︽ᠤᠯᠠᠨ ᠲᠦᠮᠡᠨ ᠤ ᠠᠮᠢᠳᠦᠷᠠᠯ ᠳᠤ ᠲᠦᠬᠦᠮ ᠦᠵᠡᠬᠦᠯᠵᠤ ᠨᠠᠶᠢᠬᠡᠮ ᠤᠨ ᠲᠤᠬᠳᠠᠭᠤᠨ ᠢ ᠬᠠᠮᠠᠭᠠᠯᠠᠨ᠎ᠠ︾ | — ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠡᠳ᠋ ᠲᠠᠷᠤᠭ᠎ᠠ ᠮᠠᠨᠳᠤᠯ᠎ᠠ ᠶᠢ | ᠰᠤᠷᠪᠤᠯᠵᠢᠯᠠᠬᠰᠠᠨ ᠨᠢ | ᠰᠤᠷᠪᠤᠯᠵᠢᠯᠠᠨ ᠶᠠᠷᠢᠯᠴᠠᠬᠰᠠᠨ ᠠᠭᠤᠯᠭ᠎ᠠ ᠶᠢᠨ ᠲᠠᠨᠢᠯᠴᠠᠭᠤᠯᠭ᠎ᠠ᠄ ᠦᠷᠬᠡᠨ ᠤᠯᠠᠨ ᠲᠦᠮᠡᠨ ᠳᠤ ᠨᠡᠩ ᠰᠠᠶᠢᠨ | ᠂ ᠨᠡᠩ ᠲᠦᠷᠬᠡᠨ ᠲᠤᠳᠤᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠦᠯᠦᠬᠡ᠂ | ᠮᠠᠨ ᠤ ᠲᠤᠪᠴᠢᠶ᠎ᠠ ᠠᠷᠠᠳ ᠲᠤ ᠲᠦᠬᠦᠮ ᠦᠵᠡᠬᠦᠯᠬᠦ ᠠᠷᠠᠳ ᠲᠤ ᠠᠰᠢᠬᠳᠠᠢ ᠨᠢᠬᠡ ᠤᠯᠠᠨ ᠠᠷᠭ᠎ᠠ ᠠᠪᠴᠠᠯ ᠢ | ᠨᠡᠶᠢᠳᠠᠯᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠢᠩᠬᠢᠮ ᠤᠨ ᠡᠷᠦᠬᠡ ᠠᠮᠠ ᠶᠢᠨ ᠦᠢᠯᠡᠴᠢᠯᠡᠬᠡᠨ ᠤ | ᠴᠤᠩᠬᠤ ᠨᠢ ︽1135︾ ᠠᠷᠠᠳ ᠲᠤ ᠲᠦᠬᠦᠮ ᠦᠵᠡᠬᠦᠯᠵᠤ ᠠᠷᠠᠳ ᠲᠤ ᠠᠰᠢᠭ ᠬᠦᠷᠳᠡᠬᠡᠬᠦ ᠠᠷᠭ᠎ᠠ ᠠᠪᠴᠠᠯ ᠢ | ᠨᠠᠶᠢᠳᠠᠯᠠᠨ ᠬᠡᠷᠡᠭᠵᠢᠬᠦᠯᠦᠭᠰᠡᠨ ᠪᠠᠶᠢᠨ᠎ᠠ᠃ ᠲᠠᠷᠤᠢ᠄ ᠨᠢᠬᠡ ᠮᠢᠨᠦ᠋ᠲ ᠤᠨ ᠲᠤᠳᠤᠷ᠎ᠠ ᠤᠯᠠᠨ ᠲᠦᠮᠡᠨ ᠳᠤ ᠲᠦᠷ | ᠴᠠᠭ ᠤᠨ ᠦᠨᠡᠮᠯᠡᠯ ᠢ ᠬᠦᠢᠴᠡᠳᠭᠡᠨ ᠦᠭᠴᠤ᠂ ᠨᠢᠬᠡ ᠮᠢᠨᠦᠲ ᠤᠨ ᠲᠤᠳᠤᠷ᠎ᠠ ᠤᠯᠠᠨ ᠲᠦᠮᠡᠨ ᠳᠤ ᠡᠷᠦᠬᠡ | ᠠᠮᠠ ᠶᠢᠨ ᠲᠠᠩᠰᠠ ᠶᠢᠨ ᠬᠡᠷᠡᠴᠢᠯᠠᠯ ᠢ ᠭᠠᠷᠭᠠᠨ ᠦᠭᠴᠤ᠂ 3 ᠮᠢᠨᠦ᠋ᠲ ᠤᠨ ᠲᠤᠳᠤᠷ᠎ᠠ ᠭᠠᠳᠠᠨ᠎ᠠ ᠤᠷᠤᠨ ᠠᠴᠠ | ᠡᠷᠦᠬᠡ ᠠᠮᠠ ᠶᠢᠨ ᠲᠠᠩᠰᠠ ᠪᠠᠨ ᠨᠡᠬᠦᠯᠬᠡᠨ ᠠᠪᠴᠤ ᠢᠷᠡᠭᠰᠡᠨ ᠬᠦᠮᠦᠨ ᠠᠮᠠ ᠶᠢᠨ ᠡᠷᠦᠬᠡ ᠠᠮᠠ ᠶᠢᠨ ᠲᠠᠩᠰᠠ ᠪᠠᠨ | ᠤᠷᠤᠭᠤᠯᠬᠤ ︽ᠨᠡᠬᠦᠯᠬᠡᠬᠦ ᠶᠢ ᠵᠦᠪᠰᠢᠶᠡᠷᠡᠬᠦ ᠦᠨᠡᠮᠯᠡᠯ︾ ᠢ ᠬᠦᠢᠴᠡᠳᠬᠡᠨ ᠦᠭᠴᠤ᠂ 5 ᠠᠵᠢᠯᠯᠠᠬᠤ ᠡᠳᠦᠷ ᠤᠨ | ᠲᠤᠳᠤᠷ᠎ᠠ ᠤᠯᠠᠨ ᠲᠦᠮᠡᠨ ᠳᠤ ᠰᠠᠭᠤᠭᠠᠯᠢ ᠠᠷᠠᠳ ᠤᠨ ᠪᠡᠶ᠎ᠠ ᠶᠢᠨ ᠦᠨᠡᠮᠯᠡᠯ ᠢ ᠬᠦᠢᠴᠡᠳᠬᠡᠨ ᠦᠭᠴᠤ ᠲᠦᠷᠬᠡᠨ ᠤ | ᠲᠡᠮᠵᠢᠭᠤᠯᠭ᠎ᠠ ᠪᠠᠷ ᠶᠠᠪᠤᠭᠤᠯᠬᠤ ᠶᠢ ᠬᠦᠢᠴᠡᠳᠬᠡᠨ ᠦᠭᠬᠦ ᠶᠢᠨ ᠬᠠᠮᠳᠤ ᠭᠠᠷᠠᠭ ᠪᠦᠷᠢ ᠲᠤᠯᠤᠭᠠᠨ ᠡᠳᠦᠷ ᠦᠨᠡᠮᠯᠡᠯ | ᠬᠦᠢᠴᠡᠳᠬᠡᠵᠤ ᠦᠭᠬᠦ ᠶᠢ ᠬᠡᠷᠡᠭᠵᠢᠬᠦᠯᠵᠤ᠂ ᠪᠡᠶ᠎ᠠ ᠶᠢᠨ ᠦᠨᠡᠮᠯᠡᠯ ᠤᠨ ᠰᠡᠬᠦᠳᠡᠷ ᠢ ᠴᠤᠬᠯᠠᠭᠤᠯᠬᠤ ︽ᠬᠠᠨᠤᠮᠵᠢᠳᠠᠢ | ᠰᠡᠬᠦᠳᠡᠷᠯᠡᠬᠦ︾ ᠪᠤᠯᠤᠨ ᠬᠢᠨᠠᠨ ᠵᠦᠪᠰᠢᠶᠡᠷᠡᠬᠦ ᠤᠴᠢᠷ ᠶᠠᠪᠤᠳᠠᠯ ᠢ ᠬᠠᠮᠤᠭ ᠲᠦᠷᠬᠡᠨ ᠳᠡᠭᠡᠨ 3 ᠮᠢᠨᠦ᠋ᠲ ᠤᠨ | ᠲᠤᠳᠤᠷ᠎ᠠ ᠬᠦᠢᠴᠡᠳᠬᠡᠵᠤ ᠪᠠᠷᠠᠭᠠᠬᠤ ᠶᠢ ᠬᠡᠷᠡᠭᠵᠢᠬᠦᠯᠵᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠯᠢ ᠪᠠᠷ | ᠤᠷᠤᠵᠤ ᠭᠠᠷᠬᠤ ᠦᠢᠯᠡᠴᠢᠯᠡᠬᠡᠨ ᠤ ᠴᠤᠩᠬᠤ ᠨᠢ ︽ᠨᠢᠬᠡ ᠴᠤᠩᠬᠤᠪᠴᠢ ᠶᠢᠨ ᠬᠡᠯᠪᠡᠷᠢ︾ ᠶᠢᠨ ᠦᠨᠡᠮᠯᠡᠯ | ᠬᠦᠢᠴᠡᠳᠬᠡᠬᠦ ᠦᠢᠯᠡᠴᠢᠯᠡᠭᠡ ᠶᠢ ᠪᠠᠶᠡᠯᠡᠬᠦᠯᠵᠤ᠂ ᠰᠢᠶᠠᠩᠭᠠᠩ ᠤᠤᠮᠧᠨ ᠳᠤ ᠨᠡᠪᠳᠡᠷᠡᠬᠦ ᠡᠯᠧᠺᠳ᠋ᠷᠤᠨ ᠦᠨᠡᠮᠯᠡᠯ ᠢ | ᠬᠤᠶᠠᠳᠠᠬᠢ ᠤᠳᠠᠭ᠎ᠠ ᠴᠤᠬᠤᠯᠠᠪᠤᠷᠢᠯᠠᠬᠤ ᠶᠢ ︽ᠲᠤᠤᠷ᠎ᠠ ᠨᠢ ᠬᠦᠯᠢᠶᠡᠵᠤ ᠪᠠᠶᠢᠭᠠᠳ ᠠᠪᠴᠤ ᠪᠤᠯᠬᠤ︾ ᠶᠢ | ᠪᠡᠶᠡᠯᠡᠬᠦᠵᠤ᠂ ᠤᠯᠠᠨ ᠲᠦᠮᠡᠨ ᠤ ᠬᠦᠯᠢᠶᠡᠬᠦ ᠴᠠᠭ ᠢ ᠠᠷᠪᠢᠯᠠᠵᠠᠢ︔ ︽ᠪᠤᠭᠤᠳᠤ ᠶᠢᠨ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠶᠢᠨ ᠬᠢᠯᠢ ᠪᠠᠷ ᠤᠷᠤᠵᠤ ᠭᠠᠷᠬᠤ︾ ᠵᠢᠷᠬᠢᠶ᠎ᠠ ᠵᠠᠬᠢᠶᠠᠯᠠᠨ ᠤᠩᠰᠢᠬᠤ ᠲᠡᠪᠴᠡᠩ ᠢ ᠨᠡᠪᠳᠡᠷᠡᠬᠦᠯᠵᠤ᠂ | ᠦᠨᠡᠮᠯᠡᠯ ᠬᠦᠢᠴᠡᠳᠬᠡᠬᠦ ᠲᠦᠷᠢᠮᠵᠢᠯ᠂ ᠦᠨᠡᠮᠯᠡᠯ ᠬᠦᠢᠴᠡᠳᠬᠡᠬᠦ ᠲᠤᠤᠷ ᠴᠢᠭ᠋ ᠵᠡᠷᠬᠡ ᠠᠭᠤᠯᠭ᠎ᠠ ᠶᠢ ᠢᠯᠡ ᠪᠠᠷ | ᠨᠠᠶᠢᠳᠠᠯᠠᠵᠤ᠂ ᠤᠯᠠᠨ ᠲᠦᠮᠡᠨ ᠤ ᠰᠦᠯᠵᠢᠶᠠᠨ ᠲᠡᠭᠡᠷ᠎ᠡ ᠤᠷᠢᠳᠴᠢᠯᠠᠨ ᠪᠤᠯᠵᠤᠵᠤ ᠯᠠᠪᠯᠠᠬᠤ ᠳᠤ ᠲᠦᠬᠦᠮ | ᠦᠵᠡᠬᠦᠯᠵᠡᠢ︔ ᠦᠨᠡᠮᠯᠡᠯ ᠬᠦᠢᠴᠡᠳᠬᠡᠬᠦ ︽ᠰᠠᠭᠠᠳ ᠦᠬᠡᠢ ᠨᠡᠪᠳᠡᠷᠡᠬᠦ ᠵᠠᠮ︾ ᠢ ᠨᠡᠪᠳᠡᠷᠡᠬᠦᠯᠵᠤ᠂ | ᠪᠡᠯᠪᠡᠰᠤᠷᠠᠯ ᠤᠨ ᠶᠠᠪᠤᠳᠠᠯ ᠳᠤ ᠤᠷᠤᠯᠴᠠᠬᠤ᠂ ᠬᠦᠨᠳᠤ ᠡᠪᠡᠳᠴᠢᠨ ᠡᠮᠨᠡᠬᠦᠯᠬᠦ᠂ ᠬᠦᠨᠳᠤ ᠡᠪᠡᠳᠴᠢᠳᠡᠨ ᠢ | ᠪᠤᠯᠭᠤᠭᠠᠵᠤ ᠦᠵᠡᠬᠦ᠂ ᠬᠢᠯᠢ ᠶᠢᠨ ᠭᠠᠳᠠᠨᠠᠬᠢ ᠬᠡᠨᠡᠳᠳᠡ ᠶᠢᠨ ᠬᠡᠷᠡᠭ ᠢ ᠰᠢᠢᠳᠪᠦᠷᠢᠯᠡᠬᠦ ᠵᠡᠷᠬᠡ ᠤᠨᠴᠠᠭᠠᠢ | ᠰᠢᠯᠳᠠᠭᠠᠨ ᠠᠴᠠ ᠪᠤᠯᠵᠤ ᠪᠠᠷᠢᠨ ᠲᠤᠤᠷ᠎ᠠ ᠪᠠᠨ ᠤᠯᠤᠰ ᠤᠨ ᠭᠠᠳᠠᠨ᠎ᠠ ᠶᠠᠪᠤᠬᠤ ᠴᠢᠬᠤᠯᠠᠳᠠᠢ ᠦᠶ᠎ᠠ ᠳᠤ᠂ ︽ | ᠰᠠᠭᠠᠳ ᠦᠬᠡᠢ ᠨᠡᠪᠳᠡᠷᠡᠬᠦ ᠵᠠᠮ︾ ᠢᠶᠠᠷ ᠲᠡᠮᠵᠢᠨ ᠬᠠᠮᠢᠶ᠎ᠠ ᠪᠦᠬᠦᠢ ᠦᠨᠡᠮᠯᠡᠯ ᠢ ᠬᠦᠢᠴᠡᠳᠬᠡᠬᠦ ᠪᠠᠴᠢᠮ ᠭᠤᠶᠤᠴᠢᠯᠠᠯ | ᠭᠠᠷᠭᠠᠵᠤ ᠪᠤᠯᠤᠨ᠎ᠠ᠂ ᠦᠳᠡᠯᠦᠭᠰᠡᠨ᠂ ᠨᠢᠯᠬ᠎ᠠ᠂ ᠡᠪᠡᠳᠴᠢᠨ ᠲᠠᠢ᠂ ᠵᠡᠮᠳᠡᠭ ᠵᠡᠷᠬᠡ ᠦᠢᠯᠡᠴᠢᠯᠡᠭᠳᠡᠬᠦ ᠡᠳᠡᠭᠡᠳ | ᠬᠠᠷᠭᠤᠪᠠᠯ ᠤᠷᠢᠳᠡᠪᠡᠷ ᠬᠦᠢᠴᠡᠳᠬᠡᠵᠤ ᠦᠭᠬᠦᠨ᠎ᠠ᠃ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠶᠢᠨ ᠲᠡᠳ᠋ ᠲᠠᠷᠤᠭ᠎ᠠ ᠮᠠᠨᠳᠤᠯ᠎ᠠ | ᠰᠤᠷᠪᠤᠯᠵᠢᠯᠠᠬᠰᠠᠨ ᠴᠠᠭ᠄ 2016 ᠤᠨ ᠤ 12 ᠰᠠᠷ᠎ᠠ ᠶᠢᠨ 2 ᠤᠨ ᠡᠳᠦᠷ | ᠬᠦᠳᠦᠯᠦᠭᠴᠢ᠄ ᠨᠢᠬᠡ᠂ ᠬᠡᠷᠬᠢᠨ ᠤᠯᠠᠨ ᠲᠦᠮᠡᠨ ᠤ ᠠᠮᠢᠳᠦᠷᠠᠯ ᠳᠤ ᠲᠦᠬᠦᠮ ᠦᠵᠡᠬᠦᠯᠬᠦ ᠪᠤᠢ︖ | ᠮᠠᠨᠳᠤᠯ᠎ᠠ᠄ 2017 ᠤᠨ ᠠᠴᠠ ᠨᠠᠰᠢ᠂ ᠪᠢᠳᠡ ᠠᠷᠠᠳ ᠤᠨ ᠠᠮᠢᠳᠦᠷᠠᠯ ᠳᠤ ᠦᠢᠯᠡᠴᠢᠯᠡᠬᠦ ᠪᠠᠷ ᠦᠨᠳᠦᠰᠦᠨ | ᠵᠤᠷᠢᠯᠳᠠ ᠪᠠᠨ ᠪᠤᠯᠭᠠᠬᠤ ᠶᠢ ᠪᠠᠷᠢᠮᠳᠠᠯᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢ | ᠲᠤᠳᠤᠭᠠᠳᠤ ᠶᠢ ᠬᠠᠮᠠᠭᠠᠯᠠᠬᠤ ᠠᠵᠢᠯ ᠤᠨ ᠵᠤᠷᠢᠯᠳᠠ ᠪᠠ ᠲᠤᠰᠤᠯᠳᠠ ᠪᠠᠨ ᠪᠤᠯᠭᠠᠵᠤ᠂ ᠠᠷᠠᠳ ᠤᠯᠠᠨ ᠤ ᠰᠢᠨ᠎ᠠ | ᠬᠦᠰᠡᠯ ᠡᠷᠡᠮᠡᠯᠵᠡᠯ᠂ ᠰᠢᠨ᠎ᠠ ᠬᠡᠷᠡᠭᠴᠡᠭᠡ ᠳᠤ ᠢᠳᠡᠪᠬᠢᠳᠡᠢ ᠬᠠᠨᠳᠤᠵᠤ᠂ ᠲᠤᠳᠤᠭᠠᠳᠤ ᠶᠢ ᠬᠠᠮᠠᠭᠠᠯᠠᠬᠤ ᠵᠠᠰᠠᠭ | ᠵᠠᠬᠢᠷᠭᠠᠨ ᠤ ᠬᠠᠮᠢᠶᠠᠷᠤᠯᠳᠠ ᠶᠢᠨ ᠦᠢᠯᠡᠴᠢᠯᠡᠭᠡ ᠶᠢᠨ ᠰᠢᠨ᠎ᠠ ᠶᠢ ᠡᠬᠦᠳᠴᠤ᠂ ᠠᠷᠠᠳ ᠤᠯᠠᠨ ᠳᠤ ᠦᠨᠡᠨᠬᠦ ᠲᠦᠬᠦᠮ | ᠦᠵᠡᠬᠦᠯᠵᠤ ᠪᠠᠶᠢᠨ᠎ᠠ᠃ | ᠨᠢᠬᠡ᠂ ᠴᠤᠩᠬᠤᠪᠴᠢ ᠶᠢᠨ ᠦᠢᠯᠡᠴᠢᠯᠡᠭᠡ ᠶᠢᠨ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠵᠡᠢ᠃ | ᠤᠯᠠᠨ ᠲᠦᠮᠡᠨ ᠳᠤ ᠨᠡᠩ ᠰᠢᠯᠢᠳᠡᠭ᠂ ᠨᠡᠩ ᠬᠤᠷᠳᠤᠨ ᠲᠤᠳᠤᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠬᠤ ᠶᠢᠨ ᠲᠦᠯᠦᠬᠡ᠂ ᠮᠠᠨ ᠤ ᠲᠤᠪᠴᠢᠶ᠎ᠠ ᠠᠷᠠᠳ ᠲᠤ ᠲᠦᠬᠦᠮ ᠦᠵᠡᠬᠦᠯᠬᠦ ᠠᠷᠠᠳ ᠲᠤ | ᠠᠰᠢᠭᠳᠠᠢ ᠤᠯᠠᠨ ᠠᠷᠭ᠎ᠠ ᠠᠪᠴᠠᠯ ᠤᠳ ᠢ ᠨᠡᠶᠢᠳᠡᠯᠡᠨ ᠬᠡᠷᠡᠭᠵᠢᠬᠦᠯᠵᠠᠢ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠲᠢᠩᠬᠢᠮ ᠤᠨ ᠡᠷᠦᠬᠡ ᠠᠮᠠ ᠶᠢᠨ ᠦᠢᠯᠡᠴᠢᠯᠡᠬᠡᠨ ᠤ ᠴᠤᠩᠬᠤ ᠨᠢ ︽1135︾ ᠠᠷᠠᠳ ᠲᠤ | ᠲᠦᠬᠦᠮ ᠦᠵᠡᠬᠦᠯᠵᠤ ᠠᠷᠠᠳ ᠲᠤ ᠠᠰᠢᠭ ᠬᠦᠷᠳᠡᠬᠡᠬᠦ ᠠᠷᠭ᠎ᠠ ᠠᠪᠴᠠᠯ ᠢ ᠨᠠᠶᠢᠳᠠᠯᠠᠨ ᠬᠡᠷᠡᠭᠵᠢᠬᠦᠯᠵᠡᠢ᠃ ᠲᠠᠷᠤᠢ᠄ | 1 ᠮᠢᠨᠦ᠋ᠲ ᠤᠨ ᠲᠤᠳᠤᠷ᠎ᠠ ᠤᠯᠠᠨ ᠲᠦᠮᠡᠨ ᠳᠤ ᠲᠦᠷ ᠴᠠᠭ ᠤᠨ ᠦᠨᠡᠮᠯᠡᠯ ᠢ ᠬᠦᠢᠴᠡᠳᠭᠡᠨ ᠦᠭᠴᠤ᠂ 1 | ᠮᠢᠨᠦᠲ ᠤᠨ ᠲᠤᠳᠤᠷ᠎ᠠ ᠤᠯᠠᠨ ᠲᠦᠮᠡᠨ ᠳᠤ ᠡᠷᠦᠬᠡ ᠠᠮᠠ ᠶᠢᠨ ᠲᠠᠩᠰᠠ ᠶᠢᠨ ᠬᠡᠷᠡᠴᠢᠯᠠᠯ ᠢ ᠭᠠᠷᠭᠠᠨ ᠦᠭᠴᠤ᠂ 3 | ᠮᠢᠨᠦ᠋ᠲ ᠤᠨ ᠲᠤᠳᠤᠷ᠎ᠠ ᠭᠠᠳᠠᠨ᠎ᠠ ᠤᠷᠤᠨ ᠠᠴᠠ ᠡᠷᠦᠬᠡ ᠠᠮᠠ ᠶᠢᠨ ᠲᠠᠩᠰᠠ ᠪᠠᠨ ᠨᠡᠬᠦᠯᠬᠡᠨ ᠠᠪᠴᠤ ᠢᠷᠡᠭᠰᠡᠨ | ᠬᠦᠮᠦᠨ ᠠᠮᠠ ᠶᠢᠨ ᠡᠷᠦᠬᠡ ᠠᠮᠠ ᠶᠢᠨ ᠲᠠᠩᠰᠠ ᠪᠠᠨ ᠤᠷᠤᠭᠤᠯᠬᠤ ︽ᠨᠡᠬᠦᠯᠬᠡᠬᠦ ᠶᠢ ᠵᠦᠪᠰᠢᠶᠡᠷᠡᠬᠦ ᠦᠨᠡᠮᠯᠡᠯ︾ ᠢ | ᠬᠦᠢᠴᠡᠳᠬᠡᠨ ᠦᠭᠴᠤ᠂ 5 ᠠᠵᠢᠯᠯᠠᠬᠤ ᠡᠳᠦᠷ ᠤᠨ ᠲᠤᠳᠤᠷ᠎ᠠ ᠤᠯᠠᠨ ᠲᠦᠮᠡᠨ ᠳᠤ ᠰᠠᠭᠤᠭᠠᠯᠢ ᠠᠷᠠᠳ ᠤᠨ | ᠪᠡᠶ᠎ᠠ ᠶᠢᠨ ᠦᠨᠡᠮᠯᠡᠯ ᠢ ᠬᠦᠢᠴᠡᠳᠬᠡᠨ ᠦᠭᠴᠤ ᠲᠦᠷᠬᠡᠨ ᠤ ᠲᠡᠮᠵᠢᠭᠤᠯᠭ᠎ᠠ ᠪᠠᠷ ᠶᠠᠪᠤᠭᠤᠯᠬᠤ ᠶᠢ ᠪᠡᠶᠡᠯᠡᠬᠦᠯᠬᠦ ᠶᠢᠨ | ᠬᠠᠮᠳᠤ ᠭᠠᠷᠠᠭ ᠪᠦᠷᠢ ᠲᠤᠯᠤᠭᠠᠨ ᠡᠳᠦᠷ ᠦᠨᠡᠮᠯᠡᠯ ᠬᠦᠢᠴᠡᠳᠬᠡᠵᠤ ᠦᠭᠬᠦ ᠶᠢ ᠬᠡᠷᠡᠭᠵᠢᠬᠦᠯᠵᠤ᠂ ᠪᠡᠶ᠎ᠠ ᠶᠢᠨ | ᠦᠨᠡᠮᠯᠡᠯ ᠤᠨ ᠰᠡᠬᠦᠳᠡᠷ ᠢ ᠴᠤᠬᠯᠠᠭᠤᠯᠬᠤ ︽ᠬᠠᠨᠤᠮᠵᠢᠳᠠᠢ ᠰᠡᠬᠦᠳᠡᠷᠯᠡᠬᠦ︾ ᠪᠤᠯᠤᠨ ᠬᠢᠨᠠᠨ ᠵᠦᠪᠰᠢᠶᠡᠷᠡᠬᠦ ᠤᠴᠢᠷ | ᠶᠠᠪᠤᠳᠠᠯ ᠢ ᠬᠠᠮᠤᠭ ᠲᠦᠷᠬᠡᠨ ᠳᠡᠭᠡᠨ 3 ᠮᠢᠨᠦ᠋ᠲ ᠤᠨ ᠲᠤᠳᠤᠷ᠎ᠠ ᠬᠦᠢᠴᠡᠳᠬᠡᠵᠤ ᠪᠠᠷᠠᠭᠠᠬᠤ ᠶᠢ ᠬᠡᠷᠡᠭᠵᠢᠬᠦᠯᠵᠡᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠯᠢ ᠪᠠᠷ ᠤᠷᠤᠵᠤ ᠭᠠᠷᠬᠤ ᠦᠢᠯᠡᠴᠢᠯᠡᠬᠡᠨ ᠤ ᠴᠤᠩᠬᠤ ᠨᠢ ︽ᠨᠢᠬᠡ | ᠴᠤᠩᠬᠤᠪᠴᠢ ᠶᠢᠨ ᠬᠡᠯᠪᠡᠷᠢ︾ ᠶᠢᠨ ᠦᠨᠡᠮᠯᠡᠯ ᠬᠦᠢᠴᠡᠳᠬᠡᠬᠦ ᠦᠢᠯᠡᠴᠢᠯᠡᠭᠡ ᠶᠢ ᠪᠠᠶᠡᠯᠡᠬᠦᠯᠵᠤ᠂ ᠰᠢᠶᠠᠩᠭᠠᠩ | ᠤᠤᠮᠧᠨ ᠳᠤ ᠨᠡᠪᠳᠡᠷᠡᠬᠦ ᠡᠯᠧᠺᠳ᠋ᠷᠤᠨ ᠦᠨᠡᠮᠯᠡᠯ ᠢ ᠬᠤᠶᠠᠳᠠᠬᠢ ᠤᠳᠠᠭ᠎ᠠ ᠴᠤᠬᠤᠯᠠᠪᠤᠷᠢᠯᠠᠬᠤ ᠶᠢ ︽ᠲᠤᠤᠷ᠎ᠠ ᠨᠢ | ᠬᠦᠯᠢᠶᠡᠵᠤ ᠪᠠᠶᠢᠭᠠᠳ ᠠᠪᠴᠤ ᠪᠤᠯᠬᠤ︾ ᠶᠢ ᠪᠡᠶᠡᠯᠡᠬᠦᠵᠤ᠂ ᠤᠯᠠᠨ ᠲᠦᠮᠡᠨ ᠤ ᠬᠦᠯᠢᠶᠡᠬᠦ ᠴᠠᠭ ᠢ ᠠᠷᠪᠢᠯᠠᠵᠠᠢ︔ | ︽ᠪᠤᠭᠤᠳᠤ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠢᠯᠢ ᠪᠠᠷ ᠤᠷᠤᠵᠤ ᠭᠠᠷᠬᠤ︾ ᠵᠢᠷᠬᠢᠶ᠎ᠠ ᠵᠠᠬᠢᠶᠠᠯᠠᠨ | ᠤᠩᠰᠢᠬᠤ ᠲᠠᠪᠴᠠᠩ ᠢ ᠨᠡᠪᠳᠡᠷᠡᠬᠦᠯᠵᠤ᠂ ᠦᠨᠡᠮᠯᠡᠯ ᠬᠦᠢᠴᠡᠳᠬᠡᠬᠦ ᠲᠦᠷᠢᠮᠵᠢᠯ᠂ ᠦᠨᠡᠮᠯᠡᠯ ᠬᠦᠢᠴᠡᠳᠬᠡᠬᠦ ᠲᠤᠤᠷ | ᠴᠢᠭ᠋ ᠵᠡᠷᠬᠡ ᠠᠭᠤᠯᠭ᠎ᠠ ᠶᠢ ᠢᠯᠡ ᠪᠠᠷ ᠨᠠᠶᠢᠳᠠᠯᠠᠵᠤ᠂ ᠤᠯᠠᠨ ᠲᠦᠮᠡᠨ ᠤ ᠰᠦᠯᠵᠢᠶᠠᠨ ᠲᠡᠭᠡᠷ᠎ᠡ ᠤᠷᠢᠳᠴᠢᠯᠠᠨ | ᠪᠤᠯᠵᠤᠵᠤ ᠯᠠᠪᠯᠠᠬᠤ ᠳᠤ ᠲᠦᠬᠦᠮ ᠦᠵᠡᠬᠦᠯᠵᠡᠢ︔ ᠦᠨᠡᠮᠯᠡᠯ ᠬᠦᠢᠴᠡᠳᠬᠡᠬᠦ ︽ᠰᠠᠭᠠᠳ ᠦᠬᠡᠢ ᠨᠡᠪᠳᠡᠷᠡᠬᠦ ᠵᠠᠮ︾ ᠢ | ᠨᠡᠪᠳᠡᠷᠡᠬᠦᠯᠵᠤ᠂ ᠪᠡᠯᠪᠡᠰᠤᠷᠠᠯ ᠤᠨ ᠶᠠᠪᠤᠳᠠᠯ ᠳᠤ ᠤᠷᠤᠯᠴᠠᠬᠤ᠂ ᠬᠦᠨᠳᠤ ᠡᠪᠡᠳᠴᠢᠨ ᠡᠮᠨᠡᠬᠦᠯᠬᠦ᠂ ᠬᠦᠨᠳᠤ | ᠡᠪᠡᠳᠴᠢᠳᠡᠨ ᠢ ᠪᠤᠯᠭᠤᠭᠠᠵᠤ ᠦᠵᠡᠬᠦ᠂ ᠬᠢᠯᠢ ᠶᠢᠨ ᠭᠠᠳᠠᠨᠠᠬᠢ ᠬᠡᠨᠡᠳᠳᠡ ᠶᠢᠨ ᠬᠡᠷᠡᠭ ᠢ ᠰᠢᠢᠳᠪᠦᠷᠢᠯᠡᠬᠦ ᠵᠡᠷᠬᠡ | ᠤᠨᠴᠠᠭᠠᠢ ᠰᠢᠯᠳᠠᠭᠠᠨ ᠠᠴᠠ ᠪᠤᠯᠵᠤ ᠪᠠᠷᠢᠨ ᠲᠤᠤᠷ᠎ᠠ ᠪᠠᠨ ᠤᠯᠤᠰ ᠤᠨ ᠭᠠᠳᠠᠨ᠎ᠠ ᠶᠠᠪᠤᠬᠤ ᠴᠢᠬᠤᠯᠠᠳᠠᠢ ᠦᠶ᠎ᠠ ᠳᠤ᠂ | ︽ᠰᠠᠭᠠᠳ ᠦᠬᠡᠢ ᠨᠡᠪᠳᠡᠷᠡᠬᠦ ᠵᠠᠮ︾ ᠢᠶᠠᠷ ᠲᠡᠮᠵᠢᠨ ᠬᠠᠮᠢᠶ᠎ᠠ ᠪᠦᠬᠦᠢ ᠦᠨᠡᠮᠯᠡᠯ ᠢ ᠬᠦᠢᠴᠡᠳᠬᠡᠬᠦ ᠪᠠᠴᠢᠮ | ᠭᠤᠶᠤᠴᠢᠯᠠᠯ ᠭᠠᠷᠭᠠᠵᠤ ᠪᠤᠯᠤᠨ᠎ᠠ᠂ ᠦᠳᠡᠯᠦᠭᠰᠡᠨ᠂ ᠨᠢᠯᠬ᠎ᠠ᠂ ᠡᠪᠡᠳᠴᠢᠨ ᠲᠠᠢ᠂ ᠵᠡᠮᠳᠡᠭ ᠵᠡᠷᠬᠡ ᠦᠢᠯᠡᠴᠢᠯᠡᠭᠳᠡᠬᠦ | ᠡᠳᠡᠭᠡᠳ ᠬᠠᠷᠭᠤᠪᠠᠯ ᠤᠷᠢᠳᠡᠪᠡᠷ ᠬᠦᠢᠴᠡᠳᠬᠵᠤ ᠦᠭᠬᠦᠨ᠎ᠠ᠃ ᠡᠬᠦᠨ ᠤ ᠬᠠᠮᠳᠤ᠂ ᠪᠦᠬᠦ ᠬᠤᠳᠠ ᠶᠢᠨ ᠡᠯ᠎ᠡ | ᠬᠤᠰᠢᠭᠤ ᠰᠢᠶᠠᠨ ᠲᠤᠭᠤᠷᠢᠭ ᠲᠤ ᠦᠨᠡᠮᠯᠡᠯ ᠬᠦᠢᠴᠡᠳᠬᠡᠬᠦ 10 ᠲᠤᠮᠤ ᠲᠢᠩᠬᠢᠮ ᠲᠤᠬᠢᠷᠠᠭᠤᠯᠵᠤ᠂ ᠤᠯᠠᠨ | ᠲᠦᠮᠡᠨ ᠤ ᠦᠳᠳᠡᠷ ᠲᠦᠷᠬᠡᠨ ᠦᠨᠡᠮᠯᠡᠯ ᠬᠦᠢᠴᠡᠳᠬᠡᠬᠦ ᠬᠡᠷᠡᠭᠴᠡᠭᠡ ᠶᠢ ᠬᠠᠩᠭᠠᠵᠤ᠂ ︽ᠲᠤᠭ᠎ᠠ ᠪᠦᠷᠢᠳᠬᠡᠯ ᠢ | ᠢᠯᠡᠬᠦᠦ ᠬᠦᠶᠦᠯᠬᠡᠵᠤ ᠤᠯᠠᠨ ᠲᠦᠮᠡᠨ ᠢ ᠲᠤᠳᠠᠭᠤ ᠵᠠᠮ ᠬᠦᠬᠡᠯᠬᠡᠬᠦ︾ ᠶᠢ ᠦᠨᠡᠨᠬᠦ ᠪᠡᠶᠡᠯᠡᠬᠦᠯᠵᠡᠢ᠃ | ᠲᠠᠷᠠᠭᠠᠴᠢ ᠪᠠᠷ᠂ ᠤᠯᠠᠨ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠭᠠᠳᠠᠭᠠᠳᠤ ᠳᠤ ᠭᠠᠷᠬᠤ | ᠦᠨᠡᠮᠯᠡᠯ ᠬᠦᠢᠴᠡᠳᠬᠡᠬᠦ ᠬᠡᠷᠡᠭᠴᠡᠭᠡ ᠶᠢ ᠬᠠᠩᠭᠠᠬᠤ ᠶᠢᠨ ᠲᠦᠯᠦᠬᠡ᠂ ᠪᠢᠳᠡ ᠤᠤᠯ ᠤᠨ ᠪᠠᠶᠢᠬᠰᠠᠨ ᠬᠢᠯᠢ ᠪᠠᠷ | ᠤᠷᠤᠬᠤ ᠭᠠᠷᠬᠤ ᠶᠢ ᠬᠦᠢᠴᠡᠳᠬᠡᠬᠦ 10 ᠦᠢᠯᠡᠴᠢᠯᠡᠬᠦ ᠲᠢᠩᠬᠢᠮ ᠤᠨ ᠰᠠᠭᠤᠷᠢᠨ ᠲᠡᠬᠡᠷ᠎ᠡ᠂ ᠴᠢᠩᠱᠠᠨ | ᠲᠤᠭᠤᠷᠢᠭ ᠤᠨ ᠰᠢᠩ ᠹᠦ᠋ ᠵᠠᠮ ᠤᠨ ᠲᠤᠮᠢᠯᠠᠬᠰᠠᠨ ᠰᠠᠯᠪᠦᠷᠢ᠂ ᠳ᠋ᠦᠩ ᠡᠾᠧ ᠲᠤᠭᠤᠷᠢᠭ ᠤᠨ ᠳ᠋ᠦᠩ ᠡᠾᠧ | ᠲᠤᠮᠢᠯᠠᠬᠰᠠᠨ ᠰᠠᠯᠪᠤᠷᠢ ᠳᠤ ᠬᠢᠯᠢ ᠪᠠᠷ ᠤᠷᠤᠵᠤ ᠭᠠᠷᠬᠤ ᠶᠢ ᠬᠦᠯᠢᠶᠡᠨ ᠠᠪᠴᠤ ᠰᠢᠢᠳᠪᠦᠷᠢᠯᠡᠬᠦ ᠴᠢᠭ᠋ ᠭᠠᠷᠭᠠᠵᠤ | ᠤᠯᠠᠨ ᠲᠦᠮᠡᠨ ᠤ ᠤᠢᠢᠷ᠎ᠠ ᠬᠠᠪᠢ ᠳᠤ ᠪᠠᠨ ᠭᠠᠳᠠᠭᠠᠳᠤ ︵ᠬᠢᠯᠢ︶ ᠳᠤ ᠭᠠᠷᠬᠤ ᠦᠨᠡᠮᠯᠡᠯ ᠬᠦᠢᠴᠡᠳᠬᠡᠬᠦ ᠳᠤ | ᠲᠦᠬᠦᠮ ᠦᠵᠡᠬᠦᠯᠬᠦ ᠪᠠᠷ ᠲᠦᠯᠦᠪᠯᠡᠵᠤ ᠪᠤᠢ᠃ ᠨᠢᠰᠬᠡᠯ ᠤᠨ ᠪᠠᠭᠤᠳᠠᠯ᠂ ᠭᠠᠯᠳᠤ ᠲᠡᠷᠬᠡᠨ ᠦᠷᠳᠡᠭᠡ ᠵᠢᠴᠢ ᠳ᠋ᠦᠩ | ᠡᠾᠧ ᠶᠢᠨ ᠬᠢᠯᠢ ᠪᠠᠷ ᠤᠷᠤᠵᠤ ᠭᠠᠷᠬᠤ ᠶᠢ ᠬᠦᠯᠢᠶᠡᠨ ᠠᠪᠬᠤ ᠦᠢᠯᠡᠴᠢᠯᠡᠬᠡᠨ ᠤ ᠲᠢᠩᠬᠢᠮ ᠳᠤ ᠰᠢᠶᠠᠩᠭᠠᠩ | ᠤᠤᠮᠧᠨ ᠳᠤ ᠨᠠᠪᠳᠡᠷᠡᠬᠦ ᠦᠨᠡᠮᠯᠡᠯ ᠢ ᠬᠤᠶᠠᠳᠠᠬᠢ ᠤᠳᠠᠭ᠎ᠠ ᠴᠤᠬᠤᠯᠠᠪᠤᠷᠢᠯᠠᠬᠤ ᠠᠦ᠋ᠲ᠋ᠣ᠋ ᠦᠨᠡᠮᠯᠡᠯ ᠬᠦᠢᠴᠡᠳᠬᠡᠬᠦ ᠨᠢᠬᠡ | ᠴᠤᠬᠴᠠᠵᠢᠭᠤᠯᠤᠬᠰᠠᠨ ᠮᠠᠰᠢᠨ ᠢ ᠲᠤᠬᠢᠷᠠᠭᠤᠯᠵᠤ᠂ ᠬᠠᠮᠤᠭ ᠶᠡᠭᠡ ᠭᠡᠮᠵᠢᠶᠠᠨ ᠲᠡᠭᠡᠷ᠎ᠡ ᠠᠷᠠᠳ ᠤᠯᠠᠨ ᠤ | ᠬᠡᠷᠡᠭᠴᠡᠭᠡ ᠶᠢ ᠬᠠᠩᠭᠠᠨ᠎ᠠ᠃ ︽ᠭᠤᠷᠮᠤᠰᠤᠨ ᠴᠤᠬᠴᠠᠳᠤ︾ ᠦᠢᠯᠡᠴᠢᠯᠡᠭᠡ ᠶᠢᠨ ᠦᠵᠦᠬᠦᠷᠯᠢᠭ ᠲᠤ ᠲᠦᠰᠢᠭᠯᠡᠨ | ᠵᠢᠷᠬᠢᠶ᠎ᠠ ︽ᠡᠬᠦᠯᠡᠨ ᠮᠦᠷᠯᠡᠨ ᠬᠦᠯᠢᠶᠡᠬᠦ ᠰᠢᠰᠲ᠋ᠧᠮ︾ ᠢ ᠰᠤᠳᠤᠯᠤᠨ ᠨᠡᠬᠡᠬᠡᠵᠤ᠂ ᠰᠦᠯᠵᠢᠶᠠᠨ ᠲᠡᠭᠡᠷ᠎ᠡ ᠳ᠋ᠤᠭᠠᠷᠯᠠᠬᠤ | ᠪᠤᠯᠤᠨ ᠲᠤᠬᠠᠢ ᠶᠢᠨ ᠲᠠᠯᠠᠪᠠᠢ ᠳᠤ ᠳ᠋ᠤᠭᠠᠷᠯᠠᠬᠤ ᠶᠢ ᠨᠢᠬᠳᠠ ᠵᠤᠯᠭᠠᠯᠴᠠᠭᠤᠯᠬᠤ ᠶᠢ ᠪᠡᠶᠡᠯᠡᠬᠦᠯᠵᠤ᠂ ᠤᠯᠨᠨ ᠲᠦᠮᠡᠨ ᠤ | ᠮᠦᠷᠯᠡᠨ ᠬᠦᠯᠢᠶᠡᠵᠤ ᠪᠠᠶᠢᠭ᠎ᠠ ᠬᠦᠮᠦᠨ ᠤ ᠲᠤᠭ᠎ᠠ ᠵᠢᠴᠢ ᠬᠦᠯᠢᠶᠡᠬᠦ ᠴᠠᠬ ᠢᠶᠠᠨ ᠲᠦᠰᠦᠪᠯᠡᠬᠦ ᠶᠢ ᠴᠠᠭ ᠲᠤᠬᠠᠢ ᠳᠤᠨᠢ | ᠯᠠᠪᠯᠠᠵᠤ ᠪᠤᠯᠬᠤ ᠳᠤ ᠲᠦᠬᠦᠮ ᠦᠵᠡᠬᠦᠯᠬᠦ ᠮᠦᠷᠳᠡᠬᠡᠨ ᠴᠠᠬᠢᠮ ᠮᠡᠳᠡᠭᠡ ᠲᠠᠭᠠᠷᠠᠭᠤᠯᠬᠤ ᠪᠠᠷ ᠲᠡᠮᠵᠢᠨ ᠮᠡᠳᠡᠭᠳᠡᠬᠦ | ᠴᠢᠳᠡᠪᠬᠢ ᠶᠢ ᠪᠡᠶᠡᠯᠡᠬᠦᠯᠵᠤ ᠤᠯᠠᠨ ᠲᠦᠮᠡᠨ ᠤ ᠬᠦᠯᠢᠶᠡᠬᠦ ᠴᠠᠭ ᠢ ᠠᠷᠪᠢᠯᠠᠵᠠᠢ᠃ | ᠬᠤᠶᠠᠷ ᠲᠤ᠂ ᠡᠷᠦᠬᠡ ᠠᠮᠠ ᠶᠢᠨ ᠬᠠᠮᠢᠶᠠᠷᠤᠯᠳᠠ ᠶᠢᠨ ᠦᠬᠡᠷᠡᠴᠢᠯᠠᠯᠳᠠ ᠶᠢ ᠦᠷᠬᠦᠯᠵᠢᠯᠠᠨ | ᠬᠦᠨᠵᠡᠬᠡᠶᠢᠷᠡᠬᠦᠯᠦᠨ᠎ᠠ᠃ ᠲᠠᠷᠢᠶᠠᠯᠠᠨᠩ ᠤᠨ ᠡᠷᠦᠬᠡ ᠠᠮᠠ ᠶᠢᠨ ᠡᠮᠬᠢ ᠲᠢᠭᠯᠢᠮ ᠲᠠᠢ ᠪᠠᠷ ᠬᠤᠳᠠ ᠪᠠᠯᠭᠠᠰᠤᠨ ᠳᠤ | ᠰᠢᠯᠵᠢᠬᠦ ᠶᠢ ᠵᠤᠬᠢᠰᠳᠠᠢ ᠬᠦᠳᠦᠯᠦᠨ ᠲᠠᠭᠠᠭᠤᠯᠵᠤ᠂ ᠲᠠᠷᠢᠶᠠᠯᠠᠩ ᠤᠨ ᠰᠢᠯᠵᠢᠭᠰᠡᠨ ᠬᠦᠮᠦᠨ ᠠᠮᠠ ᠶᠢ ᠬᠤᠳᠠ ᠶᠢᠨ | ᠠᠷᠠᠳ ᠪᠤᠯᠬᠤ ᠶᠢ ᠡᠮᠬᠢ ᠲᠢᠭᠯᠢᠮ ᠲᠠᠢ ᠠᠬᠢᠭᠤᠯᠬᠤ ᠶᠢᠨ ᠲᠦᠯᠦᠬᠡ᠂ ᠮᠠᠨ ᠤ ᠬᠤᠳᠠ ᠶᠢᠨ ᠠᠵᠤ ᠠᠬᠤᠢ | ᠨᠡᠶᠢᠬᠡᠮ ᠤᠨ ᠬᠦᠭᠵᠢᠯᠳᠠ ᠶᠢᠨ ᠲᠦᠪᠰᠢᠨ᠂ ᠬᠤᠳᠠ ᠶᠢᠨ ᠶᠡᠷᠦᠩᠬᠡᠶᠢᠯᠡᠭᠰᠡᠨ ᠠᠴᠢᠶᠠᠯᠠᠬᠤ ᠴᠢᠳᠡᠪᠦᠷᠢ ᠪᠤᠯᠤᠨ ᠤᠯᠠᠨ | ᠨᠠᠶᠢᠳᠡ ᠶᠢᠨ ᠦᠢᠯᠡᠴᠢᠯᠡᠭᠡ ᠬᠠᠩᠭᠠᠬᠤ ᠦᠨᠳᠦᠰᠤᠨ ᠪᠠᠶᠢᠳᠠᠯ ᠯᠤᠭ᠎ᠠ ᠤᠶᠠᠯᠳᠤᠭᠤᠯᠵᠤ᠂ ᠡᠷᠦᠬᠡ ᠠᠮᠠ ᠶᠢᠨ | ᠲᠡᠩᠰᠡ ᠶᠢ ᠤᠷᠤᠭᠤᠯᠬᠤ ᠵᠦᠷᠢᠶᠡᠴᠢᠯᠡᠭᠰᠡᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠠ᠃ ᠪᠤᠳᠠᠳᠠᠢ ᠠᠷᠠᠭ᠎ᠠ | ᠠᠪᠴᠠᠯ ᠨᠢ ᠲᠤᠤᠷᠠᠬᠢ ᠮᠠᠳᠤ᠄ ᠨᠢᠬᠡ ᠲᠦᠮᠡᠳ ᠪᠠᠷᠠᠭᠤᠨ ᠬᠤᠰᠢᠭᠤ᠂ ᠬᠦᠶᠠᠩ ᠰᠢᠶᠠᠨ᠂ ᠲᠠᠷᠬᠠᠨ ᠮᠤᠤᠮᠢᠩᠭᠠᠨ | ᠬᠤᠯᠪᠤᠭᠠᠳᠤ ᠬᠤᠰᠢᠭᠤ ᠪᠤᠯᠤᠨ ᠪᠠᠶᠠᠨ ᠤᠪᠤᠭ᠎ᠠ ᠠᠭᠤᠷᠬᠠᠢ ᠶᠢᠨ ᠤᠷᠤᠨ ᠵᠡᠷᠬᠡ ᠶᠢᠨ ᠡᠷᠦᠬᠡ ᠠᠮᠠ ᠶᠢᠨ ᠲᠠᠩᠰᠠ | ᠤᠷᠤᠭᠤᠯᠬᠤ ᠬᠢᠵᠠᠭᠠᠷᠯᠠᠯ ᠢ ᠪᠦᠬᠦ ᠲᠠᠯ᠎ᠠ ᠪᠠᠷ ᠠᠭᠤᠵᠢᠭᠤ ᠪᠤᠯᠭᠠᠨ᠎ᠠ︔ ᠬᠤᠶᠠᠷ᠂ ᠬᠤᠳᠠ ᠲᠤᠭᠤᠷᠢᠭ ᠲᠤ ᠨᠡᠬᠦᠵᠤ | ᠤᠷᠤᠬᠤ ᠬᠦᠮᠦᠨ ᠠᠮᠠ ᠶᠢᠨ ᠲᠠᠩᠰᠠ ᠤᠷᠤᠭᠤᠯᠬᠤ ᠲᠦᠷᠦ ᠶᠢᠨ ᠪᠤᠳᠤᠯᠭ᠎ᠠ ᠶᠢ ᠠᠭᠤᠵᠢᠭᠤ ᠪᠤᠯᠭᠠᠨ᠎ᠠ︔ ᠶᠡᠭᠡ | ᠲᠡᠬᠡᠳᠤ ᠰᠤᠷᠭᠠᠭᠤᠯᠢ ᠠᠴᠠ ᠲᠡᠬᠦᠰᠦᠭᠰᠡᠳ᠂ ᠭᠠᠳᠠᠭᠠᠳᠤ ᠳᠤ ᠰᠤᠷᠤᠯᠴᠠᠵᠤ ᠤᠯᠤᠰ ᠲᠠᠭᠠᠨ ᠪᠤᠴᠠᠬᠰᠠᠳ᠂ ᠠᠵᠢᠯ | ᠮᠡᠷᠬᠡᠵᠢᠯ ᠤᠨ ᠲᠡᠭᠡᠳᠤ ᠰᠤᠷᠭᠠᠭᠤᠯᠢ ᠠᠴᠠ ᠲᠡᠬᠦᠰᠦᠭᠰᠡᠳ᠂ ᠠᠵᠤ ᠠᠬᠤᠢᠢᠯᠠᠯ ᠤᠨ ᠱᠠᠭᠠᠷᠳᠠᠬᠤ ᠮᠡᠷᠬᠡᠵᠢᠯ ᠤᠨ | ᠠᠵᠢᠯᠳᠠᠨ ᠤ ᠮᠠᠨ ᠤ ᠬᠤᠳᠠ ᠳᠤ ᠡᠷᠦᠬᠡ ᠠᠮᠠ ᠶᠢᠨ ᠲᠠᠩᠰᠠ ᠤᠷᠤᠭᠤᠯᠬᠤ ᠶᠢ ᠤᠷᠢᠳᠡᠪᠡᠷ ᠰᠢᠢᠳᠪᠦᠷᠢᠯᠡᠵᠤ | ᠦᠭᠬᠦᠨ᠎ᠠ︔ ᠲᠦᠷᠪᠡ᠂ ᠤᠤᠯ ᠤᠨ ᠪᠠᠶᠢᠬᠰᠠᠨ ᠡᠷᠦᠬᠡ ᠠᠮᠠ ᠶᠢᠨ ᠲᠠᠩᠰᠠ ᠦᠬᠡᠢ ᠬᠦᠮᠦᠨ ᠤ ᠡᠷᠦᠬᠡ ᠠᠮᠠ ᠶᠢᠨ | ᠲᠠᠩᠰᠠ ᠤᠷᠤᠭᠤᠯᠬᠤ ᠶᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢᠨ ᠰᠠᠭᠤᠷᠢᠨ ᠲᠡᠭᠡᠷ᠎ᠡ᠂ ᠭᠠᠳᠠᠨ᠎ᠠ ᠤᠷᠤᠨ ᠳᠤ | ᠬᠡᠦᠬᠡᠳ ᠲᠦᠷᠦᠵᠤ ᠡᠷᠦᠬᠡ ᠠᠮᠠ ᠶᠢᠨ ᠲᠠᠩᠰᠠ ᠪᠠᠨ ᠤᠷᠤᠭᠤᠯᠬᠤ ᠪᠠᠷ ᠲᠦᠯᠦᠪᠯᠡᠵᠤ ᠪᠠᠶᠢᠬᠤ᠂ ᠤᠷᠳᠤ | ᠬᠤᠭᠤᠴᠠᠭ᠎ᠠ ᠭᠠᠳᠠᠨ᠎ᠠ ᠤᠷᠤᠨ ᠳᠤ ᠪᠠᠶᠢᠵᠤ ᠡᠷᠦᠬᠡ ᠠᠮᠠ ᠶᠢᠨ ᠲᠠᠩᠰᠠ ᠨᠢ ᠬᠦᠴᠦᠨ ᠦᠬᠡᠢ ᠪᠤᠯᠤᠬᠰᠠᠨ ᠵᠢᠴᠢ | ᠡᠷᠦᠬᠡ ᠠᠮᠠ ᠶᠢᠨ ᠲᠡᠩᠰᠠ ᠦᠬᠡᠢ ᠬᠦᠮᠦᠨ ᠤ ᠡᠷᠦᠬᠡ ᠠᠮᠠ ᠶᠢᠨ ᠲᠠᠩᠰᠠ ᠶᠢ ᠤᠷᠤᠭᠤᠯᠬᠤ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠵᠤ᠂ ᠤᠨᠴᠠᠭᠠᠢᠢᠯᠠᠨ ᠬᠠᠦᠯᠢ ᠠᠴᠠ ᠵᠦᠷᠢᠴᠡᠵᠤ ︽ᠦᠷᠡᠴᠢᠯᠡᠨ ᠲᠡᠵᠢᠬᠡᠬᠦ ᠶᠢ | ᠲᠠᠩᠰᠠᠯᠠᠭᠤᠯᠬᠤ ᠦᠨᠡᠮᠯᠡᠯ︾ ᠪᠤᠯᠤᠨ ᠦᠷᠡᠴᠢᠯᠡᠨ ᠲᠡᠵᠢᠬᠡᠬᠦ ᠶᠢ ᠬᠡᠷᠡᠴᠢᠯᠡᠬᠦᠯᠦᠭᠰᠡᠨ ᠦᠨᠡᠮᠯᠡᠯ ᠠᠪᠤᠬᠰᠠᠨ | ᠶᠠᠪᠤᠳᠠᠯ ᠳᠤ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠦᠷᠡᠴᠢᠯᠡᠨ ᠲᠡᠵᠢᠬᠡᠭᠳᠡᠭᠰᠡᠨ ᠬᠦᠮᠦᠨ ᠤ | DNA ᠮᠡᠳᠡᠭᠡ ᠵᠠᠨᠬᠢ ᠶᠢ ᠴᠤᠬᠯᠠᠭᠤᠯᠤᠨ ᠠᠪᠴᠤ ᠬᠠᠷᠭᠤᠭᠤᠯᠤᠨ᠂ ᠦᠷᠡᠴᠢᠯᠡᠨ ᠲᠡᠵᠡᠵᠬᠡᠬᠦ ᠬᠦᠮᠦᠨ ᠲᠤᠰ | ᠬᠦᠮᠦᠨ ᠤ ᠪᠢᠴᠢᠭ ᠤᠨ ᠬᠡᠯᠪᠡᠷᠢ ᠶᠢᠨ ᠭᠤᠶᠤᠴᠢᠯᠠᠯ᠂ ᠡᠷᠦᠬᠡ ᠠᠮᠠ ᠶᠢᠨ ᠲᠡᠪᠳᠡᠷ᠂ ᠠᠷᠠᠳ ᠤᠨ ᠴᠠᠭᠳᠠᠭ᠎ᠠ ᠶᠢᠨ | ᠪᠠᠶᠢᠴᠠᠭᠠᠬᠰᠠᠨ ᠮᠡᠳᠡᠬᠦᠯᠦᠯᠳᠡ ᠵᠡᠷᠬᠡ ᠶᠢ ᠠᠪᠴᠤ ᠡᠷᠦᠬᠡ ᠠᠮᠠ ᠶᠢᠨ ᠲᠠᠩᠰᠠ ᠤᠷᠤᠭᠤᠯᠬᠤ ᠭᠠᠷᠳᠠᠮ ᠢ | ᠬᠦᠢᠴᠡᠳᠬᠡᠵᠤ᠂ ᠡᠷᠦᠬᠡ ᠠᠮᠠ ᠶᠢᠨ ᠲᠡᠩᠰᠡ ᠦᠬᠡᠢ ᠬᠦᠮᠦᠨ ᠤ ᠡᠷᠦᠬᠡ ᠠᠮᠠ ᠶᠢᠨ ᠲᠠᠩᠰᠠ ᠤᠷᠤᠭᠤᠯᠬᠤ | ᠶᠠᠪᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ ᠤᠳᠤᠬᠠᠨ ᠪᠤᠯᠳᠠᠯ᠎ᠠ᠂ ᠪᠦᠬᠦ ᠬᠤᠳᠠ ᠶᠢᠨ 3000 ᠭᠠᠷᠤᠢ | ᠡᠷᠦᠬᠡ ᠠᠮᠠ ᠶᠢᠨ ᠲᠠᠩᠰᠠ ᠦᠬᠡᠢ ᠰᠠᠭᠤᠭᠠᠯᠢ ᠠᠷᠠᠳ ᠤᠨ ᠡᠷᠦᠬᠡ ᠠᠮᠠ ᠶᠢᠨ ᠲᠠᠩᠰᠠ ᠤᠷᠤᠬᠤ ᠶᠠᠪᠤᠳᠠᠯ ᠢ | ᠰᠢᠢᠳᠪᠦᠷᠢᠯᠡᠵᠡᠢ᠃ ᠡᠬᠦᠨ ᠤ ᠬᠠᠮᠳᠤ᠃ ᠤᠨᠳᠤᠤ ᠭᠠᠵᠠᠷ ᠪᠡᠶ᠎ᠠ ᠶᠢᠨ ᠦᠨᠡᠮᠯᠡᠯ ᠬᠦᠢᠴᠡᠳᠬᠡᠬᠦ 11 ᠴᠢᠭ᠋ ᠭᠠᠷᠭᠠᠵᠤ | ᠂ 18 ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠮᠤᠵᠢ ᠠᠯᠤᠰᠯᠠᠨ ᠤᠨᠳᠤᠤ | ᠭᠠᠵᠠᠷ ᠪᠡᠶ᠎ᠠ ᠶᠢᠨ ᠦᠨᠡᠮᠯᠡᠯ ᠬᠦᠢᠴᠡᠳᠬᠡᠵᠤ ᠪᠤᠯᠬᠤ ᠵᠠᠮ ᠢ ᠨᠡᠬᠡᠬᠡᠵᠤ᠂ ᠰᠠᠭᠤᠭᠠᠯᠢ ᠠᠷᠠᠳ ᠤᠨ ᠤᠨᠳᠤᠤ ᠭᠠᠵᠠᠷ | ᠪᠡᠶ᠎ᠠ ᠶᠢᠨ ᠦᠨᠡᠮᠯᠡᠯ ᠬᠦᠢᠴᠡᠳᠬᠡᠬᠦ ᠠᠵᠢᠯ ᠢ ᠪᠦᠬᠦ ᠲᠠᠯ᠎ᠠ ᠪᠠᠷ ᠦᠷᠨᠢᠬᠦᠯᠵᠠᠢ᠃ 2015 ᠤᠨ ᠤ 10 ᠰᠠᠷ᠎ᠠ ᠶᠢᠨ | 1 ᠤ ᠡᠳᠦᠷ ᠠᠴᠠ ᠤᠳᠤᠬᠠᠨ ᠪᠤᠯᠳᠠᠯ᠎ᠠ 2 ᠲᠦᠮᠠ ᠭᠠᠷᠤᠢ ᠬᠦᠮᠦᠨ ᠳᠤ ᠤᠨᠳᠤᠤ ᠭᠠᠵᠠᠷ ᠤᠨ ᠪᠡᠶ᠎ᠠ ᠶᠢᠨ ᠦᠨᠡᠮᠯᠡᠯ | ᠬᠦᠢᠴᠡᠳᠬᠡᠵᠤ ᠦᠭᠴᠡᠢ᠃ | ᠲᠠᠷᠠᠭᠠᠴᠢ ᠪᠠᠷ᠂ ᠪᠢᠳᠡ ᠪᠠᠰᠠ᠂ ᠡᠷᠦᠬᠡ ᠠᠮᠠ ᠶᠢᠨ ᠪᠠ ᠰᠠᠭᠤᠭᠠᠯᠢ ᠠᠷᠠᠳ ᠤᠨ ᠪᠡᠶ᠎ᠠ ᠶᠢᠨ ᠦᠨᠡᠮᠯᠡᠯ ᠤᠨ | ᠬᠠᠮᠢᠶᠠᠷᠤᠯᠳᠠ ᠶᠢᠨ ᠠᠵᠢᠯ ᠢ ᠦᠷᠬᠦᠯᠵᠢᠯᠡᠨ ᠴᠢᠩᠭᠠᠳᠬᠠᠵᠤ᠂ ᠡᠷᠦᠬᠡ ᠠᠮᠠ ᠶᠢᠨ ᠲᠠᠩᠰᠠ ᠦᠬᠡᠢ ᠬᠦᠮᠦᠨ᠂ | ᠦᠨᠳᠦᠰᠦᠳᠡᠨ ᠨᠢ ᠲᠤᠳᠤᠷᠬᠠᠢ ᠦᠬᠡᠢ᠂ ᠵᠢᠷᠤᠭ ᠰᠡᠬᠦᠳᠡᠷ ᠨᠢ ᠦᠬᠡᠢ ᠬᠦᠮᠦᠨ ᠤ ᠬᠠᠮᠢᠶᠠᠷᠤᠯᠳᠠ ᠶᠢᠨ ᠠᠵᠢᠯ ᠢ | ᠰᠠᠶᠢᠳᠤᠷ ᠬᠢᠵᠤ᠂ ᠤᠨᠳᠤᠤ ᠭᠠᠵᠠᠷ ᠪᠡᠶ᠎ᠠ ᠶᠢᠨ ᠦᠨᠡᠮᠯᠡᠯ ᠬᠦᠢᠴᠡᠳᠬᠡᠬᠦ ᠶᠢ ᠬᠦᠨᠵᠡᠬᠡᠶᠢᠷᠡᠬᠦᠯᠵᠤ᠂ ᠵᠢᠱᠢᠭᠰᠡᠨ ᠢᠶᠠᠷ᠂ | 2017 ᠤᠨ ᠤ 7 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠤᠯᠤᠰ ᠤᠨ ᠤᠨᠳᠤᠤ ᠭᠠᠵᠠᠷ ᠪᠡᠶ᠎ᠠ ᠶᠢᠨ | ᠦᠨᠡᠮᠯᠡᠯ ᠬᠦᠢᠴᠡᠳᠬᠡᠬᠦ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ ᠤᠯᠠᠨ ᠲᠦᠮᠡᠨ ᠤ ᠦᠨᠡᠮᠯᠡᠯ ᠬᠦᠢᠴᠡᠳᠬᠡᠬᠦ ᠳᠤ | ᠨᠡᠩ ᠴᠢᠨᠠᠬᠰᠢᠳᠠ ᠲᠦᠬᠦᠮ ᠦᠵᠡᠬᠦᠯᠬᠦ ᠪᠤᠯᠤᠨ᠎ᠠ᠃ ᠪᠦᠬᠦ ᠬᠤᠳᠠ ᠶᠢᠨ ᠲᠤᠮᠢᠯᠠᠬᠰᠠᠨ ᠰᠠᠯᠪᠤᠷᠢ ᠶᠢᠨ ᠭᠤᠷᠪᠠᠨ | ᠵᠢᠯ ᠤᠨ ᠲᠦᠯᠦᠪᠵᠢᠬᠦᠯᠬᠡ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠭᠡᠨ ᠠᠬᠢᠭᠤᠯᠵᠤ᠂ ︽ᠨᠢᠬᠡ ᠪᠠᠷᠢᠮᠵᠢᠶ᠎ᠠ | ᠲᠠᠪᠤᠨ ᠪᠤᠳᠠᠳᠠᠢ︾ ᠶᠢᠨ ᠰᠠᠭᠤᠷᠢ ᠮᠡᠳᠡᠭᠡ ᠵᠠᠩᠬᠢ ᠶᠢ ᠴᠤᠭᠯᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠦᠨ᠎ᠠ᠃ | ︽ᠬᠤᠳᠠ ᠶᠢᠨ ᠲᠤᠮᠳᠠᠬᠢ ᠲᠤᠰᠬᠤᠨ︾ ᠢ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ︽ᠲᠠᠪᠤᠨ ᠨᠢᠬᠡ︾ ᠶᠢᠨ | ᠬᠠᠮᠢᠶᠠᠷᠤᠯᠳᠠ ᠶᠢᠨ ᠵᠠᠬᠪᠤᠷ ᠢ ᠬᠦᠨᠵᠡᠬᠡᠶᠢᠷᠡᠬᠦᠯᠦᠨ ᠠᠬᠢᠭᠤᠯᠵᠤ᠂ ᠨᠡᠬᠦᠳᠡᠯ ᠬᠦᠮᠦᠨ ᠠᠮᠠ ᠶᠢᠨ ᠮᠡᠳᠡᠭᠡ | ᠵᠠᠩᠬᠢᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ | ᠭᠤᠷᠪᠠ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠦᠬᠡᠷᠡᠴᠢᠯᠠᠯᠳᠠ ᠶᠢ ᠲᠠᠰᠤᠷᠠᠯᠳᠠ ᠦᠬᠡᠢ | ᠴᠢᠩᠭᠠᠳᠬᠠᠨ᠎ᠠ᠃ 2017 ᠤᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠳᠠ ᠪᠦᠬᠦ | ᠤᠯᠤᠰ ᠲᠤ ᠲᠦᠷᠦᠬᠦᠯᠡᠨ ︽ᠵᠢᠵᠢᠭ ᠬᠡᠯᠪᠡᠷᠢ ᠶᠢᠨ ᠮᠠᠰᠢᠨ ᠲᠡᠷᠬᠡ ᠶᠢᠨ ᠵᠢᠯᠤᠭᠤᠴᠢ ᠶᠢᠨ ᠦᠨᠡᠮᠯᠡᠯ ᠢ ᠦᠪᠡᠷ ᠲᠡᠭᠡᠨ | ᠰᠤᠷᠴᠤ ᠦᠪᠡᠷ ᠲᠡᠭᠡᠨ ᠰᠢᠯᠭᠠᠬᠤ︾ ᠲᠤᠷᠰᠢᠯᠳᠠ ᠶᠢᠨ ᠴᠢᠭ᠋ ᠢ ᠬᠡᠷᠡᠭᠵᠢᠬᠦᠯᠵᠤ᠂ ᠤᠷᠢᠳᠡᠪᠡᠷ 64 ᠵᠢᠯᠤᠭᠤᠴᠢ ᠶᠢᠨ | ᠰᠤᠷᠭᠠᠭᠤᠯᠢ ᠶᠢ ᠰᠤᠷᠤᠯᠴᠠᠨ ᠪᠤᠯᠪᠠᠰᠤᠷᠠᠬᠤ ᠲᠠᠯᠠᠪᠠᠢ ᠪᠤᠯᠭᠠᠵᠤ᠂ ᠦᠪᠡᠷ ᠲᠡᠭᠡᠨ ᠰᠤᠷᠴᠤ ᠦᠪᠡᠷ ᠲᠡᠭᠡᠨ | ᠰᠢᠯᠭᠠᠬᠰᠠᠳ ᠤᠨ ᠪᠤᠯᠪᠠᠰᠤᠷᠠᠵᠤ ᠰᠢᠯᠭᠠᠬᠤ ᠲᠦᠷᠦᠯ ᠵᠦᠢᠯ ᠳᠤ ᠲᠦᠬᠦᠮ ᠦᠵᠡᠬᠦᠯᠵᠤ᠂ ᠤᠳᠤᠬᠠᠨ ᠪᠤᠯᠳᠠᠯ᠎ᠠ | ᠮᠡᠰᠢᠨ ᠲᠡᠷᠬᠡ ᠵᠢᠯᠤᠭᠤᠳᠴᠤ ᠰᠤᠷᠬᠤ ᠲᠤᠰᠬᠠᠢ ᠬᠡᠷᠡᠭᠯᠡᠬᠦ ᠲᠡᠮᠳᠡᠭ ᠢᠯᠡᠷᠬᠡᠶᠢᠯᠡᠯ ᠤᠯᠤᠬᠰᠠᠨ ᠬᠦᠮᠦᠨ 555 | ᠪᠠᠶᠢᠵᠤ᠂ ᠦᠪᠡᠷ ᠲᠡᠭᠡᠨ ᠰᠤᠷᠴᠤ ᠰᠢᠭᠤᠳ ᠰᠢᠯᠭᠠᠬᠤ 731 ᠬᠦᠮᠦᠨ ᠢ ᠬᠦᠯᠢᠶᠠᠨ ᠠᠪᠴᠤ ᠰᠢᠢᠳᠪᠦᠷᠢᠯᠡᠬᠡᠳ᠂ | ᠦᠨᠡᠮᠯᠡᠯ ᠤᠯᠤᠬᠰᠠᠨ ᠬᠦᠮᠦᠨ 240 ᠪᠤᠯᠵᠠᠢ᠃ ᠪᠠᠶ᠎ᠠ ᠪᠠᠨ ᠲᠠᠭᠠᠭᠠᠵᠤ ᠰᠤᠳᠤᠯᠤᠨ ᠨᠡᠬᠡᠬᠡᠭᠰᠡᠨ ︽ᠲᠠᠯ᠎ᠠ ᠨᠤᠳᠤᠭ | 122 ᠬᠡᠷᠡᠭ ᠢ ᠲᠦᠷᠬᠡᠨ ᠰᠢᠢᠳᠪᠦᠷᠢᠯᠡᠬᠦ︾ ᠵᠢᠷᠬᠢᠶ᠎ᠠ ᠲᠠᠪᠴᠠᠩ ᠳᠤ ᠲᠦᠰᠢᠭᠯᠡᠨ᠂ ᠵᠠᠮ ᠬᠠᠷᠢᠯᠴᠠᠭᠠᠨ ᠤ ᠬᠡᠷᠡᠭ ᠢ | ᠲᠦᠷᠬᠡᠨ ᠰᠢᠢᠳᠪᠦᠷᠢᠯᠡᠵᠤ ᠲᠦᠷᠬᠡᠨ ᠲᠦᠯᠦᠪᠦᠷᠢ ᠦᠭᠬᠦ ᠠᠵᠢᠯ ᠢ ᠢᠳᠡᠪᠬᠢᠳᠡᠢ ᠦᠷᠨᠢᠬᠦᠯᠵᠤ᠂ ᠤᠯᠠᠨ ᠲᠦᠮᠡᠨ | ᠬᠡᠷᠡᠭ ᠤᠨ ᠲᠠᠯᠠᠪᠠᠢ ᠶᠢᠨ ᠵᠢᠷᠤᠭ ᠢ ᠲᠠᠮᠵᠢᠭᠤᠯᠤᠮᠠᠬᠴᠠ ᠵᠠᠮ ᠬᠠᠷᠢᠯᠴᠠᠭᠠᠨ ᠤ ᠬᠡᠷᠡᠭ ᠢ ᠲᠦᠷᠬᠡᠨ ᠰᠢᠢᠳᠪᠦᠷᠢᠯᠡᠵᠤ | ᠲᠦᠷᠬᠡᠨ ᠲᠦᠯᠦᠪᠦᠷᠢ ᠦᠭᠬᠦ ᠲᠦᠪ ᠠᠴᠠ ᠬᠠᠷᠢᠭᠤᠴᠠᠯᠭ᠎ᠠ ᠶᠢ ᠲᠤᠳᠤᠯᠠᠬᠤ᠂ ᠬᠤᠬᠢᠷᠠᠯ ᠢ ᠲᠤᠳᠤᠯᠠᠬᠤ᠂ | ᠡᠶᠡᠳᠡᠬᠦᠯᠬᠦ᠂ ᠲᠦᠯᠦᠪᠦᠷᠢ ᠦᠭᠬᠦ ᠵᠡᠷᠬᠡ ᠨᠢᠬᠡ ᠦᠷᠳᠡᠭᠡᠳᠤ ᠰᠢᠢᠳᠪᠦᠷᠢᠯᠡᠬᠦ ᠶᠢ ᠪᠡᠶᠡᠯᠡᠬᠦᠯᠴᠢᠬᠡᠨ᠎ᠡ᠃ ᠤᠳᠤᠬᠠᠨ | ᠪᠤᠯᠳᠠᠯ᠎ᠠ᠂ ᠲᠤᠰ ᠲᠠᠪᠴᠠᠩ ᠢᠶᠠᠷ ᠨᠢᠬᠡᠨᠳᠡ 1300 ᠭᠠᠷᠤᠢ ᠵᠠᠮ ᠬᠠᠷᠢᠯᠴᠠᠭᠠᠨ ᠤ ᠬᠡᠷᠡᠭ ᠢ ᠰᠢᠢᠳᠪᠦᠷᠢᠯᠡᠵᠠᠢ᠃ | 2017 ᠤᠨ ᠤ 6 ᠰᠠᠷ᠎ᠠ ᠶᠢᠨ 27 ᠤ ᠡᠳᠦᠷ ᠠᠴᠠ ᠡᠬᠢᠯᠡᠨ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ | ᠰᠠᠯᠠᠪᠤᠷᠢ ᠠᠩᠬᠢ ᠬᠤᠳᠠ ᠶᠢᠨ ᠬᠠᠮᠢᠶᠠᠷᠤᠯᠳᠠ᠂ ᠲᠡᠬᠡᠬᠡᠪᠦᠷᠢ ᠶᠢᠨ ᠬᠠᠮᠢᠶᠠᠷᠤᠯᠳᠠ ᠵᠡᠷᠬᠡ ᠰᠠᠯᠠᠭ᠎ᠠ ᠮᠦᠴᠢᠷ ᠯᠦᠭᠡ | ᠬᠠᠮᠳᠤᠷᠠᠨ ᠠᠵᠢᠯᠯᠠᠬᠤ ᠲᠤᠭᠤᠢᠢᠯᠠᠩ ᠪᠠᠶᠢᠭᠤᠯᠵᠤ᠂ ᠪᠦᠬᠦ ᠬᠤᠳᠠ ᠶᠢᠨ ᠬᠡᠪᠴᠢᠶᠠᠨᠠ ᠭᠤᠷᠪᠡᠨ ᠬᠦᠷᠳᠤᠳᠤ ᠮᠠᠰᠢᠨ | ᠲᠡᠷᠬᠡ᠂ ᠲᠦᠷᠪᠡᠨ ᠬᠦᠷᠳᠤᠳᠤ ᠬᠦᠯ ᠵᠠᠯᠭᠠᠬᠤ ᠮᠠᠰᠢᠨ ᠤ ᠬᠠᠦᠯᠢ ᠠᠴᠠ ᠵᠦᠷᠢᠴᠡᠬᠦ ᠠᠵᠢᠯᠯᠠᠭ᠎ᠠ ᠶᠢ ᠲᠤᠰᠬᠠᠢ | ᠴᠡᠭᠴᠡᠯᠡᠨ ᠵᠢᠷᠤᠮᠵᠢᠭᠤᠯᠬᠤ ᠠᠵᠢᠯᠯᠠᠭ᠎ᠠ ᠦᠷᠨᠢᠬᠦᠯᠵᠤ᠂ ᠭᠤᠷᠪᠡᠨ ᠬᠦᠷᠳᠤᠳᠤ ᠮᠠᠰᠢᠨ ᠲᠡᠷᠬᠡ᠂ ᠲᠦᠷᠪᠡᠨ | ᠬᠦᠷᠳᠤᠳᠤ ᠬᠦᠯ ᠵᠠᠯᠭᠠᠬᠤ ᠮᠠᠰᠢᠨ ᠤ ᠬᠠᠦᠯᠢ ᠠᠴᠠ ᠵᠦᠷᠢᠴᠡᠬᠦ ᠠᠵᠢᠯᠯᠠᠭ᠎ᠠ ᠪᠠᠷ ᠲᠤᠪᠤᠶᠢᠮ᠎ᠠ ᠤᠨᠴᠠᠯᠢᠭ ᠪᠤᠯᠭᠠᠬᠰᠠᠨ | ᠨᠠᠶᠢᠳᠠ ᠶᠢᠨ ᠮᠠᠰᠢᠨ ᠲᠡᠷᠬᠡᠨ ᠤ ᠦᠷᠳᠡᠭᠡ᠂ ᠬᠠᠮ ᠲᠡᠯᠬᠡᠬᠦᠷ᠂ ᠬᠦᠬᠦᠷᠬᠡ ᠵᠡᠷᠬᠡ ᠲᠠᠯᠠᠪᠤᠷ ᠤᠨ ᠤᠢᠢᠷ᠎ᠠ ᠬᠠᠪᠢ ᠶᠢᠨ | ᠵᠠᠮ ᠱᠤᠭᠤᠮ ᠢᠶᠠᠷ ᠭᠤᠤᠯᠳᠠᠯᠭ᠎ᠠ ᠪᠤᠯᠭᠠᠵᠤ᠂ ᠲᠤᠬᠳᠠᠬᠰᠠᠨ ᠴᠢᠭ᠋ ᠲᠤ ᠪᠠᠶᠢᠴᠠᠭᠠᠬᠤ ᠪᠤᠯᠤᠨ ᠵᠠᠮ ᠢᠶᠠᠷ ᠶᠠᠪᠤᠵᠤ | ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠶᠢ ᠠᠪᠴᠤ᠂ ᠫᠠᠶᠢᠰᠠ ᠲᠡᠮᠳᠡᠭ ᠦᠬᠡᠢ᠂ ᠦᠨᠡᠮᠯᠡᠯ ᠦᠬᠡᠢ | ᠪᠢᠳᠡᠬᠦᠮᠵᠢᠯᠡᠭᠰᠡᠨ ᠬᠡᠯᠪᠡᠷᠢ ᠶᠢᠨ ᠭᠤᠷᠪᠠᠨ ᠬᠦᠷᠳᠤᠳᠤ ᠮᠠᠰᠢᠨ ᠲᠡᠷᠬᠡ᠂ ᠲᠦᠷᠪᠡᠨ ᠬᠦᠷᠳᠤᠳᠤ ᠬᠦᠯ ᠵᠠᠯᠭᠠᠬᠤ | ᠮᠠᠰᠢᠨ ᠢ ᠬᠠᠦᠯᠢ ᠶᠤᠰᠤᠭᠠᠷ ᠪᠠᠶᠢᠴᠠᠭᠠᠨ ᠰᠢᠢᠳᠪᠦᠷᠢᠯᠡᠵᠡᠢ᠃ ᠴᠡᠭᠴᠡᠯᠡᠨ ᠵᠢᠷᠤᠮᠵᠢᠭᠤᠯᠬᠤ ᠠᠵᠢᠯᠯᠠᠭ᠎ᠠ ᠶᠢ | ᠦᠷᠨᠢᠬᠦᠯᠦᠭᠰᠡᠨ ᠠᠴᠠ ᠨᠠᠰᠢ᠂ ᠭᠤᠷᠪᠠᠨ ᠬᠦᠷᠳᠤᠳᠤ ᠮᠠᠰᠢᠨ ᠲᠡᠷᠬᠡ ᠪᠡ ᠲᠦᠷᠪᠠᠨ ᠬᠦᠷᠳᠤᠳᠤ ᠬᠦᠯ ᠵᠠᠯᠭᠠᠬᠤ | ᠮᠠᠰᠢᠨ ᠢ ᠨᠠᠶᠢᠳᠠ 1090 ᠶᠢ ᠪᠠᠶᠢᠴᠠᠭᠠᠨ ᠬᠤᠷᠢᠶᠠᠨ ᠠᠪᠴᠤ᠂ ᠪᠦᠬᠦ ᠬᠤᠳᠠ ᠳᠤ ᠭᠤᠷᠪᠠᠨ ᠬᠦᠷᠳᠤᠳᠤ ᠮᠠᠰᠢᠨ | ᠲᠡᠷᠬᠡ ᠪᠡ ᠲᠦᠷᠪᠠᠨ ᠬᠦᠷᠳᠤᠳᠤ ᠬᠦᠯ ᠵᠠᠯᠭᠠᠬᠤ ᠮᠠᠰᠢᠨ ᠤ ᠦᠬᠦᠵᠤ ᠰᠢᠷᠬᠠᠳᠤᠬᠰᠠᠨ ᠬᠡᠷᠡᠭ ᠨᠢᠬᠡ ᠴᠤ | ᠡᠬᠦᠰᠦᠭᠰᠡᠨ ᠦᠬᠡᠢ᠃ ᠡᠬᠦᠨ ᠤ ᠬᠠᠮᠳᠤ᠂ ᠪᠦᠬᠦ ᠬᠤᠳᠠ ᠶᠢᠨ ᠬᠦᠷᠢᠶ᠎ᠡ ᠬᠡᠪᠴᠢᠶᠠᠨ ᠳᠤ ᠮᠠᠰᠢᠨ ᠲᠡᠷᠬᠡ | ᠵᠢᠯᠤᠭᠤᠳᠬᠤ ᠰᠢᠯᠭᠠᠯᠳᠠ ᠶᠢᠨ ᠲᠤᠬᠠᠢᠢᠯᠠᠭᠰᠠᠨ ᠠᠵᠢᠯ ᠢ ᠬᠤᠰᠢᠭᠤ ᠰᠢᠶᠠᠨ ᠲᠠᠰᠢ ᠪᠠᠭᠤᠯᠭᠠᠬᠤ ᠠᠵᠢᠯ ᠢ ᠪᠦᠬᠦ | ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠤᠢᠢᠷ᠎ᠠ ᠬᠠᠪᠢ ᠳᠤ ᠪᠠᠨ ᠵᠢᠯᠤᠭᠤᠴᠢ ᠶᠢᠨ ᠦᠨᠡᠮᠯᠡᠯ ᠰᠢᠯᠭᠠᠬᠤ ᠳᠤᠨᠢ | ᠲᠦᠬᠦᠮ ᠦᠵᠡᠬᠦᠯᠵᠡᠢ᠃ 2017 ᠤᠨ ᠤ 11 ᠰᠠᠷ᠎ᠠ ᠶᠢᠨ 7 ᠤ ᠡᠳᠦᠷ ᠠᠴᠠ ᠡᠬᠢᠯᠡᠨ᠂ ᠬᠤᠳᠠ ᠶᠢᠨ | ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠪᠦᠬᠦ | ᠬᠤᠳᠠ ᠶᠢᠨ ᠬᠡᠪᠴᠢᠶᠠᠨᠠ ᠠᠩᠬ᠎ᠠ ᠤᠳᠠᠭ᠎ᠠ ᠶᠢᠨ ᠵᠠᠮ ᠬᠠᠷᠢᠯᠴᠠᠭᠠᠨ ᠤ ᠲᠦᠷᠢᠮ ᠠᠴᠠ ᠵᠦᠷᠢᠴᠡᠭᠰᠡᠨ | ᠠᠵᠢᠯᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠴᠠ ᠬᠡᠯᠳᠦᠷᠢᠬᠦᠯᠬᠦ ︵ᠲᠤᠤᠷ᠎ᠠ ︽ᠠᠩᠬ᠎ᠠ ᠤᠳᠠᠭ᠎ᠠ ᠶᠢ ᠬᠡᠯᠳᠦᠷᠢᠬᠦᠯᠬᠦ | ︾ ᠬᠡᠵᠤ ᠲᠦᠬᠦᠮᠴᠢᠯᠠᠨ᠎ᠠ︶ ᠬᠠᠮᠢᠶᠠᠷᠤᠯᠳᠠ ᠶᠢᠨ ᠠᠷᠭ᠎ᠠ ᠠᠪᠴᠠᠯ ᠢ ᠬᠡᠷᠡᠭᠵᠢᠬᠦᠯᠵᠤ᠂ ᠰᠤᠷᠭᠠᠨ ᠬᠦᠮᠦᠵᠢᠬᠦᠯᠬᠦ | ᠪᠤᠯᠤᠨ ᠲᠤᠷᠭᠠᠨ ᠰᠢᠳᠬᠡᠬᠦ ᠶᠢ ᠤᠶᠠᠯᠳᠤᠭᠤᠯᠬᠤ ᠬᠦᠮᠦᠯᠢᠭᠵᠢᠭᠰᠡᠨ ᠬᠠᠦᠯᠢ ᠬᠡᠷᠡᠭᠵᠢᠬᠦᠯᠬᠦ ᠤᠢᠢᠯᠠᠭᠠᠬᠳᠠᠬᠤᠨ ᠢ | ᠢᠯᠡᠷᠡᠬᠦᠯᠵᠡᠢ᠃ ︽ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠬᠡᠷᠡᠭᠵᠢᠬᠦᠯᠬᠦ ᠵᠠᠮ ᠬᠠᠷᠢᠯᠴᠠᠭᠠᠨ ᠤ ᠠᠳᠡᠯ ᠤᠨ ᠨᠡᠶᠢᠬᠡᠮ ᠤᠨ ᠠᠪᠤᠷᠠᠨ | ᠲᠤᠰᠠᠯᠠᠬᠤ ᠰᠠᠭᠤᠷᠢ ᠮᠦᠩᠬᠦ ᠶᠢᠨ ᠠᠪᠤᠷᠠᠨ ᠲᠤᠰᠠᠯᠠᠬᠤ ᠠᠵᠢᠯ ᠤᠨ ᠲᠤᠬᠳᠠᠭᠠᠯ ᠤᠳ︾ ᠢ ᠨᠠᠶᠢᠳᠠᠯᠠᠨ | ᠬᠡᠷᠡᠭᠵᠢᠬᠦᠯᠵᠤ᠂ ᠵᠠᠮ ᠬᠠᠷᠢᠯᠴᠠᠭᠠᠨ ᠤ ᠠᠪᠤᠷᠠᠨ ᠲᠤᠰᠠᠯᠠᠬᠤ ᠠᠵᠢᠯ ᠢ ᠦᠳᠳᠡᠷ ᠲᠦᠯᠬᠢᠨ ᠠᠬᠢᠭᠤᠯᠵᠤ᠂ | ᠰᠢᠢᠳᠪᠦᠷᠢᠯᠡᠬᠦ ᠶᠠᠪᠤᠴᠠ ᠶᠢ ᠲᠦᠬᠦᠮᠴᠢᠯᠡᠨ᠂ ᠰᠢᠢᠳᠪᠦᠷᠢᠯᠡᠬᠦ ᠴᠠᠭ ᠢ ᠪᠤᠭᠤᠨᠢᠰᠬᠠᠵᠤ᠂ ᠨᠡᠩ ᠤᠯᠠᠨ ᠠᠪᠤᠷᠠᠨ | ᠲᠤᠰᠠᠯᠠᠬᠤ ᠨᠦᠬᠦᠴᠡᠯ ᠳᠤ ᠨᠠᠶᠢᠴᠡᠬᠦ ᠤᠯᠠᠨ ᠲᠦᠮᠡᠨ ᠳᠤ ᠠᠰᠢᠭ ᠬᠦᠷᠳᠡᠬᠡᠭᠰᠡᠨ ᠪᠠᠶᠢᠨ᠎ᠠ᠃ 2017 ᠤᠨ ᠤ 11 | ᠰᠠᠷ᠎ᠠ ᠶᠢᠨ 17 ᠤ ᠡᠳᠦᠷ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠵᠠᠮ ᠬᠠᠷᠢᠯᠴᠠᠭᠠᠨ ᠤ | ᠠᠳᠡᠯ ᠤᠨ ᠨᠢᠬᠡᠯᠡ ᠲᠡᠭᠡᠷ᠎ᠡ ᠦᠭᠬᠦ ᠠᠩᠬᠠᠳᠠᠬᠴᠢ ᠬᠡᠷ ᠪᠦᠯᠢ ᠶᠢᠨ ᠠᠮᠢᠳᠦᠷᠠᠯ ᠤᠨ ᠬᠦᠴᠢᠷᠳᠡᠯ ᠤᠨ ᠲᠤᠰᠠᠯᠠᠮᠵᠢ ᠶᠢ | ᠦᠭᠴᠤ᠂ ᠵᠠᠮ ᠬᠠᠷᠢᠯᠴᠠᠭᠠᠨ ᠤ ᠠᠳᠡᠯ ᠳᠤ ᠬᠤᠬᠢᠷᠠᠯ ᠠᠮᠰᠠᠬᠠᠰᠠᠨ ᠬᠡᠷ ᠪᠦᠯᠢ ᠶᠢᠨ ᠬᠢᠨ ᠳᠤ 3 ᠲᠦᠮᠡᠨ | ᠲᠦᠬᠦᠷᠢᠭ ᠤᠨ ᠲᠤᠰᠠᠯᠠᠮᠵᠢ ᠶᠢᠨ ᠮᠦᠩᠬᠦ ᠶᠢ ᠦᠭᠴᠡᠢ᠃ | ᠲᠠᠷᠠᠭᠠᠴᠢ ᠪᠠᠷ᠂ ᠮᠠᠨ ᠤ ᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠵᠢᠯ ᠤᠨ ᠭᠤᠤᠯᠳᠠᠯᠭ᠎ᠠ | ᠪᠤᠯ᠄ ᠮᠠᠰᠢᠨ ᠲᠡᠷᠬᠡ ᠶᠢ ᠰᠢᠯᠭᠠᠨ ᠪᠠᠶᠢᠴᠠᠭᠠᠬᠤ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠮᠤᠵᠢ ᠶᠢᠨ ᠲᠤᠳᠤᠷᠠᠬᠢ | ᠤᠨᠳᠤᠤ ᠭᠠᠵᠠᠷ ᠮᠠᠰᠢᠨ ᠲᠡᠷᠬᠡ ᠶᠢ ᠰᠢᠯᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠮᠤᠵᠢ ᠠᠯᠤᠰᠯᠠᠨ | ᠤᠨᠳᠤᠤ ᠭᠠᠵᠠᠷ ᠮᠠᠰᠢᠨ ᠲᠡᠷᠬᠡ ᠰᠢᠯᠭᠠᠨ ᠪᠠᠶᠢᠴᠠᠭᠠᠬᠤ ᠶᠢ ᠠᠭᠠᠵᠢᠮ ᠢᠶᠠᠷ ᠬᠡᠷᠡᠭᠵᠢᠬᠦᠯᠦᠨ᠎ᠠ᠃ ᠮᠤᠵᠢ ᠠᠯᠤᠰᠯᠠᠨ | ᠤᠨᠳᠤᠤ ᠭᠠᠵᠠᠷ ᠵᠠᠮ ᠬᠠᠷᠢᠯᠴᠠᠭᠠᠨ ᠤ ᠲᠤᠬᠳᠠᠭᠠᠯ ᠠᠴᠠ ᠵᠦᠷᠢᠴᠡᠭᠰᠡᠨ ᠲᠤᠷᠭᠠᠭᠤᠯᠢ ᠶᠢᠨ ᠮᠦᠩᠬᠦ ᠪᠠᠨ ᠲᠤᠰᠢᠶᠠᠵᠤ | ᠪᠤᠯᠬᠤ ᠲᠦᠷᠢᠮ ᠢ ᠲᠦᠷᠬᠡᠳᠬᠡᠨ ᠪᠠᠶᠢᠭᠤᠯᠤᠨ᠎ᠠ᠃ ᠤᠳᠤᠬᠠᠨ ᠳᠤ᠂ ᠮᠠᠨ ᠤ ᠬᠤᠳᠠ ᠨᠢ ᠲᠤᠷᠰᠢᠯᠳᠠ ᠶᠢᠨ | ᠴᠢᠭ᠋ ᠤᠨ ᠭᠠᠵᠠᠷ ᠤᠷᠤᠨ ᠪᠤᠯᠤᠬᠰᠠᠨ ᠤ ᠬᠤᠪᠢ ᠳᠤ᠂ ᠢᠨᠲ᠋ᠧᠷ ᠰᠦᠯᠵᠢᠶ᠎ᠠ ᠪᠠᠷ ᠲᠤᠷᠭᠠᠭᠤᠯᠢ ᠶᠢᠨ ᠮᠦᠩᠬᠦ ᠶᠢ | ᠲᠤᠰᠢᠶᠠᠬᠤ ᠰᠢᠰᠲ᠋ᠧᠮ ᠢ ᠲᠡᠰ ᠲᠡᠪᠰᠢᠬᠦᠯᠬᠦ︔ ᠭᠠᠶᠢᠯᠢ ᠶᠢᠨ ᠪᠤᠰᠤ ᠰᠢᠰᠲ᠋ᠧᠮ ᠤᠨ ᠡᠬᠢᠵᠢᠬᠦᠯᠦᠯᠳᠡ︔ ᠡᠳ᠋ ᠤᠨ | ᠶᠠᠪᠤᠳᠠᠯ ᠤᠨ ᠲᠤᠪᠴᠢᠶ᠎ᠠ ᠳᠤ ᠡᠯᠧᠺᠳ᠋ᠷᠤᠨ ᠪᠢᠶᠤᠤ ᠶᠢᠨ ᠨᠤᠮᠧᠷ ᠤᠨ ᠭᠤᠶᠤᠴᠢᠯᠠᠯ ᠢ ᠲᠤᠰᠢᠶᠠᠬᠤ︔ ᠪᠦᠳᠦᠬᠡᠨ | ᠪᠠᠶᠢᠭᠤᠯᠤᠯᠳᠠ ᠶᠢᠨ ᠪᠠᠩᠬᠢ ᠶᠢᠨ ᠪᠤᠭᠤᠳᠤ ᠶᠢᠨ ᠰᠠᠯᠪᠤᠷᠢ ᠪᠠᠩᠬᠢ ᠯᠤᠭ᠎ᠠ ᠬᠠᠮᠳᠤᠷᠠᠯᠴᠠᠭᠠᠨ ᠤ ᠵᠦᠪᠯᠡᠯᠴᠡᠬᠡᠷ | ᠲᠤᠬᠳᠠᠬᠤ ᠵᠢᠴᠢ ᠵᠠᠮ ᠬᠠᠷᠢᠯᠴᠠᠭᠠᠨ ᠤ ᠬᠠᠦᠯᠢ ᠠᠴᠠ ᠵᠦᠷᠢᠴᠡᠭᠰᠡᠨ ᠢ ᠲᠤᠷᠭᠠᠬᠤ ᠲᠤᠬᠠᠢᠢᠯᠠᠬᠰᠠᠨ ᠠᠵᠢᠯ ᠢ | ᠪᠦᠳᠦᠬᠡᠨ ᠪᠠᠶᠢᠭᠤᠯᠤᠯᠳᠠ ᠶᠢᠨ ᠪᠠᠩᠬᠢ ᠳᠤ ᠰᠢᠯᠵᠢᠬᠦᠯᠦᠨ ᠦᠭᠬᠦ ᠵᠡᠷᠬᠡ ᠶᠢ ᠪᠠᠭᠳᠠᠭᠠᠬᠰᠠᠨ ᠡᠮᠦᠨᠡᠬᠢ | ᠬᠤᠭᠤᠴᠠᠭᠠᠨ ᠤ ᠴᠢᠬᠤᠯᠠ ᠪᠦᠬᠦᠢ ᠪᠡᠯᠡᠳᠬᠡᠯ ᠠᠵᠢᠯ ᠢ ᠨᠢᠬᠡᠨᠳᠡ ᠪᠠᠶᠠᠯᠡᠬᠦᠯᠵᠤ᠂ ᠦᠪᠦᠷ ᠮᠤᠩᠭᠤᠯ ᠤᠨ ᠮᠤᠵᠢ | ᠠᠯᠤᠰᠯᠠᠨ ᠤᠨᠳᠤᠤ ᠭᠠᠵᠠᠷ ᠲᠤᠷᠭᠠᠭᠤᠯᠢ ᠶᠢᠨ ᠮᠦᠩᠬᠦ ᠶᠢ ᠲᠤᠰᠢᠶᠠᠬᠤ ᠰᠢᠰᠲ᠋ᠧᠮ ᠨᠡᠪᠳᠡᠷᠡᠭᠰᠡᠨ ᠤ ᠲᠠᠷᠠᠭ᠎ᠠ ᠮᠠᠨ ᠤ | ᠬᠤᠳᠠ ᠲᠠᠷᠦ᠋ᠢᠬᠠᠨ ᠰᠦᠢᠳᠬᠡᠯ ᠲᠤᠰᠢᠶᠠᠬᠤ ᠲᠤᠬᠠᠢᠢᠯᠠᠭᠰᠨᠨ ᠠᠵᠢᠯ ᠢ ᠦᠷᠨᠢᠬᠦᠯᠬᠦ ᠶᠢ ᠪᠠᠳᠤᠯᠠᠨ᠎ᠠ᠃ | ᠬᠦᠳᠦᠯᠦᠭᠴᠢ᠄ ᠶᠠᠭᠠᠬᠢᠪᠠᠯ ᠰᠠᠶᠢ ᠨᠡᠶᠢᠬᠡᠮ ᠤᠨ ᠲᠤᠬᠳᠠᠭᠤᠨ ᠢ ᠬᠠᠮᠠᠭᠠᠯᠠᠵᠤ ᠲᠠᠶᠢᠯᠬᠦ ᠪᠤᠢ︖ | ᠮᠠᠨᠳᠤᠯ᠎ᠠ᠄ 2017 ᠤᠨ ᠠᠴᠠ ᠨᠠᠰᠢ᠂ ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ | ᠲᠤᠪᠴᠢᠶ᠎ᠠ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠦᠪᠡᠷᠳᠡᠬᠡᠨ ᠵᠠᠰᠠᠬᠤ | ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ | ᠬᠤᠳᠠ ᠶᠢᠨ ᠠᠷᠠᠳ ᠲᠦᠮᠡᠨ ᠤ ᠬᠦᠴᠦᠳᠡᠢ ᠲᠡᠮᠵᠢᠯᠬᠡ ᠬᠠᠮᠵᠢᠯᠴᠠᠭ᠎ᠠ ᠲᠤᠤᠷ᠎ᠠ᠂ ᠶᠡᠯ᠎ᠠ ᠬᠢᠬᠦ ᠠᠵᠢᠯᠯᠠᠭ᠎ᠠ ᠳᠤ | ᠴᠤᠬᠢᠯᠳᠠ ᠦᠭᠬᠦ᠂ ᠤᠯᠠᠨ ᠲᠦᠮᠡᠨ ᠳᠤ ᠦᠢᠯᠡᠴᠢᠯᠡᠬᠦ ᠡᠬᠦᠷᠬᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠬᠦᠢᠴᠡᠳᠬᠡᠵᠤ᠂ ᠮᠠᠨ ᠤ ᠬᠤᠳᠠ ᠶᠢᠨ ᠨᠡᠶᠢᠬᠡᠮ ᠤᠨ ᠠᠮᠤᠷ ᠢ ᠬᠠᠮᠠᠭᠠᠯᠠᠬᠤ ᠶᠡᠭᠡ ᠲᠠᠯ᠎ᠠ ᠶᠢᠨ ᠦᠷᠬᠦᠯᠵᠢᠯᠡᠨ | ᠲᠤᠬᠳᠠᠭᠤᠨ ᠪᠠᠶᠢᠬᠤ ᠶᠢ ᠪᠠᠳᠤᠯᠠᠵᠠᠢ᠃ | ᠨᠢᠬᠡ᠂ ᠴᠤᠬᠢᠯᠳᠠ ᠦᠭᠬᠦ ᠪᠠᠷ ᠵᠠᠮ ᠨᠡᠬᠡᠬᠡᠬᠦ ᠳᠤ ᠰᠠᠭᠤᠷᠢᠯᠠᠵᠤ᠂ ᠡᠯ᠎ᠡ ᠲᠦᠷᠦᠯ ᠤᠨ ᠶᠡᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠡᠢ᠃ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠬᠡ ᠶᠢᠨ ᠠᠮᠤᠷ | ᠲᠦᠪᠰᠢᠨ ᠢ ᠬᠦᠨᠳᠤ ᠨᠤᠴᠢᠳᠡᠢ ᠬᠤᠬᠢᠷᠠᠭᠤᠯᠤᠬᠰᠠᠨ ᠬᠦᠨᠳᠤ ᠨᠤᠴᠢᠳᠡᠢ ᠬᠦᠴᠦᠷᠭᠡᠭᠯᠡᠯ ᠤᠨ ᠶᠠᠯᠠᠳᠤ ᠠᠵᠢᠯᠯᠠᠭ᠎ᠠ ᠶᠢ | ᠭᠤᠤᠯ ᠴᠤᠬᠢᠯᠳᠡ ᠦᠭᠬᠦ ᠴᠢᠭᠯᠠᠯ ᠢᠶᠠᠨ ᠪᠤᠯᠭᠠᠬᠰᠠᠭᠠᠷ ᠢᠷᠡᠵᠤ᠂ ᠠᠳᠠᠯᠢ ᠪᠤᠰᠤ ᠬᠤᠭᠤᠴᠠᠭᠠᠨ ᠤ ᠡᠷᠡᠬᠦᠦ ᠶᠢᠨ | ᠶᠠᠯᠠᠳᠤ ᠠᠵᠢᠯᠯᠠᠭ᠎ᠠ ᠶᠢᠨ ᠤᠨᠴᠠᠯᠢᠭ ᠲᠤ ᠴᠢᠭᠯᠡᠬᠦᠯᠵᠤ᠂ ᠴᠢᠩᠭ᠎ᠠ ᠴᠤᠬᠢᠯᠳᠠ ᠦᠭᠬᠦ ᠲᠤᠰᠬᠠᠢ ᠠᠵᠢᠯᠯᠠᠭ᠎ᠠ | ᠦᠨᠢᠬᠦᠯᠵᠤ ᠪᠤᠢ᠃ 2017 ᠤᠨ ᠠᠴᠠ ᠨᠠᠰᠢ᠂ ᠪᠦᠬᠦ ᠬᠤᠳᠠ ᠶᠢᠨ ᠡᠪᠳᠡᠭᠰᠡᠨ ᠡᠯ᠎ᠡ ᠲᠦᠷᠦᠯ ᠤᠨ ᠡᠷᠡᠬᠦᠦ ᠶᠢᠨ | ᠬᠡᠷᠡᠭ 3178 ᠪᠠᠶᠢᠵᠤ᠂ ᠡᠯ᠎ᠡ ᠲᠦᠷᠦᠯ ᠤᠨ ᠬᠠᠦᠯᠢ ᠠᠴᠠ ᠵᠦᠷᠢᠴᠡᠵᠤ ᠶᠠᠯ᠎ᠠ ᠬᠢᠭᠰᠡᠨ 5943 ᠬᠦᠮᠦᠨ ᠳᠤ | ᠴᠤᠬᠢᠯᠳᠠ ᠦᠭᠴᠤ ᠰᠢᠢᠳᠪᠦᠷᠢᠯᠡᠵᠡᠢ︔ 37 ᠠᠮᠢ ᠶᠢᠨ ᠬᠡᠷᠡᠭ ᠢ ᠡᠪᠳᠡᠵᠤ᠂ ᠠᠮᠢ ᠶᠢᠨ ᠬᠡᠷᠡᠭ ᠢ ᠪᠦᠬᠦᠨ ᠢ | ᠡᠪᠳᠡᠬᠦ ᠶᠢ ᠪᠡᠶᠡᠯᠡᠬᠦᠯᠵᠡᠢ᠃ ᠡᠬᠦᠨ ᠤ ᠬᠠᠮᠳᠤ᠂ ᠤᠯᠠᠨ ᠲᠦᠮᠡᠨ ᠤ ᠦᠨᠳᠦᠰᠦᠨ ᠠᠰᠢᠭ ᠲᠤᠰᠠ ᠳᠤ ᠬᠠᠯᠳᠠᠬᠤ | ᠵᠢᠱᠢᠶᠡᠯᠡᠪᠡᠯ᠂ ᠦᠷᠬᠦᠯᠵᠢ ᠡᠬᠦᠰᠳᠡᠭ ᠡᠳ᠋ ᠬᠦᠷᠦᠩᠬᠡ ᠳᠤ ᠬᠠᠯᠳᠠᠬᠤ ᠶᠠᠯᠠᠳᠤ ᠠᠵᠢᠯᠯᠠᠭ᠎ᠠ ᠶᠢ ᠨᠢᠬᠳᠠ ᠠᠩᠬᠠᠷᠴᠤ᠂ | ︽ᠬᠤᠯᠠᠭᠠᠢᠢᠯᠠᠬᠤ ᠪᠤᠯᠢᠶᠠᠬᠤ ᠮᠡᠬᠡᠯᠡᠬᠦ︾ ᠠᠵᠢᠯᠯᠠᠭ᠎ᠠ ᠳᠤ ᠴᠤᠬᠢᠯᠳᠠ ᠦᠭᠬᠦ ︽ᠯᠢᠶᠠᠩ ᠵᠢᠶᠠᠨ 3 ᠨᠤᠮᠧᠷᠳᠤ︾ | ᠵᠡᠷᠬᠡ ᠲᠦᠪᠯᠡᠷᠡᠭᠰᠡᠨ ᠨᠢᠬᠡᠳᠦᠯᠳᠡᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠡᠳ᠋ ᠬᠦᠷᠦᠩᠬᠡ ᠳᠤ | ᠬᠠᠯᠳᠠᠭᠰᠨᠨ ᠡᠯ᠎ᠡ ᠲᠦᠷᠦᠯ ᠤᠨ 1773 ᠬᠡᠷᠡᠭ ᠢ ᠡᠪᠳᠡᠵᠤ᠂ 1200 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ | ᠂ 37 ᠶᠠᠯ᠎ᠠ ᠬᠢᠭᠰᠡᠨ ᠡᠪᠰᠡᠯ ᠪᠦᠯᠦᠭ ᠢ ᠰᠦᠢᠷᠡᠬᠦᠯᠵᠤ᠂ 137 ᠬᠦᠮᠦᠨ ᠢ ᠪᠠᠷᠢᠪᠴᠢᠯᠡᠵᠤ᠂ ︽ᠮᠠᠰᠢᠨ ᠲᠡᠷᠬᠡ | ᠬᠤᠯᠠᠭᠠᠢᠢᠯᠠᠬᠰᠠᠨ ᠰᠢᠷᠢᠰ ᠬᠡᠷᠡᠭ︾ ᠪᠤᠯᠤᠨ ︽ᠮᠠᠰᠢᠨ ᠲᠡᠷᠬᠡᠨ ᠲᠡᠭᠡᠷ᠎ᠡ ᠠᠴᠠ ᠪᠤᠯᠢᠶᠠᠨ ᠲᠡᠬᠡᠷᠡᠮᠳᠡᠬᠦ ᠬᠡᠷᠡᠭ︾ | ᠵᠡᠷᠬᠡ ᠰᠢᠷᠢᠰ ᠲᠤᠮᠤ ᠬᠡᠷᠡᠭ ᠢ ᠠᠮᠵᠢᠯᠳᠠ ᠲᠠᠢ ᠡᠪᠳᠡᠵᠠᠢ᠃ ᠴᠠᠬᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠤᠨ | ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠲᠡᠭᠡᠷ᠎ᠡ ᠪᠦᠬᠦ ᠬᠤᠳᠠ ᠶᠢᠨ 23 ᠨᠢᠬᠡᠴᠡ ᠪᠠᠷ ᠢᠶᠠᠨ ᠬᠤᠯᠪᠤᠭᠠᠯᠠᠬᠰᠠᠨ | ᠬᠤᠷᠠᠯ ᠤᠨ ᠲᠦᠷᠢᠮ ᠢ ᠪᠠᠶᠢᠭᠤᠯᠵᠤ᠂ ᠪᠦᠬᠦ ᠬᠤᠳᠠ ᠶᠢᠨ ᠴᠠᠬᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠤᠨ | ᠠᠵᠢᠯᠯᠠᠭ᠎ᠠ ᠳᠤ ᠴᠤᠬᠢᠯᠳᠠ ᠦᠭᠴᠤ ᠵᠠᠰᠠᠬᠤ ᠠᠵᠢᠯ ᠢ ᠨᠢᠬᠡᠳᠦᠯᠳᠡᠢ ᠲᠦᠯᠦᠪᠵᠢᠬᠦᠯᠵᠤ᠂ ᠨᠢᠬᠡ ᠵᠢᠯ ᠤᠨ | ᠬᠤᠭᠤᠴᠠᠭ᠎ᠠ ᠲᠠᠢ ᠲᠤᠰᠬᠠᠢ ᠴᠤᠬᠢᠯᠳᠠ ᠦᠭᠬᠦ ᠠᠵᠢᠯᠯᠠᠭ᠎ᠠ ᠦᠷᠨᠢᠬᠦᠯᠵᠤ᠂ ᠴᠠᠬᠢᠯᠭᠠ ᠴᠢᠮᠡᠭᠡ ᠬᠤᠯᠪᠤᠭ᠎ᠠ ᠶᠢᠨ | ᠮᠡᠬᠡᠯᠡᠯ ᠤᠨ 76 ᠬᠡᠷᠡᠭ ᠢ ᠡᠪᠳᠠᠵᠤ᠂ 37 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠢ᠃ ᠬᠠᠦᠯᠢ ᠪᠤᠰᠤ ᠪᠠᠷ | ᠪᠡᠯᠡ ᠬᠤᠷᠠᠮᠳᠤᠭᠤᠯᠬᠤ ᠵᠡᠷᠬᠡ ᠤᠯᠠᠨ ᠲᠦᠮᠠᠨ ᠲᠠᠢ ᠬᠤᠯᠪᠤᠬᠳᠠᠬᠰᠠᠨ ᠠᠵᠤ ᠠᠬᠤᠢ ᠶᠢᠨ ᠶᠠᠯᠠᠳᠤ ᠠᠵᠢᠯᠯᠠᠭ᠎ᠠ ᠳᠤ | ᠴᠤᠬᠢᠯᠳᠠ ᠦᠭᠬᠦ ᠪᠠᠷ ᠭᠤᠤᠯᠳᠠᠯᠭ᠎ᠠ ᠪᠤᠯᠭᠠᠵᠤ᠂ 169 ᠠᠵᠤ ᠠᠬᠤᠢ ᠶᠢᠨ ᠶᠠᠯᠠᠳᠤ ᠬᠡᠷᠡᠭ ᠢ ᠡᠪᠳᠡᠵᠤ᠂ 157 | ᠬᠡᠷᠡᠭ ᠤᠨ ᠰᠡᠵᠢᠭᠳᠡᠨ ᠢ ᠪᠠᠷᠢᠪᠴᠢᠯᠠᠨ 320 ᠲᠦᠮᠡᠨ ᠲᠦᠬᠦᠷᠢᠭ ᠤᠨ ᠠᠵᠤ ᠠᠬᠤᠢ ᠶᠢᠨ ᠬᠤᠬᠢᠷᠠᠯ ᠢ ᠡᠬᠡᠬᠦᠯᠵᠡᠢ᠃ | ᠬᠤᠤᠷ᠎ᠠ ᠶᠢ ᠴᠠᠭᠠᠵᠠᠯᠠᠬᠤ ︽ᠡᠪᠦᠯ ᠤᠨ ᠤᠯᠠᠷᠢᠯ ᠤᠨ ᠬᠠᠮ ᠲᠠᠶᠢᠯᠠᠯᠳᠤᠭᠠᠨ︾᠂ ︽ᠴᠡᠪᠡᠷ ᠬᠦᠷᠦᠰᠦ 2016︾ | ᠵᠡᠷᠬᠡ ᠲᠤᠰᠬᠠᠢ ᠠᠵᠢᠯᠯᠠᠭ᠎ᠠ ᠶᠢ ᠬᠤᠶᠢᠨ᠎ᠠ ᠬᠤᠶᠢᠨ᠎ᠠ ᠠᠴᠠ ᠨᠢ ᠦᠷᠨᠢᠬᠦᠯᠵᠤ᠂ ᠬᠤᠤᠷ᠎ᠠ ᠠᠷᠠᠯᠵᠢᠶᠠᠯᠠᠬᠰᠠᠨ 188 | ᠬᠡᠷᠡᠭ ᠢ ᠡᠪᠳᠡᠵᠤ᠂ ᠬᠤᠤᠷ᠎ᠠ ᠰᠠᠷᠢᠭᠠᠯᠠᠠᠬᠰᠠᠨ ᠵᠡᠷᠬᠡ ᠬᠠᠦᠯᠢ ᠠᠴᠠ ᠵᠦᠷᠢᠴᠡᠭᠰᠡᠨ ᠶᠠᠯ᠎ᠠ ᠬᠢᠭᠰᠡᠳ ᠢ 3127 | ᠬᠦᠮᠦᠨ ᠢ ᠪᠠᠷᠢᠪᠴᠢᠯᠠᠵᠤ᠂ 9.1 ᠺᠢᠯᠦᠭᠷᠡᠮ ᠡᠾᠧᠷᠤᠶ᠋ᠢᠨ ᠵᠡᠷᠬᠡ ᠬᠤᠤᠷᠠᠳᠤ ᠡᠳ᠋ ᠢ ᠪᠠᠶᠢᠴᠠᠭᠠᠨ ᠭᠠᠷᠭᠠᠵᠤ | ᠬᠤᠷᠢᠶᠠᠨ ᠠᠪᠴᠠᠢ᠃ | ᠬᠤᠶᠠᠷ᠂ ᠴᠤᠬᠢᠯᠳᠠ ᠦᠭᠬᠦ ᠪᠡ ᠰᠡᠷᠬᠡᠶᠢᠯᠡᠬᠦ ᠶᠢ ᠤᠶᠠᠯᠳᠤᠭᠤᠯᠬᠤ ᠶᠢ ᠪᠠᠷᠢᠮᠳᠠᠯᠠᠵᠤ᠂ ︽ᠲᠦᠷᠪᠡᠨ | ᠱᠠᠳᠤ ᠪᠠᠷ ᠲᠤᠭᠤᠷᠢᠨ ᠴᠠᠬᠳᠠᠬᠤ︾ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠪᠠ᠃ ᠪᠦᠬᠦ ᠬᠤᠳᠠ ᠶᠢᠨ 16 | ᠴᠠᠬᠳᠠᠭᠠᠨ ᠤ ᠶᠠᠪᠤᠳᠠᠯ ᠤᠨ ᠠᠵᠢᠯᠯᠠᠬᠤ ᠦᠷᠳᠡᠭᠡ 24 ᠴᠠᠭ ᠢᠶᠠᠷ ᠠᠵᠢᠯᠯᠠᠬᠤ ᠪᠠᠷ ᠪᠡᠯᠡᠳᠬᠡᠵᠤ᠂ | ᠭᠤᠤᠯᠳᠠᠯᠭ᠎ᠠ ᠲᠠᠢ ᠴᠢᠬᠤᠯᠠ ᠭᠡᠰᠡᠭ ᠲᠤ ᠲᠤᠬᠳᠠᠭᠰᠠᠨ ᠴᠢᠭ᠋ ᠲᠤ ᠵᠡᠪᠰᠡᠭᠳᠤ ᠵᠢᠵᠢᠬᠦᠷ ᠲᠤᠬᠢᠷᠠᠭᠤᠯᠵᠤ᠂ ᠬᠦᠮᠦᠨ | ᠨᠢᠬᠳᠠᠷᠠᠬᠰᠠᠨ ᠭᠠᠵᠠᠷ ᠲᠤ ᠤᠷᠬᠢᠯ ᠤᠨ ᠦᠶ᠎ᠠ ᠶᠢᠨ ᠵᠢᠵᠢᠬᠦᠷᠯᠡᠨ ᠠᠵᠢᠯᠯᠠᠬᠤ ᠶᠢ ᠬᠡᠷᠡᠭᠵᠢᠬᠦᠯᠵᠤ᠂ ᠵᠡᠬᠡᠯᠢ ᠪᠠᠷ | ᠴᠠᠬᠳᠠᠭ᠎ᠠ ᠵᠢᠵᠢᠬᠦᠷᠯᠡᠬᠦ ᠨᠤᠷᠮ᠎ᠠ ᠪᠤᠯᠤᠨ ᠬᠠᠮᠢᠶᠠᠷᠴᠤ ᠡᠵᠡᠮᠳᠡᠬᠦ ᠨᠤᠷᠮ᠎ᠠ ᠶᠢ ᠲᠡᠬᠡᠭᠰᠢᠯᠡᠬᠦᠯᠵᠤ᠂ ᠤᠯᠠᠨ ᠲᠦᠮᠡᠨ ᠤ | ᠴᠠᠭ ᠲᠤᠬᠠᠢ ᠳᠤᠨᠢ ᠬᠡᠷᠡᠭ ᠢ ᠮᠡᠳᠡᠬᠦᠯᠬᠦ᠂ ᠲᠤᠰᠠᠯᠠᠮᠵᠢ ᠡᠷᠢᠬᠦ ᠳᠤ ᠲᠦᠬᠦᠮ ᠦᠵᠡᠬᠦᠯᠵᠡᠢ᠃ 2017 ᠤᠨ ᠠᠴᠠ | ᠨᠠᠰᠢ᠂ ᠵᠡᠬᠡᠯᠢ ᠲᠡᠭᠡᠷᠡᠬᠢ ᠴᠠᠭᠳᠠᠭᠠᠨ ᠤ ᠶᠠᠪᠤᠳᠠᠯ ᠤᠨ ᠠᠵᠢᠯᠯᠠᠬᠤ ᠦᠷᠳᠡᠭᠡ 9261 ᠬᠡᠷᠡᠭ ᠢ ᠰᠢᠢᠳᠪᠦᠷᠢᠯᠡᠵᠤ᠂ | 66 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠠᠦᠯᠢ ᠠᠴᠠ ᠵᠦᠷᠢᠴᠡᠭᠰᠡᠨ 1947 ᠬᠦᠮᠦᠨ ᠢ ᠪᠠᠶᠢᠴᠠᠭᠠᠨ | ᠭᠠᠷᠠᠭᠠᠵᠤ᠂ ᠲᠤᠰᠠᠯᠠᠮᠵᠢ ᠭᠤᠶᠤᠬᠰᠠᠨ ᠤᠯᠠᠨ ᠲᠦᠮᠡᠨ 6407 ᠪᠠᠶᠢᠵᠤ᠂ ᠤᠢᠢᠷ᠎ᠠ ᠵᠠᠢ ᠳᠤ ᠤᠯᠠᠨ ᠲᠦᠮᠡᠨ ᠳᠤ | ᠦᠢᠯᠡᠴᠢᠯᠡᠨ᠂ ᠤᠢᠢᠷ᠎ᠠ ᠵᠠᠢ ᠳᠤ ᠬᠠᠦᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠶᠢ | ᠪᠡᠶᠡᠯᠡᠬᠦᠯᠵᠡᠢ᠃ 12 ᠤᠳᠠᠭ᠎ᠠ ᠶᠢᠨ ᠨᠡᠶᠢᠬᠡᠮ ᠤᠨ ᠠᠮᠤᠷ ᠢ ᠬᠠᠮᠠᠭᠠᠯᠠᠵᠤ ᠴᠡᠭᠴᠡᠯᠡᠨ ᠵᠠᠰᠠᠬᠤ ᠲᠦᠪᠯᠡᠷᠡᠩᠬᠦᠢ | ᠨᠢᠬᠡᠳᠦᠭᠰᠡᠨ ︽ᠰᠦᠷᠳᠡᠬᠦᠯᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠭᠤᠤᠯᠳᠠᠯᠭ᠎ᠠ ᠲᠠᠢ | ᠲᠠᠯᠠᠪᠤᠷ ᠲᠤ ᠪᠦᠬᠦ ᠲᠠᠯ᠎ᠠ ᠪᠠᠷ ᠱᠦᠬᠦᠷᠳᠡᠨ ᠪᠠᠶᠢᠴᠠᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠤᠭᠤᠭ | ᠪᠤᠯᠤᠨ ᠬᠦᠮᠦᠨ ᠳᠤ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠬᠠᠦᠯᠢ ᠠᠴᠠ ᠵᠦᠷᠢᠴᠡᠵᠤ ᠶᠠᠯ᠎ᠠ | ᠬᠢᠭᠰᠡᠳ ᠤᠨ ᠤᠷᠤᠰᠢᠨ ᠠᠮᠢᠳᠦᠷᠠᠬᠤ ᠤᠷᠤᠨ ᠵᠠᠢ ᠦᠬᠡᠢ ᠪᠤᠯᠭᠠᠵᠠᠢ᠃ | ᠭᠤᠷᠪᠠ᠂ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠬᠤ ᠶᠢ ᠬᠡᠷᠡᠭᠵᠢᠬᠦᠯᠵᠤ᠂ ᠤᠯᠠᠨ ᠨᠠᠶᠢᠳᠠ ᠶᠢᠨ ᠠᠮᠤᠷ | ᠲᠦᠪᠰᠢᠨ ᠢ ᠬᠦᠴᠦᠳᠠᠢ ᠬᠠᠮᠠᠭᠠᠯᠠᠪᠠ᠃ ᠠᠷᠠᠳ ᠤᠯᠠᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠦᠷᠠᠯ | ᠪᠤᠯᠤᠨ ᠶᠠᠪᠤᠵᠤ ᠰᠠᠭᠤᠬᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ ᠵᠠᠮ ᠬᠠᠷᠢᠯᠴᠠᠭᠠᠨ ᠤ ᠬᠠᠮᠢᠶᠠᠷᠤᠯᠳᠠ ᠶᠢ | ᠴᠢᠩᠭᠠᠳᠬᠠᠵᠤ᠂ ᠤᠯᠠᠨ ᠲᠦᠮᠡᠨ ᠤ ᠪᠡᠶ᠎ᠠ ᠮᠠᠬᠠᠪᠤᠳ ᠪᠡ ᠡᠳ᠋ ᠬᠦᠷᠦᠩᠬᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠬᠠᠮᠠᠭᠠᠯᠠᠵᠠᠢ᠃ 2017 ᠤᠨ ᠠᠴᠠ ᠨᠠᠰᠢ᠂ ᠪᠦᠬᠦ ᠬᠤᠳᠠ ᠳᠤ 883 ᠵᠠᠮ ᠬᠠᠷᠢᠯᠴᠠᠭᠠᠨ ᠤ ᠠᠳᠡᠯ | ᠭᠠᠷᠴᠤ᠂ 77 ᠬᠦᠮᠦᠨ ᠦᠬᠦᠵᠤ᠂ 1009 ᠬᠦᠮᠦᠨ ᠰᠢᠷᠬᠠᠳᠤᠵᠤ᠂ ᠵᠤᠭᠤᠰ ᠢᠶᠠᠷ ᠨᠤᠭᠤᠯᠵᠤ ᠪᠤᠳᠤᠪᠠᠯ 107 | ᠲᠦᠮᠡᠨ ᠲᠦᠬᠦᠷᠢᠭ ᠤᠨ ᠬᠤᠬᠢᠷᠠᠯ ᠭᠠᠷᠴᠠᠢ᠃ ᠵᠠᠮ ᠬᠠᠷᠢᠯᠴᠠᠭᠠᠨ ᠤ ᠠᠳᠡᠯ ᠦᠩᠬᠡᠷᠡᠭᠰᠡᠨ ᠵᠢᠯ ᠤᠨ ᠠᠳᠠᠯᠢ | ᠬᠤᠭᠤᠴᠭᠠᠠᠨ ᠤ ᠬᠢ ᠠᠴᠠ ᠪᠠᠨ 10.5% ᠢᠶᠠᠷ ᠪᠠᠭᠤᠷᠠᠵᠠᠢ︔ ᠭᠠᠯ ᠢ ᠰᠡᠷᠬᠡᠶᠢᠯᠡᠵᠤ ᠭᠠᠯ ᠢ ᠤᠨᠳᠠᠷᠠᠭᠠᠬᠤ ᠠᠮᠤᠷ | ᠲᠦᠪᠰᠢᠨ ᠤ ᠬᠡᠮ ᠰᠤᠭᠤᠭ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠦᠬᠦ ᠬᠤᠳᠠ ᠶᠢᠨ ᠭᠠᠯ ᠤᠨ ᠭᠠᠮᠰᠢᠭ ᠤᠨ | ᠪᠠᠶᠢᠳᠠᠯ ᠲᠤᠬᠳᠠᠭᠤᠨ ᠪᠠᠶᠢᠬᠤ ᠶᠢ ᠪᠠᠳᠤᠯᠠᠵᠤ᠂ ᠪᠦᠬᠦ ᠬᠤᠳᠠ ᠪᠠᠷ ᠢᠶᠠᠨ ᠭᠠᠯ ᠤᠨ ᠭᠠᠮᠰᠢᠭ ᠤᠨ ᠬᠡᠷᠡᠭ 726 | ᠡᠬᠦᠰᠴᠤ᠂ ᠡᠳ᠋ ᠬᠦᠷᠦᠩᠬᠡ ᠶᠢᠨ ᠰᠢᠭᠤᠳ ᠬᠤᠬᠢᠷᠠᠯ 312 ᠲᠦᠮᠡᠨ ᠲᠦᠬᠦᠷᠢᠭ ᠲᠤ ᠬᠦᠷᠴᠤ᠂ ᠭᠠᠯ ᠤᠨ | ᠭᠠᠮᠰᠢᠭ ᠤᠨ ᠬᠡᠷᠡᠭ ᠦᠩᠬᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠨ 46.3% ᠢᠶᠠᠷ ᠪᠠᠭᠤᠷᠠᠵᠠᠢ︔ | ᠭᠤᠤᠯᠳᠠᠯᠭ᠎ᠠ ᠲᠠᠢ ᠠᠵᠢᠯ ᠲᠦᠷᠦᠯ᠂ ᠲᠠᠯᠠᠪᠤᠷ᠂ ᠠᠮᠠᠷᠬᠠᠨ ᠲᠡᠯᠪᠡᠷᠡᠬᠦ ᠡᠳ᠋ ᠪᠤᠳᠠᠰ ᠤᠨ ᠬᠠᠮᠢᠶᠠᠷᠴᠤ ᠡᠵᠡᠮᠳᠡᠬᠦ | ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ︽ᠫᠤᠤ ᠰᠤᠮᠤ ᠶᠢ ᠬᠤᠷᠢᠶᠠᠨ ᠠᠪᠴᠤ ᠬᠦᠴᠦᠷᠬᠡᠭᠯᠡᠯ ᠢ ᠵᠠᠰᠠᠬᠤ︾ | ᠲᠤᠰᠬᠠᠢ ᠠᠵᠢᠯᠯᠠᠭ᠎ᠠ ᠶᠢ ᠦᠷᠨᠢᠬᠦᠯᠵᠤ᠂ ᠬᠠᠦᠯᠢ ᠠᠴᠠ ᠵᠦᠷᠢᠴᠡᠵᠤ ᠠᠮᠠᠷᠬᠠᠨ ᠲᠡᠯᠪᠡᠷᠡᠬᠦ ᠪᠤᠳᠠᠰ ᠢ ᠬᠠᠳᠠᠭᠠᠯᠠᠬᠤ᠂ | ᠬᠡᠷᠡᠭᠯᠡᠬᠦ᠂ ᠪᠤᠷᠤᠯᠠᠭᠤᠯᠬᠤ ᠬᠠᠦᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠤ᠂ | ᠡᠯ᠎ᠡ ᠲᠦᠷᠦᠯ ᠤᠨ ᠫᠤᠤ ᠵᠠᠪᠰᠡᠭ ᠢ ᠨᠠᠶᠢᠳᠠ 73 ︵ᠦᠨᠡᠨ ᠫᠤᠤ ᠶᠢ ᠲᠠᠭᠤᠷᠢᠶᠠᠵᠤ ᠵᠤᠬᠢᠶᠠᠬᠰᠠᠨ ᠫᠤᠤ 65︶᠂ | 5668 ᠰᠤᠮᠤ ᠵᠢᠴᠢ 5170 ᠬᠢᠳᠤᠭ᠎ᠠ᠂ ᠠᠮᠠᠷᠬᠠᠨ ᠲᠡᠯᠪᠡᠷᠡᠬᠦ ᠪᠤᠳᠠᠰ 337.2 ᠺᠢᠯᠦᠭᠷᠡᠮ ᠢ ᠪᠠᠶᠢᠴᠠᠭᠠᠨ | ᠬᠤᠷᠢᠶᠠᠮᠵᠢᠯᠠᠵᠠᠢ᠃ 2017 ᠤᠨ ᠳᠤ᠂ ᠤᠯᠠᠨ ᠨᠠᠶᠢᠳᠠ ᠶᠢᠨ ᠠᠮᠤᠷ ᠲᠦᠪᠰᠢᠨ ᠤ ᠲᠤᠮᠤ ᠴᠢᠬᠤᠯᠠ ᠬᠡᠷᠡᠭ | ᠭᠠᠷᠤᠬᠰᠠᠨ ᠦᠬᠡᠢ᠂ ᠪᠦᠬᠦ ᠬᠤᠳᠠ ᠶᠢᠨ ᠠᠮᠤᠷ ᠢ ᠬᠠᠮᠠᠭᠠᠯᠠᠬᠤ ᠶᠡᠭᠡ ᠲᠠᠯ᠎ᠠ ᠦᠷᠬᠦᠯᠵᠢᠯᠡᠨ ᠲᠤᠬᠳᠠᠭᠤᠨ | ᠪᠠᠶᠢᠳᠠᠯ ᠢᠶᠠᠨ ᠪᠠᠳᠤᠯᠠᠵᠤ᠂ ᠠᠷᠠᠳ ᠲᠦᠮᠡᠨ ᠤ ᠠᠮᠤᠷ ᠲᠦᠪᠰᠢᠨ ᠤ ᠲᠦᠷᠦᠭᠳᠡᠯ ᠴᠢᠨᠠᠬᠰᠢᠳᠠ ᠲᠡᠬᠡᠭᠰᠢᠯᠡᠭᠰᠡᠨ | ᠪᠠᠶᠢᠨ᠎ᠠ᠃ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠬᠤᠳᠠ ᠶᠢᠨ ᠪᠠᠶᠢᠴᠠᠭᠠᠯᠳᠠ ᠶᠢᠨ ᠠᠩᠬᠢ ᠶᠢᠨ ᠪᠠᠶᠢᠴᠠᠭᠠᠬᠰᠠᠨ | ᠲᠤᠭ᠎ᠠ ᠪᠦᠷᠢᠳᠭᠡᠯ ᠳᠤ ᠢᠯᠡᠷᠡᠬᠦᠯᠦᠭᠰᠨᠡ ᠢᠶᠠᠷ᠂ 2015 ᠤᠨ ᠳᠤ ᠪᠦᠬᠦ ᠬᠤᠳᠠ ᠶᠢᠨ ᠤᠯᠠᠨ ᠲᠦᠮᠡᠨ ᠤ ᠠᠮᠤᠷ | ᠲᠦᠪᠰᠢᠨ 90.4% ᠪᠤᠯᠵᠤ᠂ 2012 ᠤᠨ ᠤ ᠬᠢ ᠠᠴᠠ ᠵᠠᠭᠤᠨ ᠤ ᠬᠠᠷᠢᠴᠠᠯ ᠢᠶᠠᠷ 5 ᠬᠤᠪᠢ ᠲᠡᠭᠡᠭᠰᠢᠯᠡᠵᠡᠢ᠃ | | ᠬᠤᠶᠢᠰᠢᠳᠠ ᠶᠢᠨ ᠠᠵᠢᠯ ᠲᠤᠮᠳᠠ᠂ ᠪᠢᠳᠠ ᠦᠷᠬᠦᠯᠵᠢᠯᠡᠨ ᠨᠠᠶᠢᠬᠡᠮ ᠤᠨ ᠲᠤᠬᠳᠠᠭᠤᠨ ᠢ ᠬᠠᠮᠠᠭᠠᠯᠠᠬᠤ ᠪᠠᠷ | ᠲᠡᠷᠢᠬᠦᠨ ᠡᠬᠦᠷᠬᠡ ᠪᠠᠨ ᠪᠤᠯᠭᠠᠵᠤ᠂ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠠᠷ ᠭᠤᠤᠯ ᠠᠵᠢᠯ ᠢᠶᠠᠨ ᠪᠤᠯᠭᠠᠵᠤ᠂ | ᠠᠮᠤᠷ ᠢ ᠬᠠᠮᠠᠭᠠᠯᠠᠵᠤ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠦᠳᠦᠬᠡᠨ ᠪᠠᠶᠢᠭᠤᠯᠤᠯᠳᠠ ᠪᠠᠷ ᠲᠤᠯᠭᠠᠭᠤᠷᠢᠯᠠᠵᠤ᠂ | ᠲᠤᠳᠤᠭᠠᠳᠤ ᠶᠢ ᠬᠠᠮᠠᠭᠠᠯᠠᠬᠤ ᠦᠬᠡᠷᠡᠴᠢᠯᠠᠯᠳᠠ ᠪᠠᠷ ᠬᠦᠳᠡᠯᠬᠡᠬᠦ ᠬᠦᠴᠦᠨ ᠪᠤᠯᠭᠠᠵᠤ᠂ ︽ᠲᠦᠷᠪᠡᠨ ᠵᠦᠢᠯ ᠤᠨ | ᠪᠦᠳᠦᠬᠡᠨ ᠪᠠᠶᠢᠭᠤᠯᠤᠯᠳᠠ︾ ᠪᠠᠷ ᠭᠤᠤᠯᠳᠠᠯᠭ᠎ᠠ ᠪᠤᠯᠭᠠᠵᠤ᠂ ︽ᠠᠮᠤᠷ ᠠᠮᠤᠭᠤᠯᠠᠩ ᠪᠤᠯ ᠴᠤᠬᠢᠯᠳᠠ ᠦᠭᠴᠤ | ᠤᠯᠬᠤ︾ ᠤᠢᠢᠯᠠᠭᠠᠬᠳᠠᠬᠤᠨ ᠢ ᠪᠠᠳᠤ ᠪᠤᠢ ᠪᠤᠯᠭᠠᠵᠤ᠂ ᠬᠦᠨᠳᠤ ᠨᠤᠴᠢᠳᠡᠢ ᠬᠦᠴᠦᠷᠭᠡᠭᠯᠡᠯ ᠤᠨ ᠬᠡᠷᠡᠭ᠂ ︽ | ᠬᠤᠯᠠᠭᠠᠢᠢᠯᠠᠬᠤ ᠪᠤᠯᠢᠶᠠᠬᠤ ᠮᠡᠬᠡᠯᠡᠬᠦ︾ ᠵᠡᠷᠬᠡ ᠡᠯ᠎ᠡ ᠲᠦᠷᠦᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠬᠦ ᠰᠦᠷ ᠬᠦᠴᠦᠳᠤ ᠪᠠᠶᠢᠳᠠᠯ ᠢ ᠦᠷᠬᠦᠯᠵᠢᠯᠡᠨ ᠪᠠᠳᠤᠯᠠᠵᠤ᠂ ᠢᠯᠠᠩᠭᠤᠶ᠎ᠠ ᠤᠯᠠᠨ ᠲᠦᠮᠡᠨ ᠤ ᠲᠤᠰᠬᠠᠯ ᠢᠶᠠᠷ | ᠴᠢᠩᠭ᠎ᠠ ᠵᠡᠬᠡᠯᠢ ᠲᠡᠭᠡᠷ᠎ᠡ ᠪᠤᠯᠢᠶᠠᠬᠤ᠂ ᠬᠡᠷ ᠲᠤ ᠤᠷᠤᠵᠤ ᠬᠤᠯᠠᠭᠠᠢᠢᠯᠠᠬᠤ᠂ ᠬᠤᠯᠠᠭᠠᠢᠢᠯᠠᠬᠤ᠂ ᠴᠠᠬᠢᠯᠭᠠᠨ ᠴᠢᠮᠡᠭᠡ | ᠬᠤᠯᠪᠤᠭ᠎ᠠ ᠶᠢᠨ ᠮᠡᠬᠡᠯᠡᠯ᠂ ᠬᠠᠦᠯᠢ ᠠᠴᠠ ᠵᠦᠷᠢᠴᠡᠵᠤ ᠪᠡᠯᠡ ᠬᠤᠷᠠᠮᠳᠤᠭᠤᠯᠬᠤ ᠵᠡᠷᠬᠡ ᠶᠠᠯᠠᠳᠤ ᠠᠵᠢᠯᠯᠠᠭ᠎ᠠ ᠳᠤ | ᠴᠤᠬᠢᠯᠳᠠ ᠦᠭᠴᠤ᠂ ︽ᠱᠠᠯᠢᠭ ᠵᠠᠪᠬᠠᠢ ᠵᠤᠭᠤᠰ ᠮᠦᠷᠦ᠋ᠢᠴᠡᠬᠦ ᠬᠤᠤᠷ᠎ᠠ ᠰᠠᠷᠢᠭᠠᠯᠠᠬᠤ︾ ᠵᠡᠷᠬᠡ ᠡᠯ᠎ᠡ ᠲᠦᠷᠦᠯ ᠤᠨ | ᠠᠮᠤᠷ ᠢ ᠬᠠᠮᠠᠭᠠᠯᠠᠬᠤ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠲᠠᠰᠤᠯᠳᠠᠭᠤᠯᠤᠯ ᠦᠬᠡᠢ | ᠦᠷᠨᠢᠬᠦᠯᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠤᠷᠢᠳᠴᠢᠯᠡᠨ ᠰᠡᠷᠬᠡᠶᠢᠯᠡᠬᠦ ᠪᠤᠯᠤᠨ ᠬᠠᠦᠯᠢ ᠠᠴᠠ | ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠤᠳᠠᠳᠠᠢ ᠪᠠᠶᠢᠯᠳᠤᠬᠤ ᠬᠦᠴᠦᠨ ᠢ ᠪᠦᠬᠦ ᠲᠠᠯ᠎ᠠ ᠪᠠᠷ | ᠲᠡᠬᠡᠭᠰᠢᠯᠡᠬᠦᠯᠵᠤ᠂ ᠮᠠᠨ ᠤ ᠬᠤᠳᠠ ᠶᠢᠨ ᠨᠡᠶᠢᠬᠡᠮ ᠤᠨ ᠠᠮᠤᠷ ᠢ ᠬᠠᠮᠠᠭᠠᠯᠠᠬᠤ ᠶᠡᠭᠡ ᠲᠠᠯ᠎ᠠ ᠦᠷᠬᠦᠯᠵᠢᠯᠡᠨ | ᠲᠤᠬᠳᠠᠭᠤᠨ ᠪᠠᠶᠢᠬᠤ ᠶᠢ ᠪᠠᠳᠤᠯᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠦᠨᠡᠨᠬᠦ | ᠲᠡᠬᠡᠭᠰᠢᠯᠡᠬᠦᠯᠦᠨ᠎ᠠ᠃ |