ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠷᠴᠢᠨ ᠳᠤ ᠨᠡᠩ ᠦᠨᠳᠤᠷ ᠴᠢᠨᠠᠷ ᠴᠢᠨᠰᠠᠭᠠᠳᠤ ᠴᠢᠨᠡᠭᠡᠯᠢᠭ ᠨᠠᠶᠢᠭᠡᠮ ᠶᠢ ᠪᠠᠶᠡᠯᠡᠬᠦᠯᠤᠨ᠎ᠠ
ᠨᠡᠶᠢᠲᠡᠯᠡᠭᠰᠡᠨ ᠴᠠᠭ᠄
2018-04-16
      ᠶᠠᠳᠠᠭᠤ ᠶᠢ ᠲᠡᠳᠬᠦᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠷᠴᠢᠨ ᠳᠤ ᠨᠡᠩ ᠦᠨᠳᠤᠷ ᠴᠢᠨᠠᠷ ᠴᠢᠨᠰᠠᠭᠠᠳᠤ ᠴᠢᠨᠡᠭᠡᠯᠢᠭ ᠨᠠᠶᠢᠭᠡᠮ ᠶᠢ ᠪᠠᠶᠡᠯᠡᠬᠦᠯᠤᠨ᠎ᠠ \      — ᠬᠦᠶᠠᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠤᠤ ᠵᠢᠶᠦ᠋ᠨ ᠢ ᠰᠤᠷᠪᠤᠯᠵᠢᠯᠠᠭᠰᠠᠨ ᠨᠢ      ᠰᠤᠷᠪᠤᠯᠵᠢᠯᠠᠭ᠎ᠠ ᠶᠢᠨ ᠲᠦᠬᠦᠮ ᠲᠠᠨᠢᠯᠴᠠᠭᠤᠯᠭ᠎ᠠ᠄ ︽ᠬᠤᠳᠠ ᠶᠢᠨ ᠠᠷᠪᠠᠨ ᠬᠤᠶᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠬᠦᠶᠠᠩ ᠰᠢᠶᠡᠨ ᠤ ᠬᠦᠭᠵᠢᠯᠳᠡ ᠶᠢᠨ ᠴᠢᠭᠯᠡᠯ ᠢ ᠵᠢᠠᠭᠠᠵᠤ᠂ ᠡᠬᠦᠷᠭᠡ ᠶᠢ ᠲᠤᠳᠤᠷᠬᠠᠢᠢᠯᠠᠵᠤ᠂ ᠠᠷᠭ᠎ᠠ ᠵᠠᠮ ᠢ ᠲᠤᠬᠳᠠᠭᠠᠵᠤ᠂ ᠬᠦᠮᠤᠰ ᠤᠨ ᠰᠠᠨᠠᠭ᠎ᠠ ᠰᠡᠳᠭᠢᠯ ᠢ ᠵᠤᠷᠢᠬᠵᠢᠭᠤᠯᠤᠬᠰᠠᠨ ᠪᠠᠶᠢᠨ᠎ᠠ᠃ ᠪᠦᠬᠦ ᠰᠢᠶᠡᠨ ᠤ ᠡᠯ᠎ᠠ ᠱᠠᠳᠤᠨ ᠳᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠬ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭ᠎ᠠ ᠰᠡᠳᠭᠢᠯ ᠢᠶᠠᠨ ᠨᠢᠭᠡᠳᠭᠡᠵᠤ᠂ ᠬᠦᠴᠤᠨ ᠴᠢᠳᠠᠯ ᠢᠶᠠᠨ ᠬᠠᠮᠳᠤᠳᠬᠠᠵᠤ᠂ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠲᠠᠶᠢᠯᠠᠯᠳᠤᠭᠠᠨ ᠨᠢ ᠴᠢᠨᠡᠭᠡᠯᠢᠭ ᠨᠠᠶᠢᠭᠡᠮ ᠢ ᠪᠡᠶᠡᠯᠡᠬᠦᠯᠬᠦ ᠠᠭᠢᠴᠠ ᠶᠢᠨ ᠲᠤᠮᠳᠠ ᠪᠠᠳᠤ ᠪᠠᠭᠢ ᠲᠤᠮᠤ ᠠᠯᠬᠤᠮ ᠢ ᠠᠯᠬᠤᠬᠰᠠᠨ ᠪᠠᠶᠢᠨ᠎ᠠ᠃︾ ᠬᠦᠶᠠᠩ ᠰᠢᠶᠠᠨ ᠤ ᠨᠠᠮ ᠤᠨ ᠬᠤᠷᠢᠶᠠᠨ ᠤ ᠱᠦᠵᠢ ᠵᠤᠤ ᠵᠢᠶᠦ᠋ᠨ ᠰᠤᠷᠪᠤᠯᠵᠢᠯᠠᠬᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠡᠬᠦᠨ ᠠᠴᠠ ᠬᠤᠵᠢᠮ ᠤᠨ ᠲᠠᠪᠤᠨ ᠵᠢᠯ ᠳᠤ ᠬᠦᠶᠠᠩ ᠰᠢᠶᠠᠨ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠪᠠᠷ ᠶᠡᠷᠤᠩᠭᠡᠢ ᠬᠠᠨᠳᠤᠰᠢ ᠪᠤᠯᠭᠠᠵᠤ᠂ ︽ᠵᠢᠷᠭᠤᠭᠠᠨ ᠤᠨᠢᠨ ᠲᠡᠭᠡᠷ᠎ᠠ︾ ᠪᠤᠶᠤ ︽ᠲᠠᠪᠤᠨ ᠨᠢᠭᠡ ᠪᠦᠯᠦᠭ︾ ᠠᠵᠢᠯ ᠤᠨ ᠱᠠᠭᠠᠷᠳᠠᠯᠭ᠎ᠠ ᠪᠠᠷ ᠡᠯ᠎ᠠ ᠲᠦᠷᠤᠯ ᠤᠨ ᠠᠵᠢᠯ ᠢ ᠨᠢᠭᠡᠳᠤᠯᠳᠠᠢ ᠲᠦᠯᠭᠢᠨ ᠠᠭᠢᠭᠤᠯᠵᠤ᠂ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠲᠠᠶᠢᠯᠠᠯᠳᠤᠭᠠᠨ ᠤ ᠢᠯᠡᠯᠳᠠ ᠶᠢ ᠡᠷᠡᠰ ᠲᠠᠮᠠᠴᠡᠨ ᠤᠯᠬᠤ ᠪᠤᠯᠤᠨ᠎ᠠ᠃      ᠰᠤᠷᠪᠤᠯᠵᠢᠯᠠᠭ᠎ᠠ ᠶᠢᠨ ᠬᠦᠨᠳᠤᠳᠤ ᠵᠤᠴᠢᠨ᠄ ᠬᠦᠶᠠᠩ ᠰᠢᠶᠠᠨ ᠤ ᠨᠠᠮ ᠤᠨ ᠬᠤᠷᠢᠶᠠᠨ ᠤ ᠱᠦᠵᠢ ᠵᠤᠤ ᠵᠢᠶᠦ᠋ᠨ      ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2016 ᠤᠨ ᠤ 11 ᠰᠠᠷ᠎ᠠ ᠶᠢᠨ 22 ᠤᠨ ᠡᠳᠤᠷ      ᠭᠦᠳᠦᠯᠦᠭᠴᠢ᠄ ᠬᠦᠶᠠᠩ ᠰᠢᠶᠠᠨ ᠤ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠲᠠᠶᠢᠯᠠᠯᠳᠤᠭᠠᠨ ᠢ ᠭᠡᠷᠭᠢᠨ ᠰᠠᠶᠢᠳᠤᠷ ᠦᠷᠨᠢᠬᠦᠯᠬᠦ ᠪᠠᠷ ᠪᠤᠳᠤᠯᠭᠢᠯᠠᠵᠤ ᠪᠠᠶᠢᠬᠤ ᠪᠤᠢ︖      ᠵᠤᠤ ᠵᠢᠶᠦ᠋ᠨ᠄      ᠨᠢᠭᠡ᠂ ᠠᠵᠤ ᠤᠢᠢᠯᠡᠰ ᠤᠨ ᠬᠦᠭᠵᠢᠯᠳᠡ ᠶᠢ ᠠᠳᠬᠤᠵᠤ᠂ ᠠᠷᠠᠳ ᠢ ᠪᠠᠶᠠᠵᠢᠭᠤᠯᠬᠤ ᠭᠤᠤᠯᠯᠠᠬᠤ ᠠᠵᠤ ᠦᠢᠯᠡᠰ ᠢ ᠬᠦᠴᠤᠯᠠᠨ ᠪᠠᠶᠢᠭᠤᠯᠤᠨ᠎ᠠ᠃ ᠬᠦᠶᠠᠩ ᠰᠢᠶᠡᠨ 30 ᠳ᠋ᠦᠡᠭᠰᠢᠭᠤᠷ ᠲᠦᠬᠦᠷᠢᠭ ᠤᠨ ᠪᠡᠯᠡ ᠮᠦᠡᠭᠬᠦ ᠵᠠᠷᠤᠴᠠᠭᠤᠯᠵᠤ᠂ ᠮᠠᠯ ᠲᠠᠷᠢᠶᠠᠯᠠᠩ ᠤᠨ ᠬᠦᠭᠵᠢᠯᠳᠡ ᠶᠢ ᠤᠯᠠᠮ ᠨᠢᠭᠡ ᠠᠯᠬᠤᠮ ᠲᠦᠷᠭᠡᠳᠭᠡᠬᠦ ᠪᠠᠷ ᠪᠠᠶᠢᠨ᠎ᠠ᠃ ᠤᠨᠴᠠᠭᠠᠢᠢᠯᠠᠨ᠂ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ ᠶᠢ ᠦᠷᠭᠡᠳᠭᠡᠬᠦ᠂ ᠡᠬᠦᠯᠳᠡᠷ ᠤᠬᠰᠠᠭ᠎ᠠ ᠰᠠᠶᠢᠵᠢᠷᠠᠭᠤᠯᠬᠤ ᠪᠤᠯᠤᠨ ᠨᠡᠷᠡᠳᠤ ᠲᠡᠮᠳᠡᠭ ᠡᠬᠦᠳᠬᠦ ᠵᠡᠷᠭᠡ ᠭᠤᠤᠯᠳᠠᠯᠭ᠎ᠠ ᠲᠠᠢ ᠲᠦᠷᠤᠯ ᠵᠦᠢᠯ ᠤᠨ ᠪᠠᠶᠢᠭᠤᠯᠤᠯᠳᠠ ᠳᠤ ᠵᠠᠷᠤᠴᠠᠭᠤᠯᠵᠤ᠂ ᠲᠠᠷᠢᠮᠡᠯ ᠲᠡᠵᠢᠭᠡᠪᠤᠷᠢ ᠶᠢᠨ ᠤᠢᠢᠯᠡᠰ ᠤᠨ ᠭᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠮᠠᠯ ᠲᠠᠷᠢᠶᠠᠯᠠᠩ ᠤᠨ ᠭᠤᠤᠯᠯᠠᠬᠤ ᠠᠵᠤ ᠤᠢᠢᠯᠡᠰ ᠤᠨ ᠬᠦᠭᠵᠢᠯᠳᠡ ᠶᠢᠨ ᠪᠤᠵᠠᠭᠠᠢᠢᠷᠠᠯ ᠢ ᠲᠦᠯᠭᠢᠨ ᠠᠭᠢᠭᠤᠯᠬᠤ ᠪᠤᠯᠤᠨ᠎ᠠ᠃ ᠡᠬᠦᠨ ᠳᠤ᠂ 50 ᠲᠦᠮᠡᠨ ᠮᠦ ᠦᠨᠳᠤᠷ ᠦᠷ᠎ᠠ ᠠᠰᠢᠬᠳᠤ ᠤᠰᠤ ᠠᠷᠪᠢᠯᠠᠬᠤ ᠲᠠᠷᠢᠶᠠᠨ ᠭᠠᠵᠠᠷ ᠪᠠᠶᠢᠭᠤᠯᠬᠤ᠂ 50 ᠲᠦᠮᠡᠨ ᠮᠦ ᠲᠦᠮᠤᠰᠤ ᠶᠢᠨ ᠲᠠᠷᠢᠮᠠᠯ᠂ 50 ᠲᠦᠮᠡᠨ ᠮᠦ ᠨᠤᠬᠠᠢ ᠶᠢᠨ ᠬᠤᠰᠢᠭᠤ᠂ ᠬᠤᠯᠢᠮᠠᠭ ᠠᠮᠤ᠂ ᠬᠤᠨᠴᠢᠷ ᠵᠡᠷᠭᠡ ᠪᠤᠭᠢᠷᠳᠤᠯ ᠦᠭᠡᠢ ᠨᠡᠷᠡᠳᠤ ᠲᠡᠮᠳᠡᠭᠳᠤ ᠲᠠᠷᠢᠮᠠᠯ ᠵᠢᠴᠢ 50 ᠲᠦᠮᠡᠨ ᠲᠤᠯᠤᠭᠠᠢ ᠳ᠋ᠦ᠋ ᠪᠦᠸᠧ ᠬᠤᠨᠢ ᠶᠢᠨ ᠡᠬᠦᠯᠳᠡᠷ ᠰᠠᠶᠢᠵᠢᠷᠠᠭᠤᠯᠬᠤ᠂ 5 ᠳ᠋ᠦᠡᠭᠰᠢᠭᠤᠷ ᠭᠡᠷ ᠤᠨ ᠵᠢᠬᠦᠷᠳᠡᠨ ᠤ ᠲᠡᠵᠢᠭᠡᠪᠤᠷᠢ ᠶᠢ ᠪᠠᠳᠤᠯᠠᠬᠤ ᠪᠤᠯᠤᠨ᠎ᠠ᠃ ᠵᠤᠭᠠᠴᠠᠯ ᠤᠨ ᠤᠢᠢᠯᠡᠰ ᠤᠨ ᠬᠦᠭᠵᠢᠯᠳᠡ ᠶᠢ ᠠᠳᠬᠤᠵᠤ᠂ ᠵᠤᠭᠠᠴᠠᠯ ᠤᠨ ᠤᠢᠢᠯᠡᠴᠢᠯᠡᠭᠡᠨ ᠢᠶᠠᠷ ᠠᠷᠠᠳ ᠢ ᠪᠠᠶᠠᠵᠢᠭᠤᠯᠬᠤ ᠭᠤᠤᠯᠯᠠᠬᠤ ᠠᠵᠤ ᠤᠢᠢᠯᠡᠰ ᠪᠤᠯᠭᠠᠨ ᠠᠳᠬᠤᠵᠤ᠂ ᠪᠦᠬᠦ ᠴᠠᠷᠠᠭ᠎ᠠ ᠶᠢᠨ ᠵᠤᠭᠠᠴᠠᠯ ᠢ ᠭᠤᠤᠯᠳᠠᠯᠭ᠎ᠠ ᠲᠠᠢ ᠪᠠᠶᠢᠭᠤᠯᠵᠤ᠂ ᠴᠢᠨ ᠤᠯᠤᠰ ᠤᠨ ᠤᠷᠳᠤ ᠴᠠᠭᠠᠨ ᠭᠡᠷᠡᠮ᠂ ᠳ᠋ᠠ ᠰᠢᠶᠠᠨ ᠱᠠᠨ ᠠᠭᠤᠯᠠ᠂ ᠬᠤᠧᠠᠢ ᠱᠦᠸᠧ ᠡᠷᠳᠡᠨ ᠤ ᠬᠤᠳᠠ ᠶᠢᠨ ᠦᠵᠡᠮᠤᠷᠢ ᠶᠢ ᠭᠤᠤᠯᠯᠠᠴᠢᠯᠠᠨ ᠨᠡᠭᠡᠭᠡᠯᠳᠡ ᠭᠢᠬᠦ ᠪᠤᠶᠤ ᠡᠯᠧᠮᠧᠨ᠋ᠲ ᠤᠨ ᠪᠦᠷᠢᠨ ᠲᠦᠬᠦᠷᠵᠢᠬᠦᠯᠤᠯᠳᠠ ᠶᠢᠨ ᠡᠷᠴᠢᠮ ᠢᠶᠠᠨ ᠴᠢᠩᠭᠠᠳᠬᠠᠵᠤ᠂ ᠬᠦᠳᠡᠭᠡ ᠲᠤᠰᠬᠤᠨ ᠤ ︽ᠲᠠᠷᠢᠶᠠᠨ ᠵᠠᠬ᠎ᠠ ᠮᠠᠯ ᠰᠦᠷᠦᠭ ᠤᠨ ᠲᠡᠷᠭᠡᠳᠡ︾ ᠵᠡᠷᠭᠡ ᠵᠤᠭᠠᠴᠠᠯ ᠤᠨ ᠡᠭᠢ ᠪᠠᠶᠠᠯᠢᠬ ᠢᠶᠠᠨ ᠠᠭᠤᠳᠠᠯᠠᠵᠤ᠂ ᠲᠠᠷᠢᠶᠠᠯᠠᠬᠤ ᠠᠶᠢᠯ ᠤᠨ ᠪᠠᠶᠠᠰᠤᠯ ᠰᠡᠯᠡᠬᠦᠴᠡᠯ ᠤᠨ ᠵᠤᠭᠠᠴᠠᠯ ᠤᠨ ᠲᠦᠷᠤᠯ ᠵᠦᠢᠯ ᠢ ᠢᠳᠡᠪᠭᠢᠳᠡᠢ ᠠᠭᠢᠭᠤᠯᠵᠤ᠂ ᠵᠤᠭᠠᠴᠠᠯ ᠤᠨ ᠦᠵᠡᠮᠵᠢ ᠶᠢᠨ ᠤᠢᠢᠷ᠎ᠠ ᠬᠠᠪᠢ᠂ ᠵᠠᠰᠠᠮᠠᠯ ᠵᠠᠮ ᠤᠨ ᠬᠠᠵᠠᠭᠤ ᠪᠠᠷ ᠭᠠᠴᠠᠭ᠎ᠠ ᠲᠤᠰᠬᠤᠨ ᠤ ᠤᠯᠠᠨ ᠲᠦᠮᠡᠨ ᠤ ᠢᠳᠡᠭᠡᠨ ᠤᠮᠳᠠᠭᠠᠨ᠂ ᠵᠤᠴᠢᠳ ᠤᠨ ᠪᠠᠭᠤᠳᠠᠯ᠂ ᠮᠠᠯ ᠲᠠᠷᠢᠶᠠᠯᠠᠩ ᠤᠨ ᠠᠵᠤ ᠠᠬᠤᠢ ᠶᠢᠨ ᠠᠬᠤᠢ ᠲᠠᠯᠠᠪᠠᠢ ᠳᠤ ᠪᠡᠶᠡᠴᠢᠯᠠᠨ ᠤᠷᠤᠯᠴᠠᠬᠤ᠂ ᠨᠤᠳᠤᠭ ᠤᠨ ᠤᠨᠴᠠᠯᠢᠬᠳᠤ ᠤᠢᠢᠯᠡᠳᠭᠡᠬᠦᠨ ᠪᠤᠷᠤᠯᠠᠭᠤᠯᠬᠤ ᠵᠡᠷᠭᠡ ᠤᠷᠤᠯᠭ᠎ᠠ ᠶᠢᠨ ᠨᠠᠮᠡᠭᠳᠡᠯ ᠤᠨ ᠠᠵᠤ ᠤᠢᠢᠯᠡᠰ ᠡᠷᠭᠢᠯᠡᠵᠤ᠂ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢᠶᠠᠨ ᠤᠯᠠᠮ ᠨᠢᠭᠡ ᠠᠯᠬᠤᠮ ᠦᠷᠭᠡᠳᠭᠡᠵᠤ᠂ ᠪᠦᠬᠦ ᠬᠤᠳᠠ ᠶᠢᠨ ᠠᠵᠤ ᠤᠢᠢᠯᠡᠳᠪᠤᠷᠢ ᠶᠢᠨ ᠬᠦᠭᠵᠢᠯᠳᠡ᠂ ᠲᠦᠷᠦᠯ ᠵᠦᠢᠯ ᠤᠨ ᠲᠤᠭᠢᠷᠠᠭᠤᠯᠤᠯᠳᠠ ᠶᠢᠨ ᠪᠠᠶᠢᠷᠢᠯᠠᠭᠤᠯᠤᠯᠳᠠ ᠶᠢᠨ ᠠᠰᠢᠬᠳᠠᠢ ᠵᠠᠪᠰᠢᠶᠠᠨ ᠢ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠶᠡᠭᠡᠪᠡᠷ ᠦᠷᠨᠢᠬᠦᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ ᠪᠦᠬᠦ ᠬᠦᠴᠤᠨ ᠢᠶᠠᠷ ᠲᠦᠯᠭᠢᠨ ᠠᠭᠢᠭᠤᠯᠵᠤ᠂ ᠠᠵᠤ ᠤᠢᠢᠯᠡᠳᠪᠤᠷᠢ ᠶᠢᠨ ᠬᠦᠭᠵᠢᠯᠳᠡ ᠶᠢ ᠲᠠᠪᠤᠨ ᠶᠡᠭᠡ ᠭᠡᠰᠡᠭ ᠲᠦᠪᠯᠡᠷᠡᠬᠦᠯᠤᠨ ᠪᠠᠶᠢᠭᠤᠯᠤᠨ᠎ᠠ᠃ ᠬᠠᠮᠳᠤ ᠳᠤᠨᠢ᠂ ᠪᠦᠬᠦ ᠰᠢᠶᠠᠨ ᠤ ᠲᠦᠪᠯᠡᠷᠡᠬᠦᠯᠤᠨ ᠲᠦᠰᠦᠪᠯᠡᠵᠤ ᠰᠦᠪᠡᠭᠴᠢᠯᠡᠭᠰᠡᠨ ᠭᠤᠤᠯᠳᠠᠯᠭ᠎ᠠ ᠲᠠᠢ ᠠᠵᠤ ᠤᠢᠢᠯᠡᠰ ᠤᠨ ᠲᠤᠭᠤᠷᠢᠨ ᠳᠤ᠂ ᠡᠷᠤᠭᠡ ᠳᠤ ᠬᠦᠷᠳᠡᠯ᠎ᠠ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠡᠷᠭᠡ ᠮᠡᠳᠡᠬᠦ ᠲᠦᠷᠤᠯ ᠵᠦᠢᠯ ᠢ ᠭᠡᠷᠡᠭᠵᠢᠬᠦᠯᠵᠤ᠂ ᠬᠦᠷᠦᠩᠭᠡ ᠶᠢᠨ ᠠᠰᠢᠬ ᠤᠯᠵᠠᠪᠤᠷᠢ ᠲᠠᠢ ᠠᠵᠤ ᠤᠢᠢᠯᠡᠰ ᠢ ᠶᠡᠭᠡᠪᠡᠷ ᠴᠢᠬᠤᠯᠠᠴᠢᠯᠠᠵᠤ᠂ ᠶᠠᠳᠠᠭᠤ ᠬᠦᠴᠢᠷᠳᠠᠯᠳᠠᠢ ᠬᠦᠮᠤᠨ ᠠᠮᠠ ᠶᠢᠨ ᠬᠢᠨ ᠨᠦᠬᠦᠪᠤᠷᠢ ᠬᠦᠷᠳᠡᠮᠵᠢ ᠪᠠᠷ ᠲᠠᠮᠵᠢᠨ ᠨᠠᠯᠢᠶᠠᠳ ᠠᠷᠪᠢᠨ ᠤᠷᠤᠯᠭ᠎ᠠ ᠬᠦᠷᠳᠡᠬᠦ ᠶᠢ ᠪᠡᠶᠡᠯᠡᠬᠦᠯᠤᠨ᠎ᠠ᠃      ᠬᠤᠶᠠᠷ᠂ ᠤᠷᠴᠢᠨ ᠲᠤᠭᠤᠷᠢᠨ ᠢ ᠰᠠᠶᠢᠵᠢᠷᠠᠭᠤᠯᠬᠤ ᠶᠢ ᠠᠳᠬᠤᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠤᠨ᠎ᠠ᠃ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠳᠤ᠂ ᠬᠦᠳᠡᠭᠡ ᠲᠤᠰᠬᠤᠨ ᠤ ᠰᠠᠭᠤᠷᠢ ᠲᠦᠬᠦᠭᠡᠷᠤᠮᠵᠢ ᠪᠤᠯᠤᠨ ᠤᠯᠠᠨ ᠨᠡᠶᠢᠳᠡ ᠶᠢᠨ ᠤᠢᠢᠯᠡᠴᠢᠯᠡᠭᠡᠨ ᠤ ᠪᠠᠶᠢᠭᠤᠯᠤᠯᠳᠠ ᠶᠢ ᠦᠷᠬᠦᠯᠵᠢᠯᠡᠨ ᠲᠦᠯᠭᠢᠨ ᠠᠭᠢᠭᠤᠯᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠤᠨ᠎ᠠ᠃ ᠤᠢᠢᠷ᠎ᠠ ᠶᠢᠨ ᠵᠢᠯ ᠳᠤ᠂ ᠲᠤᠰ ᠰᠢᠶᠠᠨ ᠨᠠᠶᠢᠳᠠ 30 ᠭᠠᠷᠤᠢ ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ 500 ᠭᠠᠷᠤᠢ ᠲᠤᠰᠬᠤᠨ ᠢ ᠦᠭᠡᠷᠡᠴᠢᠯᠡᠨ ᠪᠠᠶᠢᠭᠤᠯᠬᠤ ᠪᠤᠶᠤ ᠬᠠᠰᠤᠨ ᠨᠡᠶᠢᠯᠡᠬᠦᠯᠬᠦ ᠵᠢᠴᠢ ᠰᠢᠨ᠎ᠠ ᠪᠠᠷ ᠪᠠᠶᠢᠭᠤᠯᠬᠤ ᠵᠡᠷᠭᠡ ᠪᠠᠷ ᠲᠤᠰᠬᠤᠨ ᠤ ᠲᠦᠷᠢ ᠲᠦᠷᠬᠦ ᠳᠤ ᠶᠡᠷᠦᠩᠭᠡᠶᠢᠯᠡᠨ ᠵᠠᠰᠠᠯᠳᠠ ᠭᠢᠬᠦ ᠡᠬᠦᠷᠭᠡ ᠶᠢ ᠪᠡᠶᠡᠯᠡᠬᠦᠯᠵᠤ᠂ 2.4 ᠲᠦᠮᠡᠨ ᠡᠷᠤᠭᠡ ᠶᠢᠨ ᠨᠤᠷᠠᠬᠤ ᠠᠶᠤᠯ ᠲᠠᠢ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠵᠤ᠂ 5 ᠲᠦᠮᠡ ᠭᠠᠷᠤᠢ ᠠᠶᠤᠯ ᠲᠠᠢ ᠬᠠᠭᠤᠴᠢᠨ ᠰᠢᠷᠤᠢ ᠶᠢᠨ ᠪᠠᠶᠢᠰᠢᠩ ᠢ ᠨᠤᠷᠠᠭᠠᠵᠤ᠂ 1300 ᠭᠠᠷᠤᠢ ᠺᠢᠯᠦᠮᠧᠳ᠋ᠷ ᠤᠷᠳᠤ ᠲᠤᠰᠬᠤᠨ ᠳᠤ ᠨᠠᠪᠳᠡᠷᠡᠬᠦ ᠵᠠᠰᠠᠮᠠᠯ ᠵᠠᠮ ᠤᠨ ᠪᠠᠶᠢᠭᠤᠯᠤᠯᠳᠠ ᠪᠤᠯᠤᠨ ᠵᠡᠭᠡᠯᠢ ᠭᠤᠳᠤᠮᠵᠢ ᠶᠢ ᠬᠠᠳᠠᠭᠤᠷᠠᠭᠤᠯᠬᠤ ᠡᠬᠦᠷᠭᠡ ᠶᠢ ᠪᠡᠶᠡᠯᠡᠬᠦᠯᠵᠤ᠂ ᠬᠦᠳᠡᠭᠡ ᠲᠤᠰᠬᠤᠨ ᠤ ᠤᠢᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠮᠠᠰᠢ ᠶᠡᠭᠡ ᠪᠠᠷ ᠰᠠᠶᠢᠵᠢᠷᠠᠭᠤᠯᠵᠤ ᠴᠢᠳᠠᠬᠰᠠᠨ ᠪᠠᠶᠢᠨ᠎ᠠ᠃ ︽ᠬᠤᠳᠠ ᠶᠢᠨ ᠲᠤᠭᠤᠷᠢᠬ ᠤᠨ ᠲᠤᠰᠬᠤᠨ ᠰᠢᠶᠠᠨ ᠤ ᠪᠠᠯᠭᠠᠰᠤ ᠵᠦᠭ ᠲᠦᠪᠯᠡᠷᠡᠬᠦ᠂ ᠵᠢᠵᠢᠭ ᠪᠠᠯᠭᠠᠰᠤᠨ ᠤ ᠲᠤᠭᠤᠷᠢᠬ ᠤᠨ ᠲᠤᠰᠬᠤᠨ ᠭᠤᠤᠯᠯᠠᠬᠤ ᠪᠠᠯᠭᠠᠰᠤᠨ ᠵᠦᠭ ᠲᠦᠪᠯᠡᠷᠡᠬᠦ᠂ ᠵᠢᠵᠢᠭ ᠲᠡᠷᠬᠠᠢ ᠪᠤᠳᠠᠷᠬᠠᠢ ᠲᠤᠰᠬᠤᠨ ᠲᠤᠮᠤ ᠲᠤᠰᠬᠤᠨ ᠵᠦᠭ ᠲᠦᠪᠯᠡᠷᠬᠦ︾ ᠰᠦᠪᠡᠭᠴᠢᠯᠡᠯᠳᠡ ᠪᠠᠷ ᠪᠠᠶᠢᠡᠭᠭᠤ ᠶᠢᠨ ᠰᠠᠭᠤᠭᠠᠯᠢ ᠠᠷᠠᠳ ᠤᠨ ᠬᠦᠮᠤᠨ ᠤ ᠲᠤᠭ᠎ᠠ 50 ᠠᠴᠠ ᠲᠤᠷᠤᠬᠰᠢ ᠪᠠᠶᠢᠬᠤ ᠭᠠᠴᠠᠭ᠎ᠠ ᠲᠤᠰᠬᠤᠨ ᠢ ᠨᠡᠶᠢᠳᠭᠡᠬᠦ ᠪᠤᠶᠤ ᠬᠠᠰᠤᠨ ᠨᠠᠶᠢᠯᠡᠬᠦᠯᠵᠤ᠂ ᠲᠤᠰᠬᠤᠨ ᠤ ᠠᠷᠠᠳ ᠢ ᠵᠠᠰᠠᠮᠠᠯ ᠵᠠᠮ ᠲᠠᠭᠤ ᠪᠤᠯᠤᠨ ᠤᠰᠤ ᠰᠢᠷᠤᠢ ᠶᠢᠨ ᠨᠦᠬᠦᠴᠡᠯ ᠰᠠᠶᠢᠨᠳᠠᠢ᠂ ᠠᠵᠤ ᠤᠢᠢᠯᠡᠰ ᠤᠨ ᠲᠤᠯᠭᠠᠭᠤᠷᠢᠯᠡᠯ ᠬᠦᠴᠦᠷᠭᠡᠭ ᠪᠠᠶᠢᠬᠤ ᠲᠤᠮᠤ ᠲᠤᠰᠬᠤᠨ ᠵᠦᠭ ᠲᠠᠭᠠᠭᠤᠯᠤᠨ ᠨᠡᠬᠦᠳᠡᠯ ᠠᠷᠠᠳ ᠢ ᠰᠢᠯᠵᠢᠬᠦᠯᠬᠦ᠂ ᠤᠨᠴᠠᠭᠠᠢᠢᠯᠠᠨ ᠤᠯᠤᠰ ᠤᠨ ᠲᠡᠰ ᠤ ᠶᠠᠳᠠᠭᠤ ᠬᠦᠴᠢᠷᠳᠡᠯᠳᠡᠢ ᠬᠦᠮᠤᠨ ᠠᠮᠠ ᠶᠢᠨ ᠠᠯᠬᠤᠮ ᠠᠯᠬᠤᠮ ᠢᠶᠠᠷ ᠰᠢᠶᠠᠨ ᠤ ᠪᠠᠯᠭᠠᠰᠤᠨ ᠳᠤ ᠲᠦᠪᠯᠡᠷᠡᠬᠦ ᠶᠢ ᠲᠠᠶᠢᠴᠢᠯᠠᠵᠤ ᠪᠠᠶᠢᠨ᠎ᠠ᠃      ᠭᠤᠷᠪᠠ᠂ ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠠᠵᠢᠯ ᠢ ᠲᠠᠭᠠᠭᠤᠯᠤᠨ ᠵᠢᠯᠤᠭᠤᠳᠤᠨ᠎ᠠ᠃ ᠬᠦᠶᠠᠩ ᠰᠢᠶᠠᠨ ᠨᠠᠮ ᠤᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠶᠢ ᠲᠡᠳᠬᠦᠬᠦ ᠭᠤᠤᠯᠯᠠᠬᠤ ᠠᠵᠢᠯ ᠤᠢᠢᠯᠡᠰ ᠤᠨ ᠦᠵᠡᠯ ᠤᠬᠠᠮᠰᠠᠷ ᠢ ᠪᠤᠢ ᠪᠤᠯᠭᠠᠵᠤ᠂ ᠶᠠᠳᠠᠭᠤ ᠶᠢ ᠲᠡᠳᠬᠦᠬᠦ ᠠᠵᠢᠯ ᠤᠨ ᠲᠤᠭᠤᠷᠢᠨ ᠳᠤ ᠨᠠᠮ ᠤᠨ ᠪᠠᠶᠢᠭᠤᠯᠤᠯᠳᠠ ᠶᠢ ᠠᠳᠬᠤᠵᠤ᠂ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠲᠠᠪᠠᠭᠤᠯᠢᠬ ᠪᠤᠯᠤᠨ ᠵᠤᠭᠢᠶᠠᠨ ᠪᠠᠶᠢᠭᠤᠯᠤᠯᠳᠠ ᠶᠢᠨ ᠲᠠᠪᠠᠭᠤᠯᠢᠬ ᠢ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠬᠦᠴᠤᠷᠭᠡᠭ ᠶᠡᠭᠡ ᠨᠠᠶᠢᠯᠠᠯ ᠬᠦᠴᠤᠨ ᠪᠤᠯᠭᠠᠨ ᠬᠤᠪᠢᠷᠠᠭᠤᠯᠵᠤ ᠪᠠᠶᠢᠨ᠎ᠠ᠃ ︽ᠲᠠᠭᠠᠷᠢᠯᠳᠠ ᠶᠢᠨ ᠪᠦᠷᠢᠶ᠎ᠠ︾ ᠦᠯᠢᠶᠡᠵᠤ᠂ ᠨᠡᠩ ᠢᠯᠡᠬᠦᠤ ᠦᠵᠡᠯ ᠰᠠᠨᠠᠭᠠᠨ ᠤ ᠲᠠᠯ᠎ᠠ ᠠᠴᠠ ᠲᠠᠭᠠᠭᠤᠯᠬᠤ ᠶᠢ ᠠᠩᠬᠠᠷᠴᠤ᠂ ᠨᠠᠶᠢᠭᠡᠮ ᠤᠨ ᠡᠯ᠎ᠡ ᠡᠳᠡᠭᠡᠳ ᠤᠨ ᠬᠦᠴᠤᠨ ᠢ ᠬᠦᠢᠴᠡᠳ ᠲᠠᠶᠢᠴᠢᠯᠠᠵᠤ ᠶᠠᠳᠠᠭᠤ ᠶᠢ ᠲᠡᠳᠬᠦᠬᠦ ᠳᠤ ᠤᠷᠤᠯᠴᠠᠭᠤᠯᠵᠤ᠂ ᠰᠢᠯᠭᠠᠨ ᠭᠢᠨᠠᠬᠤ ᠪᠤᠶᠤ ᠵᠤᠷᠢᠬᠵᠢᠭᠤᠯᠬᠤ ᠪᠠᠳᠤᠯᠠᠪᠤᠷᠢ ᠶᠢᠨ ᠪᠠᠶᠢᠭᠤᠯᠤᠮᠵᠢ ᠶᠢ ᠬᠦᠴᠤᠯᠠᠨ ᠲᠡᠬᠦᠯᠳᠡᠷᠵᠢᠬᠦᠯᠵᠤ᠂ ᠤᠢᠢᠯᠡᠳᠤᠯ ᠴᠢᠳᠠᠪᠭᠢ ᠶᠢ ᠬᠠᠮᠤᠷᠠᠭᠤᠯᠤᠨ ᠶᠠᠳᠠᠭᠤ ᠶᠢ ᠲᠡᠳᠬᠦᠬᠦ ᠨᠢᠭᠡᠳᠤᠭᠡᠷ ᠹᠷᠤᠨᠲ ᠲᠤ ᠪᠠᠳᠠᠷᠠᠭᠤᠯᠵᠤ᠂ ︽ᠬᠦᠬᠦᠷᠭᠡ ᠬᠤᠯᠪᠤᠭᠠᠰᠤ︾ ᠶᠢ ᠰᠠᠶᠢᠳᠤᠷ ᠪᠠᠶᠢᠭᠤᠯᠵᠤ᠂ ᠪᠠᠭᠤᠷᠠᠢ ᠲᠤᠰᠬᠤᠨ ᠢ ᠬᠦᠴᠦᠷᠭᠡᠭ ᠲᠤᠰᠬᠤᠨ ᠲᠠᠢ ᠨᠠᠶᠢᠯᠡᠬᠦᠯᠬᠦ᠂ ᠪᠠᠶᠠᠯᠢᠬ ᠲᠤᠰᠬᠤᠨ ᠶᠠᠳᠠᠭᠤ ᠲᠤᠰᠬᠤᠨ ᠢ ᠲᠠᠭᠠᠭᠤᠯᠬᠤ᠂ ᠨᠠᠮ ᠤᠨ ᠪᠠᠶᠢᠭᠤᠯᠤᠯᠳᠠᠨ ᠶᠢ ᠬᠤᠯᠪᠤᠭᠠᠯᠠᠨ ᠪᠠᠶᠢᠭᠤᠯᠬᠤ ᠬᠠᠮᠳᠤ ᠪᠠᠷ ᠪᠠᠶᠢᠭᠤᠯᠬᠤ ᠵᠡᠷᠭᠡ ᠠᠷᠭ᠎ᠠ ᠶᠢ ᠰᠦᠪᠡᠭᠴᠢᠯᠡᠨ ᠲᠡᠯᠭᠡᠷᠡᠬᠦᠯᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠤᠭᠢᠶᠠᠨ ᠪᠠᠶᠢᠭᠤᠯᠤᠯᠳᠠ ᠶᠢ ᠴᠡᠭᠴᠡᠯᠡᠵᠤ᠂ ᠠᠵᠤ ᠤᠢᠢᠯᠡᠰ ᠤᠨ ᠨᠠᠶᠢᠭᠡᠮᠯᠢᠭ᠂ ᠲᠤᠰᠬᠠᠢ ᠬᠤᠷᠰᠢᠶᠠᠵᠢᠯ ᠵᠡᠷᠭᠡ ᠠᠵᠤ ᠤᠢᠢᠯᠡᠰ ᠤᠨ ᠭᠡᠯᠭᠢᠶᠡᠵᠢᠯ ᠳᠤ ᠨᠠᠮ ᠤ ᠵᠤᠭᠢᠶᠠᠨ ᠪᠠᠶᠢᠭᠤᠯᠤᠯᠳᠠ ᠪᠠᠶᠢᠭᠤᠯᠵᠤ᠂ ᠵᠤᠭᠢᠶᠠᠨ ᠪᠠᠶᠢᠭᠤᠯᠤᠯᠳᠠ ᠶᠢᠨ ᠲᠠᠪᠠᠭᠤᠯᠢᠬ ᠢ ᠶᠠᠳᠠᠭᠤ ᠶᠢ ᠲᠡᠳᠬᠦᠬᠦ ᠨᠢᠭᠡᠳᠤᠭᠡᠷ ᠹᠷᠤᠨᠲ ᠲᠤ ᠲᠤᠪᠤᠶᠢᠯᠠᠭᠠᠨ᠎ᠠ᠃ ︽ᠪᠤᠭᠤᠮᠳᠠ ᠰᠢᠪᠳᠤᠯᠠᠬᠤ ᠠᠩᠭᠢ︾ ᠢ ᠰᠠᠶᠢᠳᠤᠷ ᠰᠢᠯᠢᠨ ᠰᠤᠩᠭᠤᠵᠤ᠂ ᠪᠤᠯᠪᠠᠰᠤᠷᠠᠯ ᠴᠢᠩᠭ᠎ᠠ᠂ ᠶᠠᠳᠠᠭᠤ ᠶᠢ ᠲᠡᠳᠬᠦᠬᠦ ᠠᠵᠢᠯ ᠳᠤ ᠴᠢᠳᠠᠮᠠᠭᠠᠢ ᠺᠠᠳ᠋ᠷ ᠢ ᠪᠠᠯᠭᠠᠰᠤᠨ ᠤ ᠤᠳᠤᠷᠢᠳᠬᠤ ᠪᠠᠭ ᠲᠤ ᠤᠷᠤᠭᠤᠯᠵᠤ᠂ ᠪᠠᠶᠠᠵᠢᠯ ᠤᠨ ᠴᠢᠳᠠᠪᠤᠷᠢᠳᠠᠨ᠂ ᠲᠠᠷᠢᠮᠡᠯ ᠲᠡᠵᠢᠭᠡᠪᠤᠷᠢ ᠶᠢᠨ ᠲᠤᠮᠤ ᠡᠷᠤᠭᠡ ᠶᠢᠨ ᠲᠤᠮᠳᠠ ᠠᠴᠠ ᠲᠠᠪᠰᠢᠩᠭᠤᠢ ᠬᠦᠮᠤᠰ ᠢ ᠰᠢᠯᠢᠨ ᠰᠤᠩᠭᠤᠵᠤ ᠲᠤᠰᠬᠤᠨ ᠤ ᠨᠠᠮ ᠤ ᠡᠬᠦᠷ ᠲᠤ ᠤᠷᠤᠭᠤᠯᠵᠤ᠂ ︽ᠭᠤᠷᠪᠠ ᠶᠢ ᠲᠤᠬᠳᠠᠭᠠᠬᠤ︾ ᠲᠤᠰᠬᠤᠨ ᠳᠤ ᠰᠠᠭᠤᠬᠤ ᠡᠩᠨᠡᠭᠡ ᠶᠢ ᠰᠢᠯᠢᠨ ᠲᠤᠮᠢᠯᠠᠵᠤ᠂ ᠰᠢᠯᠢᠳᠡᠭ ᠴᠡᠷᠢᠭ ᠬᠦᠴᠦᠷᠭᠡᠭ ᠵᠠᠩᠵᠤᠨ ᠨᠠᠷ ᠤᠨ ᠶᠠᠳᠠᠭᠤ ᠶᠢ ᠲᠡᠳᠬᠦᠬᠦ ᠨᠢᠭᠡᠳᠤᠭᠡᠷ ᠹᠷᠤᠨᠲ ᠲᠤ ᠭᠠᠪᠢᠶ᠎ᠠ ᠪᠠᠶᠢᠭᠤᠯᠬᠤ ᠶᠢ ᠤᠷᠢᠶᠠᠯᠠᠵᠤ ᠪᠠᠶᠢᠨ᠎ᠠ᠃ ︽ᠲᠠᠭᠠᠭᠤᠯᠤᠬᠴᠢ ᠺᠠᠳ᠋ᠷ︾ ᠢ ᠰᠠᠶᠢᠳᠤᠷ ᠭᠡᠷᠡᠭᠯᠡᠵᠤ᠂ ᠦᠨᠳᠤᠰᠤᠨ ᠱᠠᠳᠤᠨ ᠤ ᠨᠠᠮ ᠤ ᠭᠡᠰᠢᠬᠦᠨ ᠺᠠᠳ᠋ᠷ ᠢ ᠪᠤᠯᠪᠠᠰᠤᠷᠠᠭᠤᠯᠬᠤ ᠶᠢ ᠬᠠᠪᠰᠤᠷᠴᠤ ᠲᠠᠭᠠᠭᠤᠯᠬᠤ ᠲᠤᠬᠳᠠᠴᠠ ᠶᠢ ᠲᠡᠬᠦᠯᠳᠡᠷᠵᠢᠬᠦᠯᠬᠦ ᠶᠢ ᠰᠦᠪᠡᠭᠴᠢᠯᠡᠵᠤ᠂ ᠨᠠᠮ ᠤ ᠭᠡᠰᠢᠬᠦᠨ ᠴᠢᠳᠠᠪᠤᠷᠢᠳᠠᠨ ᠤ ᠠᠵᠤ ᠤᠢᠢᠯᠡᠰ ᠤᠨ ᠪᠦᠳᠦᠴᠠ ᠶᠢᠨ ᠲᠤᠭᠢᠷᠠᠭᠤᠯᠤᠯᠳᠠ᠂ ᠭᠡᠷᠡᠭᠯᠡᠭᠡᠨ ᠤ ᠮᠡᠷᠭᠡᠵᠢᠯ ᠲᠡᠯᠭᠡᠷᠡᠬᠦᠯᠬᠦ ᠲᠤᠮᠳᠠᠭᠢ ᠤᠢᠢᠯᠡᠳᠤᠯ ᠢ ᠬᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠨᠠᠮ ᠤᠨ ᠭᠡᠰᠢᠬᠦᠳ ᠢ ᠵᠤᠷᠢᠬᠵᠢᠭᠤᠯᠤᠨ ᠶᠠᠳᠠᠭᠤ ᠶᠢ ᠲᠡᠳᠬᠦᠬᠦ ᠪᠠᠶᠠᠵᠢᠯ ᠤᠨ ᠵᠠᠮ ᠲᠤ ᠤᠷᠤᠬᠤ ᠳᠤ ︽ᠤᠳᠤᠨ︾ ᠰᠢᠯᠢᠳᠡᠭ ᠢ ᠡᠬᠦᠳᠴᠤ᠂ ᠭᠠᠪᠰᠢᠭᠠᠢ ᠬᠤᠰᠢᠭᠤᠴᠢ ᠶᠢᠨ ᠲᠤᠬ ᠢ ᠶᠠᠳᠠᠭᠤ ᠶᠢ ᠲᠡᠳᠬᠦᠬᠦ ᠨᠢᠭᠡᠳᠤᠭᠡᠷ ᠹᠷᠤᠨᠲ ᠲᠤ ᠨᠠᠮᠢᠷᠠᠭᠤᠯᠤᠨ᠎ᠠ᠃      ᠲᠦᠷᠪᠡ᠂ ᠺᠠᠳ᠋ᠷᠴᠤᠤᠨ ᠤᠨ ᠬᠦᠴᠤᠨ ᠲᠠᠮᠢᠷ ᠢᠶᠠᠨ ᠭᠠᠷᠭᠠᠬᠤ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠠᠭᠢᠭᠤᠯᠤᠨ᠎ᠠ᠃ ᠪᠦᠬᠦ ᠰᠢᠶᠠᠨ ᠤ ᠡᠯ᠎ᠠ ᠱᠠᠳᠤᠨ ᠤ ᠤᠳᠤᠷᠢᠳᠬᠤ ᠺᠠᠳ᠋ᠷ ᠪᠤᠯᠤᠨ ᠨᠠᠮ ᠤᠨ ᠭᠡᠰᠢᠬᠦᠨ ᠤᠯᠠᠨ ᠲᠦᠮᠡᠨ ᠤ ᠤᠢᠢᠯᠡᠳᠤᠯ ᠢ ᠤᠯᠠᠮ ᠢᠯᠡᠬᠦᠤ ᠪᠠᠳᠠᠷᠠᠭᠤᠯᠬᠤ ᠶᠢ ᠠᠩᠬᠠᠷᠴᠤ᠂ ᠶᠠᠳᠠᠭᠤ ᠲᠤᠰᠬᠤᠨ ᠢ ᠬᠠᠪᠰᠤᠷᠠᠨ ᠲᠡᠳᠬᠦᠬᠦ ᠲᠠᠭᠠᠭᠠᠴᠢᠯᠡᠨ ᠬᠤᠯᠪᠤᠭᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ 30 ᠨᠡᠷᠡᠰ ᠰᠢᠶᠠᠨ ᠤ ᠲᠡᠰ ᠤᠨ ᠤᠳᠤᠷᠢᠳᠤᠯᠭ᠎ᠠ ᠲᠤᠰ ᠪᠦᠷᠢ 1 ᠦᠪᠡᠷᠳᠡᠭᠡᠨ ᠵᠠᠰᠠᠬᠤ ᠤᠷᠤᠨ ᠤ ᠲᠡᠰ ᠤᠨ ᠶᠠᠳᠠᠭᠤ ᠲᠤᠰᠬᠤᠨ ᠢ ᠲᠠᠭᠠᠭᠠᠴᠢᠯᠠᠨ ᠬᠤᠯᠪᠤᠭᠠᠯᠠᠬᠤ᠂ 6 ᠪᠠᠯᠭᠠᠰᠤ ᠶᠢᠨ ᠨᠠᠮ ᠵᠠᠰᠠᠭ ᠤᠨ ᠭᠤᠤᠯᠯᠠᠬᠤ ᠤᠳᠤᠷᠢᠳᠤᠯᠭ᠎ᠠ ᠶᠡᠷᠤᠩᠭᠡᠢ ᠬᠠᠷᠢᠭᠤᠴᠠᠬᠤ᠂ 56 ᠨᠡᠷᠡᠰ ᠪᠠᠯᠭᠠᠰᠤᠨ ᠤ ᠰᠠᠯᠠᠭ᠎ᠠ ᠶᠢᠨ ᠲᠡᠰ ᠤᠨ ᠺᠠᠳ᠋ᠷ ᠲᠤᠰ ᠪᠦᠷᠢ 1 ᠬᠦᠴᠢᠷᠳᠡᠯᠳᠡᠢ ᠲᠤᠰᠬᠤᠨ ᠢ ᠲᠠᠭᠠᠭᠠᠴᠢᠯᠠᠨ ᠬᠤᠯᠪᠤᠭᠠᠯᠠᠬᠤ᠂ ᠰᠢᠶᠠᠨ ᠠᠴᠠ 98 ᠨᠡᠷᠡᠰ ᠲᠤᠰᠢᠶᠠᠯ ᠲᠠᠢ ᠺᠠᠳ᠋ᠷ ᠢ ᠰᠢᠯᠢᠨ ᠲᠤᠮᠢᠯᠠᠵᠤ ᠲᠤᠰ ᠪᠦᠷᠢ ᠲᠤᠰᠬᠤᠨ ᠳᠤ ᠰᠠᠭᠤᠵᠤ 1 ᠵᠠᠰᠠᠭ ᠵᠠᠭᠢᠷᠭᠠᠨ ᠤ ᠲᠤᠰᠬᠤᠨ ᠪᠤᠯᠤᠨ ᠨᠠᠶᠢᠯᠡᠬᠦᠯᠦᠭᠰᠡᠨ ᠲᠤᠰᠬᠤᠨ ᠢ ᠬᠠᠪᠰᠤᠷᠠᠨ ᠶᠠᠳᠠᠭᠤ ᠶᠢ ᠲᠡᠳᠬᠦᠬᠦ᠂ ᠵᠠᠰᠠᠭ ᠵᠠᠭᠢᠷᠭᠠᠨ ᠤ ᠲᠤᠰᠬᠤᠨ ᠪᠦᠷᠢ ᠶᠢᠨ ︽ᠬᠤᠶᠠᠷ ᠵᠦᠪᠯᠡᠯ︾ ᠤᠨ ᠺᠠᠳ᠋ᠷ ᠡᠯ᠎ᠠ ᠲᠤᠰᠬᠤᠨ ᠤ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠪᠤᠳᠠᠳᠠᠢ ᠬᠠᠷᠢᠭᠤᠴᠠᠨ ᠨᠠᠶᠢᠳᠠᠪᠤᠷᠢᠵᠢᠭᠤᠯᠬᠤ ᠪᠤᠯᠤᠨ᠎ᠠ᠃ ᠲᠠᠭᠠᠭᠠᠴᠢᠯᠠᠨ ᠬᠤᠯᠪᠤᠭᠠᠯᠠᠬᠤ ᠡᠬᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠵᠤ᠂ ᠭᠢᠨᠡᠨ ᠰᠢᠯᠭᠠᠬᠤ ᠪᠤᠶᠤ ᠦᠨᠡᠯᠡᠬᠦ ᠠᠷᠭ᠎ᠠ ᠶᠢ ᠲᠡᠬᠦᠯᠳᠡᠷᠵᠢᠬᠦᠯᠵᠤ᠂ ᠲᠠᠭᠠᠭᠠᠴᠢᠯᠠᠨ ᠬᠤᠯᠪᠤᠭᠠᠯᠠᠬᠤ ᠠᠵᠢᠯ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠡᠭᠡᠮᠵᠢᠯᠡᠨ ᠮᠦᠷᠳᠡᠵᠤ ᠦᠷ᠎ᠠ ᠪᠦᠳᠦᠮᠵᠢ ᠶᠢ ᠠᠰᠠᠭᠤᠨ ᠯᠠᠪᠯᠠᠬᠤ ᠶᠢ ᠪᠠᠷᠢᠮᠳᠠᠯᠠᠵᠤ᠂ ᠡᠯ᠎ᠠ ᠱᠠᠳᠤᠨ ᠤ ᠺᠠᠳ᠋ᠷᠴᠤᠤᠨ ᠤᠨ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠠᠵᠢᠯ ᠳᠤ ᠯᠤᠳᠤ ᠶᠡᠭᠡ ᠬᠦᠴᠤ ᠤᠷᠤᠭᠤᠯᠵᠤ ᠲᠠᠭᠠᠭᠤᠯᠤᠨ ᠵᠤᠷᠢᠬᠵᠢᠭᠤᠯᠵᠤ᠂ ᠬᠦᠢᠴᠡᠳᠭᠡᠬᠦ ᠬᠦᠴᠤᠨ ᠪᠤᠯᠤᠨ ᠨᠠᠶᠢᠳᠠᠪᠤᠷᠢᠵᠢᠭᠤᠯᠤᠯᠳᠠ ᠶᠢᠨ ᠬᠦᠴᠤᠨ ᠢ ᠦᠨᠡᠨᠬᠦ ᠲᠡᠭᠡᠭᠰᠢᠯᠡᠬᠦᠯᠵᠤ᠂ ᠶᠠᠳᠠᠭᠤ ᠶᠢ ᠲᠡᠳᠬᠦᠬᠦ ᠪᠤᠭᠤᠮᠳᠠ ᠰᠢᠪᠳᠤᠯᠠᠬᠤ ᠡᠯ᠎ᠠ ᠲᠦᠷᠦᠯ ᠤᠨ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃  
 
ᠢᠷᠡᠯᠲᠡ᠄ ᠪᠤᠭᠤᠳᠤ ᠬᠤᠳᠠ ᠶᠢᠨ ᠵᠠᠰᠠᠭ ᠤᠨ ᠤᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1