ᠪᠠᠳᠤᠬᠠᠭᠠᠯᠭ᠎ᠠ ᠶᠢᠨ ᠰᠦᠮ᠎ᠡ
ᠨᠡᠶᠢᠲᠡᠯᠡᠭᠰᠡᠨ ᠴᠠᠭ᠄
2018-04-12
     ᠪᠠᠳᠤᠬᠠᠭᠠᠯᠭ᠎ᠠ ᠶᠢᠨ ᠰᠦᠮ᠎ᠡ ᠪᠤᠭᠤᠳᠤ ᠬᠤᠲᠠ ᠶᠢᠨ ᠲᠠᠷᠬᠠᠨ ᠮᠣᠣᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠣᠷᠳᠤᠨ ᠪᠠᠶᠢᠭ᠎ᠠ ᠪᠠᠳᠤᠬᠠᠭᠠᠯᠭ᠎ᠠ ᠪᠠᠯᠭᠠᠰᠤᠨ ᠳᠤ ᠪᠠᠶᠢᠷᠢᠰᠢᠵᠤ ᠪᠣᠢ᠃ ᠡᠩᠬᠡ ᠠᠮᠤᠭᠤᠯᠠᠩ ᠬᠠᠭᠠᠨ ᠤ ᠲᠦᠴᠢᠨ ᠬᠤᠶᠠᠳᠤᠭᠠᠷ ` ᠣᠨ ᠳᠤ ᠪᠠᠶᠢᠭᠤᠯᠤᠭᠳᠠᠭᠰᠠᠨ ᠪᠦᠭᠡᠳ ᠡᠩᠬᠡ ᠠᠮᠤᠭᠤᠯᠠᠩ ᠬᠠᠭᠠᠨ ᠠᠴᠠ ᠰᠣᠶᠣᠷᠬᠠᠭᠰᠠᠨ ᠱᠠᠰᠢᠨ ᠤ ᠨᠠᠷ᠎ᠡ ᠨᠢ ︽ᠪᠤᠶᠠᠨ ᠢ ᠪᠠᠳᠠᠷᠠᠭᠤᠯᠤᠭᠴᠢ ᠰᠦᠮ᠎ᠡ︾ ᠭᠡᠳᠡᠭ᠃ 1936 ᠣᠨ ᠤ ᠵ᠊ 2 ᠳ᠋ᠤᠭᠠᠷ ᠰᠠᠷ᠎ᠠ ᠶᠢᠨ 21᠎ ᠤ ᠡᠳᠦᠢ᠂ ᠲᠠᠷᠬᠠᠨ ᠤ ᠲᠠᠯ᠎ᠠ ᠨᠤᠲᠤᠭ ᠲᠤ ᠲᠡᠭᠷᠢ ᠭᠠᠵᠠᠷ ᠢ ᠲᠣᠩᠰᠤᠯᠭᠠᠭᠰᠠᠨ ᠪᠠᠳᠤᠬᠠᠭᠠᠯᠭ᠎ᠠ ᠶᠢᠨ ᠪᠣᠰᠤᠯᠭ᠎ᠠ ᠭᠠᠷᠤᠭᠰᠠᠨ ᠪᠠᠶᠢᠨ᠎ᠠ᠂ ᠡᠨᠡᠬᠦ ᠪᠣᠰᠤᠯᠭ᠎ᠠ ᠨᠢ ᠦᠪᠦᠷ ᠮᠣᠩᠭᠤᠯᠴᠣᠳ ᠤᠨ ᠶᠠᠫᠣᠨ ᠢ ᠡᠰᠡᠷᠭᠦᠴᠡᠬᠦ ᠲᠡᠷᠢᠭᠦᠨ ᠫᠤᠤ ᠶᠢ ᠲᠣᠣᠭᠠᠷᠭᠠᠵᠤ᠂ ᠶᠠᠫᠣᠨ ᠤ ᠲᠦᠷᠢᠮᠭᠡᠶᠢᠯᠡᠯ ᠳᠤ ᠬᠦᠨᠳᠤ ᠴᠣᠬᠢᠯᠲᠠ ᠦᠭᠭᠦᠭᠰᠡᠨ ᠢᠶᠠᠷ ᠪᠠᠷᠠᠬᠤ ᠦᠭᠡᠢ᠂ ᠦᠪᠦᠷ ᠮᠣᠩᠭᠤᠯᠴᠣᠳ ᠤᠨ ᠶᠠᠫᠣᠨ ᠢ ᠡᠰᠡᠷᠭᠦᠴᠡᠵᠤ ᠡᠷᠬᠡ ᠴᠢᠯᠦᠭᠡ ᠪᠠᠨ ᠣᠯᠬᠤ ᠪᠠᠷ ᠲᠡᠮᠡᠴᠡᠭᠰᠡᠨ ᠦᠨᠡᠨ ᠪᠣᠳᠠᠳᠤ ᠪᠠᠶᠢᠳᠠᠯ ᠢ ᠬᠠᠷᠠᠭᠤᠯᠤᠭᠰᠠᠨ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠶᠤᠮ᠃
 
ᠢᠷᠡᠯᠲᠡ᠄ ᠪᠤᠭᠤᠳᠤ ᠬᠤᠲᠠ ᠶᠢᠨ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1