ᠢᠰᠯᠠᠮ ᠤᠨ ᠰᠦᠮ᠎ᠡ
ᠨᠡᠶᠢᠲᠡᠯᠡᠭᠰᠡᠨ ᠴᠠᠭ᠄
2018-04-12
     ᠢᠰᠯᠠᠮ ᠤᠨ ᠰᠦᠮ᠎ᠡ ᠨᠢ ᠪᠤᠭᠤᠳᠤ ᠬᠤᠲᠠ ᠶᠢᠨ ᠳ᠋ᠦᠩ ᠾᠧ ᠲᠣᠭᠤᠷᠢᠭ ᠤᠨ ᠺᠢᠯᠣᠮᠧᠳ᠋ᠷ ᠰᠦᠮ᠎ᠡ ᠭᠤᠳᠤᠮᠵᠢ ᠳᠤ ᠪᠠᠶᠢᠷᠢᠰᠢᠵᠤ ᠪᠣᠢ᠃ 3000 ᠭᠠᠷᠤᠢ ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ᠂ ᠴᠢᠩ ᠤᠨ ᠲᠡᠭᠷᠢ ᠲᠡᠳᠭᠦᠭᠴᠢ ᠶᠢᠨ ᠨᠠᠢᠮᠠᠳᠤᠭᠠᠷ ᠣᠨ ︵1743 ᠣᠨ︶᠎ ᠳᠤ ᠪᠠᠶᠢᠭᠤᠯᠤᠭᠳᠠᠵᠤ᠂ 200 ᠭᠠᠷᠤᠢ ᠵᠢᠯ ᠤᠨ ᠵᠠᠰᠠᠨ ᠰᠢᠨᠡᠴᠢᠯᠡᠬᠦ ᠪᠠᠷ ᠲᠠᠮᠵᠢᠨ ᠡᠳᠦᠬᠡ ᠨᠢᠭᠡᠨᠲᠡ ᠪᠦᠷᠢᠨ ᠲᠦᠬᠦᠷ ᠴᠢᠳᠠᠪᠬᠢ ᠲᠠᠢ ᠢᠰᠯᠠᠮ ᠤᠨ ᠰᠦᠮ᠎ᠡ ᠪᠣᠯᠵᠠᠢ᠃ ᠰᠦᠮ᠎ᠡ ᠳᠤ ᠮᠦᠷᠭᠦᠯ ᠤᠨ ᠲᠤᠭᠠᠩ᠂ ᠤᠭᠢᠶᠠᠯ ᠤᠨ ᠭᠡᠷ ᠵᠡᠷᠭᠡ ᠪᠣᠢ᠃ ᠢᠰᠯᠠᠮ ᠤᠨ ᠰᠦᠮ᠎ᠡ ᠪᠠᠷᠢᠯᠭ᠎ᠠ ᠨᠢ ᠳᠤᠮᠳᠠᠳᠤ ᠤᠯᠤᠰ ᠤᠨ ᠤᠯᠠᠮᠵᠢᠯᠠᠯᠲᠤ ᠵᠠᠰᠠᠯ ᠴᠢᠮᠡᠭᠡᠯᠡᠯ ᠤᠨ ᠠᠷᠭ᠎ᠠ ᠶᠢ ᠭᠦᠢᠴᠡᠳ ᠠᠰᠢᠭᠯᠠᠵᠤ᠂ ᠢᠰᠯᠠᠮ ᠤᠨ ᠰᠠᠱᠢᠨ ᠤ ᠣᠨᠴᠠᠯᠢᠭ ᠢ ᠪᠦᠷᠢᠨ ᠬᠠᠷᠠᠭᠤᠯᠵᠠᠢ᠃ 20 ᠳ᠋ᠤᠭᠠᠷ ᠵᠠᠭᠤᠨ ᠤ 90 ᠣᠨ ᠤ ᠤᠷᠢᠳ ᠬᠤᠵᠢᠳ ᠰᠦᠮ᠎ᠡ ᠳᠠᠬᠢ ᠵᠢᠷᠤᠭ ᠢ ᠪᠦᠬᠦ ᠲᠠᠯ᠎ᠠ ᠪᠠᠷ ᠨᠦᠬᠦᠵᠤ ᠵᠢᠷᠤᠨ᠂ ᠴᠢᠯᠦᠭᠡᠲᠡᠢ ᠨᠡᠭᠡᠭᠡᠭᠰᠡᠨ ᠢᠶᠠᠷ ᠦᠪᠦᠷ ᠮᠣᠩᠭᠤᠯ ᠤᠨ ᠪᠠᠷᠠᠭᠤᠨ ᠪᠦᠰᠡ ᠭᠠᠵᠠᠷ ᠲᠤ ᠨᠦᠯᠦᠭᠡ ᠶᠡᠬᠡᠲᠠᠢ ᠢᠰᠯᠠᠮ ᠤᠨ ᠰᠦᠮ᠎ᠡ ᠪᠣᠯᠤᠭᠰᠠᠨ ᠪᠦᠭᠡᠳ ᠮᠦᠨ ᠴᠦ ᠮᠦᠰᠯᠢᠮ ᠤᠨ ᠰᠠᠱᠢᠨ ᠤ ᠠᠵᠢᠯᠯᠠᠭ᠎ᠠ ᠶᠢᠨ ᠲᠠᠯᠠᠪᠤᠷ ᠪᠣᠯᠵᠤ᠂ ᠬᠤᠲᠠ ᠶᠢᠨ ᠲᠠᠰ ᠤᠨ ᠲᠡᠦᠬᠡ ᠶᠢᠨ ᠲᠤᠷᠠᠰᠬᠠᠯ ᠢ ᠬᠠᠮᠠᠭᠠᠯᠠᠬᠤ ᠨᠢᠭᠡᠴᠡ ᠪᠠᠷ ᠵᠢᠭᠰᠠᠭᠠᠭᠳᠠᠨ᠂ ᠳᠤᠮᠳᠠᠳᠤ ᠤᠯᠤᠰ ᠤᠨ ᠢᠰᠯᠠᠮ ᠤᠨ ᠰᠠᠱᠢᠨ ᠤ ᠨᠡᠶᠢᠭᠡᠮᠯᠢᠭ ᠠᠴᠠ ᠲᠣᠭᠳᠠᠭᠠᠭᠰᠠᠨ ᠴᠢᠬᠤᠯᠠ ᠢᠰᠯᠠᠮ ᠤᠨ ᠰᠦᠮ᠎ᠡ ᠪᠣᠯᠤᠨ᠎ᠠ᠃
 
ᠢᠷᠡᠯᠲᠡ᠄ ᠪᠤᠭᠤᠳᠤ ᠬᠤᠲᠠ ᠎ ᠶᠢᠨ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1