ᠰᠤᠷᠭᠠᠨ ᠬᠥᠮᠤᠵᠢᠯ ᠤᠨ ᠶᠠᠮᠤᠨ᠄ 2020 ᠤᠨ ᠠᠴᠠ ᠡᠮᠤᠨ᠎ᠠ ᠡᠯ᠎ᠠ ᠲᠦᠷᠤᠯ ᠤᠨ ᠤᠨᠴᠠ ᠠᠪᠢᠶᠠᠰᠲᠠᠢ ᠰᠤᠷᠤᠭᠴᠢ ᠡᠯᠰᠡᠬᠦ ᠶᠢ ᠦᠭᠡᠶᠢᠰᠭᠡᠨ᠎ᠡ
ᠨᠡᠶᠢᠲᠡᠯᠡᠭᠰᠡᠨ ᠴᠠᠭ᠄
2018-04-11
     ᠰᠤᠷᠭᠠᠨ ᠬᠥᠮᠤᠵᠢᠯ ᠤᠨ ᠶᠠᠮᠤᠨ ᠲᠦᠷᠤᠭᠦᠭᠡᠨ ︽2018 ᠤᠨ ᠤ ᠡᠩ ᠤᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠤ ᠰᠤᠷᠭᠠᠭᠤᠯᠢ ᠳᠤ ᠤᠷᠤᠭᠤᠯᠬᠤ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ︵ᠲᠤᠷᠤᠭᠰᠢ ︽ᠮᠡᠳᠡᠭᠳᠡᠯ︾ ᠭᠡᠵᠤ ᠲᠤᠪᠴᠢᠯᠠᠨ᠎ᠠ︶ ᠲᠠᠷᠤᠮᠠᠯᠯᠠᠨ ᠲᠠᠷᠬᠠᠭᠠᠵᠤ᠂ ᠤᠨᠴᠠ ᠠᠪᠢᠶᠠᠰᠲᠠᠢ ᠰᠤᠷᠤᠭᠴᠢ ᠡᠯᠰᠡᠬᠦ ᠬᠡᠪᠴᠢᠶ᠎ᠡ ᠶᠢ ᠤᠯᠠᠮ ᠢᠶᠠᠷ ᠪᠠᠭᠠᠰᠬᠠᠵᠤ᠂ 2020 ᠤᠨ ᠠᠴᠠ ᠡᠮᠤᠨ᠎ᠠ ᠡᠯ᠎ᠠ ᠲᠦᠷᠤᠯ ᠤᠨ ᠤᠨᠴᠠ ᠠᠪᠢᠶᠠᠰᠲᠠᠢ ᠰᠤᠷᠤᠭᠴᠢ ᠡᠯᠰᠡᠬᠦ ᠶᠢ ᠦᠭᠡᠶᠢᠰᠭᠡᠨ᠎ᠡ᠃ ᠠᠩᠬ᠎ᠠ ᠲᠤᠮᠳᠠᠳᠤ ᠶᠢᠨ ᠰᠤᠷᠤᠯᠭ᠎ᠠ ᠲᠡᠬᠦᠰᠬᠦ ᠰᠢᠯᠭᠠᠯᠳᠠ ᠶᠢᠨ ᠬᠤᠪᠢ ᠨᠡᠮᠡᠬᠦ ᠵᠦᠢᠯᠡᠰ ᠢ ᠦᠷᠬᠦᠯᠵᠢᠯᠡᠨ ᠢᠯᠭᠠᠷᠠᠭᠤᠯᠤᠨ ᠵᠢᠷᠤᠮᠵᠢᠭᠤᠯᠵᠤ᠂ ᠪᠡᠶ᠎ᠡ ᠶᠢᠨ ᠲᠡᠮᠢᠷ᠂ ᠤᠷᠠᠯᠢᠭ ᠵᠡᠷᠭᠡ ᠬᠤᠪᠢ ᠨᠡᠮᠡᠬᠦ ᠵᠦᠢᠯᠡᠰ ᠢ ᠬᠠᠷᠠᠬᠠᠨ ᠪᠦᠬᠦ ᠲᠠᠯ᠎ᠠ ᠪᠠᠷ ᠦᠭᠡᠶᠢᠰᠭᠡᠭᠡᠳᠤᠢ ᠭᠠᠵᠠᠷ ᠤᠷᠤᠨ 2018 ᠤᠨ ᠤ ᠠᠩᠬ᠎ᠠ ᠲᠤᠮᠳᠠᠳᠤ ᠶᠢᠨ ᠨᠢᠭᠡᠳᠤᠭᠡᠷ ᠤᠨ ᠠᠴᠠ ᠡᠬᠢᠯᠡᠵᠤ ᠬᠡᠷᠡᠭᠵᠢᠬᠦᠯᠬᠦ ᠬᠡᠷᠡᠭᠳᠠᠢ ᠭᠡᠵᠤ ᠱᠠᠭᠠᠷᠳᠠᠪᠠ᠃ ᠮᠠᠨ ᠤ ᠤᠯᠤᠰ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠷᠢᠮ ᠤᠨ ᠨᠦᠬᠦᠪᠤᠷᠢ ᠪᠤᠯᠤᠭᠰᠠᠨ ᠤ ᠬᠤᠪᠢ ᠳᠤ᠂ ᠤᠨᠴᠠ ᠠᠪᠢᠶᠠᠰᠲᠠᠢ ᠰᠤᠷᠤᠭᠴᠢ ᠶᠢᠨ ᠰᠤᠷᠭᠠᠨ ᠬᠥᠮᠤᠵᠢᠯ ᠨᠢ ᠤᠯᠠᠮᠵᠢᠯᠠᠯᠳᠤ ᠬᠢᠴᠢᠶᠡᠯ ᠤᠨ ᠲᠠᠩᠬᠢᠮ ᠤᠨ ᠰᠤᠷᠭᠠᠨ ᠬᠥᠮᠤᠵᠢᠯ ᠤᠨ ᠠᠭᠤᠯᠬᠤᠨ ᠪᠤᠯᠤᠭᠰᠠᠭᠠᠷ ᠢᠷᠡᠭᠰᠡᠨ ᠪᠦᠭᠡᠳ ᠰᠤᠷᠤᠭᠴᠢ ᠶᠢᠨ ᠪᠡᠶ᠎ᠡ ᠶᠢᠨ ᠲᠡᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠤᠷᠠᠯᠢᠭ ᠵᠡᠷᠭᠡ ᠤᠨᠴᠠ ᠠᠪᠢᠶᠠᠰ ᠢ ᠬᠥᠮᠤᠵᠢᠬᠦᠯᠬᠦ ᠳᠤ ᠢᠳᠡᠪᠬᠢᠳᠠᠢ ᠦᠢᠯᠡᠳᠤᠯ ᠦᠵᠡᠬᠦᠯᠦᠭᠰᠡᠨ ᠶᠤᠮ᠃ ᠬᠡᠪᠡᠴᠤ ᠦᠢᠷ᠎ᠠ ᠶᠢᠨ ᠵᠢᠯ ᠤᠳ ᠲᠤ᠂ ᠵᠠᠷᠢᠮ ᠬᠥᠮᠤᠨ ᠤᠨᠴᠠ ᠠᠪᠢᠶᠠᠰᠲᠠᠢ ᠰᠤᠷᠤᠭᠴᠢ ᠶᠢᠨ ᠲᠦᠷᠤ ᠶᠢᠨ ᠪᠤᠳᠤᠯᠭ᠎ᠠ ᠶᠢ ᠠᠰᠢᠭᠯᠠᠨ᠂ ᠠᠰᠢᠭ ᠲᠤᠰᠠ ᠶᠢᠨ ᠰᠤᠯᠢᠯᠴᠠᠭ᠎ᠠ ᠬᠢᠵᠤ᠂ ᠰᠤᠷᠭᠠᠨ ᠬᠥᠮᠤᠵᠢᠯ ᠤᠨ ᠲᠦᠪ ᠭᠤᠤᠯᠴᠢ ᠶᠢ ᠡᠪᠳᠡᠵᠤ ᠪᠠᠶᠢᠨ᠎ᠠ᠃ ︽ᠰᠤᠷᠭᠠᠨ ᠬᠥᠮᠤᠵᠢᠯ ᠤᠨ ᠶᠠᠮᠤᠨ ᠤᠨᠴᠠ ᠠᠪᠢᠶᠠᠰᠲᠠᠢ ᠰᠤᠷᠤᠭᠴᠢ ᠶᠢᠨ ᠠᠢ᠂ ᠲᠦᠷᠤᠯ ᠬᠡᠯᠪᠡᠷᠢ᠂ ᠬᠤᠪᠢ ᠶᠢᠨ ᠦᠷᠳᠡᠭ ᠵᠢᠴᠢ ᠬᠡᠪᠴᠢᠶ᠎ᠡ ᠵᠡᠷᠭᠡ ᠶᠢ ᠪᠠᠭᠳᠠᠭᠠᠭᠰᠠᠨ ᠤᠨᠴᠠ ᠠᠪᠢᠶᠠᠰᠲᠠᠢ ᠰᠤᠷᠤᠭᠴᠢ ᠶᠢᠨ ᠲᠦᠷᠤ ᠶᠢᠨ ᠪᠤᠳᠤᠯᠭ᠎ᠠ ᠶᠢ ᠴᠦᠮ ᠠᠯᠬᠤᠮ ᠠᠯᠬᠤᠮ ᠢᠶᠠᠷ ᠪᠠᠭᠠᠰᠬᠠᠵᠤ ᠪᠠᠶᠢᠭ᠎ᠠ ᠤᠴᠢᠷ ᠠᠴᠠ ᠪᠦᠬᠦᠳᠡ ᠶᠢ ᠦᠭᠡᠶᠢᠰᠭᠡᠬᠦ ᠨᠢ ᠵᠠᠶᠢᠯᠠᠰᠢ ᠦᠭᠡᠢ ᠶᠤᠮ᠃︾ ᠲᠤᠮᠳᠠᠳᠤ ᠤᠯᠤᠰ ᠤᠨ ᠰᠤᠷᠭᠠᠨ ᠬᠥᠮᠤᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠥᠷᠢᠶᠡᠯᠡᠩ ᠤᠨ ᠫᠷᠤᠹᠧᠰᠰᠤᠷ ᠵᠠᠩ ᠨᠠᠨ ᠰᠢᠩ ᠤᠯᠠᠮ ᠨᠢᠭᠡ ᠠᠯᠬᠤᠮ ᠵᠠᠳᠠᠯᠬᠤ ᠳᠠᠭᠠᠨ᠂ ᠲᠦᠷᠤ ᠶᠢᠨ ᠪᠤᠳᠤᠯᠭ᠎ᠠ ᠶᠢᠨ ᠤᠳᠬ᠎ᠠ ᠶᠢᠨ ᠬᠤᠪᠢ ᠳᠠᠬᠢ ︽ᠤᠨᠴᠠ ᠠᠪᠢᠶᠠᠰᠲᠠᠢ ᠰᠤᠷᠤᠭᠴᠢ︾ ᠠᠷᠢᠯᠤᠭᠰᠠᠨ ᠪᠤᠯᠤᠭᠰᠠᠨ ᠪᠤᠯᠪᠠᠴᠤ ᠰᠤᠷᠭᠠᠨ ᠬᠥᠮᠤᠵᠢᠯ ᠤᠨ ᠤᠳᠬ᠎ᠠ ᠶᠢᠨ ᠬᠤᠪᠢ ᠳᠠᠬᠢ ︽ᠤᠨᠴᠠ ᠠᠪᠢᠶᠠᠰᠲᠠᠢ ᠰᠤᠷᠤᠭᠴᠢ︾ ᠬᠠᠷᠢᠨ ᠠᠮᠢᠯᠠᠭᠰᠠᠨ ᠪᠠᠶᠢᠨ᠎ᠠ᠃ ᠦᠩᠭᠡᠷᠡᠭᠰᠡᠨ ᠤ ᠲᠡᠷᠡᠬᠦ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠪᠠᠷ ᠬᠡᠪ ᠲᠠᠭᠤᠷᠢᠶᠠᠯ ᠪᠤᠯᠭᠠᠵᠤ ᠪᠠᠶᠢᠬᠰᠠᠨ ︽ᠤᠨᠴᠠ ᠠᠪᠢᠶᠠᠰ︾ ᠤᠨ ᠰᠤᠷᠭᠠᠨ ᠬᠥᠮᠤᠵᠢᠯ ᠨᠢ ᠤᠨᠴᠠᠯᠢᠬᠳᠤ ᠰᠤᠷᠭᠠᠨ ᠬᠥᠮᠤᠵᠢᠯ᠂ ᠦᠪᠡᠷᠮᠢᠴᠠ ᠰᠤᠷᠭᠠᠨ ᠬᠥᠮᠤᠵᠢᠯ ᠢᠶᠠᠷ ᠤᠷᠤᠯᠠᠭᠳᠠᠬᠤ ᠪᠤᠯᠤᠨ᠎ᠠ᠂ ᠰᠤᠷᠤᠭᠴᠢ ᠨᠢᠭᠡᠪᠤᠷᠢ ᠲᠠᠬᠢᠵᠤ ᠤᠨᠴᠠ ᠠᠪᠢᠶᠠᠰᠲᠠᠢ ᠰᠤᠷᠤᠭᠴᠢ ᠡᠯᠰᠡᠬᠦ ᠲᠦᠷᠢᠮ ᠤᠨ ᠲᠡᠳᠡᠭᠡᠷ ᠤᠨᠴᠠ ᠠᠪᠢᠶᠠᠰ ᠲᠤ ᠬᠢᠵᠠᠭᠠᠷᠯᠠᠭᠳᠠᠬᠤ ᠦᠭᠡᠢ ᠪᠤᠯᠵᠤ᠂ ᠪᠤᠢ ᠪᠦᠬᠦᠢ ᠰᠤᠷᠤᠭᠴᠢ ᠴᠦᠮ ᠦᠪᠡᠷ ᠤᠨ ᠠᠳᠠᠯᠢ ᠪᠤᠰᠤ ᠲᠠᠯ᠎ᠠ ᠶᠢᠨ ᠲᠤᠷ᠎ᠠ ᠰᠤᠨᠢᠷᠬᠠᠯ ᠪᠠ ᠠᠪᠢᠶᠠᠰ ᠴᠢᠳᠠᠪᠤᠷᠢ ᠪᠠᠨ ᠲᠤᠪᠤᠶᠢᠯᠭᠠᠨ ᠢᠯᠡᠷᠡᠬᠦᠯᠵᠤ ᠪᠤᠯᠤᠨ᠎ᠠ᠃ ᠡᠶᠢᠮᠤ ᠠᠴᠠ ᠬᠤᠶᠢᠰᠢᠳᠡ ᠬᠥᠮᠤᠨ ᠪᠦᠬᠦᠨ ᠴᠦᠮ ︽ᠤᠨᠴᠠ ᠠᠪᠢᠶᠠᠰᠲᠠᠢ ᠰᠤᠷᠤᠭᠴᠢ︾ ᠪᠠᠶᠢᠵᠤ ᠪᠤᠯᠤᠨ᠎ᠠ ᠭᠡᠵᠠᠢ᠃ ᠵᠠᠩ ᠨᠠᠨ ᠰᠢᠩ ᠤᠨ ᠦᠵᠡᠬᠦ ᠪᠠᠷ᠂ ᠤᠨᠴᠠ ᠠᠪᠢᠶᠠᠰᠲᠠᠢ ᠰᠤᠷᠤᠭᠴᠢ ᠬᠢᠭᠡᠳ ᠤᠨᠴᠠ ᠠᠪᠢᠶᠠᠰ ᠦᠭᠡᠢ ᠰᠤᠷᠤᠭᠴᠢ ᠶᠢᠨ ᠲᠦᠷᠤ ᠶᠢᠨ ᠪᠤᠳᠤᠯᠭ᠎ᠠ ᠵᠢᠴᠢ ᠲᠡᠨᠢᠨ ᠮᠡᠳᠡᠷᠡᠬᠦᠢ ᠶᠢᠨ ᠵᠠᠭᠠᠭ ᠬᠢᠵᠠᠭᠠᠷ ᠢ ᠡᠪᠳᠡᠭᠰᠡᠨ ᠤ ᠲᠠᠷᠠᠭ᠎ᠠ᠂ ᠨᠡᠶᠢᠭᠡᠮ ᠤᠨ ᠰᠤᠷᠭᠠᠨ ᠬᠥᠮᠤᠵᠢᠯ ᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠢᠯᠢᠳᠡᠭ ᠨᠢ ᠦᠯᠡᠳᠡᠵᠤ ᠰᠢᠭᠠᠷᠤ ᠨᠢ ᠰᠢᠭᠰᠢᠭᠳᠡᠬᠦ ᠶᠠᠪᠤᠴᠠ ᠶᠢ ᠦᠩᠭᠡᠷᠡᠬᠦᠯᠬᠦ ᠪᠤᠯᠤᠨ᠎ᠠ᠃ ᠲᠡᠳᠡᠭᠡᠷ ᠬᠡᠳᠤᠷᠭᠡᠢ ᠶᠠᠭᠠᠷᠠᠵᠤ ᠬᠥᠮᠤᠵᠢᠬᠦᠯᠬᠦ᠂ ᠠᠰᠢᠭ ᠬᠠᠷᠠᠬᠤ ᠴᠢᠨᠠᠷᠳᠠᠢ ᠪᠤᠯᠪᠠᠰᠤᠷᠠᠭᠤᠯᠤᠯ ᠤᠨ ᠠᠷᠭ᠎ᠠ ᠪᠠᠷᠢᠯ ᠨᠢ ᠤᠷᠤᠩᠨᠠᠬᠤ ᠭᠠᠵᠠᠷ ᠦᠭᠡᠢ ᠪᠤᠯᠵᠤ᠂ ᠤᠨᠴᠠ ᠠᠪᠢᠶᠠᠰ ᠤᠨ ᠲᠦᠯᠤᠭᠡ ᠤᠨᠴᠠ ᠴᠢᠳᠠᠪᠤᠷᠢ ᠶᠢᠨ ᠪᠤᠯᠪᠠᠰᠤᠷᠠᠭᠤᠯᠤᠯ ᠬᠢᠬᠦ᠂ ᠰᠢᠯᠭᠠᠬᠤ ᠶᠢᠨ ᠲᠦᠯᠤᠭᠡ ᠰᠢᠯᠭᠠᠬᠤ ᠰᠤᠷᠭᠠᠨ ᠬᠥᠮᠤᠵᠢᠯ ᠨᠢ ᠶᠠᠪᠤᠬᠤ ᠲᠤᠳᠤᠮ ᠵᠠᠬ᠎ᠠ ᠲᠡᠯᠭᠡᠬᠦᠷ ᠦᠭᠡᠢ ᠪᠤᠯᠤᠨ᠎ᠠ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1