ᠮᠠᠶᠢᠳᠠᠷᠢ ᠵᠤᠤ
ᠨᠡᠶᠢᠲᠡᠯᠡᠭᠰᠡᠨ ᠴᠠᠭ᠄
2018-04-12
     ᠤᠯᠤᠰ ᠤᠨ AAAA ᠲᠠᠰ ᠤᠨ ᠵᠢᠭᠤᠯᠴᠢᠯᠠᠯ ᠤᠨ ᠣᠷᠣᠨ᠂ ᠮᠢᠩ ᠤᠨ ᠦᠶ᠎ᠡ ᠶᠢᠨ ᠳᠠᠶᠠᠩ ᠳᠤ ᠠᠯᠳᠠᠷᠲᠠᠢ ᠪᠣᠭᠤᠮᠲᠠ ᠶᠢᠨ ᠭᠠᠳᠠᠨᠠᠬᠢ ︽ᠬᠤᠲᠠ︾ ᠰᠦᠮ᠎ᠡ ᠪᠠᠶᠢᠵᠤ᠂ ᠤᠯᠤᠰ ᠤᠨ ᠲᠠᠰ ᠤᠨ ᠴᠢᠬᠤᠯᠠ ᠲᠡᠦᠬᠡ ᠶᠢᠨ ᠲᠤᠷᠰᠬᠠᠯᠳᠤ ᠵᠦᠢᠯ ᠢ ᠬᠠᠮᠠᠭᠠᠯᠠᠬᠤ ᠨᠢᠭᠡᠴᠡ ᠪᠣᠯᠣᠨ᠎ᠠ᠃ ᠮᠢᠩ ᠤᠯᠤᠰ ᠤᠨ ᠳᠤᠮᠳᠠᠴᠢ ᠪᠠᠷ ᠡᠬᠢᠯᠡᠨ ᠪᠠᠶᠢᠭᠤᠯᠵᠤ᠂ ᠮᠢᠩ ᠤᠯᠤᠰ ᠤᠨ ᠯᠥᠩ ᠴᠢᠩ ᠤᠨ ᠲᠠᠪᠤᠳᠤᠭᠠᠷ ᠣᠨ ︵1571 ᠣᠨ︶᠎ ᠳᠤ ᠡᠶᠡᠪᠡᠷᠭᠦᠦ ᠵᠢᠷᠦᠮᠳᠤ ᠬᠠᠨ ᠬᠡᠮᠡᠨ ᠡᠷᠭᠦᠮᠵᠢᠯᠡᠭᠳᠡᠭᠰᠡᠨ ᠴᠢᠩᠭᠢᠰ ᠬᠠᠭᠠᠨ ᠤ ᠠᠷᠪᠠᠨ ᠳᠣᠯᠣᠳᠤᠭᠠᠷ ᠦᠶ᠎ᠡ ᠶᠢᠨ ᠠᠴᠢ ᠠᠯᠲᠠ ᠬᠠᠨ ᠮᠣᠩᠭᠤᠯ ᠤᠨ ᠠᠷᠪᠠᠨ ᠬᠤᠶᠠᠷ ᠲᠦᠮᠡᠳ ᠢ ᠨᠢᠭᠡᠳᠭᠡᠨ᠂ ᠮᠠᠶᠢᠳᠠᠷᠢ ᠵᠤᠤ ᠳᠤ ᠣᠷᠤᠰᠢᠨ ᠠᠮᠢᠳᠤᠷᠠᠵᠤ ᠪᠠᠶᠢᠵᠠᠢ ᠃ ᠮᠠᠶᠢᠳᠠᠷᠢ ᠵᠤᠤ ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠮᠤᠭ ᠴᠠ ᠡᠷᠲᠡ᠂ ᠬᠠᠮᠤᠭ ᠴᠠ ᠪᠦᠷᠢᠨ ᠪᠦᠲᠦᠨ ᠦᠯᠡᠳᠡᠭᠰᠡᠨ ᠰᠦᠮ᠎ᠡ ᠬᠡᠶᠢᠳ ᠪᠠᠶᠢᠵᠤ ᠮᠢᠩ ᠤᠯᠤᠰ ᠤᠨ ᠦᠶ᠎ᠡ ᠶᠢᠨ ᠮᠣᠩᠭᠤᠯ ᠦᠨᠳᠦᠰᠦᠲᠡᠨ ᠤ ᠲᠡᠦᠬᠡ᠂ ᠪᠣᠷᠬᠠᠨ ᠱᠠᠰᠢᠨ ᠤ ᠲᠡᠦᠬᠡ᠂ ᠪᠠᠷᠢᠯᠭ᠎ᠠ ᠶᠢᠨ ᠲᠡᠦᠬᠡ᠂ ᠤᠷᠠᠨ ᠵᠢᠷᠤᠭ ᠤᠨ ᠰᠤᠳᠤᠯᠤᠯ ᠳᠤ ᠲᠦᠢᠯ ᠤᠨ ᠶᠡᠭᠡ ᠦᠨ᠎ᠡ ᠴᠡᠨ᠎ᠡ ᠲᠠᠢ ᠶᠤᠮ᠃ ᠮᠠᠶᠢᠳᠠᠷᠢ ᠵᠤᠤ ᠪᠣᠯ ᠬᠤᠲᠠ᠂ ᠰᠦᠮ᠎ᠡ᠂ ᠣᠷᠳᠣᠨ ᠢ ᠬᠠᠪᠰᠠᠷᠭᠠᠵᠤ᠂ ᠲᠦᠪᠡᠳ ᠬᠢᠲᠠᠳ ᠤᠶᠠᠯᠳᠤᠭᠤᠯᠤᠭᠰᠠᠨ ᠦᠪᠡᠷᠮᠢᠴᠡ ᠪᠠᠷᠢᠯᠭ᠎ᠠ ᠪᠣᠯᠬᠤ ᠪᠠᠷ ᠪᠠᠷᠠᠬᠤ ᠦᠭᠡᠢ᠂ ᠴᠢᠩ ᠮᠢᠩ ᠤᠯᠤᠰ ᠤᠨ ᠬᠠᠨᠠᠨ ᠵᠢᠷᠤᠭ 1500 ᠭᠠᠷᠤᠢ ᠲᠡᠭᠰᠢ ᠲᠦᠷᠪᠠᠨᠯᠵᠢᠨ ᠮᠧᠳ᠋ᠷ ᠪᠠᠶᠢᠵᠤ ︽ᠬᠠᠨᠠᠨ ᠵᠢᠷᠤᠭ ᠤᠨ ᠮᠦᠽᠸᠧ︾ ᠬᠡᠮᠡᠨ ᠠᠯᠳᠠᠷᠰᠢᠪᠠ᠃
 
ᠢᠷᠡᠯᠲᠡ᠄ ᠬᠤᠲᠠ ᠶᠢᠨ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1