ᠪᠤᠭᠤᠳᠤ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018-04-12
      ᠪᠤᠭᠤᠳᠤ ᠶᠢ ᠶᠡᠷᠦᠳᠡᠭᠡᠨ ︽ᠪᠤᠭᠤ ᠲᠠᠢ ᠬᠤᠲᠠ︾ ᠭᠡᠵᠤ ᠨᠡᠷᠡᠶᠢᠳᠳᠡᠭ᠃ ᠬᠠᠭᠠᠰ ᠵᠠᠭᠤᠨ ᠤ ᠬᠦᠭᠵᠢᠯᠲᠡ ᠶᠢ ᠲᠠᠮᠵᠢᠨ᠂ ᠣᠳᠣ ᠨᠢᠭᠡᠨᠲᠡ ᠳᠤᠮᠳᠠᠳᠤ ᠤᠯᠤᠰ ᠤᠨ ᠭᠠᠵᠠᠷ ᠤᠨ ᠬᠤᠪᠣᠷ ᠡᠯᠧᠮᠧᠨ᠋ᠲ ᠤᠨ ᠬᠠᠮᠤᠭ ᠶᠡᠭᠡ ᠠᠵᠤ ᠦᠢᠯᠡᠳᠪᠦᠷᠢ ᠶᠢᠨ ᠰᠠᠭᠤᠷᠢᠨ ᠭᠠᠵᠠᠷ ᠪᠠ ᠦᠪᠦᠷ ᠮᠣᠩᠭᠤᠯ ᠣᠷᠣᠨ ᠤ ᠬᠠᠮᠤᠭ ᠶᠡᠭᠡ ᠠᠵᠤ ᠦᠢᠯᠡᠳᠪᠦᠷᠢ ᠶᠢᠨ ᠬᠤᠲᠠ ᠶᠢᠨ ᠨᠢᠭᠡ ᠪᠣᠯᠵᠡᠢ᠃ ᠤᠷᠢᠳ ᠬᠤᠵᠢᠳ ᠠᠩᠬᠠᠳᠤᠭᠠᠷ ᠪᠦᠯᠦᠭ ᠤᠨ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠴᠡᠴᠡᠷᠯᠢᠭᠵᠢᠭᠰᠡᠨ ᠬᠤᠲᠠ᠂ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ᠂ ᠪᠦᠬᠦ ᠤᠯᠤᠰ ᠤᠨ ᠠᠵᠤ ᠠᠬᠤᠢ ᠬᠦᠭᠵᠢᠭᠰᠡᠨ ᠵᠠᠭᠤᠨ ᠬᠦᠴᠦᠷᠬᠡᠭ ᠬᠤᠲᠠ ᠶᠢᠨ ᠨᠢᠭᠡ᠂ ᠳᠤᠮᠳᠠᠳᠤ ᠶᠢᠨ ᠣᠷᠴᠢᠨ ᠲᠣᠭᠤᠷᠢᠨ ᠤ ᠱᠠᠩᠨᠠᠯ᠂ ᠣᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠠᠮᠢᠳᠤᠷᠠᠬᠤ ᠳᠤ ᠲᠠᠭᠠᠲᠠᠢ ᠣᠷᠣᠨ ᠰᠠᠭᠤᠴᠠ ᠶᠢᠨ ᠱᠠᠩᠨᠠᠯ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ ᠪᠤᠭᠤᠳᠤ ᠨᠢ ᠡᠬᠡ ᠤᠯᠤᠰ ᠤᠨ ᠤᠮᠠᠷᠠᠳᠤ ᠬᠡᠰᠡᠭ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠢᠶᠠᠷ ᠪᠠᠶᠢᠷᠢᠰᠢᠵᠤ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠬᠢᠯᠢᠯᠡᠨ᠂ ᠡᠮᠦᠨᠡᠭᠦᠷ ᠨᠢ ᠬᠠᠲᠤᠨ ᠭᠤᠣᠯ ᠤᠭᠠᠯᠵᠠᠯᠠᠨ ᠤᠷᠤᠰᠴᠤ᠂ ᠵᠡᠭᠦᠨ ᠪᠠᠷᠠᠭᠤᠨ ᠢᠶᠠᠷ ᠢᠶᠠᠨ ᠲᠦᠮᠡᠳ ᠤᠨ ᠴᠡᠯᠡᠭᠡᠷ ᠲᠠᠯ᠎ᠠ ᠪᠠ ᠪᠣᠷᠤᠳᠤᠬᠤᠢ ᠶᠢᠨ ᠲᠠᠯ᠎ᠠ ᠲᠠᠢ ᠵᠠᠬ᠎ᠠ ᠨᠡᠶᠢᠯᠡᠨ᠂ ᠳᠤᠮᠳᠠ ᠬᠡᠰᠡᠭ ᠢᠶᠠᠷ ᠨᠢ ᠮᠤᠨᠠ ᠠᠭᠤᠯᠠ ᠬᠦᠨᠳᠡᠯᠢᠰᠴᠦ᠂ ᠶᠡᠷᠥᠩᠬᠡᠢ ᠲᠠᠯᠠᠪᠠᠢ ᠨᠢ 2.78 ᠲᠦᠮᠡᠨ ᠺᠢᠯᠣᠮᠧᠲ᠋ᠧᠷ᠂ 9 ᠬᠠᠷᠢᠶᠠᠲᠤ ᠬᠤᠰᠢᠭᠤ ᠰᠢᠶᠠᠨ ᠲᠣᠭᠤᠷᠢᠭ ᠪᠠ 1 ᠤᠯᠤᠰ ᠤᠨ ᠲᠡᠰ ᠤᠨ ᠭᠠᠵᠠᠷ ᠤᠨ ᠬᠤᠪᠤᠷ ᠡᠯᠧᠮᠧᠨ᠋ᠲ ᠤᠨ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠲᠠᠢ᠃ ᠪᠦᠬᠦ ᠬᠤᠲᠠ ᠶᠢᠨ ᠬᠦᠮᠦᠨ ᠠᠮᠠ 2016 ᠣᠨ ᠤ ᠡᠴᠦᠰ ᠤᠨ ᠦᠶ᠎ᠡ ᠪᠠᠷ 285. 75 ᠲᠦᠮᠡ ᠬᠦᠷᠴᠦ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 51 ᠦᠨᠳᠦᠰᠦᠲᠡᠨ ᠬᠤᠯᠢᠯᠳᠤᠨ ᠰᠠᠭᠤᠷᠢᠰᠢᠵᠤ ᠪᠣᠢ᠂ ᠬᠤᠲᠠ ᠶᠢᠨ ᠣᠶᠢᠵᠢᠭᠤᠯᠤᠯᠲᠠ ᠶᠢᠨ ᠪᠦᠷᠬᠦᠴᠡ 44.1% ᠬᠦᠷᠴᠡᠢ᠃ ᠪᠤᠭᠤᠳᠤ ᠨᠢ ᠤᠷᠳᠤ ᠤᠳᠠᠭᠠᠨ ᠲᠡᠦᠬᠡ ᠪᠠ ᠡᠯᠪᠡᠭ ᠪᠠᠶᠠᠯᠢᠭ ᠰᠣᠶᠣᠯ ᠤᠨ ᠦᠯᠡᠳᠡᠭᠳᠡᠯ ᠲᠠᠢ᠃ 6000 ᠵᠢᠯ ᠤᠨ ᠡᠮᠦᠨᠡᠬᠢ ᠰᠢᠨ᠎ᠡ ᠴᠢᠯᠠᠭᠤᠨ ᠵᠡᠪᠰᠡᠭ ᠤᠨ ᠦᠶ᠎ᠡ ᠳᠤ᠂ ᠠᠳᠡ ᠬᠦᠮᠦᠨ ᠲᠦᠷᠦᠯᠬᠢᠲᠡᠨ ᠣᠷᠤᠰᠢᠨ ᠲᠣᠭᠲᠠᠨᠢᠵᠤ ᠦᠷᠡᠵᠢᠨ ᠠᠮᠢᠳᠤᠷᠠᠵᠤ ᠪᠠᠶᠢᠭᠰᠠᠨ ᠭᠡᠳᠡᠭ᠃ ᠪᠤᠭᠤᠳᠤ ᠨᠢ ᠤᠮᠠᠷᠠᠳᠤ ᠣᠷᠤᠨ ᠪᠠ ᠪᠠᠷᠠᠭᠤᠨ ᠬᠤᠶᠢᠲᠤ ᠣᠷᠣᠨ ᠤ ᠵᠠᠩᠭᠢᠯᠭ᠎ᠠ ᠶᠢᠨ ᠬᠤᠯᠪᠤᠭᠠᠰᠦ ᠪᠣᠯᠬᠤ ᠪᠠᠷ ᠪᠠᠷᠠᠬᠤ ᠦᠭᠡᠢ᠂ ᠪᠦᠸ᠋ᠬᠠᠢ ᠠᠵᠤ ᠠᠬᠤᠢ ᠶᠢᠨ ᠬᠦᠷᠢᠶ᠎ᠡ ᠴᠠᠷ᠎ᠠ ᠳᠤ ᠪᠠᠭᠳᠠᠭᠰᠠᠨ ᠣᠷᠣᠨ ᠪᠠᠶᠢᠷᠢ ᠶᠢᠨ ᠲᠠᠪᠠᠭᠤᠯᠢᠭ ᠲᠠᠯ᠎ᠠ ᠢᠯᠡᠳᠲᠡ ᠪᠠᠶᠢᠵᠤ᠂ ᠬᠦᠬᠡᠬᠤᠲᠠ ᠪᠤᠭᠤᠳᠤ ᠣᠷᠳᠤᠰ ᠵᠡᠷᠭᠡ ᠭᠤᠷᠪᠠᠨ ᠭᠠᠵᠠᠷ ᠤᠨ ᠠᠭᠤᠯᠵᠠᠭᠤᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠶᠢᠨ ᠬᠤᠰᠢᠭᠤᠴᠢ ᠪᠠ ᠤᠷᠢᠳᠠᠪᠡᠷ ᠭᠤᠤᠯᠳᠠᠭᠤᠯᠭ᠎ᠠ ᠲᠠᠢ ᠬᠦᠭᠵᠢᠭᠦᠯᠬᠦ ᠭᠠᠵᠠᠷ ᠣᠷᠣᠨ ᠪᠣᠯᠤᠨ᠎ᠠ᠃ ᠪᠤᠭᠤᠳᠤ ᠶᠢᠨ ᠵᠠᠮ ᠬᠠᠷᠢᠯᠴᠠᠭ᠎ᠠ ᠲᠦᠭᠦᠮ ᠲᠦᠲᠡ ᠪᠣᠯᠬᠤᠷ ᠲᠡᠦᠬᠡᠨ ᠳᠤ ︽ᠤᠰᠤ ᠬᠠᠭᠤᠷᠠᠢ ᠶᠢᠨ ᠭᠠᠷᠠᠮ︾ ᠬᠡᠮᠡᠨ ᠠᠯᠳᠠᠷᠰᠢᠵᠤ᠂ ᠡᠳᠦᠬᠡ ᠵᠠᠰᠠᠮᠠᠯ ᠵᠠᠮ᠂ ᠲᠡᠮᠦᠷ ᠵᠠᠮ᠂ ᠠᠶᠠᠯᠠᠯ ᠠᠭᠠᠷ ᠢᠶᠠᠷ ᠭᠤᠤᠯᠳᠠᠭᠰᠠᠨ ᠵᠠᠮ ᠲᠡᠭᠡᠭᠡᠪᠦᠷᠢ ᠶᠢᠨ ᠰᠦᠯᠵᠢᠶ᠎ᠡ ᠪᠦᠷᠢᠯᠳᠦᠭᠰᠡᠨ ᠢᠶᠠᠷ ᠪᠦᠬᠦ ᠤᠯᠤᠰ ᠤᠨ ᠡᠯ᠎ᠡ ᠭᠠᠵᠢ ᠲᠤ ᠨᠡᠪᠲᠡᠷᠡᠵᠦ ᠪᠤᠢ᠃ ᠪᠤᠭᠤᠳᠤ ᠨᠢ ᠣᠯᠠᠨ ᠴᠠ ᠭᠳᠦ᠋ᠢᠳᠦᠭᠰᠡᠨ ᠬᠦᠭᠵᠢᠯᠲᠡ ᠶᠢᠨ ᠲᠠᠪᠠᠭᠤᠯᠢᠭ ᠲᠠᠯ᠎ᠠ ᠲᠠᠢ᠃ ᠪᠠᠶ᠋ᠬᠠᠣᠪᠤᠭ᠎ᠠ ᠠᠭᠤᠷᠬᠠᠢ ᠶᠢᠨ ᠬᠠᠳᠠᠭᠠᠯᠠᠭᠳᠠᠴᠠ ᠡᠯᠪᠡᠭ ᠪᠠᠶᠠᠯᠢᠭ ᠢᠶᠠᠷ ᠢᠶᠠᠨ ᠲᠡᠯᠡᠬᠡᠢ ᠳ᠋ᠠᠬᠢᠨ ᠳᠤ ᠠᠯᠳᠠᠷᠰᠢᠵᠠᠢ᠃ ᠡᠭᠦᠨ ᠤ ᠳᠣᠲᠤᠷ᠎ᠠ ᠭᠠᠵᠠᠷ ᠤᠨ ᠬᠤᠪᠣᠷ ᠡᠯᠧᠮᠧᠨ᠋ᠲ ᠤᠨ ᠨᠦᠭᠡᠴᠡ ᠨᠢ ᠲᠡᠯᠡᠬᠡᠢ ᠶᠢᠨ ᠨᠦᠭᠡᠴᠡ ᠶᠢᠨ ᠬᠡᠮᠵᠢᠶ᠎ᠡ ᠶᠢᠨ 62%᠎ ᠢ ᠡᠵᠡᠯᠡᠭᠰᠡᠨ ᠢᠶᠠᠷ ︽ᠭᠠᠵᠠᠷ ᠤᠨ ᠬᠤᠪᠣᠷ ᠡᠯᠧᠮᠧᠨ᠋ᠲ ᠤᠨ ᠲᠦᠪ ᠬᠤᠲᠠ︾ ᠬᠡᠮᠡᠨ ᠦᠨᠡᠯᠡᠭᠳᠡᠪᠡ᠃ ᠪᠤᠭᠤᠳᠤ ᠶᠢᠨ ᠬᠢᠯᠢ ᠲᠣᠳᠤᠷᠠᠬᠢ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠨᠡᠭᠦᠷᠡᠰᠦᠨ ᠤ ᠨᠦᠭᠡᠴᠡ 2300 ᠳ᠋ᠦᠩᠱᠢᠭᠤᠷ ᠲᠣᠨ ᠬᠦᠷᠴᠦ᠂ ᠰᠢᠳᠠᠮᠠᠬᠠᠢ ᠬᠡᠢ ᠶᠢᠨ ᠨᠦᠭᠡᠴᠡ 7200 ᠳ᠋ᠦᠩᠰᠢᠭᠤᠷ ᠺᠦᠪ ᠮᠧᠳ᠋ᠷ ᠬᠦᠷᠦᠭᠰᠡᠨ ᠢᠶᠠᠷ᠂ ᠮᠠᠨ ᠤ ᠤᠯᠤᠰ ᠤᠨ ᠭᠤᠤᠯᠳᠠᠯᠭᠠᠳᠤ ᠡᠨᠧᠷᠬᠢ ᠶᠢᠨ ᠰᠣᠷᠪᠤᠯᠵᠢ᠂ ᠲᠦᠭᠦᠬᠡᠢ ᠮᠠᠲ᠋ᠧᠷᠢᠶᠠᠯ᠂ ᠬᠦᠨᠳᠤ ᠬᠢᠮᠢ ᠶᠢᠨ ᠠᠵᠤ ᠦᠢᠯᠡᠳᠪᠦᠷᠢ ᠪᠠ ᠴᠡᠷᠢᠭ ᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ ᠣᠳᠣ ᠶᠢᠨ ᠬᠠᠳᠠᠭᠠᠯᠠᠵᠤ ᠪᠦᠬᠦᠢ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠠᠭᠤᠯᠤᠭᠳᠠᠬᠤᠨ ᠨᠢ ᠵᠢᠭᠤᠯᠴᠢᠯᠠᠯ ᠤᠨ ᠦᠢᠯᠡᠰ ᠤᠨ ᠬᠢᠵᠠᠭᠠᠯᠠᠰᠢ ᠦᠭᠡᠢ ᠷᠢᠳᠢ ᠰᠢᠳᠢ ᠶᠢ ᠭᠠᠶᠢᠬᠠᠭᠤᠯᠬᠤ ᠨᠢ ᠯᠠᠪᠲᠠᠢ ᠶᠤᠮ᠃ ᠲᠠᠯ᠎ᠠ ᠨᠤᠲᠤᠭ ᠤᠨ ᠦᠩᠭᠡ ᠦᠵᠡᠮᠵᠢ᠂ ᠮᠣᠩᠭᠤᠯ ᠦᠨᠳᠦᠰᠦᠲᠡᠨ ᠤ ᠵᠠᠩ ᠲᠠᠳᠬᠠᠯ᠂ ᠭᠢᠯᠠᠯᠵᠠᠮ᠎ᠠ ᠲᠡᠦᠬᠡ ᠰᠣᠶᠣᠯ᠂ ᠬᠠᠴᠢᠨ ᠰᠣᠨᠢᠨ ᠪᠠᠶᠢᠭᠠᠯᠢ ᠠᠮᠢ ᠠᠬᠤᠢ ᠶᠢᠨ ᠦᠵᠡᠮᠵᠢ᠂ ᠣᠨᠴᠠᠯᠢᠭᠳᠤ ᠴᠡᠷᠢᠭ ᠤᠨ ᠠᠵᠤ ᠦᠢᠯᠡᠳᠪᠦᠷᠢ ᠶᠢᠨ ᠵᠢᠭᠤᠯᠴᠢᠯᠠᠯ ᠵᠡᠷᠭᠡ ᠠᠯᠢᠨ ᠨᠢ ᠴᠦ ᠭᠡᠰᠡᠨ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠦᠭᠡᠳ ᠦᠷᠭᠡᠨ ᠠᠭᠠᠤᠳᠠᠮ ᠭᠦᠭᠵᠢᠯᠲᠡ ᠶᠢᠨ ᠢᠷᠡᠭᠡᠳᠦᠢ ᠲᠠᠢ ᠪᠠᠶᠢᠭ᠎ᠠ ᠶᠤᠮ᠃ ᠪᠤᠭᠤᠳᠤ ᠨᠠᠶᠢᠷ ᠢᠯᠳᠠᠷ ᠠᠵᠤ ᠠᠬᠤᠢ ᠴᠡᠴᠡᠭᠯᠡᠨ ᠬᠦᠭᠵᠢᠭᠰᠡᠨ᠂ ᠤᠯᠤᠰ ᠲᠥᠷᠥ ᠲᠠᠣᠭᠳᠠᠭᠤᠨ᠂ ᠰᠣᠶᠣᠯ ᠲᠠᠪᠰᠢᠯᠲᠠ ᠲᠠᠢ᠂ ᠨᠡᠶᠢᠭᠡᠮ ᠡᠶ᠎ᠡ ᠵᠣᠬᠢᠴᠠᠩᠭᠤᠢ᠂ ᠠᠮᠢ ᠠᠬᠤᠢ ᠭᠤᠶᠤ ᠦᠵᠡᠰᠭᠦᠯᠡᠩ᠂ ᠠᠷᠠᠳ ᠣᠯᠠᠨ ᠵᠣᠯ ᠵᠢᠷᠭᠠᠯ ᠲᠠᠢ ᠪᠠᠶᠢᠭ᠎ᠠ ᠣᠳᠣᠬᠢᠴᠢᠯᠠᠭᠰᠠᠨ ᠲᠣᠮᠤ ᠬᠤᠲᠠ ᠶᠢᠨ ᠳᠦᠷᠢ ᠳᠦᠷᠬᠦ ᠪᠠᠷ ᠢᠷᠡᠭᠡᠳᠦᠢ ᠪᠠᠨ ᠤᠭᠳᠤᠬᠤ ᠳᠤ ᠪᠡᠯᠡᠬᠡᠨ ᠪᠠᠶᠢᠨ᠎ᠠ᠃
 
ᠢᠷᠡᠯᠲᠡ᠄ ᠪᠤᠭᠤᠳᠤ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1