ᠭᠠᠷ ᠤᠳᠠᠰᠤ ᠪᠠᠷ ᠦᠷᠬᠦᠯᠵᠢ ᠳᠤᠭᠯᠠᠪᠠᠯ ᠳᠠᠷᠢᠬᠢ ᠦᠳᠡᠯᠦᠨ᠎ᠡ
ᠨᠡᠶᠢᠲᠡᠯᠡᠭᠰᠡᠨ ᠴᠠᠭ᠄
2018-04-11
      ᠭᠠᠷ ᠤᠳᠠᠰᠤ ᠨᠢ ᠬᠦᠮᠦᠰ ᠤᠨ ᠠᠮᠢᠳᠤᠷᠠᠯ ᠳᠤ ᠮᠠᠰᠢ ᠤᠯᠠᠨ ᠲᠦᠬᠦᠮ ᠨᠦᠬᠦᠴᠡᠯ ᠠᠪᠴᠢᠷᠠᠭᠰᠠᠨ ᠪᠤᠯᠪᠠᠴᠤ ᠬᠤᠤᠷ ᠬᠦᠨᠦᠭᠡᠯ ᠨᠢ ᠴᠤ ᠪᠠᠭ᠎ᠠ ᠪᠤᠰᠤ᠃ ᠤᠢᠢᠷ᠎ᠠ ᠳᠤ᠂ ᠠᠩᠭ᠍ᠯᠢ ᠶᠢᠨ ᠨᠢᠶᠦ᠋ᠺᠢᠨ ᠶᠡᠭᠡ ᠰᠤᠷᠭᠠᠭᠤᠯᠢ ᠶᠢᠨ ᠮᠡᠳᠡᠷᠡᠯ ᠤᠨ ᠲᠠᠰᠤᠭ ᠤᠨ ᠰᠤᠳᠤᠯᠭᠠᠳᠠᠳ ᠤᠨ ᠰᠡᠷᠡᠮᠵᠢᠯᠡᠬᠦᠯᠦᠭᠰᠡᠨ ᠢᠶᠠᠷ᠂ ᠭᠠᠷ ᠤᠳᠠᠰᠤ ᠦᠷᠬᠦᠯᠵᠢ ᠨᠠᠭᠠᠳᠪᠠᠯ ᠬᠦᠮᠦᠨ ᠤ ᠳᠠᠷᠢᠬᠢ ᠬᠦᠳᠡᠯᠬᠦ ᠨᠢ ᠤᠳᠠᠭᠠᠯᠢᠭ ᠪᠤᠯᠤᠨ᠎ᠠ᠃ ᠳᠤᠰᠬᠠᠢ ᠮᠡᠷᠭᠡᠵᠢᠯᠳᠡᠳ ᠤᠨ ᠦᠵᠡᠬᠦ ᠪᠠᠷ᠂ ᠲᠡᠭᠡᠳᠦ ᠲᠧᠭᠨᠤᠯᠤᠬᠢ ᠶᠢᠨ ᠪᠦᠳᠦᠬᠡᠭᠳᠡᠬᠦᠨ ᠢ ᠦᠷᠭᠡᠨ ᠢᠶᠠᠷ ᠠᠰᠢᠭᠯᠠᠬᠤ ᠶᠢ ᠳᠠᠭᠠᠯᠳᠤᠨ᠂ ᠤᠳᠤ ᠦᠶ᠎ᠡ ᠶᠢᠨ ᠬᠢᠨ ᠤᠯᠠᠮ ᠠᠴᠠ ᠤᠯᠠᠮ ᠳᠤᠰᠠᠭᠠᠷ ᠢᠶᠠᠨ ᠠᠰᠠᠭᠤᠳᠠᠯ ᠰᠢᠢᠳᠪᠦᠷᠢᠯᠡᠬᠦ ᠪᠠ ᠮᠡᠳᠡᠯᠭᠡ ᠬᠤᠷᠠᠮᠳᠤᠭᠤᠯᠬᠤ ᠭᠡᠷᠡᠭ ᠦᠭᠡᠢ ᠪᠤᠯᠤᠭᠰᠠᠨ᠂ ᠭᠠᠷ ᠤᠳᠠᠰᠤ ᠶᠡᠭᠡᠩᠭᠡᠢ ᠶᠢ ᠨᠢ ᠬᠠᠮᠵᠢᠭᠠᠳ ᠰᠢᠢᠳᠪᠦᠷᠢᠯᠡᠴᠢᠭᠡᠨ᠎ᠡ᠃ ᠶᠠᠬ ᠡᠶᠢᠮᠦ ᠠᠴᠠ᠂ ᠶᠡᠭᠡ ᠳᠠᠷᠢᠬᠢᠨ ᠤ ᠴᠢᠳᠠᠪᠬᠢ ︽ᠭᠡᠷᠡᠭᠯᠡᠪᠡᠯ ᠬᠦᠭᠵᠢᠵᠦ ᠭᠡᠷᠡᠭᠯᠡᠬᠦ ᠦᠭᠡᠢ ᠪᠤᠯ ᠮᠠᠭᠤᠳᠠᠳᠠᠭ︾ ᠵᠠᠷᠴᠢᠮ ᠢᠶᠠᠷ ᠴᠡᠭᠡᠵᠢᠯᠡᠬᠦ ᠴᠢᠳᠠᠪᠤᠷᠢ ᠵᠡᠷᠭᠡ ᠴᠢᠳᠠᠪᠬᠢ ᠴᠦᠮ ᠮᠠᠭᠤᠳᠠᠬᠤ ᠶᠤᠮ᠃ ᠮᠡᠷᠭᠡᠵᠢᠯ ᠳᠤ ᠲᠦᠰᠢᠭᠯᠡᠨ ᠰᠤᠷᠠᠭ ᠵᠠᠩᠬᠢ ᠤᠯᠬᠤ ᠨᠢ ᠦᠵᠡᠬᠦ ᠳᠤ ᠬᠤᠬᠢᠷᠠᠯ ᠪᠤᠯᠬᠤ ᠦᠭᠡᠢ ᠪᠤᠯᠪᠠᠴᠤ ᠦᠨᠡᠨᠳᠡᠭᠡᠨ ᠬᠦᠮᠦᠰ ᠤᠨ ᠡᠳᠦᠷ ᠳᠤᠳᠤᠮ ᠤᠨ ᠪᠤᠳᠤᠯᠢᠶᠠᠨᠳᠠᠢ ᠠᠰᠠᠭᠤᠳᠠᠯ ᠤᠨ ᠳᠤᠬᠠᠢ ᠤᠢᠢᠯᠠᠭᠠᠯᠳᠠ ᠳᠠᠨᠢᠬᠤᠢ ᠶᠢ ᠬᠦᠨᠳᠦ ᠨᠤᠴᠢᠳᠠᠢ ᠨᠦᠯᠦᠭᠡᠯᠡᠵᠦ ᠪᠠᠶᠢᠳᠠᠭ ᠭᠡᠵᠦ ᠳᠤᠰᠬᠠᠢ ᠮᠡᠷᠭᠡᠵᠢᠯᠳᠡᠳ ᠵᠢᠭᠠᠵᠤ ᠭᠠᠷᠭᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠬᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1