᠨᠡᠨ ᠦᠭᠡ ᠭᠡᠯᠡᠬᠦ ᠬᠡᠷᠡᠭᠳᠠᠢ᠃ 7. ᠡᠮᠴᠢ ᠪᠠᠨ ᠪᠠᠶᠢᠨ | ᠲᠠᠬᠢᠨ ᠰᠤᠯᠢᠬᠤ ᠦᠭᠡᠢ᠃ ᠮᠠᠰᠢ ᠤᠯᠠᠨ ᠤᠳᠠᠭᠠᠨ ᠴᠢᠨᠠᠷᠳᠠᠢ ᠡᠪᠡᠳᠴᠢᠨ ᠤ ᠵᠠᠰᠠᠯᠭ᠎ᠠ ᠳᠤ ᠦᠢᠯᠡᠳᠤᠯ ᠨᠢ ᠵᠤᠬᠢᠬᠤ | ᠬᠤᠭᠤᠴᠠᠭ᠎ᠠ ᠦᠡᠭᠭᠡᠷᠡᠪᠡᠯ ᠰᠠᠶ᠋ᠢ ᠢᠯᠡᠷᠡᠨ ᠭᠠᠷᠬᠤ ᠪᠦᠭᠡᠳ ᠡᠮᠨᠡᠬᠦ ᠬᠤᠭᠤᠴᠠᠭ᠎ᠠ ᠨᠢ ᠬᠠᠷᠢᠴᠠᠩᠭᠤᠢ ᠪᠠᠷ ᠤᠷᠳᠤ | ᠪᠠᠶᠢᠳᠠᠬ᠃ ᠡᠶᠢᠮᠤ ᠠᠴᠠ ᠬᠡᠳᠤᠨ ᠵᠦᠢᠯ ᠤᠨ ᠡᠮ ᠤᠨ ᠦᠢᠯᠡᠳᠤᠯ ᠨᠢ ᠢᠯᠡᠷᠭᠡᠢ ᠪᠢᠰᠢ ᠪᠠᠶᠢᠪᠠᠯ ᠲᠡᠷᠠ ᠲᠠᠷᠤᠢ | ᠡᠮᠴᠢ ᠪᠠᠨ ᠰᠤᠯᠢᠵᠤ ᠪᠤᠯᠬᠤ ᠦᠭᠡᠢ᠃ ᠡᠬᠦᠨ ᠠᠴᠠ ᠭᠠᠳᠠᠨ᠎ᠠ᠂ ᠡᠮᠴᠢ ᠠᠴᠠ ᠡᠪᠡᠳᠴᠢᠳᠠᠨ ᠤ ᠡᠪᠡᠳᠴᠢᠨ ᠤ | ᠪᠠᠶᠢᠳᠠᠯ ᠢ ᠪᠦᠬᠦ ᠲᠠᠯ᠎ᠠ ᠪᠠᠷ ᠤᠨᠤᠪᠴᠢᠳᠠᠢ ᠦᠢᠯᠠᠭᠠᠬᠤ ᠳᠤ ᠪᠠᠰᠠ ᠵᠤᠬᠢᠬᠤ ᠶᠠᠪᠤᠴᠠ ᠬᠡᠷᠡᠭᠰᠡᠨ᠎ᠠ᠂ ᠬᠠᠷᠢᠨ ᠡᠮᠴᠢ | ᠪᠤᠯᠭᠠᠨ ᠡᠪᠡᠳᠴᠢᠳᠠᠨ ᠤ ᠡᠪᠡᠳᠴᠢᠨ ᠤ ᠪᠠᠶᠢᠳᠠᠯ ᠢ 5 — 6 ᠮᠢᠨᠦ᠋ᠲ ᠤᠨ ᠲᠤᠳᠤᠷ᠎ᠠ ᠪᠦᠷᠢᠮᠤᠰᠤᠨ | ᠦᠢᠯᠠᠭᠠᠴᠢᠬᠠᠬᠤ ᠪᠢᠰᠢ ᠶᠤᠮ᠃ ᠡᠮᠴᠢ ᠪᠠᠨ ᠪᠠᠶᠢᠨ ᠲᠠᠬᠢᠨ ᠰᠤᠯᠢᠬᠤ ᠨᠢ ᠡᠮᠴᠢᠯᠡᠭᠡᠨ ᠤ ᠲᠠᠪᠬᠤᠷᠳᠠᠯ ᠪᠠ | ᠰᠠᠭᠠᠳᠠᠭᠠᠯ ᠢ ᠪᠤᠢ ᠪᠤᠯᠭᠠᠬᠤ ᠯᠡ ᠲᠡᠳᠤᠢ ᠶᠤᠮ᠃ 8. ᠲᠤᠷ᠎ᠠ ᠪᠠᠷ ᠢᠶᠠᠨ ᠡᠮ ᠬᠡᠷᠡᠭᠯᠡᠬᠦ ᠦᠭᠡᠢ᠃ ᠡᠪᠡᠳᠴᠢᠨ | ᠡᠮᠭᠡᠭ ᠢ ᠤᠨᠤᠰᠢᠯᠠᠨ ᠵᠠᠰᠠᠬᠤ ᠶᠠᠪᠤᠴᠠ ᠳᠤ᠂ ᠡᠮᠴᠢ ᠠᠴᠠ ᠡᠪᠡᠳᠴᠢᠳᠠᠨ ᠤ ᠪᠤᠳᠠᠭᠠᠯᠢ ᠪᠡᠶ᠎ᠠ ᠶᠢᠨ ᠵᠦᠷᠢᠶ᠎ᠠ ᠶᠢ ᠮᠠᠰᠢ | ᠴᠢᠬᠤᠯᠠᠴᠢᠯᠠᠳᠠᠭ᠂ ᠡᠪᠡᠳᠴᠢᠯᠡᠭᠰᠡᠨ ᠰᠢᠯᠳᠠᠭᠠᠨ᠂ ᠴᠠᠭ᠂ ᠭᠠᠵᠠᠷ᠂ ᠡᠪᠡᠳᠴᠢᠨ ᠤ ᠢᠯᠡᠷᠡᠯ ᠵᠡᠷᠭᠡ ᠶᠢᠨ ᠠᠳᠠᠯᠢ | ᠪᠤᠰᠤ ᠠᠴᠠ ᠪᠤᠯᠵᠤ ᠡᠮᠨᠡᠨ ᠵᠠᠰᠠᠬᠤ ᠠᠷᠭ᠎ᠠ ᠪᠠ ᠡᠮ ᠨᠢ ᠴᠤ ᠠᠳᠠᠯᠢ ᠦᠭᠡᠢ ᠪᠠᠶᠢᠳᠠᠬ᠃ ᠵᠠᠷᠢᠮ ᠬᠥᠮᠤᠨ ᠡᠮ | ᠤᠤᠭᠤᠭᠠᠳ ᠡᠪᠡᠳᠴᠢᠨ ᠨᠢ ᠰᠠᠶᠢᠨ ᠪᠤᠯᠪᠠᠯ ᠲᠠᠷᠠᠭ᠎ᠠ ᠤᠳᠠᠭ᠎ᠠ ᠠᠳᠠᠯᠢᠪᠳᠤᠷ ᠡᠪᠡᠳᠴᠢᠨ ᠳᠤ ᠬᠡᠷᠡᠭᠯᠡᠬᠦ ᠶᠢᠨ | ᠲᠦᠬᠦᠮ ᠢ ᠪᠤᠳᠤᠵᠤ ᠡᠮ ᠤᠨ ᠨᠠᠷᠠ ᠪᠤᠶᠤ ᠵᠤᠷ ᠢ ᠨᠢ ᠲᠡᠮᠳᠡᠭᠯᠡᠨ ᠠᠪᠳᠠᠭ︔ ᠡᠰᠡᠬᠦᠯ᠎ᠠ ᠪᠤᠰᠤᠳ ᠤᠨ | ᠡᠪᠡᠳᠴᠢᠨ ᠤ ᠢᠯᠡᠷᠡᠯ ᠨᠢ ᠦᠪᠡᠷ ᠤᠨ ᠡᠪᠡᠳᠴᠢᠨ ᠤ ᠢᠯᠡᠷᠡᠯ ᠲᠠᠢ ᠠᠳᠠᠯᠢᠪᠳᠤᠷ ᠪᠠᠶᠢᠪᠠᠯ᠂ ᠪᠤᠰᠤᠳ ᠤᠨ ᠵᠤᠷ ᠢᠶᠠᠷ | ᠡᠮ ᠠᠪᠴᠤ ᠤᠤᠭᠤᠳᠠᠬ᠃ ᠢᠡᠭᠬᠢᠵᠤ ᠬᠢᠬᠦ ᠨᠢ ᠴᠦᠮ ᠪᠤᠷᠤᠭᠤ ᠶᠤᠮ᠂ ᠴᠢᠨᠠᠭᠰᠢᠯᠠᠪᠠᠯ ᠮᠠᠰᠢ ᠠᠶᠤᠯᠳᠠᠢ ᠪᠠᠶᠢᠳᠠᠬ | ᠃ 9. ᠡᠪᠡᠳᠴᠢᠨ ᠤ ᠲᠡᠩᠰᠠ ᠮᠠᠲ᠋ᠧᠷᠢᠶᠠᠯ ᠢᠶᠠᠨ ᠠᠪᠴᠤ ᠤᠴᠢᠬᠤ ᠪᠠᠨ ᠪᠢᠳᠡᠭᠡᠢ ᠮᠠᠷᠳᠠᠭᠠᠷᠠᠢ᠃ ᠡᠪᠡᠳᠴᠢᠨ | ᠦᠵᠡᠬᠦᠯᠬᠦ ᠪᠤᠯᠭᠠᠨ ᠡᠮᠴᠢ ᠴᠦᠮ ᠡᠪᠡᠳᠴᠢᠨ ᠡᠮᠭᠡᠭ ᠤᠨ ᠲᠤᠬᠠᠢ ᠤᠨᠤᠰᠢᠯᠠᠬᠰᠠᠨ ᠪᠠ ᠰᠢᠢᠳᠪᠤᠷᠢᠯᠡᠭᠰᠡᠨ ᠰᠠᠨᠠᠯ | ᠭᠠᠷᠭᠠᠳᠠᠭ᠂ ᠡᠬᠦᠨ ᠠᠴᠠ ᠭᠠᠳᠠᠨ᠎ᠠ ᠪᠠᠰᠠ ᠪᠠᠶᠢᠴᠠᠭᠠᠯᠳᠠ ᠪᠠ ᠬᠢᠮᠢ ᠶᠢᠨ ᠵᠠᠳᠠᠯᠤᠯᠳᠡ ᠶᠢᠨ ᠦᠷ᠎ᠠ ᠳ᠋ᠦᠩ ᠪᠠᠶᠢᠳᠠᠬ᠃ | ᠡᠳᠡᠭᠡᠷ ᠮᠠᠲ᠋ᠧᠷᠢᠶᠠᠯ ᠨᠢ ᠴᠦᠮ ᠮᠠᠰᠢ ᠴᠢᠬᠤᠯᠠ ᠪᠠᠶᠢᠵᠤ᠂ ᠡᠮᠴᠢ ᠶᠢᠨ ᠲᠠᠷᠠᠭ᠎ᠠ ᠤᠳᠠᠭ᠎ᠠ ᠡᠪᠡᠳᠴᠢᠨ | ᠦᠵᠡᠬᠦ ᠳᠤᠨᠢ ᠯᠠᠪᠯᠠᠯᠳᠠ ᠪᠤᠯᠳᠠᠬ᠃ ᠡᠶᠢᠮᠤ ᠠᠴᠠ ᠡᠪᠡᠳᠴᠢᠨ ᠦᠵᠡᠬᠦᠯᠬᠦ ᠪᠦᠷᠢ ᠪᠠᠶᠢᠳᠠᠭ ᠡᠪᠡᠳᠴᠢᠨ ᠤ ᠲᠡᠩᠰᠠ | ᠮᠠᠲ᠋ᠧᠷᠢᠶᠠᠯ ᠢᠯᠠᠩᠭᠤᠶ᠎ᠠ ᠴᠢᠬᠤᠯᠠ ᠪᠠᠶᠢᠴᠠᠭᠠᠯᠳᠠ ᠶᠢᠨ ᠦᠷ᠎ᠠ ᠳ᠋ᠦᠩ ᠢᠶᠠᠨ ᠠᠪᠴᠤ ᠤᠴᠢᠬᠤ ᠡᠪᠡᠳᠴᠢᠳᠡᠨ ᠳᠤ | ᠰᠠᠨᠠᠭᠤᠯᠤᠶ᠎ᠠ᠃ ᠢᠷᠡᠯᠲᠡ᠄ ᠠᠷᠠᠳ ᠤᠨ ᠰᠦᠯᠵᠢᠶ᠎ᠡ | |