ᠨᠢᠭᠡ ᠤᠳᠠᠭ᠎ᠠ ᠠᠷᠢᠬᠢᠨ ᠳᠤ ᠰᠤᠭᠳᠤᠪᠠᠯ ᠶᠡᠭᠡ ᠲᠠᠷᠢᠬᠢ ᠶᠢ ᠪᠦᠲᠦᠨ ᠵᠢᠯ ᠨᠦᠯᠦᠭᠡᠯᠡᠬᠦ ᠪᠤᠯᠤᠨ᠎ᠠ
ᠨᠡᠶᠢᠲᠡᠯᠡᠭᠰᠡᠨ ᠴᠠᠭ᠄
2018-04-11
      ᠠᠷᠢᠬᠢ ᠶᠡᠭᠡ ᠤᠤᠭᠤᠬᠤ ᠨᠢ ᠠᠰᠢᠭ ᠦᠭᠡᠢ ᠭᠡᠳᠡᠭ ᠢ ᠬᠦᠮᠦᠨ ᠪᠤᠯᠭᠠᠨ ᠮᠡᠳᠡᠬᠦ ᠪᠤᠯᠪᠠᠴᠤ ᠠᠷᠢᠬᠢᠨ ᠳᠤ ᠰᠤᠭᠳᠤᠬᠤ ᠶᠢᠨ ᠤᠷᠳᠤ ᠬᠤᠭᠤᠴᠠᠭᠠᠨ ᠤ ᠨᠦᠯᠦᠭᠡ ᠶᠢ ᠠᠩᠬᠠᠷᠤᠭᠰᠠᠨ ᠬᠦᠮᠦᠨ ᠴᠦᠭᠡᠨ ᠪᠠᠢᠳᠠᠭ᠋᠃ ᠠᠮᠤᠷᠢᠺᠠ ᠶᠢᠨ ᠸᠠᠰᠢᠩᠲ᠋ᠤᠨ ᠶᠡᠭᠡ ᠰᠤᠷᠭᠠᠭᠤᠯᠢ ᠶᠢᠨ ᠰᠤᠳᠤᠯᠤᠭᠠᠴᠢ ᠤᠶᠢᠷ᠎ᠠ ᠳᠤ ︽ᠰᠢᠨᠤᠯᠳᠤ ᠠᠵᠢᠯᠯᠠᠭ᠎ᠠ︾ ᠰᠡᠳᠬᠦᠯ ᠲᠡᠭᠡᠷ᠎ᠡ ᠨᠡᠶᠢᠲᠡᠯᠡᠬᠦ ᠳᠡᠭᠡᠨ᠂ ᠨᠢᠭᠡ ᠤᠳᠠᠭ᠎ᠠ ᠠᠷᠢᠬᠢᠨ ᠳᠤ ᠰᠤᠭᠳᠤᠪᠠᠯ ᠶᠡᠭᠡ ᠲᠠᠷᠢᠬᠢ ᠶᠢ ᠨᠢᠭᠡ ᠪᠦᠲᠦᠨ ᠵᠢᠯ ᠨᠦᠯᠦᠭᠡᠯᠡᠵᠤ᠂ ᠵᠢᠯ ᠲᠤᠷᠰᠢ ᠠᠷᠢᠬᠢ ᠲᠠᠭᠠᠭᠠᠬᠤ ᠪᠠᠨ ᠪᠤᠯᠢᠬᠤ ᠮᠦᠷᠲᠡᠭᠡᠨ ᠠᠮᠠᠷᠬᠠᠨ ᠪᠦᠭᠡᠯᠵᠢᠵᠤ᠂ ᠮᠠᠨᠠᠷᠠᠬᠤ ᠪᠤᠯᠳᠠᠭ ᠭᠡᠵᠠᠢ᠃ ᠰᠤᠳᠤᠯᠭᠠᠲᠠᠨ ᠠᠮᠤᠷᠢᠺᠠ ᠶᠢᠨ 600 ᠤᠶᠤᠳᠠᠨ ᠳᠤ ᠰᠤᠳᠤᠯᠭ᠎ᠠ ᠬᠢᠵᠤ᠂ ᠠᠷᠢᠬᠢ ᠤᠤᠭᠤᠭᠰᠠᠨ ᠪᠠᠶᠢᠳᠠᠯ ᠢ ᠮᠦᠷᠲᠡᠨ ᠪᠠᠶᠢᠴᠠᠭᠠᠭᠰᠠᠨ ᠪᠠᠶᠢᠨ᠎ᠠ᠃ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠡᠳᠡᠭᠡᠷ ᠰᠤᠷᠤᠭᠴᠢᠳ ᠪᠠᠶᠢᠴᠠᠭᠠᠯᠲᠠ ᠶᠢᠨ ᠡᠳᠦᠷ ᠲᠤᠮᠳᠠᠴᠢ ᠪᠠᠷ 9.6 ᠬᠤᠨᠳᠠᠭ᠎ᠠ ᠠᠷᠢᠬᠢ ᠤᠤᠭᠤᠪᠠ᠂ ᠲᠡᠷᠡ ᠡᠳᠤᠷ ᠠᠷᠢᠬᠢᠨ ᠳᠤ ᠰᠤᠭᠳᠤᠭᠰᠠᠨ ᠰᠤᠷᠤᠭᠴᠢ ᠶᠢᠨ ᠨᠢᠭᠡ ᠵᠢᠯ ᠤᠨ ᠲᠤᠳᠤᠷᠠᠬᠢ ᠠᠷᠢᠬᠢ ᠲᠠᠭᠠᠭᠠᠬᠤ ᠬᠡᠮᠵᠢᠶ᠎ᠡ ᠨᠢ ᠴᠦᠮ ᠪᠠᠭᠤᠷᠠᠵᠤ᠂ ᠠᠮᠠᠷᠬᠠᠨ ᠰᠤᠭᠳᠤᠬᠤ ᠪᠤᠯᠵᠤ᠂ ᠪᠦᠭᠡᠯᠵᠢᠬᠦ᠂ ᠮᠠᠨᠠᠷᠠᠬᠤ ᠵᠡᠷᠭᠡ ᠪᠠᠶᠢᠳᠠᠯ ᠢᠯᠡᠷᠡᠬᠦ ᠪᠤᠯᠤᠮᠵᠢ ᠨᠢ ᠨᠡᠩ ᠶᠡᠭᠡ᠂ ᠲᠤᠭ᠎ᠠ ᠨᠢ ᠨᠡᠩ ᠠᠷᠪᠢᠨ ᠪᠤᠯᠤᠭᠰᠠᠨ ᠪᠠᠶᠢᠨ᠎ᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1