ᠪᠤᠭᠤᠲᠤ ᠬᠤᠲᠠ ︽ᠪᠠᠷᠢᠮᠵᠢᠶ᠎ᠠ ᠶᠢ ᠣᠯᠠᠨ ᠤᠯᠤᠰᠴᠢᠯᠠᠬᠤ ᠰᠢᠨ᠎ᠡ ᠡᠭᠦᠳᠦᠯᠲᠡ ᠶᠢᠨ ᠬᠡᠯᠪᠡᠷᠢ ᠶᠢᠨ ᠬᠤᠳᠠ︾ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018-04-11
     ᠡᠨᠡ ᠵᠢᠯ ᠪᠤᠭᠤᠲᠤ ᠬᠤᠲᠠ ᠪᠠᠷᠢᠮᠵᠢᠶᠠᠵᠢᠭᠰᠠᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ︽ᠪᠠᠷᠢᠮᠵᠢᠶ᠎ᠠ ᠶᠢ ᠣᠯᠠᠨ ᠤᠯᠤᠰᠴᠢᠯᠠᠬᠤ ᠰᠢᠨ᠎ᠡ ᠡᠭᠦᠳᠦᠯᠲᠡ ᠶᠢᠨ ᠬᠡᠯᠪᠡᠷᠢ ᠶᠢᠨ ᠬᠤᠳᠠ︾ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ᠃ ᠪᠤᠭᠤᠲᠤ ᠬᠤᠲᠠ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ᠂ ᠠᠷᠢᠭᠤᠨ ᠴᠡᠪᠡᠷ᠂ ᠵᠢᠭᠤᠯᠴᠢᠯᠠᠯ᠂ ᠨᠡᠶᠢᠭᠡᠮ ᠤᠨ ᠳᠠᠭᠠᠳᠬᠠᠯ᠂ ᠰᠣᠶᠣᠯ ᠤᠨ ᠠᠵᠤ ᠦᠢᠯᠡᠰ ᠵᠡᠷᠭᠡ ᠦᠢᠯᠡᠳᠪᠦᠷᠢᠯᠡᠯ ᠤᠨ ᠴᠢᠨᠠᠷᠲᠠᠶ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠪᠦᠷᠬᠦᠴᠡ ᠶᠢᠨ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠬᠡᠬᠦ ᠪᠤᠯᠤᠨ᠎ᠠ᠃ ᠬᠤᠳᠠ ᠶᠢᠨ ᠱᠠᠲᠤᠨ ᠤ ᠠᠵᠢᠯᠴᠢᠨ᠂ ᠲᠠᠷᠢᠶᠠᠯᠠᠩ᠂ ᠨᠡᠶᠢᠭᠡᠮ᠂ ᠬᠠᠮᠢᠶᠠᠷᠤᠯᠲᠠ᠂ ᠦᠢᠯᠡᠴᠢᠯᠡᠭᠡ ᠶᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠦᠷᠦᠯ ᠵᠦᠢᠯ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠳᠤ ᠨᠥᠭᠡᠴᠡ ᠲᠦᠷᠦᠯ ᠵᠦᠢᠯ ᠬᠠᠩᠭᠠᠵᠤ᠂ ᠪᠦᠯᠬᠦᠮ ᠨᠡᠶᠢᠲᠡ ᠶᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠠᠵᠢᠯ ᠢ ᠰᠦᠪᠡᠭᠴᠢᠯᠡᠨ ᠦᠷᠨᠢᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠬᠤ ᠪᠠᠶᠢᠭᠤᠯᠤᠮᠵᠢ ᠪᠠ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠴᠢᠷᠮᠠᠶᠢᠨ ᠪᠤᠢ ᠪᠤᠯᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1