ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2018/4/16
     ᠰᠤᠷᠪᠤᠯᠵᠢᠯᠠᠭᠰᠠᠨ ᠴᠠᠭ᠄ 2018 ᠣᠨ ᠤ 1 ᠳ᠋ᠦ᠋ᠭᠡᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠠᠨ ᠾᠧᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠠᠷᠳᠠᠴᠠ ᠪᠣᠯᠭᠠᠵᠤ᠂ ᠣᠷᠣᠯᠭ᠎ᠠ ᠶᠢᠨ ᠬᠠᠷᠠᠯᠲᠠ ᠪᠠᠨ ᠪᠡᠶᠡᠯᠡᠭᠦᠯᠬᠦ ᠪᠠᠷ ᠦᠨᠳᠦᠰᠦᠨ ᠡᠭᠦᠷᠭᠡ ᠪᠣᠯᠭᠠᠨ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠶᠡᠭᠡ ᠲᠠᠯ᠎ᠠ ᠠᠴᠠ ᠡᠭᠦᠰᠦᠨ᠂ ᠶᠡᠭᠡ ᠬᠠᠨᠳᠤᠰᠢ ᠶᠢ ᠡᠵᠡᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠰᠢᠨ᠎ᠡ ᠬᠤᠪᠢ ᠨᠡᠮᠡᠷᠢ ᠪᠠᠨ ᠬᠠᠨᠳᠢᠪᠯᠠᠭᠰᠠᠨ ᠪᠠᠶᠢᠨ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃      ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠳᠦᠷᠢᠮ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠡᠯᠢᠶᠡᠳ ᠣᠯᠠᠨ ᠯᠠᠪᠳᠠᠭᠤᠨ ᠪᠠᠲᠤᠲᠠᠢ ᠠᠵᠢᠯ ᠢ ᠥᠷᠨᠢᠭᠦᠯᠦᠭᠰᠡᠨ ᠠᠴᠠ᠂ ᠥᠷᠭᠡᠨ ᠣᠯᠠᠨ ᠭᠠᠶᠢᠯᠢ ᠲᠤᠰᠢᠶᠠᠭᠴᠢ ᠶᠢᠨ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠤᠯᠠᠮ ᠨᠢᠭᠡ ᠠᠯᠬᠤᠮ ᠨᠡᠮᠡᠭᠳᠡᠭᠰᠡᠨ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠠᠨ ᠾᠧᠩ ᠢ ᠤᠷᠢᠵᠤ᠂ ︽ᠤᠯᠤᠰ ᠤᠨ ᠭᠠᠶᠢᠯᠢ ᠶᠢᠨ ᠶᠠᠪᠤᠳᠠᠯ ᠤᠨ ᠲᠤᠬᠠᠢ ᠲᠡᠳᠡᠭᠡᠷ ᠶᠠᠪᠤᠳᠠᠯ ᠤᠳ︾ ᠭᠡᠳᠡᠭ ᠰᠡᠳᠦᠪ ᠢᠶᠠᠷ ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ᠂ ᠰᠦᠯᠵᠢᠶᠡᠨ ᠤ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ ᠪᠣᠯᠣᠯ᠎ᠠ᠃ ᠲᠠᠨ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠲᠠᠨ ᠾᠧᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠨᠡ ᠬᠦ ᠠᠵᠠ ᠵᠠᠪᠰᠢᠶᠠᠨ ᠢ ᠲᠣᠬᠢᠶᠠᠯᠳᠤᠭᠤᠯᠤᠨ᠂ ᠪᠢ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ᠂ ᠶᠡᠷᠦ ᠠᠴᠠ ᠪᠦᠬᠦ ᠣᠷᠣᠨ ᠤ ᠤᠯᠤᠰ ᠤᠨ ᠭᠠᠶᠢᠯᠢ ᠶᠢᠨ ᠠᠵᠢᠯ ᠢ ᠣᠶᠢᠯᠠᠭᠠᠵᠤ᠂ ᠳᠡᠮᠵᠢᠵᠦ᠂ ᠬᠠᠪᠰᠤᠷᠤᠭᠰᠠᠨ ᠪᠠ ᠬᠠᠯᠠᠮᠵᠢᠯᠠᠭᠰᠠᠭᠠᠷ ᠢᠷᠡᠭᠰᠡᠨ ᠰᠦᠯᠵᠢᠶᠡᠨ ᠤ ᠠᠨᠳᠠ ᠨᠠᠷ ᠲᠤ ᠪᠠᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠮᠥᠨ ᠰᠦᠯᠵᠢᠶᠡᠨ ᠤ ᠠᠨᠳᠠ ᠨᠠᠷ ᠤᠨ ᠢᠶᠠᠨ ᠰᠢᠨ᠎ᠡ ᠨᠢᠭᠡ ᠵᠢᠯ ᠳᠤ ᠪᠠᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠠᠮᠵᠢᠯᠲᠠ ᠪᠦᠲᠦᠮᠵᠢᠲᠡᠢ᠂ ᠭᠡᠷ ᠬᠤᠲᠠᠯᠠᠭᠠᠷ ᠢᠶᠠᠨ ᠪᠠᠶᠠᠷ ᠵᠢᠷᠭᠠᠯ ᠲᠠᠢ᠂ ᠰᠠᠨᠠᠭᠰᠠᠨ ᠪᠦᠬᠦᠨ ᠨᠢ ᠰᠡᠳᠬᠢᠯᠴᠢᠯᠡᠨ ᠪᠦᠲᠦᠵᠦ᠂ ᠰᠢᠨ᠎ᠡ ᠵᠢᠯ ᠳᠤ ᠪᠠᠨ ᠨᠡᠩ ᠰᠢᠨ᠎ᠡ ᠳᠦᠷᠰᠦ ᠪᠠᠶᠢᠳᠠᠯ ᠢ ᠪᠣᠢ ᠪᠣᠯᠭᠠᠬᠤ ᠶᠢ ᠬᠦᠰᠡᠨ ᠵᠥᠩᠨᠡᠵᠦ ᠪᠠᠶᠢᠨ᠎ᠠ᠃      ᠬᠥᠲᠥᠯᠥᠭᠴᠢ᠄ ᠲᠠᠨ ᠲᠣᠪᠴᠢᠶᠠᠨ ᠳᠠᠷᠤᠭ᠎ᠠ ᠶᠢᠨ ᠬᠦᠰᠡᠯ ᠵᠥᠩᠨᠡᠯ ᠳᠤ ᠪᠠᠶᠠᠷᠯᠠᠯ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ︾ ᠭᠡᠵᠦ ᠱᠠᠭᠠᠷᠳᠠᠭᠰᠠᠨ ᠶᠤᠮ᠃ 2017 ᠣᠨ ᠳᠤ᠂ ᠮᠠᠨ ᠤ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠤ ᠣᠯᠠᠨ ᠲᠠᠯ᠎ᠠ ᠪᠠᠷ ᠥᠭᠡᠷᠡᠴᠢᠯᠡᠯᠲᠡ ᠬᠢᠵᠡᠢ᠃ ᠲᠡᠭᠡᠪᠡᠯ᠂ ᠲᠠᠨ ᠲᠣᠪᠴᠢᠶᠠᠨ ᠳᠠᠷᠤᠭ᠎ᠠ ᠶᠠᠭᠤᠨ ᠤ ᠡᠮᠦᠨ᠎ᠡ ᠶᠠᠮᠠᠷ ᠶᠠᠮᠠᠷ ᠲᠠᠯ᠎ᠠ ᠪᠠᠷ ᠥᠭᠡᠷᠡᠴᠢᠯᠡᠯᠲᠡ ᠬᠢᠭᠰᠡᠨ ᠲᠤᠬᠠᠢ ᠲᠠᠨᠢᠯᠴᠠᠭᠤᠯᠤᠭᠠᠳ ᠥᠭᠭᠦᠨ᠎ᠡ ᠦᠦ︖      ᠲᠠᠨ ᠾᠧᠩ᠄ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠭᠠᠶᠢᠯᠢ ᠲᠤᠰᠢᠶᠠᠭᠴᠢ ᠶᠢᠨ ᠬᠦᠴᠦᠲᠡᠢ ᠳᠡᠮᠵᠢᠯᠭᠡ ᠳᠣᠣᠷ᠎ᠠ᠂ 2017 ᠣᠨ ᠳᠤ ᠭᠠᠶᠢᠯᠢ ᠲᠠᠲᠠᠪᠤᠷᠢ ᠶᠢᠨ ᠣᠯᠠᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠤᠨ ᠭᠦᠨᠵᠡᠭᠡᠶᠢᠷᠡᠭᠦᠯᠦᠭᠰᠡᠨ ᠶᠤᠮ᠃ ᠵᠢᠱᠢᠶᠡᠯᠡᠪᠡᠯ᠂ ᠣᠯᠠᠨ ᠤ ᠲᠣᠳᠣᠷᠬᠠᠢ ᠮᠡᠳᠡᠳᠡᠭ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠭᠰᠡᠨ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠪᠠ ᠭᠠᠶᠢᠯᠢ ᠲᠠᠲᠠᠪᠤᠷᠢ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠭᠡᠬᠦ ᠮᠡᠲᠦ᠃      ᠬᠥᠲᠥᠯᠥᠭᠴᠢ᠄ ᠮᠢᠨᠤ ᠪᠣᠳᠣᠬᠤ ᠪᠠᠷ ᠥᠷᠭᠡᠨ ᠣᠯᠠᠨ ᠰᠦᠯᠵᠢᠶᠡᠨ ᠤ ᠠᠨᠳᠠ ᠶᠢᠨ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠨᠢ ᠡᠳᠡᠭᠡᠷ ᠥᠭᠡᠷᠡᠴᠢᠯᠡᠯᠲᠡ ᠨᠢ ᠭᠠᠶᠢᠯᠢ ᠲᠤᠰᠢᠶᠠᠭᠴᠢᠳ ᠲᠤ ᠴᠣᠬᠤᠮ ᠶᠠᠮᠠᠷ ᠶᠠᠮᠠᠷ ᠠᠴᠢ ᠲᠤᠰᠠ ᠠᠪᠴᠢᠷᠠᠬᠤ ᠲᠤᠬᠠᠢ ᠠᠰᠠᠭᠤᠳᠠᠯ ᠪᠣᠯᠣᠨ᠎ᠠ᠃ ᠲᠡᠭᠡᠪᠡᠯ᠂ ᠲᠠᠨ ᠲᠣᠪᠴᠢᠶᠠᠨ ᠳᠠᠷᠤᠭ᠎ᠠ ᠡᠳᠡᠭᠡᠷ ᠥᠭᠡᠷᠡᠴᠢᠯᠡᠯᠲᠡ ᠶᠢᠨ ᠥᠷᠭᠡᠨ ᠣᠯᠠᠨ ᠰᠦᠯᠵᠢᠶᠡᠨ ᠤ ᠠᠨᠳᠠ ᠳᠤ ᠠᠪᠴᠢᠷᠠᠵᠤ ᠥᠭᠭᠦᠭᠰᠡᠨ ︽ᠠᠰᠢᠭ ᠣᠯᠵᠠᠪᠤᠷᠢ︾᠎ ᠶᠢᠨ ᠲᠤᠬᠠᠢ ᠲᠠᠨᠢᠯᠴᠠᠭᠤᠯᠵᠤ ᠥᠭᠭᠦᠨ᠎ᠡ ᠦᠦ︖      ᠲᠠᠨ ᠾᠧᠩ᠄ ᠦᠨᠡᠨ ᠢ ᠬᠡᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠡᠰᠡᠨ ᠦᠭᠡᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠴᠤ ᠭᠡᠰᠡᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠬᠦ ᠦᠶ᠎ᠡ ᠳᠤ ᠬᠠᠮᠤᠭ ᠠᠴᠠ ᠠᠩᠬᠠᠷᠤᠨ ᠬᠠᠯᠠᠮᠵᠢᠯᠠᠵᠤ ᠪᠠᠶᠢᠭ᠎ᠠ ᠨᠢ ᠮᠥᠨ ᠴᠤ ᠭᠠᠶᠢᠯᠢ ᠲᠤᠰᠢᠶᠠᠭᠴᠢᠳ ᠲᠤ ᠦᠨᠡᠨ ᠪᠣᠳᠠᠲᠠᠢ ᠠᠰᠢᠭ ᠲᠤᠰᠠ ᠠᠪᠴᠢᠷᠠᠵᠦ ᠴᠢᠳᠠᠬᠤ ᠡᠰᠡᠬᠦ ᠠᠰᠠᠭᠤᠳᠠᠯ ᠪᠣᠯᠣᠨ᠎ᠠ᠃ ᠳᠣᠣᠷ᠎ᠠ ᠪᠢ ᠣᠯᠠᠨ ᠳᠤ ᠡᠳᠡᠭᠡᠷ ᠥᠭᠡᠷᠡᠴᠢᠯᠡᠯᠲᠡ ᠶᠢᠨ ᠲᠤᠬᠠᠢ ᠲᠠᠨᠢᠯᠴᠠᠭᠤᠯᠤᠭᠠᠳ ᠥᠭᠭᠦᠶ᠎ᠡ᠃ ᠨᠢᠭᠡ ᠳᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠤᠭᠰᠠᠨ ᠳᠤ ᠭᠠᠶᠢᠯᠢ ᠬᠥᠩᠭᠡᠯᠡᠬᠦ ᠦᠷ᠎ᠡ ᠨᠥᠯᠥᠭᠡ ᠪᠠ ᠭᠠᠳᠠᠭᠰᠢ ᠨᠥᠯᠥᠭᠡᠯᠡᠬᠦ ᠦᠢᠯᠡᠳᠦᠯ ᠲᠦᠷᠭᠡᠨ ᠢᠯᠡᠷᠡᠪᠡ᠃ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ︽ᠶᠡᠭᠡ ᠬᠠᠪᠰᠤᠷᠤᠨ ᠵᠢᠯᠣᠭᠤᠳᠤᠯᠭ᠎ᠠ︾᠎ ᠶᠢ ᠥᠷᠨᠢᠭᠦᠯᠬᠦ ᠪᠠᠷ ᠳᠠᠮᠵᠢᠭᠤᠯᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠵᠤ᠂ ᠲᠣᠭᠲᠠᠭᠤᠨ ᠮᠥᠷᠲᠡᠭᠡᠨ ᠬᠡᠪ ᠤᠨ ᠪᠠᠶᠢᠳᠠᠯ ᠢᠶᠠᠷ ᠠᠵᠢᠯᠯᠠᠭᠤᠯᠬᠤ ᠶᠢ ᠪᠡᠶᠡᠯᠡᠭᠦᠯᠦᠭᠰᠡᠨ ᠠᠴᠠ᠂ ᠪᠦᠬᠦ ᠵᠢᠯ ᠳᠤ 148.25 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ᠂ ︽ᠬᠤᠶᠠᠷ ᠢ ᠥᠷᠭᠡᠳᠬᠡᠨ ᠨᠢᠭᠡ ᠶᠢ ᠪᠠᠭᠤᠷᠠᠭᠤᠯᠬᠤ︾ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠴᠦᠲᠡᠢ ᠠᠬᠢᠭᠤᠯᠪᠠ᠃ ᠬᠤᠶᠠᠷ ᠲᠤ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠢ ᠪᠣᠯᠪᠠ᠃ ᠪᠦᠬᠦ ᠣᠷᠣᠨ ᠤ ᠤᠯᠤᠰ ᠤᠨ ᠭᠠᠶᠢᠯᠢ ᠶᠢᠨ ᠰᠢᠰᠲ᠋ᠧᠮ ᠤᠨ ᠬᠢᠨ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠶᠢᠯᠢ ᠲᠠᠲᠠᠪᠤᠷᠢ ᠶᠢᠨ ᠬᠥᠭᠵᠢᠯᠲᠡ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠪᠠ ᠴᠢᠬᠤᠯᠠ ᠠᠷᠭ᠎ᠠ ᠪᠠᠷᠢᠯ ᠪᠣᠯᠭᠠᠵᠤ᠂ 77 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠬᠡᠨ ᠠᠬᠢᠭᠤᠯᠵᠤ᠂ ᠭᠠᠶᠢᠯᠢ ᠲᠤᠰᠢᠶᠠᠭᠴᠢᠳ ᠤᠨ ᠬᠦᠷᠲᠡᠭᠡᠮᠵᠢᠲᠦ ᠲᠥᠷᠥᠭᠳᠡᠯ᠂ ᠬᠠᠨᠤᠮᠵᠢᠲᠤ ᠬᠡᠮᠵᠢᠶ᠎ᠡ ᠪᠠ ᠭᠠᠶᠢᠯᠢ ᠶᠢᠨ ᠬᠠᠤᠯᠢ ᠶᠢ ᠵᠢᠷᠤᠮᠯᠠᠨ ᠳᠠᠭᠠᠬᠤ ᠬᠡᠮᠵᠢᠶ᠎ᠡ ᠶᠡᠭᠡ ᠪᠠᠷ ᠳᠡᠭᠡᠭᠰᠢᠯᠡᠵᠡᠢ᠃ ᠭᠤᠷᠪᠠ ᠳᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠠᠰᠢᠭ ᠣᠯᠵᠠᠪᠤᠷᠢ︾᠎ ᠶᠢ ᠶᠡᠭᠡ ᠪᠠᠷ ᠢᠯᠡᠷᠡᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠭᠠᠶᠢᠯᠢ ᠬᠥᠩᠭᠡᠯᠡᠬᠦ 6 ᠵᠦᠢᠯ ᠤᠨ ᠰᠢᠨ᠎ᠡ ᠲᠥᠷᠥ ᠶᠢᠨ ᠪᠣᠳᠣᠯᠭ᠎ᠠ᠂ ᠪᠠᠷᠠᠭᠤᠨ ᠣᠷᠣᠨ ᠤ ᠶᠡᠭᠡ ᠨᠡᠭᠡᠭᠡᠨ ᠬᠥᠭᠵᠢᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠭᠠᠶᠢᠯᠢ ᠲᠠᠲᠠᠪᠤᠷᠢ ᠶᠢᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢᠨ ᠲᠤᠬᠠᠢ ᠵᠠᠳᠠᠯᠤᠯᠲᠠ ᠶᠢ ᠴᠢᠩᠭᠠᠳᠬᠠᠵᠤ᠂ ᠨᠢᠭᠲᠠ ᠴᠢᠩᠭ᠎ᠠ ᠮᠥᠷᠳᠡᠨ ᠳᠠᠭᠠᠵᠤ ᠰᠢᠮᠳᠠᠭᠤᠯᠤᠨ ᠪᠠᠶᠢᠴᠠᠭᠠᠭᠰᠠᠨ ᠠᠴᠠ᠂ ᠪᠦᠬᠦ ᠵᠢᠯ ᠤᠨ ᠬᠠᠰᠤᠨ ᠬᠡᠯᠲᠦᠷᠢᠭᠦᠯᠦᠭᠰᠡᠨ ᠭᠠᠶᠢᠯᠢ 264.5 ᠳ᠋ᠦᠩᠰᠢᠭᠤᠷ ᠲᠤ ᠬᠦᠷᠴᠦ᠂ ᠭᠠᠳᠠᠭᠠᠳᠤ ᠭᠠᠷᠭᠠᠯᠲᠠ ᠶᠢ ᠭᠦᠢᠴᠡᠳᠬᠡᠬᠦ ᠳᠤ ᠪᠤᠴᠠᠭᠠᠭᠰᠠᠨ ︵ᠬᠡᠯᠲᠦᠷᠢᠭᠦᠯᠦᠭᠰᠡᠨ︶ ᠭᠠᠶᠢᠯᠢ 25.9 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠲᠤᠰᠢᠶᠠᠭᠴᠢᠳ ᠤᠨ ᠥᠷᠲᠡᠭ ᠢ ᠪᠠᠭᠤᠷᠠᠭᠤᠯᠵᠤ ᠦᠷ᠎ᠡ ᠪᠦᠲᠦᠮᠵᠢ ᠶᠢ ᠨᠡᠮᠡᠭᠳᠡᠭᠦᠯᠬᠦ ᠠᠵᠤ ᠦᠢᠯᠡᠰ ᠤᠨ ᠳᠡᠰ ᠳᠡᠪᠰᠢᠬᠦ ᠪᠠ ᠬᠥᠭᠵᠢᠨ ᠪᠤᠵᠠᠭᠠᠶᠢᠷᠠᠬᠤ ᠶᠢ ᠲᠦᠢᠯ ᠤᠨ ᠶᠡᠭᠡ ᠪᠠᠷ ᠠᠬᠢᠭᠤᠯᠵᠠᠢ᠃ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠵᠡᠩᠨᠡᠯᠲᠡ ᠪᠠᠷ ᠬᠠᠪᠰᠤᠷᠤᠨ ᠲᠡᠳᠬᠦᠬᠦ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ᠂ ᠬᠠᠮᠢᠶᠠᠷᠤᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠨᠡᠭᠦᠷᠡᠰᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃      ᠬᠥᠲᠥᠯᠥᠭᠴᠢ᠄ ᠦᠨᠡᠬᠡᠷ ᠨᠢᠭᠡᠨ ᠦᠨᠡᠨ ᠪᠣᠳᠠᠲᠠᠢ ︽ᠠᠰᠢᠭ ᠣᠯᠵᠠᠪᠤᠷᠢ︾ ᠪᠠᠶᠢᠨ᠎ᠠ᠃ 2018 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠵᠡᠷᠭᠡ ᠵᠦᠢᠯᠡᠰ ᠲᠤ ᠰᠤᠳᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠡᠭᠡᠪᠡᠯ᠂ ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖      ᠲᠠᠨ ᠾᠧᠩ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠤᠭᠤᠴᠠᠭ᠎ᠠ ᠶᠣᠰᠣᠭᠠᠷ ᠯᠠᠪᠳᠠᠭᠤᠨ ᠪᠠᠲᠤᠲᠠᠢ ᠪᠠᠷ ᠨᠠᠶᠢᠳᠠᠪᠤᠷᠢᠵᠢᠭᠤᠯᠤᠭᠳᠠᠬᠤ ᠶᠢ ᠬᠦᠴᠦᠨ ᠲᠠᠢ ᠮᠥᠷᠲᠡᠭᠡᠨ ᠠᠯᠬᠤᠮ ᠳᠠᠷᠠᠭ᠎ᠠ ᠲᠠᠢ ᠪᠠᠲᠤᠯᠠᠭᠰᠠᠨ ᠪᠠᠶᠢᠨ᠎ᠠ᠃      ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ︽ᠪᠠᠭᠤᠯᠭᠠᠬᠤ︾ ᠬᠡᠮᠵᠢᠶ᠎ᠡ ᠪᠠᠷᠢᠮᠵᠢᠶ᠎ᠠ ᠶᠢ ᠪᠠᠲᠤᠯᠠᠪᠠ᠃ ᠡᠩ ᠤᠨ ᠪᠠᠷᠢᠮᠲᠠ ᠶᠢ ᠬᠠᠷᠭᠤᠭᠤᠯᠤᠨ ᠲᠣᠭᠲᠠᠭᠠᠬᠤ ᠳᠤ ᠳᠠᠷᠦ᠋ᠢᠬᠠᠨ ᠭᠦᠢᠴᠡᠳᠬᠡᠬᠦ᠂ ᠪᠠᠷᠢᠮᠲᠠ ᠠᠪᠴᠤ ᠬᠡᠷᠡᠭᠯᠡᠬᠦ ᠳᠤ ︽ᠰᠦᠯᠵᠢᠶᠡᠨ ᠳᠡᠭᠡᠷ᠎ᠡ ᠭᠤᠶᠤᠴᠢᠯᠠᠨ ᠠᠪᠴᠤ᠂ ᠪᠣᠳᠠᠲᠠᠢ ᠬᠥᠮᠥᠨ ᠲᠣᠬᠢᠷᠠᠭᠤᠯᠤᠨ ᠬᠦᠷᠭᠡᠬᠦ ︾᠂ ᠪᠠᠷᠢᠮᠲᠠ ᠣᠷᠣᠯᠠᠨ ᠭᠠᠷᠭᠠᠬᠤ ᠳᠤ ︽ᠰᠦᠯᠵᠢᠶᠡᠨ ᠳᠡᠭᠡᠷ᠎ᠡ ᠭᠦᠢᠴᠡᠳᠬᠡᠵᠦ᠂ ᠰᠦᠯᠵᠢᠶᠡᠨ ᠠᠴᠠ ᠭᠠᠳᠠᠭᠤᠷ ᠪᠠᠷᠢᠮᠲᠠ ᠭᠠᠷᠭᠠᠬᠤ︾᠎ ᠶᠢ ᠬᠡᠷᠡᠭᠵᠢᠭᠦᠯᠪᠡ᠃ ᠭᠠᠶᠢᠯᠢ ᠲᠤᠰᠢᠶᠠᠭᠴᠢ ᠶᠢᠨ ᠮᠡᠳᠡᠭᠦᠯᠦᠭᠰᠡᠨ ᠭᠠᠶᠢᠯᠢ ᠳᠤ ᠬᠤᠯᠪᠣᠭᠳᠠᠬᠤ ᠮᠠᠲ᠋ᠧᠷᠢᠶᠠᠯ ᠢ ᠶᠡᠭᠡ ᠪᠠᠷ ᠢᠯᠭᠠᠷᠠᠭᠤᠯᠤᠨ ᠴᠡᠪᠡᠷᠯᠡᠬᠦ ᠪᠠ ᠴᠣᠮᠬᠠᠳᠬᠠᠨ ᠨᠡᠶᠢᠯᠡᠭᠦᠯᠵᠦ᠂ ︽ᠨᠢᠭᠡ ᠬᠦᠰᠦᠨᠦᠭ ᠲᠤ ᠨᠢᠭᠡᠳᠬᠡᠨ ᠨᠡᠶᠢᠯᠡᠭᠦᠯᠬᠦ︾᠂ ᠰᠢᠤᠳᠠᠨ ᠳᠤ ᠨᠠᠶᠢᠳᠠᠵᠤ ︽ᠬᠤᠶᠠᠷ ᠢ ᠣᠷᠣᠯᠠᠬᠤ︾ ᠪᠠ ︽ᠬᠦᠷᠦᠯᠴᠡᠬᠦᠢ ᠪᠤᠰᠤ ᠮᠠᠶ᠋ᠢᠭ︾᠎ ᠤᠨ ᠭᠠᠶᠢᠯᠢ ᠭᠦᠢᠴᠡᠳᠬᠡᠬᠦ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠮᠠᠲ᠋ᠧᠷᠢᠶᠠᠯ ᠢ ᠭᠠᠶᠢᠯᠢ ᠲᠤᠰᠢᠶᠠᠭᠴᠢ ᠤᠤᠯ ᠳᠤ ᠪᠠᠨ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠳᠠᠩᠰᠠᠯᠠᠭᠤᠯᠵᠤ ᠪᠠᠶᠢᠭᠰᠠᠨ ᠢ ᠭᠠᠶᠢᠯᠢ ᠲᠤᠰᠢᠶᠠᠭᠴᠢ ᠥᠪᠡᠷ ᠢᠶᠠᠨ ᠦᠯᠡᠳᠡᠭᠡᠨ ᠡᠷᠢᠵᠦ ᠬᠠᠶᠢᠬᠤ ᠳᠤ ᠪᠡᠯᠡᠳᠬᠡᠬᠦ ᠪᠠᠷ ᠥᠭᠡᠷᠡᠴᠢᠯᠡᠵᠦ᠂ ᠭᠠᠳᠠᠭᠰᠢ ᠭᠠᠷᠴᠤ ᠡᠵᠡᠩᠨᠡᠯᠲᠡ ᠬᠢᠭᠰᠡᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠭᠡᠷᠡᠴᠢ ᠶᠢ ᠬᠦᠴᠦᠨ ᠦᠭᠡᠢ ᠪᠣᠯᠭᠠᠭᠰᠠᠨ ᠤ ᠬᠠᠮᠲᠤ ᠰᠦᠯᠵᠢᠶᠡᠨ ᠳᠡᠭᠡᠷ᠎ᠡ ᠮᠡᠳᠡᠭᠦᠯᠦᠨ ᠰᠢᠯᠭᠠᠬᠤ ᠳᠦᠷᠢᠮ ᠢ ᠬᠡᠷᠡᠭᠵᠢᠭᠦᠯᠵᠡᠢ᠃ ᠤᠯᠤᠰ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠣᠯᠠᠨ ᠭᠡᠷᠡᠴᠢ ᠶᠢ ᠨᠡᠶᠢᠯᠡᠭᠦᠯᠦᠨ ᠨᠢᠭᠡ ᠪᠣᠯᠭᠠᠬᠤ︾ ᠬᠤᠳᠠᠯᠳᠤᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠪᠠ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠵᠥᠪᠰᠢᠶᠡᠷᠡᠯ ᠤᠨ ᠳᠠᠷᠤᠢ ᠳᠤ ᠨᠢ ᠭᠦᠢᠴᠡᠳᠬᠡᠬᠦ ᠠᠵᠢᠯ ᠲᠥᠷᠥᠯ ᠢ ᠲᠣᠳᠣᠷᠬᠠᠶᠢᠯᠠᠨ᠂ ︽ᠭᠤᠷᠪᠠᠨ ᠵᠦᠢᠯ ᠤᠨ ᠳᠦᠷᠢᠮ︾᠎ ᠢ ᠲᠤᠷᠰᠢᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠬᠡᠷᠡᠭᠵᠢᠭᠦᠯᠦᠨ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠤᠭᠰᠠᠨ ᠪᠠᠶᠢᠨ᠎ᠠ᠃      ᠬᠤᠶᠠᠷ ᠲᠤ᠂ ᠠᠵᠢᠯ ᠤᠨ ᠳᠤᠮᠳᠠ ᠪᠠ ᠠᠵᠢᠯ ᠤᠨ ᠳᠠᠷᠠᠭ᠎ᠠ᠂ ︽ᠬᠠᠮᠢᠶᠠᠷᠬᠤ︾ ᠡᠷᠴᠢᠮ ᠢ ᠪᠠᠲᠤᠯᠠᠵᠠᠢ᠃ ᠬᠥᠬᠡᠬᠤᠲᠠ ᠪᠤᠭᠤᠲᠤ ᠣᠷᠳᠣᠰ ᠤᠨ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠵᠤ᠂ ᠥᠪᠥᠷ ᠮᠣᠩᠭᠤᠯ ᠱᠠᠨ ᠰᠢ ᠾᠧᠪᠧᠢ ︵ᠤᠯᠠᠭᠠᠨᠴᠠᠪ ᠳ᠋ᠠᠲ᠋ᠦ᠋ᠩ ᠵᠠᠩ ᠵᠢᠶᠠ ᠺᠧᠦ︶᠎ ᠶᠢᠨ ᠭᠠᠶᠢᠯᠢ ᠲᠠᠲᠠᠪᠤᠷᠢ ᠶᠢᠨ ᠠᠵᠢᠯ ᠲᠥᠷᠥᠯ ᠢ ᠨᠡᠶᠢᠳᠡᠮ ᠳᠤ ᠨᠢ ᠭᠦᠢᠴᠡᠳᠬᠡᠬᠦ ᠶᠢ ᠢᠳᠡᠪᠬᠢᠲᠡᠢ ᠪᠠᠷ ᠠᠬᠢᠭᠤᠯᠪᠠ᠃ ᠲᠤᠭ᠎ᠠ ᠪᠠᠷᠢᠮᠲᠠ ᠶᠢ ᠴᠢᠨᠠᠷᠲᠠᠢ ᠬᠠᠮᠢᠶᠠᠷᠬᠤ ᠪᠠ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠪᠦᠬᠦ ᠤᠯᠤᠰ ᠲᠤ ᠬᠠᠮᠤᠭ ᠠᠴᠠ ᠤᠷᠢᠳ ᠢᠶᠠᠷ ᠭᠠᠶᠢᠯᠢ ᠲᠠᠲᠠᠪᠤᠷᠢ ᠶᠢᠨ ᠶᠡᠭᠡ ᠳ᠋ᠠᠶᠢᠲ᠋ᠠ ᠶᠢᠨ ᠲᠠᠪᠴᠠᠩ ᠢ ᠪᠠᠶᠢᠭᠤᠯᠵᠠᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠵᠡᠷᠭᠡ ᠠᠵᠢᠯ ᠢ ᠡᠷᠴᠢᠮ ᠲᠠᠢ ᠮᠥᠷᠲᠡᠭᠡᠨ ᠳᠡᠰ ᠳᠠᠷᠠᠭᠠᠯᠠᠯ ᠲᠠᠢ ᠪᠠᠷ ᠠᠬᠢᠭᠤᠯᠪᠠ᠃ ᠭᠠᠶᠢᠯᠢ ᠲᠤᠰᠢᠶᠠᠭᠴᠢ ᠶᠢ ᠲᠥᠷᠥᠯ ᠳᠡᠰ ᠬᠤᠪᠢᠶᠠᠨ ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠳᠡᠭᠡ ᠵᠠᠩᠭᠢ ᠪᠠᠷ ᠭᠠᠶᠢᠯᠢ ᠬᠠᠮᠢᠶᠠᠷᠬᠤ ᠬᠢᠭᠡᠳ ᠢᠲᠡᠭᠡᠮᠵᠢ ᠪᠠᠷ ᠭᠠᠶᠢᠯᠢ ᠬᠠᠮᠢᠶᠠᠷᠬᠤ ᠶᠢ ᠬᠠᠷᠢᠯᠴᠠᠨ ᠤᠶᠠᠯᠳᠤᠭᠤᠯᠤᠭᠰᠠᠨ ᠭᠠᠶᠢᠯᠢ ᠲᠠᠲᠠᠪᠤᠷᠢ ᠶᠢᠨ ᠲᠣᠭᠠᠵᠢᠭᠤᠯᠤᠭᠰᠠᠨ ᠵᠠᠰᠠᠯᠲᠠ ᠶᠢ ᠬᠡᠷᠡᠭᠵᠢᠭᠦᠯᠵᠡᠢ᠃ ᠲᠣᠮᠣ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠬᠢᠭᠡᠳ ᠬᠠᠮᠢᠶᠠᠷᠤᠯᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢᠨ ᠴᠠᠭᠳᠠᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠂ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠬᠠᠮᠲᠤᠷᠠᠨ ᠪᠠᠶᠢᠴᠠᠭᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾᠎ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠦᠯᠵᠢᠶᠡᠨ ᠳᠡᠭᠡᠷ᠎ᠡ ︽ᠬᠠᠷ᠎ᠠ ᠳᠠᠩᠰᠠ︾᠎ ᠶᠢᠨ ᠣᠶᠣᠨᠴᠢ ᠬᠠᠮᠢᠶᠠᠷᠤᠯᠲᠠ ᠶᠢᠨ ᠰᠢᠰᠲ᠋ᠧᠮ ᠢ ᠠᠵᠢᠯᠯᠠᠭᠤᠯᠤᠭᠰᠠᠨ ᠪᠠᠶᠢᠨ᠎ᠠ᠃      ᠭᠤᠷᠪᠠ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠦᠢᠯᠡᠴᠢᠯᠡᠬᠦ︾ ᠭᠦᠨᠴᠡ ᠶᠢ ᠪᠠᠲᠤᠯᠠᠵᠠᠢ᠃ ︽ᠠᠷᠠᠳ ᠲᠤ ᠳᠥᠭᠦᠮ ᠦᠵᠡᠭᠦᠯᠦᠨ ᠭᠠᠶᠢᠯᠢ ᠭᠦᠢᠴᠡᠳᠬᠡᠬᠦ ᠬᠠᠪᠤᠷ ᠤᠨ ᠰᠠᠯᠬᠢᠨ ᠤ ᠠᠵᠢᠯᠯᠠᠭ᠎ᠠ︾᠎ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ 5 ᠲᠥᠷᠥᠯ 20 ᠵᠦᠢᠯ 49 ᠵᠤᠷᠪᠤᠰ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠲᠠᠢ ᠪᠠᠷ ᠠᠪᠤᠪᠠ᠃ ᠭᠠᠶᠢᠯᠢ ᠪᠤᠴᠠᠭᠠᠬᠤ ᠳᠤ ᠴᠠᠭᠠᠰᠤ ᠥᠯᠥ ᠬᠡᠷᠡᠭᠯᠡᠬᠦ ᠲᠤᠷᠰᠢᠯᠲᠠ ᠶᠢᠨ ᠴᠢᠭ᠋ ᠢ ᠥᠷᠨᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠲᠦᠷᠭᠡᠳᠬᠡᠭᠰᠡᠨ ᠪᠠᠶᠢᠨ᠎ᠠ᠃ ᠭᠠᠶᠢᠯᠢ ᠲᠤᠰᠢᠶᠠᠭᠴᠢ ᠶᠢᠨ ᠬᠠᠨᠤᠮᠵᠢᠲᠤ ᠬᠡᠮᠵᠢᠶ᠎ᠡ ᠳᠤ ᠪᠠᠶᠢᠴᠠᠭᠠᠨ ᠰᠤᠳᠤᠯᠤᠯᠲᠠ ᠬᠢᠬᠦ ᠪᠠ ︽ᠦᠨᠡᠨ ᠪᠠᠶᠢᠳᠠᠯ ᠢ ᠪᠠᠶᠢᠴᠠᠭᠠᠵᠤ᠂ ᠪᠣᠳᠠᠲᠤ ᠶᠠᠪᠤᠳᠠᠯ ᠭᠦᠢᠴᠡᠳᠬᠡᠬᠦ︾ ᠭᠠᠶᠢᠯᠢ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢ ᠨᠠᠷᠢᠨ ᠨᠢᠭᠲᠠ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢᠳ ᠤᠨ 150 ᠭᠠᠷᠤᠢ ᠵᠦᠢᠯ ᠤᠨ ᠠᠰᠠᠭᠤᠳᠠᠯ ᠢ ᠠᠩᠬ᠎ᠠ ᠠᠯᠬᠤᠮ ᠰᠢᠢᠳᠪᠦᠷᠢᠯᠡᠪᠡ᠃ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠠᠪᠴᠠᠩ ᠢ ᠬᠠᠮᠲᠤ ᠪᠠᠷ ᠪᠠᠶᠢᠭᠤᠯᠵᠤ᠂ 59.37 ᠲᠦᠮᠡᠨ ᠡᠷᠦᠬᠡ ᠭᠠᠶᠢᠯᠢ ᠲᠤᠰᠢᠶᠠᠭᠴᠢ ᠰᠦᠯᠵᠢᠶᠡᠵᠢᠭᠰᠡᠨ ᠦᠢᠯᠡᠴᠢᠯᠡᠭᠡ ᠬᠦᠷᠲᠡᠵᠦ᠂ ᠰᠦᠯᠵᠢᠶᠡᠵᠢᠭᠰᠡᠨ ᠦᠢᠯᠡᠴᠢᠯᠡᠭᠡ ᠨᠢ ᠬᠡᠪ ᠤᠨ ᠪᠠᠶᠢᠳᠠᠯ ᠪᠠ ᠭᠤᠣᠯ ᠠᠷᠭ᠎ᠠ ᠵᠠᠮ ᠪᠣᠯᠣᠭᠰᠠᠨ ᠪᠠᠶᠢᠨ᠎ᠠ᠃ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠦᠬᠦ ᠣᠷᠣᠨ ᠤ ᠣᠶᠣᠨᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠨ ᠭᠠᠶᠢᠯᠢ ᠭᠦᠢᠴᠡᠳᠬᠡᠬᠦ ᠲᠠᠩᠬᠢᠮ ᠢ ᠪᠠᠶᠢᠭᠤᠯᠪᠠ᠃ ᠭᠠᠶᠢᠯᠢ ᠲᠤᠰᠢᠶᠠᠬᠤ ᠢᠲᠡᠭᠡᠮᠵᠢ ᠶᠢᠨ ᠰᠢᠰᠲ᠋ᠧᠮᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠶᠢ ᠪᠡᠶᠡᠯᠡᠭᠦᠯᠵᠦ᠂ ︽ᠪᠠᠩᠬᠢ ᠭᠠᠶᠢᠯᠢ ᠶᠢᠨ ᠦᠢᠯᠡᠳᠦᠯᠴᠡᠯ︾᠎ ᠤᠨ ᠠᠵᠢᠯᠯᠠᠭᠠᠨ ᠤ ᠬᠦᠷᠢᠶ᠎ᠡ ᠴᠠᠷᠠᠭ᠎ᠠ᠂ ᠬᠦᠷᠢᠶ᠎ᠡ ᠬᠡᠪᠴᠢᠶ᠎ᠡ ᠶᠢ ᠥᠷᠭᠡᠳᠬᠡᠭᠰᠡᠨ ᠠᠴᠠ᠂ ᠭᠠᠶᠢᠯᠢ ᠲᠤᠰᠢᠶᠠᠬᠤ ᠢᠲᠡᠭᠡᠮᠵᠢ ᠨᠢ ᠭᠠᠶᠢᠯᠢ ᠲᠤᠰᠢᠶᠠᠭᠴᠢ ᠶᠢᠨ ᠬᠠᠮᠤᠭ ᠤᠨ ᠴᠢᠬᠤᠯᠠ ︽ᠨᠡᠷ᠎ᠡ ᠶᠢᠨ ᠬᠠᠭᠤᠳᠠᠰᠤ︾ ᠪᠣᠯᠣᠭᠰᠠᠨ ᠪᠠᠶᠢᠨ᠎ᠠ᠃      ᠬᠥᠲᠥᠯᠥᠭᠴᠢ᠄ ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ ᠂ ᠡᠳᠦᠷ ᠪᠦᠷᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠬᠥᠮᠥᠰ ᠮᠠᠰᠢ ᠵᠦᠳᠡᠷᠡᠯᠲᠡᠢ ᠪᠠᠶᠢᠨ᠎ᠠ᠃ ᠲᠡᠭᠡᠪᠡᠯ ᠲᠠᠨ ᠲᠣᠪᠴᠢᠶᠠᠨ ᠳᠠᠷᠤᠭ᠎ᠠ ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖      ᠲᠠᠨ ᠾᠧᠩ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠯᠠᠪᠳᠠᠭᠤᠨ ᠪᠠᠲᠤᠲᠠᠢ ᠪᠣᠢ ᠪᠣᠯᠭᠠᠵᠤ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ︽ᠠᠷᠠᠭ᠎ᠠ ᠰᠣᠯᠢᠨ ᠳᠡᠰ ᠲᠡᠪᠰᠢᠬᠦ︾᠎ ᠶᠢ ᠶᠡᠭᠡ ᠬᠦᠴᠦᠨ ᠢᠶᠠᠷ ᠠᠬᠢᠭᠤᠯᠤᠭᠰᠠᠨ ᠶᠤᠮ᠃      ᠨᠢᠭᠡ ᠳᠤ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠪᠡ᠃ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠪᠠᠲᠤᠳᠬᠠᠬᠤ᠂ ᠦᠢᠯᠡᠳᠦᠯᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠶᠢ ᠣᠷᠭᠠᠨᠢᠭ ᠢᠶᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ ᠤᠨ ᠬᠥᠮᠥᠵᠢᠭᠦᠯᠦᠯ ᠪᠣᠯᠪᠠᠰᠤᠷᠠᠭᠤᠯᠤᠯ ᠤᠨ ᠡᠬᠢ ᠪᠠᠶᠠᠯᠢᠭ᠂ ᠬᠦᠴᠦᠨ ᠴᠢᠳᠠᠯ ᠢ ᠰᠢᠯᠢᠳᠡᠭᠵᠢᠭᠦᠯᠦᠨ ᠨᠢᠭᠡᠳᠬᠡᠵᠦ᠂ ︽ᠭᠠᠳᠠᠭᠰᠢ ᠭᠠᠷᠬᠤ︾ ᠬᠢᠭᠡᠳ ︽ᠣᠷᠣᠭᠤᠯᠵᠤ ᠢᠷᠡᠬᠦ︾᠎ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ᠂ ᠴᠢᠳᠠᠪᠤᠷᠢᠲᠠᠨ ᠢᠶᠠᠷ ᠭᠠᠶᠢᠯᠢ ᠲᠠᠲᠠᠪᠤᠷᠢ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠤ ᠲᠠᠪᠤᠨ ᠳᠡᠰ ᠤᠨ ᠱᠠᠲᠤᠯᠢᠭ ᠪᠣᠯᠪᠠᠰᠤᠷᠠᠭᠤᠯᠤᠯ ᠤᠨ ᠲᠥᠯᠥᠪᠯᠡᠭᠡ ᠪᠠ ᠴᠢᠳᠠᠪᠤᠷᠢᠲᠠᠨ ᠤ ᠪᠤᠶᠢᠵᠢᠯᠲᠠ ᠶᠢ ᠮᠥᠷᠳᠡᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠢᠯᠣᠭᠤᠳᠬᠤ ᠪᠠᠭᠰᠢ ᠶᠢᠨ ᠳᠦᠷᠢᠮ ᠢ ᠬᠡᠷᠡᠭᠵᠢᠭᠦᠯᠦᠨ᠂ ᠴᠢᠳᠠᠪᠤᠷᠢᠲᠠᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠶᠡᠭᠡ ᠮᠥᠷᠦ᠋ᠢᠴᠡᠭᠡᠨ︾᠎ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠭᠰᠡᠨ ᠠᠴᠠ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠺᠠᠳ᠋ᠷ ᠤᠨ ᠪᠦᠬᠦᠯᠢ ᠴᠣᠭᠴᠠ ᠶᠢᠨ ᠬᠡᠪ ᠴᠢᠨᠠᠷ ᠢᠯᠡᠳᠲᠡ ᠳᠡᠭᠡᠭᠰᠢᠯᠡᠵᠡᠢ᠃ ᠰᠢᠨ᠎ᠡ ᠪᠠᠷ ᠡᠯᠰᠡᠨ ᠬᠡᠷᠡᠭᠯᠡᠭᠰᠡᠨ 543 ᠠᠯᠪᠠᠲᠠᠨ ᠢ ᠪᠦᠬᠦᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠤ ᠨᠥᠬᠦᠪᠦᠷᠢᠯᠡᠵᠦ᠂ ᠦᠨᠳᠦᠰᠦᠨ ᠱᠠᠲᠤᠨ ᠤ ᠲᠠᠲᠠᠪᠤᠷᠢᠯᠠᠨ ᠬᠠᠮᠢᠶᠠᠷᠬᠤ ᠬᠦᠴᠦᠨ ᠢ ᠭᠦᠢᠴᠡᠳ ᠴᠢᠩᠭᠠᠷᠠᠭᠤᠯᠪᠠ᠃ ᠦᠨᠳᠦᠰᠦᠨ ᠱᠠᠲᠤᠨ ᠤ ᠵᠠᠷᠤᠳᠠᠯ ᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠯᠪᠠᠨ ᠤ ᠲᠡᠷᠭᠡ ᠶᠢᠨ ᠥᠭᠡᠷᠡᠴᠢᠯᠡᠯᠲᠡ᠂ ᠴᠠᠯᠢᠩ ᠨᠡᠮᠡᠯᠭᠡ ᠳᠠᠭᠠᠳᠬᠠᠯ ᠠᠰᠠᠷᠠᠮᠵᠢ ᠶᠢ ᠡᠭᠦᠷᠭᠡ ᠲᠤᠰᠢᠶᠠᠯ ᠪᠣᠯᠣᠨ ᠲᠤᠰᠢᠶᠠᠯ ᠤᠨ ᠳᠡᠰ ᠲᠠᠢ ᠵᠡᠷᠭᠡ ᠳᠤ ᠨᠢ ᠶᠠᠪᠤᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯᠲᠠᠨ ᠤ ᠶᠠᠪᠤᠳᠠᠯ ᠪᠠ ᠠᠵᠢᠯ ᠤᠨ ᠠᠮᠵᠢᠯᠲᠠ ᠪᠦᠲᠦᠮᠵᠢ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠭᠰᠠᠨ ᠪᠠᠶᠢᠨ᠎ᠠ᠃      ᠬᠤᠶᠠᠷ ᠲᠤ᠂ ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠴᠢᠶᠠᠯᠠᠭᠴᠢ ᠶᠢ ᠪᠠᠶᠠᠯᠢᠭᠵᠢᠭᠤᠯᠪᠠ᠃ ᠮᠣᠩᠭᠤᠯ ᠮᠣᠷᠢ ᠶᠢᠨ ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠬᠤ ᠪᠠ ᠪᠠᠳᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠺᠠᠳ᠋ᠷ ᠤᠨ ᠡᠩᠨᠡᠭᠡ ᠶᠢᠨ ︽ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ ᠤᠷᠤᠭᠰᠢᠯᠠᠬᠤ︾ ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠨᠢᠭᠲᠠᠷᠠᠭᠤᠯᠵᠠᠢ᠃ ᠲᠠᠯ᠎ᠠ ᠨᠤᠲᠤᠭ ᠤᠨ ᠭᠠᠶᠢᠯᠢ ᠶᠢᠨ ᠲᠡᠦᠬᠡ ᠶᠢᠨ ᠦᠵᠡᠭᠦᠯᠭᠡ ᠶᠢᠨ ᠮᠦᠽᠧᠢ ᠶᠢ ᠪᠠᠶᠢᠭᠤᠯᠵᠤ᠂ ᠥᠪᠥᠷ ᠮᠣᠩᠭᠤᠯ ᠤᠨ ᠲᠠᠯ᠎ᠠ ᠨᠤᠲᠤᠭ ᠠᠴᠠ ᠬᠥᠪᠥᠷᠡᠭᠰᠡᠨ ᠭᠡᠷᠡᠯ ᠰᠠᠴᠤᠷᠠᠩᠭᠤᠢ ᠰᠣᠶᠣᠯ ᠪᠠ ᠲᠠᠯ᠎ᠠ ᠨᠤᠲᠤᠭ ᠤᠨ ᠭᠠᠶᠢᠯᠢ ᠶᠢᠨ ᠬᠥᠭᠵᠢᠯᠲᠡ ᠶᠢᠨ ᠠᠬᠢᠴᠠ ᠶᠢ ᠲᠥᠪᠯᠡᠷᠡᠩᠭᠦᠢ ᠳᠡᠯᠭᠡᠨ ᠦᠵᠡᠭᠦᠯᠪᠡ᠃ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ᠂ ᠠᠩᠬᠠᠳᠤᠭᠠᠷ ᠬᠤᠭᠤᠴᠠᠭᠠᠨ ᠤ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠬᠤ ᠪᠠ ᠭᠠᠶᠢᠯᠢ ᠲᠠᠲᠠᠪᠤᠷᠢ ᠶᠢᠨ ᠬᠠᠤᠯᠢ ᠶᠢ ᠬᠡᠷᠡᠭᠵᠢᠭᠦᠯᠬᠦ ᠶᠡᠭᠡ ᠰᠢᠮᠳᠠᠭᠤᠯᠤᠨ ᠪᠠᠶᠢᠴᠠᠭᠠᠯᠲᠠ ᠳᠤᠮᠳᠠ ᠢᠯᠡᠷᠡᠯ ᠢᠶᠠᠷ ᠲᠣᠪᠤᠶᠢᠮ᠎ᠠ ᠬᠠᠮᠲᠤ ᠪᠠ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠪᠡ᠃ ᠮᠠᠨ ᠤ ᠴᠢᠷᠮᠠᠶᠢᠯᠭ᠎ᠠ ᠴᠤ ᠵᠣᠬᠢᠬᠤ ᠦᠷ᠎ᠡ ᠪᠦᠲᠦᠮᠵᠢ ᠣᠯᠵᠤ᠂ 2017 ᠣᠨ ᠤ ᠡᠴᠦᠰ ᠪᠣᠯᠲᠠᠯ᠎ᠠ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠪᠦᠬᠦ ᠤᠯᠤᠰ ᠤᠨ ᠪᠣᠯᠪᠠᠰᠤᠨ ᠨᠢᠭᠡᠴᠢ 21 ᠂ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠴᠢᠬᠡᠴᠢ ᠵᠠᠰᠠᠭ ᠤᠨ ᠬᠥᠮᠥᠵᠢᠯ ᠤᠨ ᠰᠠᠭᠤᠷᠢᠨ ᠭᠠᠵᠠᠷ 1᠂ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠠᠤᠯᠢ ᠪᠠᠷ ᠵᠠᠰᠠᠬᠤ ᠰᠠᠭᠤᠷᠢᠨ ᠭᠠᠵᠠᠷ 1᠂ ᠪᠦᠬᠦ ᠣᠷᠣᠨ ᠤ ᠪᠣᠯᠪᠠᠰᠤᠨ ᠨᠢᠭᠡᠴᠢ ᠶᠢᠨ ᠥᠯᠢᠭᠡᠷ ᠵᠢᠱᠢᠶ᠎ᠡ 92᠂ ᠪᠦᠬᠦ ᠣᠷᠣᠨ ᠤ ᠪᠣᠯᠪᠠᠰᠤᠨ ᠨᠢᠭᠡᠴᠢ 58᠎ ᠶᠢ ᠴᠢᠷᠮᠠᠶᠢᠨ ᠡᠭᠦᠳᠴᠦ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ 139 ᠪᠠᠶᠢᠭᠤᠯᠭ᠎ᠠ ᠳᠣᠲᠣᠷ᠎ᠠ 132᠎ ᠨᠢ ᠪᠦᠬᠦ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ︵ᠥᠯᠢᠭᠡᠷ ᠵᠢᠱᠢᠶ᠎ᠡ︶᠎ ᠶᠢᠨ ᠴᠣᠯᠠ ᠬᠦᠷᠲᠡᠨ᠂ 7 ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠯᠭᠤᠭᠰᠠᠨ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾᠎ ᠶᠢᠨ ᠢᠷᠠᠭᠤ ᠠᠯᠳᠠᠷ ᠤᠨ ᠴᠣᠯᠠ ᠬᠦᠷᠲᠡᠵᠦ᠂ ᠣᠶᠣᠨ ᠤ ᠪᠣᠯᠪᠠᠰᠤᠨ ᠤ ᠪᠠᠶᠢᠭᠤᠯᠤᠯᠲᠠ ᠨᠡᠯᠢᠶᠡᠳ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃      ᠬᠥᠲᠥᠯᠥᠭᠴᠢ᠄ 2017 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠵᠢᠯ ᠪᠣᠯᠣᠨ᠎ᠠ᠃ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠡᠷᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠭᠰᠠᠨ ᠲᠤᠬᠠᠢ ᠲᠠ ᠲᠠᠨᠢᠯᠴᠠᠭᠤᠯᠤᠭᠠᠳ ᠥᠭᠭᠦᠨ᠎ᠡ ᠦᠦ︖      ᠲᠠᠨ ᠾᠧᠩ᠄ ᠪᠣᠯᠣᠨ᠎ᠠ᠃ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ᠂ ᠣᠯᠠᠨ ᠵᠦᠢᠯ ᠤᠨ ᠠᠴᠢᠶᠠᠯᠠᠭᠴᠢ ᠶᠢ ᠬᠡᠷᠡᠭᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠭᠰᠠᠨ ᠶᠤᠮ᠃ ᠨᠢᠭᠡ ᠳᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠭᠦᠨᠵᠡᠭᠡᠢ ᠰᠤᠷᠤᠯᠴᠠᠨ ᠣᠶᠢᠯᠠᠭᠠᠪᠠ᠃ ᠪᠦᠬᠦ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ ᠰᠣᠨᠣᠰᠤᠭᠰᠠᠨ ᠪᠠ ᠦᠵᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠰᠤᠷᠤᠯᠴᠠᠨ ᠰᠤᠳᠤᠯᠪᠠ︔ ᠶᠡᠷᠦᠩᠬᠡᠢ ᠱᠦᠵᠢ ᠰᠢ ᠶᠢᠨ ᠫᠢᠩ ᠤᠨ ︽ᠰᠤᠷᠤᠯᠴᠠᠨ ᠣᠶᠢᠯᠠᠭᠠᠬᠤ︾᠂ ︽ᠨᠡᠪᠲᠡᠷᠡᠯ᠎ᠡ ᠤᠬᠠᠬᠤ︾᠂ ︽ᠪᠣᠳᠠᠲᠠᠢ ᠪᠠᠷ ᠬᠢᠬᠦ︾ 6 ᠦᠰᠦᠭ ᠤᠨ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠨᠠᠮ ᠤᠨ ᠤᠳᠤᠷᠢᠳᠬᠤ ᠳᠤᠭᠤᠶᠢᠯᠠᠩ ᠠᠴᠠ ᠳᠠᠭᠠᠭᠤᠯᠤᠨ ᠰᠤᠷᠤᠯᠴᠠᠬᠤ᠂ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠠᠴᠠ ᠲᠤᠭᠤᠰᠢᠲᠠᠢ ᠰᠤᠷᠤᠯᠴᠠᠬᠤ᠂ ᠰᠤᠳᠤᠯᠤᠨ ᠶᠠᠷᠢᠯᠴᠠᠬᠤ ᠠᠩᠭᠢ ᠡᠷᠬᠢᠯᠡᠵᠦ ᠭᠦᠨᠵᠡᠭᠡᠢ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ᠂ ᠤᠳᠠᠭᠠᠨ ᠳᠠᠭᠠᠭᠠᠮᠠᠭᠠᠢ ᠪᠠᠷ ᠭᠦᠨᠵᠡᠭᠡᠢ ᠰᠤᠷᠤᠯᠴᠠᠪᠠ᠃ ᠬᠤᠶᠠᠷ ᠲᠤ᠂ ᠬᠥᠨᠳᠡᠯᠡᠨ ᠭᠤᠯᠳᠤ ᠪᠠᠷ ᠬᠤᠯᠪᠣᠭᠠᠯᠠᠨ ᠦᠢᠯᠡᠳᠦᠯᠴᠡᠵᠦ ᠤᠬᠠᠭᠤᠯᠬᠤ ᠠᠵᠢᠯ ᠢ ᠰᠠᠶᠢᠲᠤᠷ ᠬᠢᠵᠡᠢ᠃ ᠣᠷᠣᠨ ᠲᠣᠪᠴᠢᠶ᠎ᠠ ᠶᠢᠨ ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠪᠠ᠃ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠤᠬᠠᠭᠤᠯᠬᠤ᠂ ᠬᠥᠮᠥᠵᠢᠭᠦᠯᠬᠦ᠂ ᠪᠣᠯᠪᠠᠰᠤᠷᠠᠭᠤᠯᠬᠤ ᠵᠡᠷᠭᠡ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠲᠤᠷᠰᠢᠯᠭ᠎ᠠ᠂ ᠵᠢᠱᠢᠶᠡᠴᠢ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠥᠪ ᠴᠢᠭᠯᠡᠯ ᠢᠶᠠᠷ ᠢᠳᠡᠪᠬᠢᠲᠡᠢ ᠬᠥᠲᠥᠯᠵᠦ᠂ ᠤᠷᠮᠠᠰᠢᠭᠤᠯᠤᠨ ᠵᠣᠷᠢᠭᠵᠢᠭᠤᠯᠬᠤ ᠲᠠᠯ᠎ᠠ ᠪᠠᠷ ᠬᠦᠴᠦᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠵᠡᠯ ᠰᠠᠨᠠᠭᠠᠨ ᠳᠤ ᠪᠠᠨ ᠰᠠᠭᠤᠷᠢᠯᠠᠭᠤᠯᠬᠤ᠂ ᠴᠢᠰᠤᠨ ᠳᠤ ᠪᠠᠨ ᠠᠭᠤᠰᠤᠭᠤᠯᠬᠤ᠂ ᠠᠵᠢᠯ ᠳᠤ ᠪᠠᠨ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠪᠠᠷ ᠢᠶᠠᠨ ᠢᠯᠡᠷᠡᠭᠦᠯᠬᠦ ᠶᠢ ᠪᠠᠲᠤᠯᠠᠭᠰᠠᠨ ᠪᠠᠶᠢᠨ᠎ᠠ᠃      ᠬᠥᠲᠥᠯᠥᠭᠴᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠰᠢᠨ᠎ᠡ ᠲᠣᠬᠢᠷᠠᠭᠤᠯᠤᠯᠲᠠ ᠪᠠ ᠰᠢᠨ᠎ᠡ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠳᠣᠣᠷ᠎ᠠ ᠲᠠᠨ ᠲᠣᠪᠴᠢᠶᠠᠨ ᠳᠠᠷᠤᠭ᠎ᠠ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠨᠡ ᠲᠠᠯ᠎ᠠ ᠪᠠᠷ ᠶᠠᠭᠠᠬᠢᠵᠤ ᠬᠢᠭᠰᠡᠨ ᠲᠤᠬᠠᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖      ᠲᠠᠨ ᠾᠧᠩ᠄ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠢ ᠲᠣᠬᠢᠷᠠᠭᠤᠯᠤᠭᠰᠠᠨ ᠠᠴᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠪᠠᠶᠢᠷᠢᠯᠠᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃ ᠨᠢᠭᠡ ᠳᠤ᠂ ᠨᠠᠮ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠡᠶᠢᠯᠡᠭᠦᠯᠦᠨ ᠰᠢᠯᠢᠳᠡᠭᠵᠢᠭᠦᠯᠵᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠤᠯᠪᠣᠭᠠᠯᠠᠨ ᠬᠥᠳᠡᠯᠦᠯᠴᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ 136 ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠬᠢᠨ ᠪᠣᠳᠠᠲᠤ ᠴᠣᠭᠴᠠᠵᠢᠭᠰᠠᠨ ᠡᠷᠭᠢᠯᠲᠡ ᠶᠢ ᠬᠡᠷᠡᠭᠵᠢᠭᠦᠯᠦᠨ᠂ ᠨᠠᠮ ᠤᠨ ᠠᠵᠢᠯ ᠤᠨ ᠲᠤᠰᠬᠠᠢ ᠲᠤᠰᠢᠶᠠᠯᠲᠤ ᠺᠠᠳ᠋ᠷ ᠢ ᠭᠦᠢᠴᠡᠳ ᠰᠠᠶᠢᠲᠤᠷ ᠲᠣᠬᠢᠷᠠᠭᠤᠯᠵᠤ᠂ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ ᠪᠠᠶᠢᠭᠤᠯᠭ᠎ᠠ ᠶᠢᠨ ᠠᠵᠢᠯ ᠢ ᠴᠢᠬᠤᠯᠠᠴᠢᠯᠠᠵᠤ ᠰᠢᠰᠲ᠋ᠧᠮ ᠢ ᠠᠬᠢᠭᠤᠯᠬᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠪᠦᠷᠢᠯᠳᠦᠭᠦᠯᠵᠡᠢ᠃ ︽ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ︽ᠰᠢᠰᠲ᠋ᠧᠮ ᠢᠶᠠᠷ ᠢᠶᠠᠨ ᠢᠳᠡᠪᠬᠢᠲᠡᠢ ᠬᠥᠳᠡᠯᠦᠯᠴᠡᠵᠦ᠂ ᠨᠠᠮ ᠤᠨ ᠤᠳᠤᠷᠢᠳᠤᠯᠭ᠎ᠠ ᠪᠠᠷ ᠭᠤᠣᠯ ᠪᠣᠯᠭᠠᠬᠤ︾᠂ ︽ᠳᠣᠷᠣᠭᠰᠢ ᠬᠤᠶᠠᠷ ᠱᠠᠲᠤ ᠶᠢ ᠠᠳᠬᠤᠵᠤ᠂ ᠨᠡᠩ ᠡᠷᠴᠢᠮ ᠲᠠᠢ ᠪᠥᠭᠡᠳ ᠭᠦᠨᠵᠡᠭᠡᠢ ᠠᠳᠬᠤᠬᠤ︾ ᠵᠡᠷᠭᠡ ᠨᠠᠮ ᠤᠨ ᠪᠠᠶᠢᠭᠤᠯᠤᠯᠲᠠ ᠶᠢᠨ ᠰᠢᠨ᠎ᠡ ᠳᠦᠷᠢᠮ ᠰᠢᠨ᠎ᠡ ᠲᠣᠭᠲᠠᠴᠠ ᠶᠢᠨ ᠲᠤᠭᠤᠰᠢᠯᠠᠭᠤᠯᠤᠯᠲᠠ ᠬᠡᠷᠡᠭᠵᠢᠭᠦᠯᠦᠯᠲᠡ ᠶᠢ ᠴᠢᠩᠭ᠎ᠠ ᠠᠳᠬᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ 222 ᠵᠦᠢᠯ ᠤᠨ ᠠᠵᠢᠯ ᠤᠨ ᠡᠭᠦᠷᠭᠡ ᠶᠢ ᠲᠣᠳᠣᠷᠬᠠᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠬᠤᠶᠠᠷ ᠲᠤ᠂ ᠤᠯᠤᠰ ᠲᠥᠷᠥ ᠦᠵᠡᠯ ᠰᠠᠨᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠠᠢ᠃ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠬᠡᠪᠰᠢᠵᠢᠭᠦᠯᠦᠯᠲᠡ ᠳᠦᠷᠢᠮᠵᠢᠭᠦᠯᠦᠯᠲᠡ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢ ᠯᠠᠪᠳᠠᠭᠤᠨ ᠪᠠᠲᠤᠲᠠᠢ ᠮᠥᠷᠲᠡᠭᠡᠨ ᠥᠨᠳᠥᠷ ᠪᠦᠲᠦᠮᠵᠢᠲᠡᠢ ᠪᠠᠷ ᠠᠬᠢᠭᠤᠯᠵᠤ᠂ ︽ᠳᠥᠷᠪᠡᠨ ᠦᠵᠡᠯ ᠤᠬᠠᠮᠰᠠᠷ︾᠎ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ᠳᠥᠷᠪᠡᠨ ᠢᠲᠡᠭᠡᠯ︾᠎ ᠢ ᠴᠢᠩᠭᠠᠷᠠᠭᠤᠯᠤᠨ᠂ ︽ᠳᠥᠷᠪᠡᠨ ᠪᠠᠲᠤ ᠬᠦᠴᠦᠨ︾᠎ ᠢᠶᠠᠨ ᠪᠠᠲᠤᠳᠬᠠᠵᠤ᠂ ︽ᠳᠥᠷᠪᠡᠨ ᠲᠠᠯ᠎ᠠ ᠪᠠᠷ ᠬᠢᠷᠢ ᠲᠡᠩᠴᠡᠭᠰᠡᠨ︾ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ ᠲᠡᠮᠡᠴᠡᠪᠡ᠃ ᠤᠳᠤᠷᠢᠳᠬᠤ ᠺᠠᠳ᠋ᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠬᠤ ᠪᠠ ᠦᠨᠳᠦᠰᠦᠨ ᠱᠠᠲᠤ ᠲᠠᠢ ᠰᠢᠭᠤᠳ ᠬᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ ᠺᠠᠳ᠋ᠷ ᠤᠨ ᠪᠠᠷᠢᠮᠵᠢᠶ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠠᠢ᠃ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠ ᠡᠵᠡᠮᠳᠡᠬᠦ ᠦᠢᠯᠡᠳᠦᠯ ᠢ ᠴᠢᠩᠭᠠᠷᠠᠭᠤᠯᠵᠤ᠂ ᠵᠠᠯᠠᠭᠤ ᠺᠠᠳ᠋ᠷᠴᠤᠳ ᠤᠨ ᠠᠯᠢ ᠲᠦᠷᠭᠡᠨ ᠢᠶᠠᠷ ᠬᠥᠭᠵᠢᠨ ᠳᠠᠪᠰᠢᠬᠤ ᠳᠤ ᠢᠳᠡᠪᠬᠢᠲᠡᠢ ᠪᠠᠷ ᠲᠠᠪᠴᠠᠩ ᠪᠠᠶᠢᠭᠤᠯᠬᠤ᠂ ᠨᠥᠬᠦᠴᠡᠯ ᠡᠭᠦᠳᠬᠦ ᠪᠠ ᠲᠣᠬᠢᠶᠠᠯ ᠬᠠᠩᠭᠠᠵᠤ᠂ ᠬᠥᠮᠥᠨ ᠰᠣᠩᠭᠤᠨ ᠬᠥᠮᠥᠨ ᠬᠡᠷᠡᠭᠯᠡᠬᠦ ᠶᠢᠨ ᠢᠯᠡ ᠲᠣᠳᠣ ᠬᠡᠮᠵᠢᠶ᠎ᠡ ᠪᠠ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠠᠷ ᠨᠠᠮ ᠤᠨ ᠬᠢᠴᠢᠶᠡᠯ ᠣᠷᠣᠭᠤᠯᠬᠤ᠂ ᠲᠤᠰᠬᠠᠢ ᠮᠡᠷᠭᠡᠵᠢᠯᠲᠡᠨ ᠪᠠ ᠡᠷᠳᠡᠮᠲᠡᠨ ᠪᠠᠷ ᠢᠯᠡᠳᠬᠡᠯ ᠬᠢᠯᠭᠡᠬᠦ ᠬᠡᠯᠪᠡᠷᠢ ᠪᠠᠷ ᠳᠠᠮᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠪᠠ ᠬᠦᠰᠡᠯᠡᠩ ᠢᠲᠡᠭᠡᠯ ᠵᠣᠷᠢᠭ ᠤᠨ ᠬᠥᠮᠥᠵᠢᠯ ᠢ ᠦᠨᠡᠨ ᠬᠦ ᠴᠢᠩᠭᠠᠳᠬᠠᠪᠠ᠃ ᠭᠤᠷᠪᠠ ᠳᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠪᠦᠷᠢᠯᠳᠦᠭᠦᠯᠵᠡᠢ᠃ ᠤᠯᠤᠰ ᠲᠥᠷᠥ ᠶᠢᠨ ᠠᠮᠢ ᠠᠬᠤᠢ ᠶᠢᠨ ᠲᠤᠰᠬᠠᠢ ᠰᠡᠳᠦᠪᠲᠦ ᠰᠤᠳᠤᠯᠤᠯᠲᠠ ᠪᠠ ᠲᠤᠰᠬᠠᠢ ᠲᠥᠷᠥᠯ ᠤᠨ ᠪᠠᠶᠢᠴᠠᠭᠠᠯᠲᠠ ᠶᠢ ᠥᠷᠨᠢᠭᠦᠯᠵᠦ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠠᠵᠢᠯ ᠢ ᠴᠢᠩᠭᠠᠳᠬᠠᠨ᠂ ᠰᠡᠷᠡᠮᠵᠢᠯᠡᠭᠦᠯᠬᠦ ᠬᠥᠮᠥᠵᠢᠯ ᠤᠨ ᠡᠷᠴᠢᠮ ᠢ ᠴᠢᠩᠭᠠᠷᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠬᠡᠷᠡᠭ ᠲᠤ ᠬᠤᠶᠠᠷ ᠪᠠᠶᠢᠴᠠᠭᠠᠯᠲᠠ︾᠎ ᠶᠢ ᠬᠡᠷᠡᠭᠵᠢᠭᠦᠯᠵᠦ᠂ ᠬᠡᠪ ᠰᠤᠷᠲᠠᠯ ᠲᠥᠪ ᠭᠤᠣᠯᠴᠢ᠂ ᠵᠢᠷᠤᠮᠵᠢᠯ ᠲᠠᠢ ᠮᠥᠷᠲᠡᠭᠡᠨ ᠡᠮᠬᠢ ᠵᠢᠷᠤᠮ ᠲᠠᠢ ᠰᠠᠶᠢᠨ ᠰᠠᠶᠢᠨ ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠵᠠᠢ᠃ ᠳᠣᠲᠣᠭᠠᠳᠤ ᠡᠵᠡᠮᠳᠡᠯ ᠤᠨ ᠲᠣᠭᠲᠠᠴᠠ ᠶᠢᠨ ᠪᠠᠶᠢᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠣᠲᠣᠭᠠᠳᠤ ᠡᠵᠡᠮᠳᠡᠯ ᠤᠨ ᠲᠠᠪᠴᠠᠩ ᠢ ᠳᠡᠯᠭᠡᠷᠡᠭᠦᠯᠦᠨ᠂ ︽ᠬᠤᠶᠠᠷ ᠡᠷᠬᠡ︾᠎ ᠳᠠᠬᠢ ᠬᠢᠨᠠᠯᠲᠠ ᠲᠠᠯᠪᠢᠯᠲᠠ ᠶᠢ ᠴᠢᠩᠭ᠎ᠠ ᠮᠥᠷᠲᠡᠭᠡᠨ ᠨᠠᠷᠢᠯᠢᠭ ᠴᠢᠩᠭᠠᠷᠠᠭᠤᠯᠵᠤ᠂ ︽ᠡᠷᠬᠡ︾᠎ ᠶᠢ ᠬᠠᠤᠯᠢ ᠪᠠᠷ ᠵᠠᠰᠠᠬᠤ ᠵᠠᠮ ᠢᠶᠠᠷ ᠬᠡᠷᠡᠭᠵᠢᠭᠦᠯᠬᠦ ᠶᠢ ᠪᠠᠲᠤᠯᠠᠭᠰᠠᠨ ᠪᠠᠶᠢᠨ᠎ᠠ᠃      ᠬᠥᠲᠥᠯᠥᠭᠴᠢ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ 2018 ᠣᠨ ᠨᠢᠭᠡᠨᠲᠡ ᠬᠦᠷᠴᠦ ᠢᠷᠡᠪᠡ᠂ ᠰᠢᠨ᠎ᠡ ᠨᠢᠭᠡ ᠵᠢᠯ᠂ ᠳᠠᠷᠤᠢ 2018 ᠣᠨ ᠤ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠭᠤᠣᠯᠳᠠᠯᠭᠠᠲᠤ ᠠᠵᠢᠯ ᠢ ᠲᠠ ᠥᠷᠭᠡᠨ ᠣᠯᠠᠨ ᠰᠦᠯᠵᠢᠶᠡᠨ ᠤ ᠠᠨᠳᠠ ᠳᠤ ᠲᠠᠨᠢᠯᠴᠠᠭᠤᠯᠤᠭᠠᠳ ᠥᠭᠭᠦᠨ᠎ᠡ ᠦᠦ︖      ᠲᠠᠨ ᠾᠧᠩ᠄ 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠥᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠪᠣᠯᠣᠨ᠎ᠠ ᠂ ᠮᠥᠨ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠮᠦᠨ᠎ᠡ ᠬᠤᠶᠢᠨᠠᠬᠢ ᠶᠢ ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠬᠦ ᠴᠢᠬᠤᠯᠠ ᠴᠠᠭ ᠦᠶ᠎ᠡ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠳᠣᠣᠷᠠᠬᠢ ᠠᠷᠪᠠᠨ ᠵᠦᠢᠯ ᠤᠨ ᠭᠤᠣᠯᠳᠠᠯᠭᠠᠲᠤ ᠠᠵᠢᠯ ᠢ ᠰᠠᠶᠢᠲᠤᠷ ᠬᠢᠬᠦ ᠪᠠᠷ ᠪᠠᠶᠢᠨ᠎ᠠ᠃      ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠎ᠠ᠃ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠪᠠᠷ ᠦᠵᠡᠯ ᠰᠠᠨᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠦᠭᠦᠯᠵᠦ᠂ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠲᠠᠢ ᠨᠢᠭᠡᠳᠦᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠤ ᠪᠠᠨ ᠰᠠᠭᠤᠭᠳᠠᠭᠤᠯᠤᠨ᠂ ᠠᠵᠢᠯᠯᠠᠭ᠎ᠠ ᠳᠤ ᠪᠠᠨ ᠦᠢᠯᠡᠳᠦᠯᠭᠡᠵᠢᠭᠦᠯᠬᠦ ᠶᠢ ᠪᠠᠲᠤᠯᠠᠨ᠎ᠠ᠃      ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠣᠷᠣᠯᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠭᠤᠣᠯ ᠪᠣᠯᠬᠤ ᠠᠵᠢᠯ ᠲᠥᠷᠥᠯ᠂ ᠠᠵᠤ ᠠᠬᠤᠶᠢᠯᠠᠯ᠂ ᠲᠥᠷᠥᠯ ᠵᠦᠢᠯ ᠤᠨ ᠪᠠᠶᠢᠳᠠᠯ ᠢ ᠪᠠᠶᠢᠴᠠᠭᠠᠨ ᠣᠶᠢᠯᠠᠭᠠᠵᠤ ᠬᠡᠮᠵᠢᠨ ᠲᠣᠭᠠᠴᠠᠬᠤ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠰᠢᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ ᠶᠢᠨ ᠲᠥᠰᠥᠭᠡᠯᠡᠬᠦ ᠶᠢᠨ ᠣᠨᠣᠪᠴᠢᠲᠤ ᠴᠢᠨᠠᠷ ᠪᠠ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠭᠤᠷᠪᠠ ᠳᠤ᠂ ᠭᠠᠶᠢᠯᠢ ᠲᠠᠲᠠᠪᠤᠷᠢ ᠶᠢ ᠬᠠᠤᠯᠢ ᠪᠠᠷ ᠵᠠᠰᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠭᠠᠶᠢᠯᠢ ᠶᠢ ᠵᠠᠰᠠᠬᠤ ᠱᠠᠭᠠᠷᠳᠠᠯᠭ᠎ᠠ ᠪᠠ ᠭᠠᠶᠢᠯᠢ ᠲᠠᠲᠠᠪᠤᠷᠢ ᠶᠢᠨ ᠬᠠᠤᠯᠢ ᠪᠠᠷ ᠲᠣᠭᠲᠠᠭᠠᠭᠰᠠᠨ ᠵᠠᠷᠴᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠳᠤᠮᠳᠠ ᠪᠠ ᠠᠵᠢᠯ ᠤᠨ ᠳᠠᠷᠠᠭᠠᠬᠢ ᠬᠠᠮᠢᠶᠠᠷᠤᠯᠲᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠭᠠᠶᠢᠯᠢ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠃      ᠳᠥᠷᠪᠡ ᠳᠤ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠬᠤ ᠡᠯ᠎ᠡ ᠲᠠᠯ᠎ᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠭᠠᠶᠢᠯᠢ᠂ ᠮᠠᠰᠢᠨ ᠲᠡᠷᠭᠡ ᠬᠤᠳᠠᠯᠳᠤᠨ ᠠᠪᠬᠤ ᠭᠠᠶᠢᠯᠢ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢᠨ ᠭᠠᠶᠢᠯᠢ ᠲᠠᠲᠠᠪᠤᠷᠢ᠂ ᠣᠯᠠᠨ ᠤᠯᠤᠰ ᠤᠨ ᠭᠠᠶᠢᠯᠢ ᠲᠠᠲᠠᠪᠤᠷᠢ ᠵᠡᠷᠭᠡ ᠲᠥᠷᠥ ᠶᠢᠨ ᠪᠣᠳᠣᠯᠭ᠎ᠠ ᠶᠢ ᠴᠢᠩᠳᠠ ᠨᠠᠶᠢᠳᠠᠪᠤᠷᠢᠵᠢᠭᠤᠯᠤᠨ᠎ᠠ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠭᠠᠶᠢᠯᠢ ᠬᠥᠩᠭᠡᠯᠡᠭᠰᠡᠨ ᠨᠡᠩ ᠶᠡᠭᠡ ᠦᠷ᠎ᠡ ᠨᠥᠯᠥᠭᠡ ᠶᠢ ᠦᠷᠭᠦᠯᠵᠢᠯᠡᠨ ᠢᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠲᠠᠲᠠᠪᠤᠷᠢ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃      ᠲᠠᠪᠤ ᠳᠤ᠂ ᠭᠠᠶᠢᠯᠢ ᠲᠤᠰᠢᠶᠠᠬᠤ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠦᠨ᠎ᠡ᠃ ︽ᠠᠷᠠᠳ ᠲᠤ ᠳᠥᠭᠦᠮ ᠦᠵᠡᠭᠦᠯᠬᠦ ᠭᠠᠶᠢᠯᠢ ᠭᠦᠢᠴᠡᠳᠬᠡᠬᠦ ᠬᠠᠪᠤᠷ ᠤᠨ ᠰᠠᠯᠬᠢᠨ ᠤ ᠠᠵᠢᠯᠯᠠᠭ᠎ᠠ︾᠎ ᠶᠢᠨ ᠦᠷ᠎ᠡ ᠪᠦᠲᠦᠭᠡᠯ ᠢ ᠪᠠᠲᠤᠳᠬᠠᠨ ᠭᠦᠨᠵᠡᠭᠡᠶᠢᠷᠡᠭᠦᠯᠵᠦ᠂ ᠭᠠᠶᠢᠯᠢ ᠭᠦᠢᠴᠡᠳᠬᠡᠬᠦ ᠠᠵᠢᠯ ᠲᠥᠷᠥᠯ ᠤᠨ ︽ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠪᠦᠬᠦ ᠤᠯᠤᠰ ᠲᠤ ᠨᠡᠶᠢᠳᠡᠮ ᠳᠤ ᠨᠢ ᠭᠦᠢᠴᠡᠳᠬᠡᠬᠦ ᠶᠢ ᠢᠳᠡᠪᠬᠢᠲᠡᠢ ᠬᠡᠷᠡᠭᠵᠢᠭᠦᠯᠵᠦ᠂ ︽ᠬᠠᠮᠲᠤᠷᠠᠭᠰᠠᠨ ᠰᠦᠯᠵᠢᠶᠡᠨ ᠲᠠᠩᠬᠢᠮ︾᠎ ᠤᠨ ᠪᠦᠷᠬᠦᠴᠡ ᠪᠠ ᠥᠪᠡᠷ ᠢᠶᠠᠨ ᠭᠠᠶᠢᠯᠢ ᠭᠦᠢᠴᠡᠳᠬᠡᠬᠦ ᠬᠡᠪᠴᠢᠶ᠎ᠡ ᠶᠢ ᠥᠷᠭᠡᠳᠬᠡᠨ᠎ᠡ᠃ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠠᠩᠬᠢᠮ ᠤᠨ ᠲᠥᠷᠥᠯ ᠬᠤᠪᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠭᠦᠢᠴᠡᠳᠬᠡᠬᠦ ᠴᠤᠪᠤᠷᠠᠯ ᠢ ᠳᠥᠭᠦᠮᠴᠢᠯᠡᠨ᠂ ᠭᠠᠶᠢᠯᠢ ᠲᠤᠰᠢᠶᠠᠭᠴᠢᠳ ᠤᠨ ᠳᠠᠷᠤᠭᠠᠰᠤ ᠶᠢ ᠬᠥᠩᠭᠡᠯᠡᠨ᠎ᠡ᠃ ︽ᠪᠠᠩᠬᠢ ᠭᠠᠶᠢᠯᠢ ᠶᠢᠨ ᠦᠢᠯᠡᠳᠦᠯᠴᠡᠯ︾᠎ ᠤᠨ ᠠᠵᠢᠯᠯᠠᠭ᠎ᠠ ᠶᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠤᠨ ᠢᠲᠡᠭᠡᠮᠵᠢ ᠳᠤᠮᠳᠠᠬᠢ ᠭᠠᠶᠢᠯᠢ ᠲᠤᠰᠢᠶᠠᠬᠤ ᠢᠲᠡᠭᠡᠮᠵᠢ ᠶᠢᠨ ᠰᠠᠭᠤᠷᠢ ᠴᠢᠨᠠᠷᠲᠠᠢ ᠦᠢᠯᠡᠳᠦᠯ ᠢ ᠤᠯᠠᠮ ᠴᠢᠨᠠᠭᠰᠢᠳᠠ ᠴᠢᠩᠭᠠᠷᠠᠭᠤᠯᠤᠨ᠎ᠠ᠃      ᠵᠢᠷᠭᠤᠭ᠎ᠠ ᠳᠤ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠠᠷᠭ᠎ᠠ ᠮᠠᠶ᠋ᠢᠭ ᠢᠶᠠᠨ ᠬᠤᠪᠢᠷᠠᠭᠤᠯᠤᠨ᠎ᠠ᠃ ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠤ ᠬᠠᠮᠲᠤᠷᠠᠯᠴᠠᠭ᠎ᠠ ᠪᠠ ᠭᠠᠶᠢᠯᠢ ᠲᠤᠰᠢᠶᠠᠭᠴᠢ ᠶᠢ ᠲᠥᠷᠥᠯ ᠳᠡᠰ ᠬᠤᠪᠢᠶᠠᠬᠤ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃ ᠡᠯᠧᠺᠳ᠋ᠷᠣᠨ ᠪᠠᠷᠢᠮᠲᠠ ᠶᠢ ᠲᠦᠷᠭᠡᠳᠬᠡᠨ ᠬᠡᠷᠡᠭᠵᠢᠭᠦᠯᠵᠦ᠂ ᠲᠠᠲᠠᠪᠤᠷᠢᠯᠠᠬᠤ ᠴᠡᠭ ᠠᠴᠠ ᠳᠣᠷᠣᠭᠰᠢᠬᠢ ᠭᠠᠶᠢᠯᠢ ᠲᠤᠰᠢᠶᠠᠭᠴᠢ ᠶᠢ ᠪᠠᠷᠢᠮᠲᠠ ᠶᠢᠨ ᠰᠢᠨ᠎ᠡ ᠰᠢᠰᠲ᠋ᠧᠮ ᠳᠤ ᠣᠷᠣᠭᠤᠯᠬᠤ ᠠᠵᠢᠯ ᠢ ᠯᠠᠪᠳᠠᠭᠤᠨ ᠢᠶᠠᠷ ᠰᠠᠶᠢᠲᠤᠷ ᠬᠢᠵᠦ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠪᠡᠰᠦᠪᠡᠨ ᠲᠤᠰᠬᠠᠢ ᠪᠠᠷᠢᠮᠲᠠ ᠭᠠᠷᠭᠠᠨ ᠠᠪᠬᠤ ᠠᠵᠢᠯ ᠲᠥᠷᠥᠯ ᠤᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾᠎ ᠳᠤ ᠦᠢᠯᠡᠴᠢᠯᠡᠬᠦ ᠶᠢ ᠰᠠᠨᠠᠭᠠᠴᠢᠯᠠᠬᠤ ᠡᠷᠴᠢᠮ ᠢ ᠴᠢᠩᠭᠠᠷᠠᠭᠤᠯᠵᠤ᠂ ︽ᠭᠠᠳᠠᠭᠰᠢ ᠭᠠᠷᠬᠤ︾ ᠭᠠᠶᠢᠯᠢ ᠲᠤᠰᠢᠶᠠᠭᠴᠢ ᠶᠢᠨ ᠲᠠᠰᠤᠷᠠᠯᠲᠠ ᠦᠭᠡᠢ ᠬᠥᠭᠵᠢᠵᠦ ᠪᠤᠵᠠᠭᠠᠶᠢᠷᠠᠬᠤ ᠶᠢ ᠳᠡᠮᠵᠢᠨ ᠠᠬᠢᠭᠤᠯᠤᠨ᠎ᠠ᠃      ᠳᠣᠯᠤᠭ᠎ᠠ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ + ᠭᠠᠶᠢᠯᠢ ᠶᠢᠨ ᠶᠠᠪᠤᠳᠠᠯ︾᠎ ᠤᠨ ᠠᠵᠢᠯᠯᠠᠭ᠎ᠠ ᠶᠢᠨ ᠲᠥᠯᠥᠪᠯᠡᠭᠡ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠭᠦᠨᠵᠡᠭᠡᠢ ᠬᠡᠷᠡᠭᠵᠢᠭᠦᠯᠵᠦ᠂ ᠭᠠᠶᠢᠯᠢ ᠲᠠᠲᠠᠪᠤᠷᠢ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠡᠷᠴᠢᠮᠵᠢᠭᠦᠯᠬᠦ ᠪᠠ ᠨᠢᠭᠡ ᠴᠣᠭᠴᠠᠵᠢᠭᠤᠯᠤᠨ ᠠᠬᠢᠭᠤᠯᠤᠨ᠎ᠠ᠃      ᠨᠠᠢᠮᠠ ᠳᠤ᠂ ᠦᠨᠳᠦᠰᠦᠨ ᠱᠠᠲᠤᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ᠲᠥᠰᠥᠯ ᠢ ᠲᠡᠭᠦᠯᠳᠡᠷᠵᠢᠭᠦᠯᠵᠦ᠂ ᠮᠣᠩᠭᠤᠯ ᠮᠣᠷᠢ ᠶᠢᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠣᠨᠴᠠᠯᠢᠭᠲᠤ ᠭᠠᠶᠢᠯᠢ ᠶᠢᠨ ᠶᠠᠪᠤᠳᠠᠯ ᠤᠨ ᠰᠣᠶᠣᠯ ᠬᠢᠭᠡᠳ ᠨᠡᠷᠡᠲᠦ ᠲᠥᠷᠥᠯ ᠲᠡᠮᠳᠡᠭ ᠢ ᠪᠤᠶᠢᠵᠢᠭᠤᠯᠵᠤ᠂ ᠭᠠᠶᠢᠯᠢ ᠶᠢᠨ ᠶᠠᠪᠤᠳᠠᠯ ᠤᠨ ᠰᠣᠶᠣᠯ ᠤᠨ ᠪᠠᠶᠢᠭᠤᠯᠤᠯᠲᠠ ᠪᠠ ᠣᠶᠣᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠤ ᠬᠥᠮᠥᠵᠢᠯ ᠢ ᠴᠢᠩᠭᠠᠷᠠᠭᠤᠯᠤᠨ᠎ᠠ᠃      ᠶᠢᠰᠦ ᠳᠤ᠂ ᠺᠠᠳ᠋ᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠠᠯᠠᠭᠤ ᠺᠠᠳ᠋ᠷ᠂ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠤᠨ ᠬᠥᠮᠥᠵᠢᠭᠦᠯᠦᠯ ᠰᠢᠯᠢᠯᠲᠡ ᠶᠢ ᠴᠢᠩᠭᠠᠳᠬᠠᠵᠤ᠂ ᠤᠳᠤᠷᠢᠳᠬᠤ ᠺᠠᠳ᠋ᠷ ᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠭᠤᠯᠬᠤ ᠳᠦᠷᠢᠮ ᠢ ᠶᠡᠭᠡ ᠪᠠᠷ ᠬᠡᠷᠡᠭᠵᠢᠭᠦᠯᠵᠦ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠷᠠᠭᠠᠯᠵᠠᠬᠤ ᠶᠢ ᠤᠶᠠᠯᠳᠤᠭᠤᠯᠤᠨ᠂ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡ ᠳᠤ ᠨᠢ ᠴᠢᠬᠤᠯᠠᠴᠢᠯᠠᠵᠤ᠂ ᠦᠨᠳᠦᠰᠦᠨ ᠱᠠᠲᠤᠨ ᠤ ᠺᠠᠳ᠋ᠷᠴᠤᠳ ᠢ ᠬᠠᠷᠠᠭᠠᠯᠵᠠᠨ ᠬᠠᠮᠠᠭᠠᠯᠠᠨ᠎ᠠ᠃      ᠠᠷᠪᠠ ᠳᠤ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠩᠬᠠᠨ ᠤ ᠵᠣᠷᠢᠯᠲᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠭᠤᠣᠯ ᠰᠡᠳᠦᠪᠲᠦ ᠬᠥᠮᠥᠵᠢᠯ ᠢ ᠨᠠᠷᠢᠨ ᠨᠢᠭᠲᠠ ᠵᠣᠬᠢᠶᠠᠨ ᠪᠠᠶᠢᠭᠤᠯᠤᠨ ᠥᠷᠨᠢᠭᠦᠯᠵᠦ᠂ ᠤᠳᠠᠭᠠᠨ ᠳᠠᠭᠠᠭᠠᠮᠠᠭᠠᠢ ᠪᠠᠷ ᠲᠥᠪ ᠰᠤᠷᠲᠠᠯ ᠢ ᠡᠷᠬᠢᠮᠯᠡᠨ ᠰᠠᠬᠢᠯᠭ᠎ᠠ ᠪᠠᠲᠤ ᠶᠢ ᠴᠢᠩᠭᠠᠯᠠᠨ᠎ᠠ᠃      ᠬᠥᠲᠥᠯᠥᠭᠴᠢ᠄ ᠵᠠ ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1