ᠰᠠᠶᠢᠬᠠᠨᠲᠠᠯ᠎ᠠ ᠠᠮᠢ ᠠᠬᠤᠢ ᠶᠢᠨ ᠬᠦᠷᠢᠶᠡᠯᠡᠩ ᠨᠢ ᠪᠤᠭᠤᠳᠤ ᠬᠤᠲᠠ ᠶᠢᠨ ᠴᠢᠩᠱᠠᠨ ᠲᠣᠭᠤᠷᠢᠭ ᠲᠤ | ᠪᠠᠶᠢᠷᠢᠰᠢᠨ᠂ ᠵᠡᠭᠦᠨ ᠴᠠ ᠪᠠᠷᠠᠭᠤᠨᠰᠢ ᠠᠷᠪᠠᠨ ᠭᠠᠵᠠᠷ ᠪᠠᠶᠢᠵᠤ᠂ ᠶᠡᠷᠦᠩᠬᠡᠢ ᠲᠠᠯᠠᠪᠠᠢ ᠨᠢ 770 ᠾᠧᠺᠲ᠋ᠠᠷ | ᠬᠦᠷᠳᠡᠭ᠃ ᠰᠠᠶᠢᠬᠠᠨᠲᠠᠯ᠎ᠠ ᠠᠮᠢ ᠠᠬᠤᠢ ᠶᠢᠨ ᠬᠦᠷᠢᠶᠡᠯᠡᠩ ᠨᠢ ᠪᠦᠬᠦ ᠤᠯᠤᠰ ᠵᠢᠴᠢ ᠠᠽᠢᠶ᠎ᠠ ᠶᠢᠨ ᠴᠣᠷ ᠤᠨ | ᠭᠠᠭᠴᠠ ︽ᠬᠤᠲᠠ ᠶᠢᠨ ᠲᠣᠲᠤᠷᠠᠬᠢ ᠲᠠᠯ᠎ᠠ ᠨᠤᠲᠤᠭ︾ ᠪᠣᠯᠵᠤ᠂ ᠠᠮᠢ ᠠᠬᠤᠢ᠂ ᠤᠬᠠᠭᠤᠯᠭ᠎ᠠ᠂ ᠵᠢᠭᠤᠯᠴᠢᠯᠠᠯ᠂ | ᠰᠣᠶᠣᠯ᠂ ᠰᠤᠷᠭᠠᠨ ᠬᠦᠮᠦᠵᠢᠯ᠂ ᠰᠢᠨᠵᠢᠯᠡᠭᠡ ᠰᠤᠳᠤᠯᠭᠠᠨ ᠵᠡᠷᠭᠡ ᠶᠢ ᠬᠠᠮᠤᠷᠠᠭᠰᠠᠨ ᠣᠯᠠᠨ ᠦᠢᠯᠳᠦᠯᠭᠡᠳᠦ ᠲᠠᠯ᠎ᠠ | ᠨᠤᠲᠤᠭ ᠤᠨ ᠠᠮᠢ ᠠᠬᠤᠢ ᠶᠢᠨ ᠬᠦᠷᠢᠶᠡᠯᠡᠩ ᠪᠣᠯᠤᠨ᠎ᠠ᠃ ᠬᠦᠷᠢᠶᠡᠯᠡᠩ ᠳᠤ ᠮᠣᠩᠭᠤᠯ ᠭᠡᠷ᠂ ᠣᠪᠤᠭ᠎ᠠ᠂ ᠮᠣᠷᠢ | ᠤᠷᠤᠯᠳᠤᠬᠤ ᠭᠠᠵᠠᠷ᠂ ᠪᠦᠬᠡ ᠪᠠᠷᠢᠯᠳᠤᠬᠤ ᠲᠠᠠᠯᠪᠠᠢ ᠵᠡᠷᠭᠡ ᠪᠤᠢ᠃ ᠬᠡᠳᠦᠨ ᠵᠢᠯ ᠤᠨ ᠲᠤᠷᠰᠢᠬᠢ ᠠᠮᠢ ᠠᠬᠤᠢ ᠶᠢᠨ | ᠪᠠᠶᠢᠭᠤᠯᠤᠯᠲᠠ ᠪᠠ ᠬᠠᠮᠠᠭᠠᠯᠠᠯᠲᠠ ᠪᠠᠷ ᠲᠠᠮᠵᠢᠨ᠂ ᠰᠠᠶᠢᠬᠠᠨᠲᠠᠯ᠎ᠠ ᠶᠢᠨ ᠬᠦᠷᠢᠶᠡᠯᠡᠩ ᠳᠤ ᠴᠡᠯᠮᠡᠭ ᠲᠡᠭᠷᠢ᠂ ᠴᠡᠩᠬᠡᠭ | ᠤᠰᠤ᠂ ᠢᠭ᠌ᠴᠢ ᠰᠠᠬᠤᠯᠠᠭ ᠡᠪᠡᠰᠦ ᠤᠷᠭᠤᠮᠠᠯ᠂ ᠪᠤᠭᠤ ᠶᠢᠨ ᠤᠷᠤᠮᠳᠠᠭ᠎ᠠ᠂ ᠰᠢᠪᠠᠭᠤᠳ ᠤᠨ ᠵᠢᠷᠭᠢᠭᠡ᠂ ᠡᠯ᠎ᠡ | ᠵᠦᠢᠯ ᠤᠨ ᠬᠤᠪᠤᠷ ᠴᠤᠬᠠᠭ ᠵᠢᠭᠦᠷᠲᠡᠳ ᠵᠢᠴᠢ ᠬᠡᠭᠡᠷ᠎ᠡ ᠶᠢᠨ ᠠᠮᠢᠲᠠᠳ ᠲᠠᠢ ᠪᠣᠯᠤᠭᠰᠠᠨ ᠪᠠᠶᠢᠨ᠎ᠠ᠃ | | | | | |