ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠳᠤ ᠳᠠᠪᠤᠨ ᠲᠦᠷᠦᠯ ᠤᠨ ᠨᠦᠬᠦᠪᠦᠷᠢ ᠨᠡᠮᠡᠭᠳᠡᠪᠡ
ᠨᠡᠶᠢᠲᠡᠯᠡᠭᠰᠡᠨ ᠴᠠᠭ᠄
2018-04-11
     ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠭᠡᠳᠡᠭ ᠪᠤᠯ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ᠂ ᠮᠠᠯᠴᠢᠨ ᠳᠠᠷᠢᠶᠠᠴᠢᠨ ᠰᠠᠶᠢᠨ ᠳᠤᠷ᠎ᠠ ᠠᠴᠠ ᠪᠠᠨ ᠤᠷᠤᠯᠴᠠᠬᠤ᠂ ᠬᠤᠪᠢ ᠬᠦᠮᠦᠨ᠂ ᠬᠠᠮᠳᠤ ᠂ ᠵᠠᠰᠠᠭ ᠤᠨ ᠤᠷᠳᠤᠨ ᠤᠯᠠᠨ ᠳᠠᠯ᠎ᠠ ᠪᠠᠷ ᠬᠠᠮᠳᠤᠪᠠᠷ ᠪᠡᠯᠡ ᠴᠤᠭᠯᠠᠭᠤᠯᠬᠤ᠂ ᠬᠦᠨᠳᠤ ᠡᠪᠡᠳᠴᠢᠳᠡᠨ ᠢ ᠨᠢᠭᠡᠳᠦᠯᠳᠡᠢ ᠳᠤᠬᠢᠷᠠᠭᠤᠯᠤᠨ ᠡᠮᠨᠡᠬᠦᠯᠬᠦ ᠪᠠᠷ ᠭᠤᠤᠯᠳᠠᠭᠤᠯᠤᠭᠰᠠᠨ ᠮᠠᠯᠴᠢᠨ ᠳᠠᠷᠢᠶᠠᠴᠢᠨ ᠢ ᠡᠮ ᠡᠮᠨᠡᠯᠭᠡ ᠪᠠᠷ ᠳᠤᠰᠠᠯᠠᠬᠤ ᠠᠵᠤ ᠠᠬᠤᠢ ᠶᠢᠨ ᠲᠦᠷᠢᠮ ᠶᠤᠮ᠃ 2002 ᠤᠨ ᠳᠤ᠂ ᠮᠠᠨ ᠤ ᠤᠯᠤᠰ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠦᠷᠢᠮ ᠢ ᠪᠠᠶᠢᠭᠤᠯᠬᠤ ᠪᠠᠷ ᠳᠤᠳᠤᠷᠬᠠᠢ ᠳᠤᠭᠳᠠᠭᠠᠵᠤ᠂ 2009 ᠤᠨ ᠳᠤ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢ ᠬᠦᠳᠡᠭᠡ ᠳᠤᠰᠬᠤᠨ ᠤ ᠡᠮ ᠡᠮᠨᠡᠯᠭᠡ ᠶᠢᠨ ᠪᠠᠳᠤᠯᠠᠪᠤᠷᠢ ᠶᠢᠨ ᠲᠦᠷᠢᠮ ᠪᠤᠯᠭᠠᠬᠤ ᠪᠠᠷ ᠳᠤᠭᠳᠠᠭᠠᠵᠠᠢ᠃ ᠳᠤᠰ ᠲᠦᠷᠢᠮ ᠢ ᠭᠡᠷᠡᠭᠵᠢᠬᠦᠯᠦᠭᠰᠡᠨ ᠠᠴᠠ ᠨᠠᠰᠢ ᠳᠠᠩᠰᠠ ᠳᠠᠶᠢᠯᠬᠤ ᠬᠠᠷᠢᠴᠠᠯ ᠲᠠᠰᠤᠷᠠᠯᠲᠠ ᠥᠬᠡᠢ ᠨᠡᠮᠡᠭᠳᠡᠨ᠂ ᠨᠢᠳᠤᠨᠤᠨ ᠤ ᠬᠢ ᠲᠠᠢ ᠬᠠᠷᠢᠴᠠᠭᠤᠯᠪᠠᠯ ᠡᠨᠡ ᠵᠢᠯ ᠮᠠᠯᠴᠢᠨ ᠳᠠᠷᠢᠶᠠᠴᠢᠨ ᠤ ᠬᠦᠮᠦᠨ ᠳᠤᠮᠳᠠᠴᠢ ᠶᠢᠨ ᠳᠠᠩᠰᠠ ᠳᠠᠶᠢᠯᠬᠤ ᠬᠠᠷᠢᠴᠠᠯ ᠨᠢ 30 ᠲᠦᠭᠦᠷᠢᠭ ᠨᠡᠮᠡᠭᠳᠡᠵᠦ ᠬᠦᠮᠦᠨ ᠪᠦᠷᠢ 450 ᠲᠦᠭᠦᠷᠢᠭ ᠲᠤ ᠬᠦᠷᠪᠡ᠃ ᠡᠬᠦᠨ ᠠᠴᠠ ᠭᠠᠳᠠᠨ᠎ᠠ ᠪᠠᠰᠠ᠂ ᠡᠨᠡ ᠵᠢᠯ ᠤᠯᠤᠰ ᠠᠴᠠ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠳᠤ ᠰᠢᠨ᠎ᠡ ᠪᠠᠷ ᠳᠤᠬᠢᠷᠠᠭᠤᠯᠤᠯᠳᠠ ᠬᠢᠵᠦ᠂ ᠤᠳᠤᠬᠠᠨ ᠤ ᠬᠦᠳᠡᠭᠡ ᠳᠤᠰᠬᠤᠨ ᠤ ᠮᠠᠯᠴᠢᠨ ᠳᠠᠷᠢᠶᠠᠴᠢᠨ ᠳᠤ ᠳᠤᠯᠭᠠᠷᠠᠵᠤ ᠪᠠᠶᠢᠭ᠎ᠠ ︽ᠡᠪᠡᠳᠴᠢᠨ ᠦᠵᠡᠬᠦᠯᠬᠦ ᠳᠤ ᠬᠦᠴᠢᠷᠳᠡᠢ︾ ᠠᠰᠠᠭᠤᠳᠠᠯ ᠳᠤ ᠴᠢᠭᠯᠡᠬᠦᠯᠵᠦ᠂ ᠳᠠᠪᠤᠨ ᠲᠦᠷᠦᠯ ᠤᠨ ᠨᠦᠬᠦᠪᠦᠷᠢ ᠶᠢ ᠰᠢᠨ᠎ᠡ ᠪᠠᠷ ᠨᠡᠮᠡᠭᠳᠡᠬᠦᠯᠪᠡ᠃ ᠬᠠᠮᠤᠬ ᠤᠨ ᠴᠢᠬᠤᠯᠠ ᠨᠢ ᠭᠡᠰᠡᠭ ᠬᠦᠮᠦᠰ ᠤᠨ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠰᠦᠢᠳᠭᠡᠯ ᠢ ᠨᠢ ᠭᠡᠯᠳᠦᠷᠢᠬᠦᠯᠬᠦ ᠬᠠᠷᠠᠭᠠᠯᠵᠠᠯ ᠢ ᠰᠢᠭᠤᠳ ᠬᠦᠷᠲᠡᠵᠦ ᠪᠤᠯᠤᠨ᠎ᠠ᠃ ᠠᠯᠢ ᠳᠠᠪᠤᠨ ᠲᠦᠷᠦᠯ ᠤᠨ ᠨᠦᠬᠦᠪᠦᠷᠢ ᠶᠢ ᠰᠢᠨ᠎ᠡ ᠪᠠᠷ ᠨᠡᠮᠡᠭᠰᠡᠨ ᠪᠤᠢ︖ ᠶᠠᠮᠠᠷ ᠭᠡᠳᠤᠨ ᠲᠦᠷᠦᠯ ᠤᠨ ᠬᠦᠮᠦᠰ ᠤᠨ ᠰᠦᠢᠳᠭᠡᠯ ᠢ ᠭᠡᠯᠳᠦᠷᠢᠬᠦᠯᠬᠦ ᠪᠤᠯ︖ ᠰᠢᠨ᠎ᠡ ᠪᠠᠷ ᠨᠡᠮᠡᠭᠳᠡᠭᠰᠡᠨ ᠨᠦᠬᠦᠪᠦᠷᠢ ᠭᠤᠤᠯᠳᠠᠭᠤ᠄ ᠨᠢᠭᠡ᠂ ᠬᠦᠨᠳᠦ ᠡᠪᠡᠳᠴᠢᠳᠡᠨ ᠢ ᠠᠪᠤᠷᠠᠨ ᠳᠤᠰᠠᠯᠠᠬᠤ ᠨᠦᠬᠦᠪᠦᠷᠢ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠳᠤᠰ ᠪᠡᠶ᠎ᠡ ᠨᠢ ᠳᠠᠷᠤᠢ ᠬᠦᠨᠳᠦ ᠡᠪᠡᠳᠴᠢᠳᠡᠨ ᠤ ᠡᠮᠨᠡᠬᠦᠯᠬᠦ ᠶᠢ ᠨᠢᠭᠡᠳᠦᠯᠳᠡᠢ ᠳᠤᠬᠢᠷᠠᠭᠤᠯᠬᠤ ᠪᠠᠷ ᠭᠤᠤᠯᠳᠠᠭᠤᠯᠤᠭᠰᠠᠨ ᠡᠮ ᠡᠮᠨᠡᠯᠭᠡ ᠶᠢᠨ ᠪᠠᠳᠤᠯᠠᠪᠤᠷᠢ ᠶᠢᠨ ᠲᠦᠷᠢᠮ ᠶᠤᠮ᠃ ᠭᠡᠯᠡᠯᠭᠡᠨ ᠦᠭᠡᠢ᠂ ᠪᠤᠳᠠᠳᠤ ᠠᠮᠢᠳᠤᠷᠠᠯ ᠤᠨ ᠳᠤᠮᠳᠠ ᠬᠦᠳᠡᠭᠡ ᠳᠤᠰᠬᠤᠨ ᠳᠤ ᠬᠦᠨᠳᠦ ᠡᠪᠡᠳᠴᠢᠨ ᠢ ᠡᠮᠨᠡᠬᠦᠯᠦᠭᠰᠡᠨ ᠠᠴᠠ ᠨᠢᠭᠡᠯᠡ ᠰᠦᠨᠢ ᠶᠢᠨ ᠬᠤᠭᠤᠷᠤᠨᠳᠤ ᠳᠠᠬᠢᠭᠠᠳ ᠶᠠᠳᠠᠭᠤᠷᠠᠭᠰᠠᠨ ᠭᠡᠷ ᠪᠦᠯᠢ ᠮᠤᠩ ᠦᠭᠡᠢ᠂ ᠡᠶᠢᠮᠦ ᠠᠴᠠ ᠮᠠᠯᠴᠢᠨ ᠳᠠᠷᠢᠶᠠᠴᠢᠨ ᠤ ︽ᠬᠦᠨᠳᠤ ᠡᠪᠡᠳᠴᠢᠨ ᠢᠶᠠᠷ ᠶᠠᠳᠠᠭᠤᠷᠠᠬᠤ︾ ᠪᠠᠶᠢᠳᠠᠯ ᠢ ᠨᠠᠮᠳᠠᠭᠤᠯᠬᠤ ᠶᠢᠨ ᠲᠦᠯᠦᠭᠡ᠂ ᠳᠤᠬᠢᠷᠠᠭᠤᠯᠤᠯᠳᠠ ᠬᠢᠭᠰᠡᠨ ᠤ ᠳᠠᠷᠠᠭᠠᠬᠢ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠰᠢᠨ᠎ᠡ ᠳᠤᠭᠳᠠᠭᠠᠯ ᠭᠠᠷᠭᠠᠪᠠ᠄ ᠳᠠᠷᠤᠢ ᠬᠦᠨᠳᠦ ᠡᠪᠡᠳᠴᠢᠨ ᠳᠤ ᠨᠡᠷᠪᠡᠭᠳᠡᠭᠰᠡᠳ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠪᠠᠷ 70% ᠤᠷᠴᠢᠮ ᠤᠨ ᠡᠮᠨᠡᠬᠦᠯᠦᠭᠰᠡᠨ ᠰᠦᠢᠳᠭᠡᠯ ᠢᠶᠠᠨ ᠰᠢᠭᠤᠳ ᠳᠠᠩᠰᠠ ᠳᠠᠶᠢᠯᠤᠭᠤᠯᠵᠤ ᠪᠤᠯᠤᠨ᠎ᠠ᠃ ᠬᠤᠶᠠᠷ᠂ ᠳᠤᠰᠬᠠᠢ ᠲᠦᠷᠦᠯ ᠤᠨ ᠡᠪᠡᠳᠴᠢᠨ ᠳᠤ ᠨᠡᠷᠪᠡᠭᠳᠡᠭᠰᠡᠳ ᠢ ᠠᠪᠤᠷᠠᠨ ᠳᠤᠰᠠᠯᠠᠬᠤ ᠨᠦᠬᠦᠪᠦᠷᠢ ᠭᠤᠷᠪᠠ᠂ ᠦᠷᠬᠦᠯᠵᠢ ᠳᠤᠬᠢᠶᠠᠯᠳᠤᠳᠠᠭ ᠡᠪᠡᠳᠴᠢᠨ ᠤ ᠬᠡᠮᠵᠢᠶ᠎ᠠ ᠳᠤᠭᠳᠠᠬᠤ ᠦᠬᠡᠢ ᠪᠠᠷ ᠡᠮᠨᠡᠬᠦᠯᠬᠦ ᠨᠦᠬᠦᠪᠦᠷᠢ ᠲᠦᠷᠪᠡ᠂ ᠤᠳᠠᠭᠠᠨ ᠴᠢᠨᠠᠷᠳᠠᠢ ᠡᠪᠡᠳᠴᠢᠨ ᠢ ᠰᠢᠭᠤᠳ ᠳᠠᠩᠰᠠ ᠳᠠᠶᠢᠯᠬᠤ ᠨᠦᠬᠦᠪᠦᠷᠢ ᠠᠩᠬᠠᠷᠠᠭᠤᠰᠢᠳᠠᠢ ᠨᠢ᠂ ᠲᠡᠭᠡᠷ᠎ᠡ ᠳᠤᠷᠠᠳᠤᠭᠰᠠᠨ ᠭᠤᠷᠪᠠᠨ ᠲᠦᠷᠦᠯ ᠤᠨ ᠰᠢᠨ᠎ᠡ ᠪᠠᠷ ᠨᠡᠮᠡᠭᠳᠡᠭᠰᠡᠨ ᠨᠦᠬᠦᠪᠦᠷᠢ ᠶᠢᠨ ᠪᠤᠳᠠᠳᠠᠢ ᠨᠦᠬᠦᠪᠦᠷᠢᠯᠡᠬᠦ ᠪᠠᠷᠢᠮᠵᠢᠶ᠎ᠠ ᠶᠢ ᠡᠯ᠎ᠡ ᠮᠤᠵᠢ ᠬᠤᠳᠠ ᠶᠢᠨ ᠲᠤᠬᠳᠠᠭᠠᠯ ᠠᠳᠠᠯᠢ ᠪᠤᠰᠤ ᠪᠠᠶᠢᠳᠠᠭ ᠠᠴᠠ ᠳᠤᠬᠠᠢ ᠶᠢᠨ ᠭᠠᠵᠠᠷ ᠤᠨ ᠳᠤᠰᠬᠤᠨ ᠤ ᠵᠦᠪᠯᠡᠯ ᠠᠴᠠ ᠯᠠᠪᠯᠠᠬᠤ ᠴᠢᠬᠤᠯᠠᠳᠠᠢ᠃ ᠳᠠᠪᠤ᠂ ᠪᠦᠬᠦ ᠰᠦᠢᠳᠭᠡᠯ ᠢ ᠨᠢ ᠳᠤᠰᠢᠶᠠᠵᠤ ᠦᠭᠬᠦ ᠨᠦᠬᠦᠪᠦᠷᠢ ᠪᠦᠬᠦ ᠰᠦᠢᠳᠭᠡᠯ ᠢ ᠨᠢ ᠳᠤᠰᠢᠶᠠᠵᠤ ᠦᠭᠬᠦ ᠭᠡᠳᠡᠭ ᠨᠢ ᠭᠡᠷᠡᠭ ᠲᠡᠭᠡᠷ᠎ᠡ ᠪᠠᠨ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠳᠤᠰᠢᠶᠠᠬᠤ ᠰᠦᠢᠳᠭᠡᠯ ᠢ ᠨᠢ ᠭᠡᠯᠳᠦᠷᠢᠬᠦᠯᠦᠨ᠎ᠡ ᠭᠡᠰᠡᠨ ᠦᠭᠡ ᠶᠤᠮ᠃ ᠭᠡᠬᠦ ᠳᠡᠭᠡᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠦᠢᠳᠭᠡᠯ ᠢ ᠭᠡᠯᠳᠦᠷᠢᠬᠦᠯᠬᠦ ᠬᠠᠷᠠᠭᠠᠯᠵᠠᠯ ᠬᠦ᠋ᠷᠲᠡᠬᠦ ᠵᠢᠷᠭᠤᠭᠠᠨ ᠲᠦᠷᠦᠯ ᠤᠨ ᠬᠦᠳᠡᠭᠡ ᠳᠤᠰᠬᠤᠨ ᠤ ᠬᠦᠮᠦᠰ ᠪᠤᠯ ᠳᠠᠷᠤᠢ᠄ ᠬᠦᠳᠡᠭᠡ ᠳᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠡᠷᠦᠭᠡ︔ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠲᠡᠯᠲᠡᠢ ᠡᠷᠦᠭᠡ︔ ᠬᠦᠳᠡᠭᠡ ᠳᠤᠰᠬᠤᠨ ᠤ ᠳᠠᠪᠤᠨ ᠪᠠᠳᠤᠯᠠᠭᠠᠳᠤ ᠡᠷᠦᠭᠡ︔ ᠬᠦᠳᠡᠭᠡ ᠳᠤᠰᠬᠤᠨ ᠤ ᠵᠡᠮᠳᠡᠭᠴᠤᠤᠯ︔ ᠬᠦᠳᠡᠭᠡ ᠳᠤᠰᠬᠤᠨ ᠤ ᠦᠨᠳᠦᠷ ᠨᠠᠰᠤᠳᠠᠨ︔ ᠬᠦᠳᠡᠭᠡ ᠳᠤᠰᠬᠤᠨ ᠤ ᠲᠦᠯᠦᠪᠯᠡᠭᠡᠳᠦ ᠦᠷᠡᠵᠢᠯ ᠤᠨ ᠤᠨᠴᠠᠭᠠᠢ ᠭᠡᠷ ᠪᠦᠯᠢ᠃ ᠭᠡᠭᠦ ᠳᠡᠭᠡᠨ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠬᠠᠮᠢᠶ᠎ᠠ ᠪᠦᠬᠦᠢ ᠲᠤᠬᠳᠠᠭᠠᠯ ᠢ ᠦᠨᠳᠦᠰᠦᠯᠡᠪᠡᠯ᠂ ᠲᠤᠤᠷᠠᠬᠢ ᠮᠡᠳᠦ ᠶᠢᠨ ᠭᠡᠳᠦᠨ ᠪᠠᠶᠢᠳᠠᠯ ᠳᠤ ᠲᠠᠩᠰᠠ ᠲᠠᠶᠢᠯᠵᠤ ᠲᠡᠶᠢᠯᠬᠦ ᠦᠭᠡᠢ᠄ 1᠂ ᠲᠤᠰᠬᠠᠢᠢᠯᠠᠨ ᠲᠤᠬᠳᠠᠬᠰᠠᠨ ᠡᠮᠨᠡᠯᠭᠡ ᠶᠢᠨ ᠪᠠᠶᠢᠭᠤᠯᠤᠮᠵᠢ ᠳᠤ ᠡᠮᠨᠡᠬᠦᠯᠦᠭᠰᠡᠨ ᠦᠭᠡᠢ ᠪᠠᠶᠢᠳᠠᠯ᠃ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠳᠤ ᠤᠷᠤᠯᠴᠠᠬᠰᠠᠨ ᠮᠠᠯᠴᠢᠨ ᠲᠠᠷᠢᠶᠠᠴᠢᠨ ᠡᠪᠡᠳᠴᠢᠨ ᠢᠶᠠᠨ ᠡᠮᠨᠡᠭᠦᠯᠭᠦ ᠳᠡᠭᠡᠨ ᠡᠩ ᠲᠡᠷᠢᠭᠦᠨ ᠳᠤ ᠲᠤᠬᠳᠠᠬᠰᠠᠨ ᠡᠮᠨᠡᠯᠭᠡ ᠶᠢᠨ ᠪᠠᠶᠢᠭᠤᠯᠤᠮᠵᠢ ᠳᠤ ᠤᠴᠢᠪᠡᠯ ᠵᠤᠬᠢᠨ᠎ᠠ᠃ ᠬᠡᠷᠪᠡ ᠲᠤᠬᠳᠠᠬᠰᠠᠨ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡ ᠶᠢᠨ ᠨᠦᠭᠦᠴᠡᠯ ᠨᠢ ᠬᠢᠵᠠᠭᠠᠷᠳᠠᠢ ᠪᠠᠶᠢᠵᠤ ᠲᠡᠭᠡᠷ ᠎ᠡ ᠨᠢᠭᠡ ᠲᠡᠰ ᠤᠨ ᠡᠮᠨᠡᠯᠭᠡ ᠶᠢᠨ ᠬᠤᠷᠢᠶ᠎ᠠ ᠶᠢ ᠰᠤᠯᠢᠬᠤ ᠬᠡᠷᠡᠭᠴᠡᠭᠡ ᠲᠠᠢ ᠪᠤᠯ᠂ ᠡᠷᠭᠡᠪᠰᠢ ᠤᠷᠢᠳᠴᠢᠯᠠᠨ ᠡᠮᠨᠡᠯᠭᠡ ᠶᠢᠨ ᠬᠤᠷᠢᠶ᠎ᠠ ᠰᠤᠯᠢᠬᠤ ᠭᠠᠷ ᠬᠦᠢᠴᠡᠳᠭᠡᠯ ᠢᠶᠠᠨ ᠬᠦᠢᠴᠡᠳᠭᠡᠬᠦ ᠬᠡᠷᠡᠭᠳᠡᠢ᠃ ᠡᠩ ᠤᠨ ᠪᠠᠶᠢᠳᠠᠯ ᠲᠤᠤᠷ᠎ᠠ᠂ ᠰᠢᠶᠠᠩ ᠪᠠᠯᠭᠠᠰᠤ ᠶᠢᠨ ᠡᠮᠨᠡᠯᠭᠡ ᠶᠢᠨ ᠬᠤᠷᠢᠶ᠎ᠠ ᠶᠢᠨ ᠲᠠᠩᠰᠠ ᠲᠠᠶᠢᠯᠬᠤ ᠬᠠᠷᠢᠴᠠᠯ ᠨᠢ ᠬᠠᠮᠤᠭ ᠤᠨ ᠦᠨᠳᠦᠷ ᠪᠠᠶᠢᠵᠤ᠂ 90% ᠲᠤ ᠭᠦᠷᠳᠡᠭ᠃ 2᠂ ᠵᠦᠪᠰᠢᠶᠡᠷᠡᠯ ᠤᠯᠤᠬᠰᠠᠨ ᠦᠭᠡᠢ ᠪᠠᠷ ᠡᠮᠨᠡᠯᠭᠡ ᠶᠢᠨ ᠬᠤᠷᠢᠶ᠎ᠠ ᠰᠤᠯᠢᠬᠰᠠᠨ ᠪᠠᠶᠢᠳᠠᠯ᠃ ᠰᠢᠨ᠎ᠡ ᠮᠠᠶᠢᠭ ᠤᠨ ᠬᠤᠷᠰᠢᠬᠰᠠᠨ ᠡᠮᠨᠡᠯᠭᠡ ᠶᠢᠨ ᠲᠠᠩᠰᠠ ᠲᠠᠶᠢᠯᠬᠤ ᠲᠤᠬᠳᠠᠭᠠᠯ ᠢ ᠦᠨᠳᠦᠰᠦᠯᠡᠪᠡᠯ᠂ ᠡᠮᠨᠡᠭᠦᠯᠵᠦ ᠪᠠᠶᠢᠭ᠎ᠠ ᠡᠮᠨᠡᠯᠭᠡ ᠶᠢᠨ ᠬᠤᠷᠢᠶ᠎ᠠ ᠠᠴᠠ ᠡᠮᠨᠡᠯᠭᠡ ᠶᠢᠨ ᠬᠤᠷᠢᠶ᠎ᠠ ᠰᠤᠯᠢᠬᠤ ᠭᠠᠷ ᠭᠦᠢᠴᠡᠳᠬᠡᠯ ᠢᠶᠠᠨ ᠪᠡᠶᠡᠯᠡᠭᠦᠯᠵᠦ᠂ ᠡᠮᠨᠡᠯᠭᠡ ᠶᠢᠨ ᠬᠤᠷᠢᠶ᠎ᠠ ᠰᠤᠯᠢᠬᠤ ᠵᠦᠪᠰᠢᠶᠡᠷᠡᠯ ᠤᠯᠬᠤ ᠭᠡᠷᠡᠭᠳᠡᠢ᠃ ᠡᠰᠡ ᠲᠡᠭᠡᠪᠡᠯ ᠡᠮᠨᠡᠯᠭᠡ ᠰᠤᠯᠢᠬᠰᠠᠨ ᠤ ᠲᠠᠷᠠᠭᠠᠬᠢ ᠡᠮᠨᠡᠯᠭᠡ ᠶᠢᠨ ᠰᠦᠢᠳᠭᠡᠯ ᠢᠶᠠᠨ ᠦᠪᠡᠰᠦᠪᠡᠨ ᠬᠠᠷᠢᠭᠤᠴᠠᠬᠤ ᠪᠤᠯᠤᠨ᠎ᠠ᠃ 3᠂ ᠲᠠᠩᠰᠠ ᠲᠠᠶᠢᠯᠬᠤ ᠴᠠᠭ ᠠᠴᠠ ᠦᠩᠭᠡᠷᠡᠭᠰᠡᠨ ᠪᠠᠶᠢᠳᠠᠯ᠃ ᠮᠠᠯᠴᠢᠨ ᠲᠠᠷᠢᠶᠠᠴᠢᠨ ᠲᠠᠩᠰᠠ ᠲᠠᠶᠢᠯᠬᠤ ᠶᠢᠨ ᠴᠠᠭ ᠤᠨ ᠬᠢᠵᠠᠭᠠᠷ ᠢ ᠤᠢᠢᠯᠭᠠᠬᠤ ᠬᠡᠷᠡᠭᠳᠡᠢ᠃ ᠲᠤᠬᠳᠠᠭᠠᠯ ᠢ ᠦᠨᠳᠦᠰᠦᠯᠡᠪᠡᠯ᠂ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠠᠴᠠ ᠵᠦᠪᠭᠡᠨ ᠲᠤᠬᠠᠢ ᠶᠢᠨ ᠵᠢᠯ ᠳᠤ ᠡᠭᠦᠰᠦᠭᠰᠡᠨ ᠡᠮᠨᠡᠯᠭᠡ ᠶᠢᠨ ᠰᠦᠢᠳᠭᠡᠯ ᠢ ᠲᠠᠩᠰᠠ ᠲᠠᠶᠢᠯᠵᠤ ᠦᠭᠭᠦᠨ᠎ᠡ᠂ ᠬᠡᠷᠪᠡ ᠨᠢᠭᠡ ᠵᠢᠯ ᠠᠴᠠ ᠬᠡᠳᠦᠷᠡᠭᠰᠡᠨ ᠪᠤᠯ ᠲᠠᠩᠰᠠ ᠲᠠᠶᠢᠯᠵᠤ ᠪᠤᠯᠬᠤ ᠦᠭᠡᠢ᠃ ᠭᠡᠭᠦ ᠳᠡᠭᠡᠨ ᠪᠤᠰᠤᠳ ᠭᠠᠵᠠᠷ ᠲᠤ ᠡᠮᠨᠡᠭᠦᠯᠦᠭᠰᠡᠨ ᠪᠠᠶᠢᠳᠠᠯ ᠲᠤᠤᠷ᠎ᠠ᠂ ᠲᠠᠩᠰᠠ ᠲᠠᠶᠢᠯᠬᠤ ᠴᠠᠭ ᠤᠨ ᠬᠢᠵᠠᠭᠠᠷ ᠨᠢ 3 ᠰᠠᠷ᠎ᠠ ᠪᠠᠶᠢᠵᠤ᠂ ᠡᠨᠡᠬᠦ ᠲᠤᠬᠳᠠᠬᠰᠠᠨ ᠴᠠᠭ ᠬᠤᠭᠤᠴᠠᠭ᠎ᠠ ᠠᠴᠠ ᠬᠡᠳᠦᠷᠡᠪᠡᠯ ᠲᠠᠩᠰᠠ ᠲᠠᠶᠢᠯᠵᠤ ᠲᠡᠶᠢᠯᠬᠦ ᠦᠭᠡᠢ ᠪᠤᠯᠤᠨ᠎ᠠ᠃ 4᠂ ᠬᠡᠨᠡᠳᠳᠡ ᠶᠢᠨ ᠬᠡᠷᠡᠭ ᠶᠠᠪᠤᠳᠠᠯ ᠲᠤᠬᠢᠶᠠᠯᠳᠤᠵᠤ᠂ ᠭᠤᠷᠪᠠᠳᠠᠬᠢ ᠡᠳᠡᠭᠡᠳ ᠠᠴᠠ ᠡᠮᠨᠡᠯᠭᠡ ᠶᠢᠨ ᠰᠦᠢᠳᠭᠡᠯ ᠢ ᠬᠠᠷᠢᠭᠤᠴᠠᠬᠰᠠᠨ ᠪᠠᠶᠢᠳᠠᠯ᠃ ᠵᠢᠱᠢᠶᠡᠯᠡᠪᠡᠯ᠂ ᠵᠠᠮ ᠬᠠᠷᠢᠯᠴᠠᠭᠠᠨ ᠤ ᠠᠳᠡᠯ᠂ ᠠᠯᠪᠠᠨ ᠠᠴᠠ ᠪᠤᠯᠤᠬᠰᠠᠨ ᠰᠢᠷᠬᠠᠳᠤᠯ ᠵᠡᠷᠭᠡ ᠪᠠᠶᠢᠳᠠᠯ ᠲᠤᠤᠷ᠎ᠠ ᠬᠠᠮᠢᠶ᠎ᠠ ᠪᠦᠬᠦᠢ ᠬᠡᠷᠡᠭᠳᠡᠨ ᠠᠴᠠ ᠡᠭᠦᠰᠦᠭᠰᠡᠨ ᠰᠦᠢᠳᠭᠡᠯ ᠢ ᠲᠠᠭᠠᠭᠠᠵᠤ ᠠᠪᠬᠤ ᠪᠠᠶᠢᠳᠠᠯ ᠲᠤᠤᠷ᠎ᠠ ᠲᠠᠩᠰᠠ ᠲᠠᠶᠢᠯᠤᠭᠤᠯᠵᠤ ᠲᠡᠶᠢᠯᠬᠦ ᠦᠭᠡᠢ᠃ ᠲᠡᠭᠡᠷ᠎ᠡ ᠳᠤᠷᠠᠳᠤᠭᠰᠠᠨ ᠢ ᠶᠡᠷᠦᠩᠭᠡᠶᠢᠯᠡᠪᠡᠯ᠂ ᠡᠨᠡ ᠵᠢᠯ ᠤᠯᠤᠰ ᠠᠴᠠ ᠬᠦᠳᠡᠭᠡ ᠳᠤᠰᠬᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠲᠦᠷᠢᠮ ᠳᠤ ᠴᠢᠭᠯᠡᠬᠦᠯᠦᠨ ᠰᠢᠨ᠎ᠡ ᠪᠠᠷ ᠳᠤᠬᠢᠷᠠᠭᠤᠯᠤᠯᠳᠠ ᠬᠢᠵᠦ ᠪᠠᠶᠢᠭ᠎ᠠ ᠨᠢ ᠮᠠᠯᠴᠢᠨ ᠳᠠᠷᠢᠶᠠᠴᠢᠨ ᠤ ︽ᠡᠪᠡᠳᠴᠢᠨ ᠦᠵᠡᠬᠦᠯᠬᠦ ᠦᠨ᠎ᠡ ᠲᠠᠢ᠂ ᠡᠪᠡᠳᠴᠢᠨ ᠦᠵᠡᠬᠦᠯᠬᠦ ᠳᠤ ᠬᠦᠴᠢᠷᠲᠡᠢ︾ ᠠᠰᠠᠭᠤᠳᠠᠯ ᠢ ᠨᠠᠮᠳᠠᠭᠤᠯᠬᠤ ᠶᠢᠨ ᠲᠦᠯᠦᠭᠡ ᠶᠤᠮ᠃ ︵︽ᠳᠤᠮᠳᠠᠳᠤ ᠤᠯᠤᠰ ᠤᠨ ᠲᠠᠷᠢᠶᠠᠯᠠᠩ ᠤᠢ ᠰᠢᠭᠤᠢ ᠶᠢᠨ ᠮᠡᠷᠭᠡᠵᠢᠯ ᠤᠨ ᠰᠦᠯᠵᠢᠶ᠎ᠠ︾ ᠠᠴᠠ ᠤᠷᠴᠢᠭᠤᠯᠤᠨ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1