ᠰᠠᠭᠠᠯᠢ ᠶᠢᠨ ᠦᠨᠢᠶᠠᠨ ᠳᠤ ᠡᠮ ᠭᠡᠷᠡᠭᠯᠡᠬᠦ ᠳᠤ ᠪᠠᠨ ᠠᠩᠬᠠᠷᠬᠤ ᠵᠦᠢᠯ
ᠨᠡᠶᠢᠲᠡᠯᠡᠭᠰᠡᠨ ᠴᠠᠭ᠄
2018-04-11
        ᠤᠨ ᠪᠠᠶᠢᠳᠠᠯ ᠲᠤᠤᠷ᠎ᠠ ᠰᠠᠭᠠᠯᠢ ᠶᠢᠨ ᠦᠨᠢᠶᠠᠨ ᠤ ᠭᠡᠮᠨᠡᠭᠰᠡᠨ ᠨᠢ ᠲᠡᠶᠢᠮᠤ ᠬᠦᠨᠳᠤ ᠨᠤᠴᠢᠳᠠᠢ ᠪᠢᠰᠢ ᠪᠤᠯ ᠨᠢᠶᠠᠨ ᠲᠠᠷᠤᠭᠴᠢ ᠶᠢ ᠭᠡᠷᠡᠭᠯᠡᠵᠤ ᠪᠤᠯᠬᠤ ᠦᠭᠡᠢ᠃ ᠭᠡᠷᠪᠡ ᠡᠷᠭᠡᠪᠰᠢ ᠨᠢᠶᠠᠨ ᠲᠠᠷᠤᠭᠴᠢ ᠶᠢ ᠭᠡᠷᠡᠭᠯᠡᠬᠦ ᠴᠢᠬᠤᠯᠠᠳᠠᠢ ᠪᠤᠯᠤᠭᠰᠠᠨ ᠪᠤᠯ ᠬᠠᠮᠤᠭ ᠤᠨ ᠰᠠᠶᠢᠨ ᠨᠢ ᠲᠠᠷᠢᠯᠭ᠎ᠠ ᠶᠢᠨ ᠠᠷᠭ᠎ᠠ ᠶᠢ ᠭᠡᠷᠡᠭᠯᠡᠨ᠎ᠡ᠃ ᠬᠠᠷᠢᠨ ᠡᠮ ᠤᠤᠭᠤᠯᠭᠠᠵᠤ ᠪᠤᠯᠬᠤ ᠦᠭᠡᠢ᠃ ᠤᠴᠢᠷ ᠨᠢ ᠦᠭᠡᠷ ᠪᠤᠯ ᠭᠡᠷᠭᠡᠨᠡᠭ᠂ ᠰᠠᠷᠬᠢᠨᠠᠭ᠂ ᠬᠤᠳᠤᠭᠤᠳᠤ᠂ ᠬᠦᠵᠡᠭᠡ ᠲᠠᠢ ᠠᠮᠢᠳᠠᠨ ᠪᠤᠯᠬᠤᠷ ᠡᠮ ᠴᠢᠳᠬᠤᠬᠤ ᠳᠤ ᠨᠢᠶᠠᠨ ᠲᠠᠷᠤᠭᠴᠢ ᠨᠢ ᠰᠠᠭᠠᠯᠢ ᠶᠢᠨ ᠦᠨᠢᠶᠠᠨ ᠤ ᠬᠦᠵᠡᠭᠡ ᠶᠢᠨ ᠭᠡᠰᠡᠭ ᠲᠠᠬᠢ ᠠᠰᠢᠭᠳᠠᠢ ᠮᠢᠺᠷᠤᠪ ᠢ ᠠᠯᠠᠵᠤ᠂ ᠬᠦᠵᠡᠭᠡᠨ ᠳᠠᠬᠢ ᠮᠢᠺᠷᠤᠪ ᠤᠨ ᠪᠦᠯᠦᠭᠯᠡᠯ ᠤᠨ ᠲᠡᠩᠴᠡᠬᠦᠷᠢ ᠶᠢ ᠠᠯᠳᠠᠭᠤᠯᠬᠤ ᠪᠤᠯᠤᠨ᠎ᠠ᠃ ᠰᠠᠭᠠᠯᠢ ᠶᠢᠨ ᠦᠨᠢᠶ᠎ᠡ ᠭᠡᠭᠡᠯᠳᠤᠬᠦ ᠠᠴᠠ ᠡᠮᠤᠨ᠎ᠡ ᠬᠢᠵᠢᠭ ᠰᠡᠷᠭᠡᠶᠢᠯᠡᠨ ᠪᠤᠶᠢᠵᠢᠯᠳᠠ ᠶᠢ ᠨᠢ ᠠᠬᠢᠭᠤᠯᠬᠤ ᠶᠢᠨ ᠲᠦᠯᠦᠭᠡ ᠵᠤᠬᠢᠬᠤ ᠭᠡᠮᠵᠢᠶᠠᠨ ᠤ ᠨᠢᠶᠠᠨ ᠲᠠᠷᠤᠭᠴᠢ ᠪᠠᠷ ᠲᠡᠵᠢᠭᠡᠵᠤ ᠪᠤᠯᠤᠨ᠎ᠠ᠃ ᠰᠠᠭᠠᠯᠢ ᠶᠢᠨ ᠦᠨᠢᠶᠠᠨ ᠳᠤ ᠨᠢᠶᠠᠨ ᠲᠠᠷᠤᠭᠴᠢ ᠲᠠᠷᠢᠬᠤ ᠲᠤᠭ᠎ᠠ ᠶᠢ ᠴᠤ ᠪᠤᠯᠬᠤ ᠶᠢᠨ ᠲᠤᠳᠤᠷ᠎ᠠ ᠪᠠᠭ᠎ᠠ ᠪᠠᠶᠢᠯᠭᠠᠨ᠎ᠠ᠃ ᠤᠴᠢᠷ ᠨᠢ ᠰᠠᠭᠠᠯᠢ ᠶᠢᠨ ᠦᠨᠢᠶ᠎ᠡ ᠶᠡᠷᠤ ᠨᠢ ᠠᠶᠤᠮᠠᠳᠠᠭᠠᠢ᠂ ᠬᠤᠷᠴᠠ ᠰᠡᠷᠭᠡᠭ ᠪᠠᠶᠢᠳᠠᠭ ᠠᠴᠠ ᠲᠠᠷᠢᠯᠭ᠎ᠠ ᠲᠠᠷᠢᠬᠤ ᠦᠶᠡᠰ ᠤᠨ ᠰᠡᠳᠡᠯᠳᠡ ᠨᠢ ᠦᠨᠢᠶᠠᠨ ᠤ ᠰᠦ ᠶᠢᠨ ᠭᠠᠷᠤᠯᠳᠠ ᠶᠢ ᠨᠦᠯᠦᠭᠡᠯᠡᠬᠦ ᠪᠤᠯᠤᠨ᠎ᠠ᠃ ᠸᠠᠺᠼᠢᠨ ᠲᠠᠷᠢᠬᠤ ᠨᠢ ᠴᠤ ᠰᠦ ᠶᠢᠨ ᠭᠠᠷᠤᠯᠳᠠ ᠶᠢ ᠨᠦᠯᠦᠭᠡᠯᠡᠨ᠎ᠡ᠃ ᠤᠨᠴᠠᠭᠠᠢᠢᠯᠠᠨ ᠠᠭᠠᠬᠢᠮ᠎ᠠ ᠬᠠᠯᠠᠭᠤᠨ ᠳᠤ ᠲᠠᠷᠢᠵᠤ ᠨᠡᠩ ᠪᠤᠯᠬᠤ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1