| ᠰᠤᠷᠪᠤᠯᠵᠢᠯᠠᠯᠭ᠎ᠠ ᠶᠢᠨ ᠭᠤᠤᠯ ᠰᠡᠳᠤᠪ᠄ ᠢᠳᠡᠭᠡᠯ ᠵᠤᠷᠢᠬ ᠢᠶᠠᠨ ᠪᠠᠳᠤᠳᠬᠠᠵᠤ ᠬᠦᠴᠦᠷᠭᠡᠭᠵᠢᠬᠦ ᠪᠠᠷ | ᠬᠦᠴᠤᠯᠠᠨ ᠴᠢᠷᠮᠠᠶᠢᠵᠤ ᠪᠤᠭᠤᠳᠤ ᠶᠢᠨ ᠰᠢᠨ᠎ᠠ ᠤᠳᠤᠭᠢᠴᠢᠯᠠᠯᠳᠠ ᠶᠢᠨ ᠭᠤᠤᠯᠯᠠᠬᠤ ᠬᠤᠳᠠ ᠶᠢᠨ ᠲᠤᠭᠤᠷᠢᠬ ᠢ | ᠴᠢᠷᠮᠠᠶᠢᠨ ᠪᠦᠳᠦᠭᠡᠨ ᠪᠠᠶᠢᠭᠤᠯᠤᠨ᠎ᠠ᠃ | ᠰᠤᠷᠪᠤᠯᠵᠢᠯᠠᠯᠭ᠎ᠠ ᠶᠢᠨ ᠴᠠᠭ ᠬᠤᠭᠤᠴᠠᠭ᠎ᠠ᠄ 2017 ᠤᠨ ᠤ 9 ᠰᠠᠷ᠎ᠠ ᠶᠢᠨ 15 ᠤ ᠡᠳᠤᠷ | ᠰᠤᠷᠪᠤᠯᠵᠢᠯᠠᠯᠭ᠎ᠠ ᠶᠢᠨ ᠬᠦᠨᠳᠤᠳᠤ ᠵᠤᠴᠢᠨ᠄ ᠵᠢᠤ ᠶᠤᠧᠠᠨ ᠲᠤᠭᠤᠷᠢᠬ ᠤᠨ ᠨᠠᠮ ᠤᠨ ᠬᠤᠷᠢᠶᠠᠨ ᠤ ᠱᠦᠵᠢ | ᠯᠢᠤ ᠴᠧᠩ ᠮᠢᠨ | ᠰᠤᠷᠪᠤᠯᠵᠢᠯᠠᠯᠭ᠎ᠠ ᠶᠢᠨ ᠲᠦᠬᠦᠮ ᠲᠠᠨᠢᠯᠴᠠᠭᠤᠯᠭ᠎ᠠ᠄ ᠵᠢᠤ ᠶᠤᠧᠠᠨ ᠲᠤᠭᠤᠷᠢᠬ ᠤᠨ ᠬᠢᠨ ᠰᠢ ᠶᠢᠨ ᠫᠢᠩ | ᠶᠡᠷᠤᠩᠭᠡᠢ ᠱᠦᠵᠢ ᠶᠢᠨ ᠦᠪᠤᠷ ᠮᠤᠩᠭᠤᠯ ᠳᠤ ᠠᠵᠢᠯ ᠪᠠᠶᠢᠴᠠᠭᠠᠬᠤ ᠳᠠᠭᠠᠨ ᠵᠢᠭᠠᠵᠤ ᠭᠠᠷᠭᠠᠬᠰᠠᠨ ᠴᠢᠬᠤᠯᠠ | ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠭᠡᠢ ᠰᠤᠷᠤᠯᠴᠠᠵᠤ᠂ ︽ᠲᠦᠷᠪᠡᠨ ᠤᠬᠠᠮᠰᠠᠷ︾ ᠢ ᠪᠠᠳᠤ ᠪᠠᠭᠢ | ᠴᠡᠭᠡᠵᠢᠯᠡᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ | ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ | ᠤᠳᠠᠭᠠᠨ ᠤ ᠪᠦᠬᠦᠳᠡ ᠬᠤᠷᠠᠯ ᠪᠤᠯᠤᠨ ᠬᠤᠳᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ | ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠭᠡᠷᠡᠭᠵᠢᠬᠦᠯᠤᠨ᠎ᠠ᠃ ᠰᠢᠨ᠎ᠠ | ᠤᠢᠢᠯᠠᠭᠠᠬᠳᠠᠬᠤᠨ ᠢᠶᠠᠷ ᠰᠢᠨ᠎ᠠ ᠪᠠᠶᠢᠳᠠᠯ ᠢ ᠲᠠᠭᠠᠭᠤᠯᠬᠤ ᠶᠢ ᠪᠠᠷᠢᠮᠳᠠᠯᠠᠵᠤ᠂ ᠰᠢᠨ᠎ᠠ ᠠᠷᠭ᠎ᠠ ᠠᠪᠴᠢᠯ ᠢᠶᠠᠷ ᠰᠢᠨ᠎ᠠ | ᠲᠠᠪᠠᠭᠤᠯᠢᠬ ᠢ ᠬᠦᠨ ᠵᠤᠵᠠᠭᠠᠨ ᠦᠨᠳᠤᠰᠤᠯᠠᠬᠦᠯᠵᠤ᠂ ︽ᠲᠤᠯᠤᠭᠠᠨ ᠲᠤᠤᠷ︾ ᠢ ᠵᠡᠷᠭᠡᠪᠡᠷ ᠪᠠᠶᠢᠭᠤᠯᠬᠤ ᠪᠠᠷ | ᠰᠠᠭᠤᠷᠢ ᠶᠢ ᠪᠠᠳᠤᠳᠬᠠᠵᠤ᠂ ︽ᠲᠤᠯᠤᠭᠠᠨ ᠤᠢᠢᠯᠡᠰ︾ ᠢ ᠵᠡᠷᠭᠡᠪᠡᠷ ᠬᠦᠭᠵᠢᠬᠦᠯᠬᠦ ᠪᠠᠷ ᠭᠡᠯᠪᠡᠷᠢ ᠶᠢ ᠬᠤᠪᠢᠷᠠᠭᠤᠯᠬᠤ | ᠬᠤᠷᠳᠤᠴᠠ ᠶᠢ ᠲᠦᠷᠭᠡᠳᠭᠡᠨ᠎ᠠ᠃ ︽ᠲᠡᠰ ᠲᠡᠪᠰᠢᠬᠦᠯᠬᠦ᠂ ᠵᠡᠷᠭᠡ ᠲᠡᠭᠡᠭᠰᠢᠯᠡᠬᠦᠯᠬᠦ᠂ ᠰᠢᠯᠢᠳᠡᠭ ᠢ ᠡᠬᠦᠳᠬᠦ︾ ᠪᠠᠷ | ᠬᠠᠷᠠᠯᠳᠠ ᠪᠤᠯᠭᠠᠵᠤ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠬᠠ ᠱᠤᠭᠤᠮ ᠢ ᠪᠠᠳᠤ | ᠰᠠᠭᠢᠵᠤ᠂ ︽ᠲᠦᠷᠪᠡᠨ ᠬᠦᠷᠢᠶᠠᠯᠠᠩ ᠲᠤᠭᠤᠷᠢᠬ︾ ᠤᠨ ᠬᠦᠳᠡᠯᠭᠡᠬᠦ ᠬᠦᠴᠤ᠂ ︽ᠲᠦᠷᠪᠡᠨ ᠤᠷᠭᠢᠯ︾ ᠤᠨ | ᠨᠡᠮᠡᠭᠳᠡᠯ ᠪᠤᠯᠤᠨ ᠲᠦᠷᠤᠯ ᠵᠦᠢᠯ ᠢᠶᠠᠷ ᠲᠠᠶᠢᠴᠢᠯᠠᠬᠤ᠂ ᠠᠮᠢ ᠠᠬᠤᠢ ᠪᠠᠷ ᠲᠤᠯᠭᠠᠭᠤᠷᠢᠯᠠᠬᠤ᠂ ᠠᠷᠠᠳ ᠤᠨ | ᠠᠮᠢᠳᠤᠷᠠᠯ ᠢᠶᠠᠷ ᠭᠤᠤᠯᠯᠠᠬᠤ ᠶᠢᠨ ᠲᠤᠭᠤᠷᠢᠨ ᠳᠤ ᠠᠵᠤ ᠠᠬᠤᠢ ᠨᠠᠶᠢᠭᠡᠮ ᠤᠨ ᠬᠦᠭᠵᠢᠯᠳᠡ ᠳᠤ ᠰᠢᠨ᠎ᠠ | ᠠᠭᠢᠴᠠ ᠲᠠᠢ ᠪᠤᠯᠭᠠᠨ᠎ᠠ᠃ | ᠬᠦᠳᠤᠯᠦᠭᠴᠢ᠄ ᠵᠢᠤ ᠶᠤᠧᠠᠨ ᠲᠤᠭᠤᠷᠢᠬ ᠤᠨ ᠬᠢᠨ ᠪᠤᠭᠤᠳᠤ ᠶᠢᠨ ᠰᠢᠨ᠎ᠠ ᠤᠳᠤᠭᠢᠴᠢᠯᠠᠯᠳᠠ ᠶᠢᠨ | ᠭᠤᠤᠯᠯᠠᠬᠤ ᠬᠤᠳᠠ ᠶᠢᠨ ᠲᠤᠭᠤᠷᠢᠬ ᠪᠠᠶᠢᠭᠤᠯᠬᠤ ᠲᠠᠯ᠎ᠠ ᠪᠠᠷ ᠶᠠᠮᠠᠷᠰᠢᠤᠬᠠᠨ ᠴᠢᠷᠮᠠᠶᠢᠯᠭ᠎ᠠ ᠭᠠᠷᠭᠠᠵᠤ ᠪᠠᠶᠢᠬᠤ ᠪᠤᠢ︖ | ᠮᠦᠨᠴᠤ ᠶᠠᠮᠷᠰᠢᠤᠬᠠᠨ ᠭᠢᠷᠢ ᠪᠦᠳᠦᠮᠵᠢ ᠤᠯᠤᠬᠰᠠᠨ ᠪᠤᠢ︖ | ᠯᠢᠤ ᠴᠧᠩ ᠮᠢᠨ᠄ 2017 ᠤᠨ ᠳᠤ᠂ ᠵᠢᠤ ᠶᠤᠧᠠᠨ ᠲᠤᠭᠤᠷᠢᠬ ᠤᠨ ᠬᠢᠨ ᠲᠤᠮᠤ ᠶᠡᠭᠡ ᠲᠦᠷᠤᠯ | ᠵᠦᠢᠯ ᠤᠨ ᠪᠠᠶᠢᠭᠤᠯᠤᠯᠳᠠ ᠪᠠᠷ ᠬᠦᠭᠵᠢᠯᠳᠡ ᠶᠢᠨ ︽ᠨᠢᠭᠡᠳᠤᠭᠡᠷ ᠬᠦᠳᠡᠯᠭᠡᠬᠦᠷ︾ ᠪᠤᠯᠭᠠᠨ ᠠᠳᠬᠤᠬᠤ ᠶᠢ | ᠪᠠᠷᠢᠮᠳᠠᠯᠠᠵᠤ᠂ 135 ᠳ᠋ᠦᠡᠭᠰᠢᠭᠤᠷ ᠲᠦᠬᠦᠷᠢᠭ ᠠᠴᠠ ᠲᠡᠭᠡᠭᠰᠢ ᠲᠤᠮᠤ ᠶᠡᠭᠡ ᠲᠦᠷᠤᠯ ᠵᠦᠢᠯ ᠤᠨ ᠪᠠᠷᠢᠯᠭ᠎ᠠ ᠶᠢᠨ | ᠪᠠᠶᠢᠭᠤᠯᠤᠯᠳᠠ ᠶᠢ ᠪᠦᠷᠢᠮᠤᠰᠤᠨ ᠰᠡᠷᠬᠦᠭᠡᠨ ᠭᠡᠷᠡᠭᠵᠢᠬᠦᠯᠵᠤ᠂ ᠰᠡᠷᠬᠦᠭᠡᠨ ᠡᠭᠢᠯᠡᠭᠰᠡᠨ ᠨᠤᠷᠮ᠎ᠠ 100% ᠳᠤ | ᠭᠦᠷᠴᠡᠢ᠃ ᠪᠡᠯᠠ ᠤᠷᠤᠭᠤᠯᠤᠯᠳᠠ 191.5 ᠳ᠋ᠦᠡᠭᠰᠢᠭᠤᠷ ᠲᠦᠬᠦᠷᠢᠭ ᠲᠤ ᠬᠦᠷᠴᠤ᠂ ᠲᠤᠰ ᠵᠢᠯ ᠤᠨ ᠪᠡᠯᠡ | ᠤᠷᠤᠭᠤᠯᠤᠯᠳᠠ ᠶᠢᠨ ᠲᠦᠯᠤᠪᠯᠡᠯᠭᠡᠳᠤ ᠡᠬᠦᠷᠭᠡ ᠶᠢᠨ 62.5% ᠶᠢ ᠡᠵᠡᠯᠡᠭᠰᠡᠨ ᠪᠠᠶᠢᠨ᠎ᠠ᠃ | ᠲᠡᠭᠡᠷ᠎ᠠ ᠬᠠᠭᠠᠰ ᠵᠢᠯ ᠳᠤ᠂ ᠵᠢᠤ ᠶᠤᠧᠠᠨ ᠲᠤᠭᠤᠷᠢᠬ ᠤᠨ ᠤᠷᠤᠨ ᠨᠤᠳᠤᠭ ᠤᠨ ᠤᠢᠢᠯᠡᠳᠪᠤᠷᠢᠯᠡᠯ ᠤᠨ | ᠶᠡᠷᠤᠩᠭᠡᠢ ᠦᠷᠳᠡᠭ ᠤᠨ ᠨᠡᠮᠡᠭᠳᠡᠯ 8% ᠬᠦᠷᠴᠤ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ | ᠨᠡᠮᠡᠭᠳᠡᠯ 15.8% ᠳᠤ ᠬᠦᠷᠴᠤ᠂ ᠨᠠᠶᠢᠭᠡᠮ ᠤᠨ ᠭᠡᠷᠡᠭᠯᠡᠭᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠭᠡᠢ | ᠭᠡᠮᠵᠢᠶ᠎ᠠ ᠶᠢᠨ ᠨᠡᠮᠡᠭᠳᠡᠯ 54.6% ᠬᠦᠷᠴᠤ᠂ ᠬᠠᠮᠳᠤ ᠨᠠᠶᠢᠳᠠ ᠶᠢᠨ ᠡᠳ᠋ ᠤᠨ ᠵᠠᠰᠠᠬ ᠤᠨ ᠲᠦᠰᠦᠪ ᠤᠨ ᠤᠷᠤᠯᠭ᠎ᠠ | 11.8 ᠳ᠋ᠦᠡᠭᠰᠢᠭᠤᠷ ᠲᠦᠬᠦᠷᠢᠭ ᠢ ᠪᠠᠶᠡᠯᠡᠬᠦᠯᠵᠤ᠂ ᠪᠦᠬᠦ ᠵᠢᠯ ᠤᠨ ᠡᠬᠦᠷᠭᠡ ᠪᠠᠨ 54.6% ᠪᠠᠷ ᠪᠠᠶᠡᠯᠡᠬᠦᠯᠵᠤ᠂ | ᠬᠤᠳᠠ ᠪᠠᠯᠭᠠᠰᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠠᠵᠤ ᠪᠤᠯᠬᠤ ᠤᠷᠤᠯᠭ᠎ᠠ | ᠲᠤᠰ ᠪᠦᠷᠢ 8.1% ᠪᠤᠯᠤᠨ 7.9% ᠪᠠᠷ ᠨᠡᠮᠡᠭᠳᠡᠵᠡᠢ᠃ ᠭᠤᠤᠯᠯᠠᠬᠤ ᠬᠦᠢᠴᠡᠳᠭᠡᠬᠦ ᠲᠤᠭ᠎ᠠ ᠨᠤᠷᠮ᠎ᠠ ᠤᠨ ᠴᠠᠭ | ᠬᠤᠭᠤᠴᠠᠭ᠎ᠠ ᠪᠤᠯᠤᠨ ᠡᠬᠦᠷᠭᠡ ᠬᠤᠤᠰ ᠢᠶᠠᠷ ᠬᠠᠭᠠᠰ ᠢ ᠦᠡᠭᠭᠡᠷᠡᠵᠤ᠂ ᠲᠤᠬᠳᠠᠭᠤᠨ ᠤ ᠲᠤᠮᠳᠠ ᠠᠭᠢᠯᠳᠡ ᠲᠠᠢ᠂ | ᠲᠤᠬᠳᠠᠭᠤᠨ ᠤ ᠲᠤᠮᠳᠠ ᠰᠠᠶᠢᠨ ᠬᠠᠨᠳᠤᠰᠢ ᠲᠠᠢ ᠪᠠᠶᠢᠬᠤ ᠪᠠᠶᠢᠳᠠᠯ ᠤᠯᠠᠮ ᠨᠢᠭᠡ ᠠᠯᠬᠤᠮ ᠪᠠᠳᠤ ᠪᠠᠭᠢᠵᠢᠵᠤ᠂ | ᠨᠠᠮ ᠤᠨ ᠠᠷᠪᠠ ᠶᠢᠰᠦᠳᠤᠭᠡᠷ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ | ᠤᠢ ᠢ ᠤᠬᠳᠤᠬᠤ ᠳᠤ ᠰᠢᠯᠢᠳᠡᠭ ᠰᠠᠶᠢᠨ ᠬᠦᠭᠵᠢᠯᠳᠡ ᠶᠢᠨ ᠤᠷᠴᠢᠨ ᠲᠤᠭᠤᠷᠢᠨ ᠢ ᠪᠦᠷᠢᠯᠳᠤᠬᠦᠯᠵᠤ ᠴᠢᠳᠠᠬᠰᠠᠨ | ᠪᠠᠶᠢᠨ᠎ᠠ᠃ | ᠬᠦᠳᠤᠯᠦᠭᠴᠢ᠄ ᠶᠡᠷᠦᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠠᠵᠢᠯ ᠪᠠᠶᠢᠴᠠᠭᠠᠬᠤ ᠳᠠᠭᠠᠨ | ᠵᠢᠭᠠᠵᠤ ᠭᠠᠷᠭᠠᠬᠰᠠᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠢᠶᠠᠷ᠂ ᠵᠢᠤ ᠶᠤᠧᠠᠨ ᠲᠤᠭᠤᠷᠢᠬ ᠤᠨ ᠬᠢᠨ | ᠶᠡᠷᠤᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠭᠡᠷᠭᠢᠨ ᠲᠤᠤᠱᠯᠠᠭᠤᠯᠵᠤ᠂ ᠪᠤᠭᠤᠳᠤ ᠶᠢᠨ ᠰᠢᠨ᠎ᠠ | ᠤᠳᠤᠭᠢᠴᠢᠯᠠᠯᠳᠠ ᠶᠢᠨ ᠭᠤᠤᠯᠯᠠᠬᠤ ᠬᠤᠳᠠ ᠶᠢᠨ ᠲᠤᠭᠤᠷᠢᠬ ᠤᠨ ᠪᠠᠶᠢᠭᠤᠯᠤᠯᠳᠠ ᠭᠢᠬᠦ ᠲᠠᠯ᠎ᠠ ᠪᠠᠷ ᠶᠠᠮᠠᠷ ᠰᠢᠨ᠎ᠠ | ᠰᠦᠪᠡᠭᠴᠢᠯᠡᠯᠳᠡ ᠲᠤᠷᠠᠳᠴᠤ᠂ ᠪᠤᠳᠠᠳᠠᠢ ᠶᠠᠮᠠᠷ ᠠᠷᠭ᠎ᠠ ᠭᠡᠮᠵᠢᠶ᠎ᠠ ᠠᠪᠴᠤ ᠪᠠᠶᠢᠬᠤ ᠪᠤᠢ︖ | ᠯᠢᠤ ᠴᠧᠩ ᠮᠢᠨ᠄ ᠨᠢᠭᠡ᠂ ᠭᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠵᠤ᠂ ᠤᠯᠤᠰ ᠤᠨ ᠲᠡᠰ ᠤᠨ | ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ ᠰᠠᠭᠤᠷᠢᠨ ᠤ ᠪᠠᠶᠢᠭᠤᠯᠤᠯᠳᠠ ᠶᠢ ᠲᠦᠷᠭᠡᠳᠭᠡᠨ᠎ᠠ᠃ ᠶᠡᠷᠤᠩᠭᠡᠢ | ᠱᠦᠵᠢ ᠶᠢᠨ ︽ᠠᠵᠤ ᠠᠬᠤᠢ ᠶᠢᠨ ᠬᠦᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ ᠠᠴᠠ ᠭᠠᠷᠳᠠᠬᠤ ᠭᠡᠷᠡᠭᠳᠢ︾ ᠭᠡᠬᠦ | ᠵᠢᠭᠠᠪᠤᠷᠢ ᠶᠢᠨ ᠱᠠᠭᠠᠷᠳᠠᠯᠭ᠎ᠠ ᠶᠢ ᠬᠦᠨ ᠬᠦᠨᠵᠡᠭᠡᠢ ᠤᠢᠢᠯᠠᠭᠠᠵᠤ᠂ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ | ᠬᠦᠷᠢᠶᠡᠯᠡᠩ ᠲᠤᠭᠤᠷᠢᠬ ᠤᠨ ᠪᠦᠳᠦᠭᠡᠨ ᠪᠠᠶᠢᠭᠤᠯᠤᠯᠳᠠ ᠶᠢᠨ ᠵᠢᠩᠭᠢᠨᠢ ᠪᠠᠷ ᠵᠦᠪᠰᠢᠶᠡᠷᠡᠯ ᠤᠯᠤᠬᠰᠠᠨ ᠲᠡᠤᠭᠡ ᠶᠢᠨ | ᠴᠢᠨᠠᠷᠳᠤ ᠠᠵᠠ ᠵᠠᠪᠰᠢᠶᠠᠨ ᠢ ᠡᠵᠡᠮᠳᠠᠵᠤ᠂ ᠦᠨᠳᠤᠷ ᠡᠭᠢᠯᠡᠯᠳᠡ ᠪᠠᠷ ᠤᠬᠠᠭᠠᠯᠠᠯ ᠲᠦᠰᠦᠪᠯᠡᠯ ᠭᠢᠵᠤ᠂ ᠲᠤᠮᠤ | ᠭᠡᠯᠪᠡᠷᠢ ᠪᠠᠷ ᠪᠡᠯᠡ ᠤᠷᠤᠭᠤᠯᠵᠤ᠂ ᠲᠦᠷᠭᠡᠨ ᠬᠤᠷᠳᠤᠴᠠ ᠪᠠᠷ ᠪᠦᠳᠦᠭᠡᠨ ᠪᠠᠶᠢᠭᠤᠯᠤᠨ᠎ᠠ᠃ | ᠭᠤᠤᠯᠯᠠᠬᠤ ᠲᠤᠭᠤᠷᠢᠬ ᠤᠨ ᠠᠵᠤ ᠤᠢᠢᠯᠡᠰᠵᠢᠯ ᠤᠨ ᠲᠦᠯᠦᠪᠯᠡᠭᠡ ᠪᠤᠯᠤᠨ ᠡᠵᠡᠮᠰᠢᠯ ᠴᠢᠨᠠᠷᠳᠤ ᠨᠠᠷᠢᠨ | ᠨᠢᠮᠪᠠᠢ ᠲᠦᠯᠦᠪᠯᠡᠭᠡ ᠳᠤ ᠵᠠᠰᠠᠪᠤᠷᠢ ᠤᠷᠤᠭᠤᠯᠤᠨ ᠲᠠᠭᠤᠰᠴᠤ᠂ ᠰᠢᠨ᠎ᠠ ᠮᠠᠲ᠋ᠧᠷᠢᠶᠠᠯ ᠤᠨ ᠰᠤᠳᠤᠯᠤᠯ ᠨᠡᠭᠡᠭᠡᠯᠳᠡ ᠶᠢᠨ | ᠲᠦᠪ᠂ ᠬᠦᠷᠢᠶᠡᠯᠡᠩ ᠲᠤᠭᠤᠷᠢᠬ ᠤᠨ ᠲᠦᠯᠤᠪᠯᠡᠭᠡ ᠶᠢᠨ ᠦᠵᠡᠰᠬᠦᠯᠡᠩ ᠤᠨ ᠤᠷᠳᠤᠨ ᠢ ᠡᠭᠢᠯᠡᠨ ᠪᠠᠶᠢᠭᠤᠯᠵᠤ᠂ | 33 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ 4200 ᠮᠦ ᠭᠠᠵᠠᠷ ᠰᠢᠷᠤᠢ ᠬᠤᠷᠢᠶᠠᠨ ᠭᠠᠳᠠᠭᠠᠯᠠᠵᠤ᠂ | ᠨᠢᠭᠡ ᠪᠦᠯᠦᠭ ᠵᠠᠮ ᠱᠤᠭᠤᠮ᠂ ᠤᠰᠤᠨ ᠬᠤᠭᠤᠯᠠᠢ ᠶᠢᠨ ᠲᠤᠤᠷ᠂ ᠨᠤᠭᠤᠭᠠᠷᠠᠭᠤᠯᠤᠯᠳᠠ᠂ ᠪᠤᠭᠢᠷᠳᠤᠯ ᠤᠰᠤ | ᠰᠢᠢᠳᠪᠤᠷᠢᠯᠡᠬᠦ ᠲᠦᠷᠤᠯ ᠵᠦᠢᠯ ᠢ ᠭᠡᠷᠡᠭᠵᠢᠬᠦᠯᠵᠤ᠂ ᠬᠦᠷᠢᠶᠡᠯᠡᠩ ᠲᠤᠭᠤᠷᠢᠬ ᠤᠨ ᠨᠢᠭᠡᠳᠤᠭᠡᠷ ᠬᠤᠭᠤᠴᠠᠭᠠᠨ ᠤ 20 | ᠲᠡᠭᠰᠢ ᠲᠦᠷᠪᠡᠯᠵᠢᠨ ᠺᠢᠯᠤᠮᠧᠳ᠋ᠷ ᠲᠠᠯᠠᠪᠠᠢ ᠳᠤ ︽ᠨᠠᠢᠮᠠ ᠶᠢ ᠨᠡᠪᠳᠡᠷᠡᠬᠦᠯᠬᠦ᠂ ᠨᠢᠭᠡ ᠶᠢ ᠲᠡᠭᠰᠢᠯᠡᠬᠦ ︾ ᠶᠢ ᠨᠠᠶᠢᠳᠠᠮ | ᠭᠡᠷᠡᠭᠵᠢᠬᠦᠯᠤᠨ᠎ᠠ᠃ | 560 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠵᠤ᠂ ᠨᠢᠭᠡ ᠪᠦᠯᠦᠭ ᠰᠢᠨ᠎ᠠ ᠮᠠᠲ᠋ᠧᠷᠢᠶᠡᠯ ᠤᠨ ᠠᠵᠤ | ᠤᠢᠢᠯᠡᠰ ᠤᠨ ᠲᠦᠷᠤᠯ ᠵᠦᠢᠯ ᠢ ᠡᠭᠢᠯᠡᠨ ᠪᠠᠶᠢᠭᠤᠯᠵᠤ᠂ ᠤᠨᠴᠠᠭᠠᠢᠢᠯᠠᠨ 100 ᠳ᠋ᠦᠡᠭᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠲᠠᠪᠠᠭᠰᠠᠨ 3 ᠲᠦᠷᠤᠯ ᠵᠦᠢᠯ ᠴᠢᠬᠤᠯᠠ ᠰᠢᠪᠳᠤᠯᠤᠯᠳᠠ ᠲᠠᠢ ᠪᠤᠯᠤᠬᠰᠠᠨ ᠪᠠᠶᠢᠨ᠎ᠠ᠃ | ᠶᠡᠷᠤᠩᠭᠡᠢ ᠪᠡᠯᠡ ᠤᠷᠤᠭᠤᠯᠤᠯᠳᠠ 171 ᠳ᠋ᠦᠡᠭᠰᠢᠭᠤᠷ ᠲᠦᠬᠦᠷᠢᠭ ᠤᠨ ᠱᠧᠨ ᠬᠤᠧᠨ ᠬᠤᠶᠠᠳᠤᠭᠠᠷ | ᠬᠤᠭᠤᠴᠠᠭᠠᠨ ᠤ ᠲᠦᠷᠤᠯ ᠵᠦᠢᠯ ᠨᠢᠭᠡᠨᠳᠡ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ | ᠬᠦᠭᠵᠢᠬᠦᠯᠤᠯᠳᠠ ᠶᠢᠨ ᠵᠦᠪᠯᠡᠯ ᠤᠨ ᠭᠢᠨᠠᠨ ᠵᠦᠪᠰᠢᠶᠡᠷᠡᠯ ᠤᠨ ᠴᠤᠬᠤᠯᠠᠪᠤᠷᠢ ᠶᠢ ᠤᠯᠵᠤ᠂ 8 ᠰᠠᠷ᠎ᠠ ᠳᠤ ᠦᠨᠡᠨ | ᠪᠤᠳᠠᠳᠠᠢ ᠪᠠᠷᠢᠯᠭ᠎ᠠ ᠡᠭᠢᠯᠡᠬᠦ ᠪᠤᠯᠤᠨ᠎ᠠ᠃ | ᠶᠡᠷᠤᠩᠭᠡᠢ ᠪᠡᠯᠡ ᠤᠷᠤᠭᠤᠯᠤᠯᠳᠠ 177 ᠳ᠋ᠦᠡᠭᠰᠢᠭᠤᠷ ᠲᠦᠬᠦᠷᠢᠭ ᠤᠨ ᠱᠧᠨ ᠡᠤ ᠠᠼᠧᠲ᠋ᠢᠯᠧᠨ ᠭᠢᠮᠡᠢ ᠶᠢᠨ | ᠠᠵᠤ ᠤᠢᠢᠯᠡᠳᠪᠤᠷᠢ ᠶᠢᠨ ᠲᠦᠷᠤᠯ ᠵᠦᠢᠯ ᠡᠭᠢᠯᠡᠨ ᠪᠠᠶᠢᠭᠤᠯᠵᠤ᠂ ᠱᠧᠨ ᠬᠤᠧᠠ ᠡᠳ᠋ᠨ ᠬᠤᠶᠠᠷᠴᠢ ᠠᠯᠺᠤᠯ᠂ ᠫᠢᠩ | ᠮᠧᠢ ᠶᠢᠨ ᠭᠢᠮᠢ ᠶᠢᠨ ᠤᠢᠢᠯᠡᠳᠪᠤᠷᠢ ᠵᠡᠷᠭᠡ 11 ᠲᠦᠷᠤᠯ ᠵᠦᠢᠯ ᠤᠨ ᠭᠡᠯᠭᠢᠶᠡᠵᠢᠯ ᠢ ᠤᠷᠳᠤᠳᠬᠠᠨ ᠲᠦᠬᠦᠷᠵᠢᠬᠦᠯᠵᠤ | ᠂ ᠤᠷᠤᠨ ᠨᠤᠳᠤᠭ ᠤᠨ ᠨᠡᠬᠦᠷᠡᠰᠤ ᠤᠨᠳᠤᠤᠰᠢᠭᠤᠯᠬᠤ ᠴᠢᠳᠠᠪᠭᠢ 1200 ᠲᠦᠮᠡᠨ ᠲᠤᠨ ᠳᠤ ᠬᠦᠷᠭᠡᠬᠦ ᠪᠤᠯᠤᠨ᠎ᠠ᠃ | | ᠶᠡᠷᠤᠩᠭᠡᠢ ᠪᠡᠯᠡ ᠤᠷᠤᠭᠤᠯᠤᠯᠳᠠ 197 ᠳ᠋ᠦᠡᠭᠰᠢᠭᠤᠷ ᠲᠦᠬᠦᠷᠢᠭ ᠤᠨ 280 ᠲᠦᠮᠡᠨ ᠲᠤᠨ ᠤ ᠬᠤᠪᠤᠷ | ᠰᠢᠷᠤᠢ ᠶᠢᠨ ᠵᠢᠪᠡᠷᠡᠬᠦ ᠦᠭᠡᠢ ᠪᠤᠯᠤᠤᠨ ᠤᠨ ᠲᠦᠷᠤᠯ ᠵᠦᠢᠯ ᠤᠨ ᠠᠭᠢᠴᠠ ᠤᠷᠤᠬᠰᠢᠳᠠᠢ ᠪᠠᠶᠢᠵᠤ᠂ ᠮᠢᠩ ᠲᠦᠸᠧ | ᠪᠦᠯᠦᠭᠯᠡᠯ ᠤᠨ ᠤᠯᠤᠰ ᠰᠤᠨᠳᠠᠯᠠᠬᠰᠠᠨ ᠨᠠᠶᠢᠯᠡᠬᠦᠯᠤᠨ ᠬᠤᠳᠠᠯᠳᠤᠨ ᠤᠷᠤᠭᠤᠯᠤᠬᠰᠠᠨ ᠲᠦᠷᠤᠯ ᠵᠦᠢᠯ 9 ᠰᠠᠷ᠎ᠠ ᠳᠤ | ᠲᠠᠭᠤᠰᠴᠤ᠂ ᠪᠦᠬᠦ ᠪᠦᠮᠪᠤᠷᠴᠡᠭ ᠤᠨ ᠬᠠᠮᠤᠭ ᠤᠨ ᠲᠤᠮᠤ ᠾᠷᠤᠮᠳᠤ ᠲᠡᠮᠤᠷ ᠤᠨ ᠤᠢᠢᠯᠡᠳᠪᠤᠷᠢᠯᠡᠯ ᠤᠨ ᠠᠵᠤ | ᠠᠬᠤᠢᠢᠯᠡᠯ ᠢ ᠪᠠᠶᠢᠭᠤᠯᠵᠤ᠂ ᠤᠯᠤᠰ ᠤᠨ ᠾᠷᠤᠮᠳᠤ ᠲᠡᠮᠤᠷ ᠤᠨ ᠪᠠᠶᠢᠯᠳᠤᠬᠤ ᠪᠤᠳᠤᠯᠭ᠎ᠠ ᠶᠢᠨ ᠡᠳ᠋ ᠪᠠᠶᠠᠯᠢᠬ ᠤᠨ | ᠠᠮᠤᠷ ᠲᠦᠪᠰᠢᠨ ᠢ ᠪᠠᠳᠤᠯᠠᠵᠤ᠂ ᠬᠤᠪᠤᠷ ᠰᠢᠷᠤᠢ ᠶᠢᠨ ᠠᠵᠤ ᠤᠢᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ | ᠲᠡᠪᠰᠢᠬᠦᠯᠬᠦ ᠶᠢ ᠠᠭᠢᠭᠤᠯᠵᠤ᠂ ︽ᠨᠡᠬᠦᠷᠡᠰᠤ ᠮᠠᠯᠳᠠᠵᠤ ᠨᠡᠬᠦᠷᠡᠰᠤ ᠬᠤᠳᠠᠯᠳᠤᠬᠤ︾ ︽ᠰᠢᠷᠤᠢ ᠮᠠᠯᠳᠠᠵᠤ ᠰᠢᠷᠤᠢ | ᠬᠤᠳᠠᠯᠳᠤᠬᠤ︾ ᠪᠤᠳᠠᠳᠠᠢ ᠦᠷ᠎ᠠ ᠠᠰᠢᠬ ᠬᠦᠷᠳᠡᠬᠦ ᠶᠢ ᠰᠢᠢᠳᠪᠤᠷᠢᠯᠡᠵᠤ ᠴᠢᠳᠠᠬᠰᠠᠨ ᠪᠠᠶᠢᠨ᠎ᠠ᠃ | ᠬᠤᠶᠠᠷ᠂ ᠠᠵᠠ ᠵᠠᠪᠰᠢᠶᠠᠨ ᠢ ᠡᠵᠡᠮᠳᠠᠵᠤ᠂ ᠪᠦᠬᠦ ᠬᠦᠴᠤᠨ ᠢᠶᠠᠷ ᠢᠶᠠᠨ ᠦᠨᠳᠤᠷ ᠴᠢᠨᠠᠷ ᠴᠢᠨᠰᠠᠭ᠎ᠠ ᠲᠠᠢ | ᠶᠡᠭᠡ ᠬᠤᠳᠠ ᠶᠢᠨ ᠰᠢᠨ᠎ᠠ ᠲᠤᠭᠤᠷᠢᠬ ᠢ ᠪᠠᠶᠢᠭᠤᠯᠤᠨ᠎ᠠ᠃ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠶᠡᠭᠡ ᠬᠤᠳᠠ ᠶᠢᠨ ᠰᠢᠨ᠎ᠠ | ᠲᠤᠭᠤᠷᠢᠬ ᠢ ᠲᠦᠷᠭᠡᠳᠭᠡᠨ ᠪᠠᠶᠢᠭᠤᠯᠬᠤ ᠴᠢᠬᠤᠯᠠ ᠶᠡᠭᠡ ᠪᠠᠶᠢᠷᠢᠯᠠᠭᠤᠯᠤᠯᠳᠠ ᠶᠢᠨ ᠶᠤᠰᠤᠭᠠᠷ᠂ ᠲᠡᠭᠡᠳᠤ ᠲᠡᠰ ᠤᠨ | ᠪᠠᠶᠢᠷᠢ ᠲᠤᠬᠳᠠᠭᠠᠯᠳᠠ ᠭᠢᠵᠤ᠂ ᠠᠵᠢᠯᠯᠠᠬᠤ ᠪᠠᠷ ᠤᠷᠢᠳᠡᠯ ᠪᠤᠯᠭᠠᠵᠤ᠂ ᠰᠢᠨ᠎ᠠ ᠨᠢᠭᠡᠨ ᠡᠭᠡᠯᠵᠢ ᠶᠢᠨ ᠪᠦᠳᠦᠭᠡᠨ | ᠪᠠᠶᠢᠭᠤᠯᠤᠯᠳᠠ ᠶᠢᠨ ᠬᠠᠯᠠᠭᠤᠨ ᠦᠷᠨᠢᠯᠳᠡ ᠭᠠᠷᠭᠠᠨ᠎ᠠ᠃ ᠦᠨᠳᠤᠷ ᠲᠦᠪᠰᠢᠨ ᠢᠶᠠᠷ ᠬᠤᠳᠠ ᠶᠢᠨ ᠶᠠᠪᠤᠳᠠᠯ ᠤᠨ | ᠰᠠᠭᠤᠷᠢ ᠲᠦᠬᠦᠭᠡᠷᠤᠮᠵᠢ ᠶᠢᠨ ᠢᠵᠢ ᠲᠦᠬᠦᠷᠵᠢᠬᠦᠯᠬᠦ ᠠᠵᠢᠯ ᠢ ᠠᠳᠬᠤᠵᠤ᠂ ᠭᠤᠤᠯᠳᠠᠯᠭ᠎ᠠ ᠲᠠᠢ ᠭᠠᠵᠠᠷ ᠲᠤᠤᠷᠠᠭᠢ | ᠶᠡᠷᠤᠩᠭᠡᠢ ᠬᠤᠭᠤᠯᠠᠢ ᠶᠢᠨ ᠬᠤᠨᠭ᠍ᠭᠢᠯ ︽ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ︾᠂ ᠪᠤᠭᠤᠳᠤ ᠶᠢᠨ ᠭᠠᠵᠠᠷ | ᠲᠤᠤᠷᠠᠭᠢ ᠲᠠᠮᠤᠷ ᠵᠠᠮ ᠤᠨ ᠡᠵᠡᠮᠳᠡᠯ ᠤᠨ ᠲᠦᠪ ᠵᠢᠴᠢ ᠵᠠᠭᠤ ᠰᠢᠬᠠᠮ ᠺᠢᠯᠦᠮᠧᠳ᠋ᠷ ᠤᠨ ᠬᠤᠳᠠ ᠶᠢᠨ ᠶᠠᠪᠤᠳᠠᠯ ᠤᠨ | ᠵᠠᠮ ᠱᠤᠭᠤᠮ ᠤᠨ ᠬᠠᠮᠢᠶᠠᠷᠤᠯᠳᠠ ᠶᠢᠨ ᠲᠤᠤᠷ ᠵᠡᠷᠭᠡ ᠨᠢᠭᠡ ᠪᠦᠯᠦᠭ ︽ᠲᠤᠯᠤᠭᠠᠨ ᠲᠤᠤᠷ︾ ᠤᠨ ᠲᠦᠷᠤᠯ | ᠵᠦᠢᠯ ᠢ ᠭᠤᠤᠯᠳᠠᠯᠭ᠎ᠠ ᠲᠠᠢ ᠠᠳᠬᠤᠵᠤ᠂ ᠪᠦᠬᠦ ᠲᠠᠯ᠎ᠠ ᠪᠠᠷ ᠶᠡᠷᠤᠩᠭᠡᠢ ᠲᠠᠭᠠᠭᠠᠴᠠ ᠶᠢᠨ ᠴᠢᠳᠠᠪᠭᠢ ᠶᠢ | ᠨᠡᠮᠡᠭᠳᠡᠬᠦᠯᠤᠨ᠎ᠠ᠃ ᠦᠨᠳᠤᠷ ᠪᠠᠷᠢᠮᠵᠢᠶᠠᠳᠤ ᠬᠠᠮᠳᠤ ᠨᠠᠶᠢᠳᠠ ᠶᠢᠨ ᠰᠢᠯᠢᠳᠡᠭ ᠤᠢᠢᠯᠡᠴᠢᠯᠡᠭᠡᠨ ᠬᠠᠨᠭ᠍ᠭᠠᠵᠤ᠂ | ᠪᠤᠭᠤᠳᠤ ᠶᠢᠨ ᠤᠯᠠᠨ ᠤᠯᠤᠰ ᠤᠨ ᠡᠮᠨᠡᠯᠭᠡ ᠶᠢᠨ ᠬᠤᠷᠢᠶ᠎ᠠ᠂ ᠪᠤᠭᠤᠳᠤ ᠶᠢᠨ ᠮᠤᠽᠧᠢ᠂ ᠪᠤᠭᠤᠳᠤ ᠶᠢᠨ ᠰᠤᠶᠤᠯ | ᠤᠷᠠᠯᠢᠬ ᠤᠨ ᠲᠦᠪ ᠵᠡᠷᠭᠡ ᠨᠢᠭᠡ ᠪᠦᠯᠦᠭ ᠲᠦᠷᠤᠯ ᠵᠦᠢᠯ ᠢ ᠶᠡᠭᠡᠪᠡᠷ ᠠᠭᠢᠭᠤᠯᠵᠤ᠂ ᠤᠯᠤᠰ ᠤᠨ ᠲᠤᠳᠤᠭᠠᠳᠤ ᠶᠢᠨ | ᠲᠡᠷᠢᠬᠦᠨ ᠲᠡᠰ ᠤᠨ ᠤᠯᠠᠨ ᠨᠠᠶᠢᠳᠠ ᠶᠢᠨ ᠤᠢᠢᠯᠡᠴᠢᠯᠡᠭᠡᠨ ᠤ ᠰᠢᠰᠲ᠋ᠧᠮ ᠢ ᠡᠭᠢᠯᠡᠨ ᠪᠠᠶᠢᠭᠤᠯᠤᠨ᠎ᠠ᠃ | ᠬᠤᠳᠠᠯᠳᠤᠭ᠎ᠠ ᠶᠢᠨ ᠨᠡᠭᠡᠭᠡᠯᠳᠡ ᠭᠢᠬᠦ ᠶᠢ ᠲᠡᠭᠡᠳᠤ ᠬᠦᠴᠤᠯᠠᠴᠠ ᠪᠠᠷ ᠲᠦᠯᠭᠢᠨ ᠠᠭᠢᠭᠤᠯᠵᠤ᠂ ᠹᠦ᠋ ᠯᠢ ᠬᠤᠳᠠ | ᠂ ᠯᠢᠤᠢ ᠳ᠋ᠢ ᠲᠦᠪ᠂ ᠾᠧᠩ ᠳ᠋ᠠ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠤᠯᠤᠰ ᠤᠨ ᠲᠤᠳᠤᠭᠠᠳᠤ ᠶᠢᠨ | ᠲᠡᠷᠢᠬᠦᠨ ᠲᠠᠰ ᠤᠨ ᠲᠡᠯᠭᠡᠬᠦᠷ ᠬᠤᠳᠠᠯᠳᠤᠭ᠎ᠠ ᠤ ᠲᠦᠷᠤᠯ ᠵᠦᠢᠯ ᠢ ᠲᠦᠷᠭᠡᠳᠭᠡᠨ ᠭᠡᠷᠡᠭᠵᠢᠬᠦᠯᠵᠤ᠂ ᠵᠢᠶᠦ᠋ᠨ ᠶᠦᠸᠧ | ᠪᠤᠯᠤᠨ ᠪᠦᠸᠧ ᠡᠯ ᠮᠠᠨ ᠬᠤᠶᠠᠷ ᠲᠤᠮᠤ ᠲᠠᠪᠤᠨ ᠤᠳᠤᠨ ᠲᠡᠰ ᠤᠨ ᠪᠠᠭᠤᠳᠠᠯ ᠤᠨ ᠲᠦᠷᠦᠯ ᠵᠦᠢᠯ ᠢ ᠤᠷᠤᠭᠤᠯᠵᠤ᠂ | ᠪᠠᠷᠠᠭ᠎ᠠ ᠬᠤᠳᠠᠯᠳᠤᠨ ᠠᠪᠬᠤ᠂ ᠴᠤᠬᠯᠠᠷᠠᠨ ᠨᠠᠶᠢᠷᠠᠯᠳᠤᠬᠤ᠂ ᠢᠳᠡᠭᠡᠨ ᠤᠮᠳᠠᠭᠠᠨ ᠵᠡᠷᠭᠡ ᠬᠠᠮ ᠴᠢᠳᠠᠪᠭᠢ ᠶᠢᠨ | ᠱᠠᠭᠠᠷᠳᠠᠯᠭ᠎ᠠ ᠶᠢ ᠬᠠᠨᠭ᠍ᠭᠠᠬᠤ ᠨᠠᠶᠢᠯᠠᠮᠠᠯ ᠴᠢᠨᠠᠷ ᠲᠠᠢ ᠲᠦᠷᠤᠯ ᠵᠦᠢᠯ ᠤᠨ ᠭᠡᠷ᠎ᠠ ᠳᠤ ᠭᠠᠷ ᠤᠨ ᠦᠰᠦᠭ ᠵᠢᠷᠤᠵᠤ᠂ ︽ | ᠬᠦᠨᠳᠡᠯᠡᠨ ᠭᠤᠯᠳᠤ ᠵᠡᠭᠡᠯᠢ︾ ᠤᠨ ᠨᠦᠯᠦᠭᠡᠯᠡᠯ ᠤᠨ ᠬᠦᠴᠤᠨ᠂ ᠨᠡᠷᠡᠳᠤ ᠲᠠᠮᠳᠡᠭ ᠤᠨ ᠬᠦᠴᠤᠨ ᠢ ᠲᠠᠰᠤᠷᠠᠯᠳᠠ | ᠦᠭᠡᠢ ᠦᠷᠭᠡᠳᠭᠡᠵᠤ᠂ ᠸᠠᠨ ᠳ᠋ᠠ ᠲᠠᠯᠠᠪᠠᠢ 10 ᠰᠠᠷ᠎ᠠ ᠳᠤ ᠵᠢᠩᠭᠢᠨᠢ ᠪᠠᠷ ᠨᠡᠭᠡᠭᠡᠯᠳᠡ ᠭᠢᠵᠤ᠂ ᠨᠢᠭᠡᠨ ᠰᠢᠰᠲ᠋ᠧᠮᠳᠤ | ᠪᠠᠶᠢᠭᠤᠯᠤᠯᠳᠠ ᠪᠤᠯᠤᠨ ᠬᠦᠭᠵᠢᠯᠳᠡ ᠪᠠᠷ ᠲᠠᠮᠵᠢᠭᠤᠯᠵᠤ᠂ ᠬᠤᠳᠠ ᠶᠢᠨ ᠴᠢᠳᠠᠪᠭᠢ ᠶᠢ ᠲᠡᠬᠦᠯᠳᠡᠷᠵᠢᠬᠦᠯᠵᠤ᠂ | ᠬᠤᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠵᠡᠬᠦᠨᠰᠢ ᠪᠠᠷᠠᠭᠤᠨᠰᠢ ᠨᠡᠪᠳᠡᠷᠡᠬᠦᠯᠵᠤ᠂ ᠡᠮᠤᠨ᠎ᠠ ᠬᠤᠶᠢᠨ᠎ᠠ | ᠵᠠᠯᠭᠠᠯᠳᠤᠭᠤᠯᠤᠬᠰᠠᠨ ᠬᠤᠳᠠ ᠶᠢᠨ ᠰᠢᠨ᠎ᠠ ᠲᠦᠪ ᠢ ᠪᠠᠶᠢᠭᠤᠯᠤᠨ᠎ᠠ᠃ | ᠭᠤᠷᠪᠠ᠂ ᠨᠡᠭᠡᠭᠡᠯᠳᠡ ᠭᠢᠬᠦ ᠶᠢ ᠦᠷᠭᠡᠳᠭᠡᠵᠤ᠂ ᠤᠯᠠᠨ ᠤᠯᠤᠰ ᠤᠨ ᠡᠳ᠋ ᠪᠠᠷᠠᠭ᠎ᠠ ᠶᠢᠨ ᠬᠦᠢᠯᠭᠡᠭᠡᠨ ᠤ | ᠬᠦᠷᠢᠶᠡᠯᠡᠩ ᠲᠤᠭᠤᠷᠢᠬ ᠪᠠᠶᠢᠭᠤᠯᠬᠤ ᠪᠠᠷ ᠬᠦᠴᠤᠯᠠᠨ ᠴᠢᠷᠮᠠᠶᠢᠨ᠎ᠠ᠃ | ᠶᠡᠷᠦᠩᠭᠡᠢ ᠱᠦᠵᠢ ᠶᠢᠨ ︽ᠮᠠᠨ ᠤ ᠤᠯᠤᠰ ᠤᠨ ᠤᠮᠠᠷᠠᠰᠢ ᠨᠡᠭᠡᠭᠡᠯᠳᠡ ᠭᠢᠬᠦ ᠴᠢᠬᠤᠯᠠ ᠬᠦᠬᠦᠷᠭᠡ | ᠬᠤᠯᠪᠤᠭᠠᠰᠤ ᠪᠤᠯᠭᠠᠨ ᠪᠦᠳᠦᠭᠡᠨ ᠪᠠᠶᠢᠭᠤᠯᠬᠤ ᠭᠡᠷᠡᠭᠳᠡᠢ︾ ᠭᠡᠬᠦ ᠵᠢᠭᠠᠪᠤᠷᠢ ᠶᠢᠨ ᠱᠠᠭᠠᠷᠳᠠᠯᠭ᠎ᠠ ᠪᠠᠷ᠂ ᠪᠦᠬᠦ | ᠪᠦᠮᠪᠦᠷᠴᠡᠭ ᠤᠨ ᠬᠠᠷᠠᠭᠠᠰᠤ᠂ ᠪᠠᠶᠢᠯᠳᠤᠬᠤ ᠪᠤᠳᠤᠯᠭ᠎ᠠ ᠶᠢᠨ ᠬᠠᠷᠠᠴᠠ ᠪᠤᠯᠤᠨ ᠶᠡᠭᠡ ᠲᠠᠯ᠎ᠠ ᠶᠢᠨ ᠤᠬᠠᠮᠰᠠᠷ ᠢ ᠪᠤᠢ | ᠪᠤᠯᠭᠠᠵᠤ᠂ ᠤᠷᠤᠨ ᠲᠤᠭᠤᠷᠢᠬ᠂ ᠵᠠᠮ ᠬᠠᠷᠢᠯᠴᠠᠭ᠎ᠠ᠂ ᠠᠵᠤ ᠤᠢᠢᠯᠡᠰ ᠤᠨ ᠲᠠᠪᠠᠭᠤᠯᠢᠬ ᠢᠶᠠᠨ ᠬᠦᠢᠴᠡᠳ | ᠪᠠᠳᠠᠷᠠᠭᠤᠯᠵᠤ᠂ ᠵᠢᠤ ᠶᠤᠧᠠᠨ ᠵᠠᠰᠠᠮᠠᠯ ᠵᠠᠮ ᠲᠡᠮᠤᠷ ᠵᠠᠮ ᠪᠤᠯᠤᠨ ᠲᠡᠮᠤᠷ ᠵᠠᠮ ᠲᠠᠯᠠᠢ ᠶᠢᠨ ᠭᠠᠷᠠᠮ ᠤᠨ | ᠬᠤᠭᠤᠷᠤᠨᠳᠤᠭᠢ ᠤᠯᠠᠨ ᠤᠯᠤᠰ ᠤᠨ ᠡᠳ᠋ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠢ ᠪᠠᠶᠢᠭᠤᠯᠵᠤ᠂ B | ᠭᠡᠯᠪᠡᠷᠢ ᠶᠢᠨ ᠭᠠᠶᠢᠯᠢ ᠶᠢ ᠪᠠᠳᠤᠯᠠᠬᠤ ᠡᠳ᠋ ᠪᠠᠷᠠᠭ᠎ᠠ ᠶᠢᠨ ᠬᠦᠢᠯᠭᠡᠭᠡᠨ ᠤ ᠲᠦᠪ᠂ ᠲᠠᠯᠠᠢ ᠶᠢᠨ ᠪᠤᠭᠤᠮᠳᠠ ᠶᠢᠨ | ᠬᠤᠯᠪᠤᠭᠠᠯᠠᠨ ᠪᠠᠶᠢᠴᠠᠭᠠᠬᠤ ᠲᠦᠪ᠂ ᠤᠯᠠᠨ ᠤᠯᠤᠰ ᠤᠨ ᠮᠠᠰᠢᠨ ᠲᠡᠷᠭᠡᠨ ᠤ ᠠᠷᠠᠯᠵᠢᠶ᠎ᠠ ᠶᠢᠨ ᠬᠤᠳᠠ ᠵᠡᠷᠭᠡ ᠨᠢᠭᠡ | ᠪᠦᠯᠦᠭ ᠲᠦᠷᠤᠯ ᠵᠦᠢᠯ ᠢ ᠡᠭᠢᠯᠡᠨ ᠭᠡᠷᠡᠭᠵᠢᠬᠦᠯᠵᠤ᠂ ᠠᠵᠢᠯᠯᠠᠬᠤ ᠲᠦᠪ ᠤᠨ ᠭᠤᠤᠯ ᠴᠤᠬᠴᠠ ᠶᠢᠨ ᠤᠷᠤᠢ ᠶᠢᠨ | ᠪᠠᠷᠢᠯᠭ᠎ᠠ ᠨᠢᠭᠡᠨᠳᠡ ᠪᠢᠳᠡᠬᠦᠮᠵᠢᠯᠡᠵᠤ᠂ 1600 ᠲᠡᠭᠰᠢ ᠲᠦᠷᠪᠡᠯᠵᠢᠨ ᠮᠧᠳ᠋ᠷ ᠤᠨ ᠲᠠᠯᠠᠪᠠᠢ ᠲᠠᠢ ᠦᠵᠡᠰᠬᠦᠯᠡᠩ ᠤᠨ | ᠲᠢᠩᠭᠢᠮ ᠠᠰᠢᠬᠯᠠᠯᠳᠠ ᠳᠤ ᠤᠷᠤᠬᠰᠠᠨ ᠪᠠᠶᠢᠨ᠎ᠠ᠃ | ᠲᠤᠮᠳᠠ ᠠᠽᠢᠶ᠎ᠠ ᠶᠢᠨ ᠤᠯᠠᠨ ᠤᠯᠤᠰ ᠤᠨ ᠡᠳ᠋ ᠪᠠᠷᠠᠭ᠎ᠠ ᠲᠡᠭᠡᠭᠡᠪᠤᠷᠢᠯᠡᠬᠦ ᠵᠢᠰᠢᠶᠠᠨ ᠤ ᠭᠠᠯᠳᠤ ᠲᠡᠷᠭᠡ ᠶᠢ | ᠲᠤᠮᠳᠠᠳᠤ ᠲᠤᠷᠤᠨᠠᠳᠤ᠂ ᠲᠤᠮᠳᠠ ᠡᠧᠦ᠋ᠷᠦᠫᠠ ᠶᠢᠨ ᠤᠯᠠᠨ ᠤᠯᠤᠰ ᠤᠨ ᠵᠢᠰᠢᠶᠠᠨ ᠤ ᠭᠠᠯᠳᠤ ᠲᠡᠷᠭᠡ ᠲᠠᠢ | ᠵᠠᠯᠭᠠᠯᠳᠤᠭᠤᠯᠤᠨ ᠤᠷᠳᠤᠳᠬᠠᠵᠤ᠂ ᠪᠦᠬᠦ ᠲᠠᠯ᠎ᠠ ᠪᠠᠷ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠤᠳᠤᠯᠭ᠎ᠠ ᠲᠠᠢ ᠠᠭᠤᠰᠤᠯᠴᠠᠵᠤ᠂ 20 ᠲᠡᠭᠰᠢ ᠲᠦᠷᠪᠡᠯᠵᠢᠨ ᠺᠢᠯᠤᠮᠧᠳ᠋ᠷ ᠲᠠᠯᠠᠪᠠᠢ ᠲᠠᠢ ᠤᠯᠠᠨ ᠤᠯᠤᠰ ᠤᠨ ᠡᠳ᠋ | ᠪᠠᠷᠠᠭ᠎ᠠ ᠬᠦᠢᠯᠭᠡᠭᠡᠨ ᠤ ᠬᠦᠷᠢᠶᠡᠯᠡᠩ ᠲᠤᠭᠤᠷᠢᠬ ᠠᠩᠬ᠎ᠠ ᠲᠦᠯᠦᠪᠰᠢᠷᠡᠵᠤ᠂ ᠪᠤᠭᠤᠳᠤ ᠬᠤᠳᠠ ᠶᠢᠨ ᠤᠮᠠᠷ᠎ᠠ | ᠡᠮᠤᠨ᠎ᠠ ᠶᠢ ᠬᠤᠯᠪᠤᠵᠤ᠂ ᠵᠡᠬᠦᠨᠰᠢ ᠠᠴᠠ ᠤᠷᠤᠵᠤ ᠪᠠᠷᠠᠭᠤᠨᠰᠢ ᠭᠠᠷᠬᠤ᠂ ᠲᠤᠳᠤᠭᠠᠳᠤ ᠭᠠᠳᠠᠭᠠᠳᠤ ᠬᠤᠯᠪᠤᠭᠠᠯᠠᠵᠤ᠂ | ᠨᠠᠢᠮᠠᠨ ᠵᠦᠭ ᠠᠴᠠ ᠵᠤᠴᠢᠨ ᠤᠷᠢᠬᠤ ᠨᠡᠭᠡᠭᠡᠯᠳᠡ ᠶᠢᠨ ᠠᠬᠤᠢ ᠪᠠᠶᠢᠳᠠᠯ ᠢ ᠪᠤᠢ ᠪᠤᠯᠭᠠᠬᠤ ᠳᠤ ᠴᠢᠬᠤᠯᠠ | ᠲᠤᠯᠭᠠᠭᠤᠷᠢᠯᠠᠬᠤ ᠴᠢᠬ ᠢ ᠪᠦᠷᠢᠯᠳᠦᠬᠦᠯᠵᠤ ᠴᠢᠳᠠᠬᠰᠠᠨ ᠪᠠᠶᠢᠨ᠎ᠠ᠃ | ᠲᠦᠷᠪᠡ᠂ ᠠᠵᠤ ᠤᠢᠢᠯᠡᠰ ᠪᠤᠯᠤᠨ ᠠᠶᠢᠯ ᠲᠤᠰᠬᠤᠨ ᠢ ᠠᠭᠤᠰᠤᠯᠴᠠᠭᠤᠯᠵᠤ᠂ ᠰᠠᠭᠤᠬᠤ ᠳᠤ ᠲᠠᠭᠠᠯᠠᠮᠵᠢᠳᠠᠢ | ᠵᠤᠭᠠᠴᠠᠬᠤ ᠳᠤ ᠦᠵᠡᠮᠤᠷᠢ ᠲᠠᠢ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠢᠳᠡᠪᠭᠢᠳᠡᠢ ᠪᠠᠶᠢᠭᠤᠯᠤᠨ᠎ᠠ᠃ | ᠶᠡᠷᠤᠩᠭᠡᠢ ᠱᠦᠵᠢ ᠶᠢᠨ ︽ᠮᠠᠯᠵᠢᠬᠤ ᠲᠠᠷᠢᠶᠠᠯᠠᠬᠤ ᠤᠢᠢᠯᠡᠳᠪᠤᠷᠢᠯᠡᠯ ᠪᠤᠯᠤᠨ ᠮᠠᠯᠵᠢᠬᠤ ᠤᠷᠤᠨ ᠤ ᠠᠵᠢᠯ ᠢ | ᠬᠦᠴᠤᠯᠠᠨ ᠠᠳᠬᠤᠬᠤ ᠭᠡᠷᠡᠭᠳᠡᠢ︾ ᠭᠡᠬᠦ ᠵᠢᠭᠠᠪᠤᠷᠢ ᠶᠢᠨ ᠱᠠᠭᠠᠷᠳᠠᠯᠭ᠎ᠠ ᠪᠠᠷ᠂ ᠮᠠᠯᠵᠢᠬᠤ ᠲᠠᠷᠢᠶᠠᠯᠠᠬᠤ | ᠤᠢᠢᠯᠡᠳᠪᠤᠷᠢᠯᠡᠯ ᠤᠨ ᠬᠠᠨᠭ᠍ᠭᠠᠯᠳᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠴᠢᠯᠡᠯᠳᠡ ᠶᠢ ᠬᠦᠨᠵᠡᠭᠡᠢ | ᠠᠭᠢᠭᠤᠯᠵᠤ᠂ ᠼᠤᠤ ᠶᠤᠧᠠᠨ ᠯᠢ ᠰᠢᠨ᠂ ᠼᠤᠤ ᠶᠤᠧᠠᠨ ᠲᠢᠶᠠᠨ ᠪᠤᠤ ᠵᠡᠷᠭᠡ ᠨᠢᠭᠡ ᠪᠦᠯᠦᠭ ᠠᠵᠤ | ᠤᠢᠢᠯᠡᠰᠵᠢᠯᠳᠠ ᠶᠢᠨ ᠲᠦᠷᠦᠯ ᠵᠦᠢᠯ ᠢ ᠪᠠᠶᠢᠭᠤᠯᠵᠤ᠂ ᠮᠧᠩ ᠯᠧ ᠶᠤᠧᠠᠨ᠂ ᠰᠢᠨ ᠪᠦ᠋ ᠰᠢᠶᠠᠨ ᠲᠢᠩ ᠵᠡᠷᠭᠡ ᠨᠢᠭᠡ | ᠪᠦᠯᠦᠭ ᠲᠠᠷᠢᠶᠠᠯᠠᠩ ᠤᠨ ᠶᠡᠷᠤᠩᠭᠡᠢ ᠴᠤᠬᠴᠠ ᠶᠢᠨ ᠲᠦᠷᠦᠯ ᠵᠦᠢᠯ ᠢ ᠲᠦᠷᠭᠡᠨ ᠬᠦᠭᠵᠢᠬᠦᠯᠵᠤ᠂ ᠢᠳᠡᠰᠢᠨ | ᠨᠤᠭᠤᠭ᠎ᠠ ᠶᠢᠨ ᠲᠠᠧᠠᠷ ᠤᠨ ᠭᠠᠷᠤᠯᠳᠠ ᠪᠦᠬᠦ ᠬᠤᠳᠠ ᠶᠢᠨ ᠬᠠᠨᠭ᠍ᠭᠠᠯᠳᠠ ᠶᠢᠨ ᠭᠡᠮᠵᠢᠶ᠎ᠠ ᠶᠢᠨ 40% ᠠᠴᠠ | ᠲᠡᠭᠡᠭᠰᠢ ᠶᠢ ᠡᠵᠡᠯᠡᠵᠤ᠂ ᠮᠠᠯ ᠠᠵᠤ ᠠᠬᠤᠢ ᠶᠢᠨ ᠭᠡᠪᠴᠢᠶᠡᠵᠢᠯ ᠡᠷᠴᠢᠮᠵᠢᠬᠦᠯᠤᠯ ᠤᠨ ᠭᠢᠷᠢ ᠲᠦᠪᠰᠢᠨ 77% ᠳᠤ | ᠬᠦᠷᠴᠤ᠂ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠢᠢᠯᠠᠬᠴᠢ ᠠᠵᠤ ᠠᠬᠤᠢᠢᠯᠡᠯ ᠤᠨ ᠪᠤᠷᠤᠭᠤᠯᠤᠯᠳᠠ ᠶᠢᠨ | ᠤᠷᠤᠯᠭ᠎ᠠ 4.5 ᠳ᠋ᠦᠡᠭᠰᠢᠭᠤᠷ ᠲᠦᠬᠦᠷᠢᠭ ᠲᠤ ᠬᠦᠷᠴᠤ᠂ 1.2 ᠲᠦᠮᠡᠨ ᠲᠠᠷᠢᠶᠠᠴᠢᠨ ᠡᠷᠤᠭᠡ ᠶᠢ ᠲᠠᠶᠢᠴᠢᠯᠠᠵᠤ᠂ | ᠡᠷᠤᠭᠡ ᠪᠦᠷᠢ ᠲᠡᠭᠰᠢᠳᠭᠡᠭᠡᠳ 2100 ᠲᠦᠬᠦᠷᠢᠭ ᠤᠨ ᠨᠡᠮᠡᠭᠳᠡᠯ ᠤᠷᠤᠯᠭ᠎ᠠ ᠶᠢ ᠪᠡᠶᠡᠯᠡᠬᠦᠯᠦᠭᠰᠨ ᠪᠠᠶᠢᠨ᠎ᠠ᠃ | ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠬᠦᠴᠤᠯᠠᠨ ᠪᠠᠶᠢᠭᠤᠯᠵᠤ᠂ ᠠᠭᠠᠷᠤᠤᠳᠠᠢ ᠰᠤᠮᠤ ᠶᠢᠨ | ᠬᠦᠭᠵᠢᠯᠳᠡ ᠶᠢ ᠲᠦᠷᠭᠡᠳᠭᠡᠵᠤ ᠦᠪᠡᠷᠳᠡᠭᠡᠨ ᠵᠠᠰᠠᠬᠤ ᠤᠷᠤᠨ ᠤ ︽ᠨᠢᠭᠡᠳᠤᠭᠡᠷ ᠰᠤᠮᠤ︾ ᠪᠤᠯᠭᠠᠨ ᠪᠠᠶᠢᠭᠤᠯᠵᠤ᠂ | ᠬᠤᠳᠠ ᠬᠦᠳᠡᠭᠡ ᠶᠢᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠬᠠᠮᠳᠤᠷᠠᠨ ᠬᠠᠤᠯᠢ ᠭᠡᠷᠡᠭᠵᠢᠬᠦᠯᠬᠦ᠂ ᠰᠠᠭᠤᠷᠢ | ᠲᠦᠬᠦᠭᠡᠷᠤᠮᠵᠢ ᠶᠢᠨ ᠬᠠᠮᠠᠭᠠᠯᠠᠯᠳᠠ ᠶᠢᠨ ︽ᠭᠤᠷᠪᠠ ᠶᠢ ᠨᠢᠭᠡ ᠴᠤᠬᠴᠠ︾ ᠪᠤᠯᠭᠠᠬᠤ ᠲᠤᠬᠳᠠᠴᠠ ᠶᠢ ᠦᠷᠬᠦᠯᠵᠢᠯᠡᠨ | ᠲᠡᠬᠦᠯᠳᠡᠷᠵᠢᠬᠦᠯᠵᠤ᠂ ᠬᠠᠮᠳᠤ ᠨᠠᠶᠢᠳᠠ ᠶᠢᠨ ᠤᠢᠢᠯᠡᠴᠢᠯᠡᠭᠡ ᠶᠢ ᠲᠠᠰᠤᠷᠠᠯᠳᠠ ᠦᠭᠡᠢ ᠮᠠᠯᠵᠢᠬᠤ ᠲᠠᠷᠢᠶᠠᠯᠠᠬᠤ ᠤᠷᠤᠨ | ᠲᠡᠰᠢ ᠤᠷᠳᠤᠳᠬᠠᠵᠤ᠂ ᠬᠤᠳᠠ ᠶᠢᠨ ᠬᠢᠨ ᠪᠤᠯᠤᠨ ᠬᠦᠳᠡᠭᠡ ᠶᠢᠨ ᠬᠢᠨ ᠠᠳᠠᠯᠢ ᠪᠤᠯᠭᠠᠬᠤ ᠪᠠᠷ ᠴᠢᠷᠮᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠪᠠᠷᠠᠭᠤᠨ ᠭᠡᠰᠡᠭ ᠤᠨ ᠬᠠᠮᠤᠭ ᠤᠨ ᠶᠡᠭᠡ ᠪᠤᠭᠢᠷᠳᠤᠯ ᠦᠭᠡᠢ ᠢᠳᠡᠭᠡᠨ | ᠡᠳ᠋ᠰᠢᠬᠦᠯᠬᠦ ᠠᠵᠤ ᠤᠢᠢᠯᠡᠰ ᠤᠨ ᠬᠦᠷᠢᠶᠡᠯᠡᠩ ᠲᠤᠭᠤᠷᠢᠬ ᠢ ᠦᠨᠳᠤᠷ ᠡᠭᠢᠯᠡᠯᠳᠡ ᠪᠠᠷ ᠪᠠᠶᠢᠭᠤᠯᠵᠤ᠂ 20 | ᠬᠤᠳᠠᠯᠳᠤᠭᠠᠴᠢᠨ ᠪᠤᠯᠤᠨ ᠠᠵᠤ ᠠᠬᠤᠢᠢᠯᠡᠯ ᠤᠷᠤᠭᠤᠯᠤᠨ ᠠᠪᠴᠢᠷᠠᠵᠤ᠂ ᠢᠳᠡᠭᠡᠨ ᠪᠤᠯᠪᠠᠰᠤᠷᠠᠭᠤᠯᠬᠤ᠂ ᠡᠳ᠋ | ᠪᠠᠷᠠᠭ᠎ᠠ ᠲᠤᠭᠢᠷᠠᠭᠤᠯᠤᠨ ᠬᠦᠷᠭᠡᠬᠦ᠂ ᠠᠵᠤ ᠤᠢᠢᠯᠡᠰ ᠤᠨ ᠵᠤᠭᠠᠴᠠᠯ ᠵᠡᠷᠭᠡ ᠴᠢᠳᠠᠪᠭᠢ ᠶᠢ ᠨᠢᠭᠡᠨ ᠴᠤᠬᠴᠠ ᠪᠤᠯᠭᠠᠨ | ᠲᠦᠪᠯᠡᠷᠡᠬᠦᠯᠦᠭᠰᠡᠨ ᠤᠳᠤᠭᠢᠴᠢᠯᠠᠯᠳᠠ ᠶᠢᠨ ᠬᠦᠷᠢᠶᠡᠯᠡᠩ ᠲᠤᠭᠤᠷᠢᠬ ᠢ ᠪᠦᠷᠢᠯᠳᠤᠬᠦᠯᠵᠤ᠂ 230 ᠲᠦᠮᠡᠨ | ᠬᠤᠳᠠ ᠶᠢᠨ ᠰᠠᠭᠤᠭᠠᠯᠢ ᠠᠷᠠᠳ ᠤᠨ ᠰᠡᠳᠭᠢᠯ ᠰᠠᠨᠠᠭ᠎ᠠ ᠠᠮᠤᠷ ᠲᠠᠶᠢᠪᠤᠩ᠂ ᠪᠤᠭᠢᠷᠳᠤᠯ ᠦᠭᠡᠢ ᠢᠳᠡᠭᠡᠨ ᠡᠳ᠋ᠯᠡᠬᠦ ᠶᠢ | ᠪᠠᠶᠡᠯᠡᠬᠦᠯᠤᠨ᠎ᠠ᠃ | ᠲᠠᠪᠤ᠂ ᠰᠡᠳᠭᠢᠯ ᠢᠶᠠᠷ ᠢᠶᠠᠨ ᠬᠦᠴᠤᠯᠠᠵᠤ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ | ᠦᠷᠬᠦᠯᠵᠢᠯᠡᠨ ᠨᠡᠮᠡᠭᠳᠡᠬᠦᠯᠤᠨ᠎ᠠ᠃ | ᠶᠡᠷᠤᠩᠭᠡᠢ ᠱᠦᠵᠢ ᠶᠢᠨ ︽ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠦᠷᠬᠦᠯᠵᠢᠯᠡᠨ | ᠨᠡᠮᠡᠭᠳᠡᠬᠦᠯᠬᠦ ᠭᠡᠷᠡᠭᠳᠡᠢ︾ ᠭᠡᠬᠦ ᠵᠢᠭᠠᠪᠤᠷᠢ ᠶᠢᠨ ᠱᠠᠭᠠᠷᠳᠠᠯᠭ᠎ᠠ ᠪᠠᠷ᠂ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠬᠠᠭᠠᠰ ᠵᠢᠯ ᠳᠤ ᠠᠷᠠᠳ ᠤᠨ ᠠᠮᠢᠳᠤᠷᠠᠯ ᠤᠨ | ᠵᠠᠷᠤᠴᠠᠭᠤᠯᠤᠯᠳᠠ 12.6 ᠳ᠋ᠦᠡᠭᠰᠢᠭᠤᠷ ᠲᠦᠬᠦᠷᠢᠭ ᠲᠤ ᠬᠦᠷᠴᠤ᠂ ᠶᠡᠷᠦᠩᠭᠡᠢ ᠵᠠᠷᠤᠴᠠᠭᠤᠯᠤᠯᠳᠠ ᠶᠢᠨ 78% ᠶᠢ | ᠡᠵᠡᠯᠡᠵᠤ᠂ ᠦᠪ ᠦᠨᠡᠨᠬᠦ ᠪᠡᠯᠡ ᠤᠷᠤᠭᠤᠯᠤᠯᠳᠠ ᠢᠶᠠᠷ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠳᠤᠷ | ᠰᠠᠭᠢᠵᠤ ᠪᠠᠶᠢᠨ᠎ᠠ᠃ ᠵᠠᠭᠤ ᠰᠢᠬᠠᠮ ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠭᠢᠵᠤ᠂ ᠰᠠᠶᠢᠬᠠᠨᠳᠠᠯ᠎ᠠ | ᠪᠠᠷᠠᠭᠤᠨ ᠭᠡᠷᠡᠮ ᠤᠨ ᠭᠠᠳᠠᠨᠠᠭᠢ 16 ᠵᠤᠷᠪᠤᠰ ᠲᠤᠭᠤᠷᠢᠬ᠂ 200 ᠲᠦᠮᠡᠨ ᠲᠡᠭᠰᠢ ᠲᠦᠷᠪᠡᠯᠵᠢᠨ ᠮᠧᠳ᠋ᠷ ᠲᠦᠬᠦᠮ | ᠪᠦᠳᠦᠴᠡᠳᠤ ᠤᠷᠤᠨ ᠰᠠᠭᠤᠴᠠ ᠶᠢ ᠰᠢᠯᠵᠢᠬᠦᠯᠤᠨ ᠨᠡᠬᠦᠯᠭᠡᠬᠦ ᠲᠦᠷᠤᠯ ᠵᠦᠢᠯ ᠢ ᠭᠡᠷᠡᠭᠵᠢᠬᠦᠯᠵᠤ᠂ 1 ᠲᠦᠮᠡᠨ | ᠡᠷᠤᠭᠡ ᠲᠦᠬᠦᠮ ᠪᠦᠳᠦᠴᠡᠳᠤ ᠤᠷᠤᠨ ᠲᠤᠭᠤᠷᠢᠬ ᠤᠨ ᠰᠠᠭᠤᠭᠠᠯᠢ ᠠᠷᠠᠳ ︽ᠵᠤᠪᠠᠨᠢᠯᠳᠡᠢ ᠤᠷᠤᠨ ᠰᠠᠭᠤᠴᠠ︾ | ᠠᠴᠠ ︽ᠲᠠᠭᠠᠯᠠᠮᠵᠢᠳᠠᠢ ᠤᠷᠤᠨ ᠰᠠᠭᠤᠴᠠ︾ ᠳᠤ ᠰᠢᠯᠵᠢᠬᠦ ᠪᠠᠷ ᠪᠤᠯᠵᠤ᠂ ᠤᠳᠤ ᠨᠢᠭᠡᠨᠳᠡ ᠭᠡᠷ᠎ᠠ ᠳᠤ 5076 | ᠡᠷᠤᠭᠡ ᠭᠠᠷ ᠤᠨ ᠦᠰᠦᠭ ᠵᠢᠷᠤᠵᠤ᠂ 115 ᠲᠦᠮᠡᠨ ᠲᠡᠭᠰᠢ ᠲᠦᠷᠪᠡᠯᠵᠢᠨ ᠮᠧᠳ᠋ᠷ ᠪᠠᠶᠢᠵᠤ᠂ ᠡᠷᠴᠢᠮ ᠴᠢᠩᠭᠠᠷᠠᠵᠤ | ᠂ ᠠᠭᠢᠴᠡ ᠲᠦᠷᠭᠡᠳᠴᠤ᠂ ᠦᠡᠭᠭᠡᠷᠡᠭᠰᠡᠨ ᠵᠢᠯ ᠤᠨ ᠬᠢᠨ ᠠᠴᠠ ᠢᠯᠡᠳᠳᠡ ᠮᠡᠳᠡᠭᠳᠡᠮ᠎ᠠ ᠪᠠᠶᠢᠯ᠎ᠠ᠃ | ᠾᠧᠯᠰᠢᠨᠺᠢ ᠤᠯᠠᠨ ᠤᠯᠤᠰ ᠭᠡᠤᠭᠡᠤᠨ ᠤᠨ ᠴᠡᠴᠡᠷᠯᠢᠭ ᠪᠤᠯᠤᠨ ᠨᠠᠨᠵᠢᠩ ᠤᠨ ᠭᠠᠳᠠᠭᠠᠳᠤ ᠭᠡᠯᠡᠨ ᠤ | ᠰᠤᠷᠭᠠᠭᠤᠯᠢ ᠶᠢ ᠤᠷᠢᠨ ᠤᠷᠤᠭᠤᠯᠵᠤ᠂ 10 ᠰᠠᠭᠤᠷᠢ ᠲᠤᠮᠳᠠᠳᠤ ᠪᠠᠭ᠎ᠠ ᠰᠤᠷᠭᠠᠭᠤᠯᠢ᠂ ᠭᠡᠤᠭᠡᠤᠨ ᠤᠨ | ᠴᠡᠴᠡᠷᠯᠢᠭ ᠢ ᠦᠭᠡᠷᠡᠴᠢᠯᠡᠨ ᠲᠡᠰ ᠲᠡᠪᠰᠢᠬᠦᠯᠬᠦ ᠢᠨᠵᠧᠨᠧᠷᠢᠩ ᠢ ᠭᠡᠷᠡᠭᠵᠢᠬᠦᠯᠵᠤ᠂ ᠮᠤᠩᠭᠤᠯ ᠭᠢᠳᠡᠳ ᠡᠮᠨᠡᠯᠭᠡ ᠶᠢᠨ | ᠬᠤᠷᠢᠶ᠎ᠠ᠂ ᠰᠢᠤᠧᠠᠨ ᠾᠧ ᠨᠠᠰᠤᠳᠠᠨ ᠤ ᠠᠰᠠᠷᠠᠮᠵᠢ ᠶᠢᠨ ᠬᠤᠳᠠ ᠵᠡᠷᠭᠡ ᠨᠢᠭᠡ ᠪᠦᠯᠦᠭ ᠲᠦᠷᠦᠯ ᠵᠦᠢᠯ ᠢ | ᠭᠡᠷᠡᠭᠵᠢᠬᠦᠯᠵᠤ᠂ ᠵᠢᠤ ᠶᠤᠧᠠᠨ ᠲᠤᠭᠤᠷᠢᠬ ᠤᠨ ᠤᠯᠠᠨ ᠲᠦᠮᠡᠨ ᠡᠷᠤᠭᠡ ᠭᠡᠷ ᠤᠨ ᠢᠶᠠᠨ ᠡᠬᠦᠳᠡᠨ ᠳᠤ ᠲᠡᠷᠢᠬᠦᠨ | ᠲᠡᠰ ᠤᠨ ᠰᠤᠷᠭᠠᠨ ᠬᠦᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠢᠢᠯᠡᠴᠢᠯᠡᠭᠡᠨ ᠢ ᠡᠳ᠋ᠯᠡᠬᠦ | ᠪᠤᠯᠤᠨ᠎ᠠ᠃ 20 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠭᠢᠵᠤ 10 ᠵᠤᠷᠪᠤᠰ ︽ᠲᠠᠰᠤᠷᠬᠠᠢ ᠵᠠᠮ︾ | ᠶᠢ ᠨᠡᠪᠳᠡᠷᠡᠬᠦᠯᠬᠦ᠂ 19 ᠵᠤᠷᠪᠤᠰ ᠪᠢᠳᠡᠬᠦᠤ ᠵᠡᠭᠡᠯᠢ ᠶᠢᠨ ᠵᠢᠵᠢᠭ ᠭᠤᠳᠤᠮᠵᠢ ᠶᠢ ᠲᠢᠭᠯᠡᠨ ᠵᠠᠰᠠᠬᠤ᠂ 42.5 | ᠲᠦᠮᠡᠨ ᠲᠡᠭᠰᠢ ᠲᠦᠷᠪᠡᠯᠵᠢᠨ ᠮᠧᠳ᠋ᠷ ᠬᠠᠭᠤᠴᠢᠨ ᠪᠠᠭ᠎ᠠ ᠲᠤᠭᠤᠷᠢᠬ ᠢ ᠦᠭᠡᠷᠡᠴᠢᠯᠡᠬᠦ ᠵᠡᠷᠭᠡ ᠨᠢᠭᠡ ᠪᠦᠯᠦᠭ ᠤᠯᠠᠨ | ᠲᠦᠮᠡᠨ ᠳᠤ ᠬᠠᠷᠠᠭᠠᠯᠵᠠᠯᠠᠯ ᠦᠵᠡᠬᠦᠯᠬᠦ ᠪᠠᠷᠢᠯᠭ᠎ᠠ ᠶᠢ ᠡᠭᠢᠯᠡᠬᠦᠯᠵᠤ᠂ ᠤᠯᠠᠨ ᠲᠦᠮᠡᠨ ᠤ ᠶᠠᠪᠤᠵᠤ ᠰᠠᠭᠤᠬᠤ ᠳᠤ | ᠲᠦᠬᠦᠮ ᠦᠵᠡᠬᠦᠯᠬᠦ᠂ ᠤᠷᠤᠰᠢᠨ ᠰᠠᠭᠤᠬᠤ ᠳᠤ ᠲᠠᠭᠠᠯᠠᠮᠵᠢᠳᠠᠢ᠂ ᠰᠠᠨᠠᠭ᠎ᠠ ᠰᠡᠳᠭᠢᠯ ᠬᠠᠨᠤᠮᠵᠢᠳᠠᠢ᠂ ᠰᠡᠳᠭᠢᠯ | ᠲᠡᠨᠢᠬᠦᠨ ᠠᠮᠢᠳᠤᠷᠠᠯ ᠡᠳ᠋ᠯᠡᠬᠦ ᠶᠢ ᠪᠠᠳᠤᠯᠠᠬᠤ ᠪᠠᠷ ᠴᠢᠷᠮᠠᠶᠢᠵᠤ ᠪᠠᠶᠢᠨ᠎ᠠ᠃ | ᠵᠢᠷᠭᠤᠭ᠎ᠠ᠂ ᠬᠤᠷᠢᠭ᠎ᠠ ᠱᠤᠭᠤᠮ ᠢ ᠰᠠᠭᠢᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠠᠬᠠᠪᠴᠢ ᠶᠢ ᠡᠷᠡᠰ | ᠪᠠᠭᠢᠯᠡᠨᠠ᠃ | ᠶᠡᠷᠤᠩᠭᠡᠢ ᠱᠦᠵᠢ ᠶᠢᠨ ︽ᠮᠠᠨ ᠤ ᠤᠯᠤᠰ ᠤᠨ ᠤᠮᠠᠷᠠᠳᠤ ᠶᠢᠨ ᠭᠤᠤᠯᠳᠠᠯᠭ᠎ᠠ ᠲᠠᠢ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠭᠡᠷᠡᠭᠳᠢ︾ ᠭᠡᠬᠦ ᠵᠢᠭᠠᠪᠤᠷᠢ ᠶᠢᠨ ᠱᠠᠭᠠᠷᠳᠠᠯᠭ᠎ᠠ ᠶᠢ ᠬᠦᠨᠵᠡᠭᠡᠢ | ᠨᠠᠶᠢᠳᠠᠪᠤᠷᠢᠵᠢᠭᠤᠯᠵᠤ᠂ ᠦᠪᠡᠷ ᠤᠨ ᠨᠢᠳᠤ ᠪᠠᠨ ᠬᠠᠮᠠᠭᠠᠯᠠᠬᠤ ᠮᠡᠳᠤ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠵᠤ᠂ ᠦᠪᠡᠷ ᠤᠨ ᠠᠮᠢ ᠨᠠᠰᠤ ᠪᠠᠨ ᠬᠠᠶᠢᠷᠠᠯᠠᠬᠤ ᠠᠳᠠᠯᠢ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠰᠠᠭᠢᠬᠤ ᠪᠤᠯᠤᠨ᠎ᠠ᠃ | ᠲᠠᠯᠠᠨ ᠬᠠᠷ᠎ᠠ ᠠᠭᠤᠯᠠ ᠶᠢᠨ ᠡᠮᠤᠨ᠎ᠠ ᠬᠦᠳᠤᠯ ᠢ ᠶᠡᠷᠤᠩᠭᠡᠶᠢᠯᠡᠨ ᠵᠠᠰᠠᠬᠤ ᠶᠢ ᠰᠠᠶᠢᠳᠤᠷ ᠠᠳᠬᠤᠵᠤ᠂ | ᠲᠦᠮᠡᠨ ᠮᠦ ᠠᠮᠢ ᠠᠬᠤᠢ ᠶᠢᠨ ᠤᠢ ᠪᠤᠯᠤᠨ ᠲᠦᠮᠡᠨ ᠮᠦ ᠠᠵᠤ ᠠᠬᠤᠢ ᠶᠢᠨ ᠤᠢ ᠶᠢᠨ ᠲᠦᠷᠦᠯ ᠵᠦᠢᠯ ᠢᠶᠠᠷ | ᠲᠦᠯᠦᠭᠡᠯᠡᠬᠦᠯᠦᠭᠰᠡᠨ ᠠᠮᠢ ᠠᠬᠤᠢ ᠶᠢᠨ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠡᠷᠡᠭᠵᠢᠬᠦᠯᠵᠤ᠂ ᠤᠮᠠᠷᠠᠰᠢ | ᠭᠠᠷᠬᠤ ᠡᠬᠦᠳᠡ ᠶᠢᠨ ᠤᠷᠴᠢᠨ ᠲᠤᠭᠤᠷᠢᠨ ᠢ ᠦᠭᠡᠷᠡᠴᠢᠯᠡᠬᠦ᠂ ᠵᠡᠭᠡᠯᠢ ᠭᠤᠳᠤᠮᠵᠢ ᠶᠢᠨ ᠨᠤᠭᠤᠭᠠᠷᠠᠭᠤᠯᠤᠯᠳᠠ ᠵᠡᠷᠭᠡ | ᠲᠦᠷᠤᠯ ᠵᠦᠢᠯ ᠢ ᠦᠷᠬᠦᠯᠵᠢᠯᠡᠨ ᠠᠭᠢᠭᠤᠯᠵᠤ᠂ ᠰᠢᠨ᠎ᠠ ᠪᠠᠷ 160 ᠲᠦᠮᠡᠨ ᠮᠦ ᠶᠢᠨ ᠨᠤᠭᠤᠭᠠᠷᠠᠭᠤᠯᠤᠯᠳᠠ ᠶᠢᠨ | ᠲᠠᠯᠠᠪᠠᠢ ᠨᠠᠮᠡᠭᠳᠡᠬᠦᠯᠤᠨᠠ᠃ ᠶᠡᠷᠤᠩᠭᠡᠢ ᠪᠡᠯᠡ ᠤᠷᠤᠭᠤᠯᠤᠯᠳᠠ 28 ᠳ᠋ᠦᠡᠭᠰᠢᠭᠤᠷ ᠲᠦᠬᠦᠷᠢᠭ ᠤᠨ ᠪᠡᠯᠡ | ᠤᠷᠤᠭᠤᠯᠵᠤ ︽ᠬᠦᠭᠡ ᠤᠬᠳᠠᠷᠭᠤᠢ︾ ︽ᠨᠤᠮᠢᠨ ᠤᠰᠤ︾ ︽ᠰᠢᠮᠡᠯᠢᠭ ᠭᠠᠵᠠᠷ︾ ᠭᠤᠷᠪᠠᠨ ᠲᠤᠮᠤ | ᠢᠨᠵᠧᠨᠧᠷᠢᠩ ᠢ ᠭᠡᠷᠡᠭᠵᠢᠬᠦᠯᠵᠤ᠂ ᠠᠭᠠᠷ ᠮᠠᠨᠳᠠᠯ᠂ ᠤᠰᠤ᠂ ᠬᠦᠷᠤᠰᠤ ᠰᠢᠷᠤᠢ ᠶᠢᠨ ᠪᠤᠭᠢᠷᠳᠤᠯ ᠠᠰᠠᠭᠤᠳᠠᠯ ᠢ | ᠬᠦᠴᠤᠯᠠᠨ ᠰᠢᠢᠳᠪᠤᠷᠢᠯᠠᠨ᠎ᠠ᠃ ᠤᠨᠴᠠᠭᠠᠢᠢᠯᠠᠨ ᠬᠠᠷᠠᠯᠳᠠ ᠪᠠᠨ ᠠᠩᠬᠠᠷᠴᠤ᠂ ᠠᠭᠢᠴᠠ ᠶᠢ ᠲᠦᠷᠭᠡᠳᠭᠡᠵᠤ᠂ ᠦᠨᠳᠤᠷ | ᠴᠢᠨᠠᠷ ᠴᠢᠨᠰᠠᠭᠠᠳᠤ ᠴᠠᠭ ᠬᠤᠭᠤᠴᠠᠭᠠᠨ ᠳᠠᠭᠠᠨ ᠡᠯ ᠲᠤᠤ ᠱᠠ ᠭᠤᠤᠯ᠂ ᠰᠧ ᠲᠤᠤ ᠱᠠ ᠭᠤᠤᠯ ᠤᠨ ᠬᠤᠳᠠ | ᠪᠠᠯᠭᠠᠰᠤᠨ ᠤ ᠤᠰᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠪᠠᠳᠤᠯᠠᠵᠤ᠂ ᠰᠢᠨ᠎ᠠ ᠪᠠᠷ ᠨᠤᠮᠢᠨ | ᠤᠰᠤ ᠲᠠᠢ᠂ ᠨᠤᠭᠤᠭᠠᠨ ᠦᠡᠭᠭᠡ ᠲᠠᠢ᠂ ᠦᠩᠭᠡ ᠦᠵᠡᠮᠵᠢ ᠲᠠᠢ ᠪᠠᠶᠢᠬᠤ ᠶᠢ ᠪᠡᠶᠡᠯᠡᠬᠦᠯᠤᠨ᠎ᠠ᠃ ᠠᠮᠢ ᠠᠬᠤᠢ ᠶᠢᠨ | ᠤᠯᠠᠨ ᠶᠠᠩᠵᠤᠳᠤ ᠡᠭᠢ ᠪᠠᠶᠠᠯᠢᠬ ᠲᠦᠪᠯᠡᠷᠡᠭᠰᠡᠨ ᠭᠠᠵᠠᠷ ᠢ ᠲᠦᠰᠢᠭᠯᠡᠵᠤ᠂ ᠰᠢᠶᠤᠤ ᠪᠠᠢ ᠡᠾᠧ ᠪᠠᠶᠠᠰᠤᠯ ᠤᠨ | ᠤᠷᠳᠤᠨ᠂ ᠮᠡᠷᠭᠡᠨ ᠦᠵᠡᠮᠤᠷᠢ ᠶᠢᠨ ᠲᠤᠭᠤᠷᠢᠬ᠂ ᠰᠠᠶᠢᠬᠠᠨᠳᠠᠯ᠎ᠠ ᠬᠤᠳᠠ ᠶᠢᠨ ᠲᠤᠮᠳᠠᠭᠢ ᠲᠠᠯ᠎ᠠ ᠨᠤᠳᠤᠭ 5A | ᠲᠡᠰ ᠤᠨ ᠦᠵᠡᠮᠵᠢ ᠶᠢᠨ ᠲᠤᠭᠤᠷᠢᠬ ᠵᠡᠷᠭᠡ ᠵᠤᠭᠠᠴᠠᠯ ᠤᠨ ᠲᠦᠷᠦᠯ ᠵᠦᠢᠯ ᠢ ᠭᠡᠷᠡᠭᠵᠢᠬᠦᠯᠤᠨ᠎ᠠ᠃ ᠴᠦᠬᠦᠷᠡᠯ ᠦᠭᠡᠢ | ᠴᠢᠷᠮᠠᠶᠢᠯᠠᠭ᠎ᠠ ᠪᠠᠷ ᠲᠠᠮᠵᠢᠵᠤ᠂ ᠲᠡᠭᠷᠢ ᠤᠯᠠᠮ ᠬᠦᠭᠡᠷᠡᠵᠤ᠂ ᠤᠰᠤ ᠤᠯᠠᠮ ᠴᠡᠩᠭᠡᠷᠯᠡᠵᠤ᠂ ᠲᠠᠯ᠎ᠠ ᠤᠯᠠᠮ | ᠨᠤᠭᠤᠭᠠᠷᠠᠵᠤ᠂ ᠠᠭᠠᠷ ᠤᠯᠠᠮ ᠴᠡᠪᠡᠷᠰᠢᠵᠤ᠂ ᠠᠷᠠᠳ ᠤᠯᠠᠨ ᠤᠯᠠᠮ ᠠᠴᠠ ᠤᠯᠠᠮ ᠪᠠᠶᠠᠰᠤᠩᠭᠤᠢ ᠪᠤᠯᠤᠨ᠎ᠠ᠃ | ᠲᠤᠯᠤᠭ᠎ᠠ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠨᠠᠮ ᠢ ᠴᠢᠩᠭ᠎ᠠ ᠬᠠᠮᠢᠶᠠᠷᠬᠤ ᠨᠠᠮ ᠢ | ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠲᠦᠯᠭᠢᠨ ᠠᠭᠢᠭᠤᠯᠤᠨ᠎ᠠ᠃ | ᠶᠡᠷᠤᠩᠭᠡᠢ ᠱᠦᠵᠢ ᠶᠢᠨ ︽ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠴᠢᠭᠯᠡᠯᠳᠠ ᠶᠢ | ᠪᠠᠷᠢᠮᠳᠠᠯᠠᠵᠤ᠂ ᠨᠠᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠳᠠ ᠶᠢᠨ | ᠠᠵᠢᠯ ᠤᠨ ᠭᠢᠷᠢ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ︾ ᠭᠡᠬᠦ ᠵᠢᠭᠠᠪᠤᠷᠢ ᠶᠢᠨ ᠵᠤᠷᠢᠬ ᠰᠠᠨᠠᠭ᠎ᠠ ᠶᠢ ᠡᠷᠡᠰ | ᠲᠤᠤᠱᠯᠠᠭᠤᠯᠤᠨ ᠭᠡᠷᠡᠭᠵᠢᠬᠦᠯᠵᠤ᠂ ᠲᠦᠪ ᠤᠨ ᠲᠤᠭᠤᠷᠢᠨ ᠪᠠᠶᠢᠴᠠᠭᠠᠬᠤ ᠪᠦᠯᠬᠦᠮ ᠤᠨ ︽ᠡᠷᠭᠢᠵᠤ ᠦᠵᠡᠬᠦ︾ | ᠪᠤᠴᠠᠯᠳᠠ ᠶᠢᠨ ᠰᠠᠨᠠᠯ ᠢᠶᠠᠷ ᠴᠡᠭᠴᠡᠯᠠᠨ ᠦᠭᠡᠷᠡᠴᠢᠯᠠᠬᠦ ᠶᠢᠨ ᠲᠤᠭᠤᠷᠢᠨ ᠳᠤ᠂ ᠤᠨᠢᠨ ᠲᠡᠭᠡᠷ᠎ᠠ ᠨᠢ ᠬᠦᠴᠤᠯᠠᠵᠤ᠂ | ᠶᠡᠷᠤᠩᠭᠡᠢ ᠠᠷᠭ᠎ᠠ ᠪᠤᠳᠤᠯᠭ᠎ᠠ ᠭᠡᠷᠡᠭᠵᠢᠬᠦᠯᠵᠤ᠂ ᠠᠰᠠᠭᠤᠳᠠᠯ ᠤᠨ ᠦᠨᠳᠤᠰᠤ ᠪᠠᠷᠢᠮᠳᠠ ᠶᠢ ᠲᠤᠳᠤᠷᠬᠠᠢᠢᠯᠠᠬᠤ ᠦᠭᠡᠢ | ᠪᠤᠯ ᠲᠠᠯᠪᠢᠬᠤ ᠦᠭᠡᠢ ᠪᠠᠶᠢᠬᠤ᠂ ᠲᠦᠢᠯᠪᠤᠷᠢᠳᠠᠢ ᠰᠢᠢᠳᠪᠤᠷᠢᠯᠡᠬᠦ ᠦᠭᠡᠢ ᠪᠤᠯ ᠲᠠᠯᠪᠢᠬᠤ ᠦᠭᠡᠢ ᠪᠠᠶᠢᠬᠤ᠂ | ᠴᠡᠭᠴᠡᠯᠠᠨ ᠦᠭᠡᠷᠡᠴᠢᠯᠡᠬᠦ ᠶᠢ ᠨᠠᠶᠢᠳᠠᠪᠤᠷᠢᠵᠢᠭᠤᠯᠬᠤ ᠦᠭᠡᠢ ᠪᠤᠯ ᠵᠤᠬᠰᠤᠬᠤ ᠦᠭᠡᠢ ᠪᠠᠶᠢᠬᠤ ᠶᠢ ᠦᠨᠡᠨᠬᠦ | ᠬᠦᠢᠴᠡᠳᠭᠡᠨ᠎ᠠ᠃ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠤᠨ ︽ᠬᠤᠶᠠᠷ ᠬᠠᠷᠢᠭᠤᠴᠠᠯᠭ᠎ᠠ︾ ᠶᠢ | ᠲᠠᠬᠰᠢᠷᠠᠭᠤᠯᠵᠤ᠂ ᠦᠵᠡᠯ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ︽ᠬᠤᠶᠠᠷ ᠢ ᠰᠤᠷᠴᠤ ᠨᠢᠭᠡ ᠳᠤ ᠲᠠᠩᠴᠡᠬᠦᠯᠬᠦ︾ ᠰᠤᠷᠤᠯᠴᠠᠯᠭ᠎ᠠ ᠬᠦᠮᠦᠵᠢᠯ ᠤᠨ | ᠠᠵᠢᠯᠯᠠᠭ᠎ᠠ ᠶᠢᠨ ᠪᠠᠶᠢᠡᠭᠭᠤ ᠶᠢᠨ ᠲᠦᠷᠢᠮᠵᠢᠯ ᠢ ᠠᠭᠢᠭᠤᠯᠵᠤ᠂ ᠨᠠᠮ ᠤᠨ ᠡᠬᠦᠷ ᠤᠨ ᠠᠵᠢᠯ ᠤᠨ ᠬᠠᠷᠠᠯᠳᠠ ᠶᠢ | ᠠᠮᠢᠳᠤᠯᠢᠬ ᠪᠤᠳᠠᠳᠠᠢ ᠰᠠᠶᠢᠳᠤᠷ ᠭᠡᠷᠡᠭᠵᠢᠬᠦᠯᠬᠦ᠂ ᠲᠤᠰᠬᠠᠢ ᠰᠡᠳᠤᠪᠳᠤ ᠰᠤᠷᠤᠯᠴᠠᠯᠭ᠎ᠠ᠂ ᠨᠠᠮ ᠤᠨ ᠭᠡᠰᠢᠬᠦᠨ ︽ | ᠭᠤᠷᠪᠠᠨ ᠲᠦᠷᠤᠯ ᠤᠨ ᠲᠦᠷᠢᠮ︾ ᠢ ᠬᠦᠢᠴᠡᠳᠭᠡᠵᠤ᠂ ᠭᠤᠷᠪᠠᠨ ᠲᠦᠮᠡᠡ ᠢᠨᠵᠧᠨᠧᠷᠢᠩ ᠢ ᠰᠢᠨ᠎ᠠ ᠡᠬᠦᠳᠡᠯᠳᠡ ᠲᠠᠢ | ᠭᠡᠷᠡᠭᠵᠢᠬᠦᠯᠵᠤ᠂ ᠨᠠᠮ ᠤᠨ ᠡᠬᠦᠷ ᠨᠢᠭᠡᠪᠤᠷᠢ ᠬᠦᠴᠦᠷᠭᠡᠭᠵᠢᠵᠤ᠂ ᠨᠠᠮ ᠤᠨ ᠭᠡᠰᠢᠬᠦᠨ ᠨᠢᠭᠡᠪᠤᠷᠢ ᠬᠦᠳᠡᠯᠤᠯᠴᠡᠵᠤ᠂ | ᠭᠠᠵᠠᠷ ᠤᠷᠤᠨ ᠤ ᠬᠦᠭᠵᠢᠯᠳᠡ ᠶᠢ ᠲᠦᠯᠭᠢᠨ ᠠᠭᠢᠭᠤᠯᠬᠤ ᠬᠦᠴᠦᠷᠭᠡᠭ ᠶᠡᠭᠡ ᠬᠦᠴᠤᠨ ᠪᠤᠯᠬᠤ ᠪᠠᠷ ᠴᠢᠷᠮᠠᠶᠢᠨ᠎ᠠ᠃ | ᠬᠦᠳᠦᠯᠦᠭᠴᠢ᠄ ᠢᠢᠮᠤ ᠪᠤᠯᠬᠤᠷ ᠵᠠᠯᠭᠠᠭᠠᠳ ᠵᠢᠤ ᠶᠤᠧᠠᠨ ᠲᠤᠭᠤᠷᠢᠬ ᠤᠨ ᠬᠢᠨ ᠭᠡᠷᠭᠢᠨ ᠨᠡᠩ ᠰᠠᠶᠢᠨ | ᠭᠡᠷᠡᠴᠢ ᠪᠠᠷᠢᠮᠳᠠ ᠵᠢᠴᠢ ᠤᠳᠤᠭᠢ ᠲᠦᠷᠤ ᠶᠢᠨ ᠪᠤᠳᠤᠯᠭ᠎ᠠ ᠢᠶᠠᠷ ᠪᠤᠭᠤᠳᠤ ᠶᠢᠨ ᠰᠢᠨ᠎ᠠ ᠤᠳᠤᠭᠢᠴᠢᠯᠠᠯᠳᠠ ᠶᠢᠨ ᠲᠦᠪ | ᠬᠤᠳᠠ ᠶᠢᠨ ᠲᠤᠭᠤᠷᠢᠬ ᠤᠨ ᠪᠠᠶᠢᠭᠤᠯᠤᠯᠳᠠ ᠶᠢᠨ ᠠᠵᠢᠯ ᠢ ᠠᠭᠢᠭᠤᠯᠬᠤ ᠪᠤᠢ︖ | ᠯᠢᠤ ᠴᠧᠩ ᠮᠢᠨ᠄ ᠲᠠᠷᠠᠭᠠᠴᠢ ᠶᠢᠨ ᠨᠢᠭᠡᠨ ᠬᠤᠭᠤᠴᠠᠭᠠᠨ ᠳᠤ᠂ ᠵᠢᠤ ᠶᠤᠧᠠᠨ ᠲᠤᠭᠤᠷᠢᠬ ᠤᠨ ᠬᠢᠨ | ᠬᠠᠮᠤᠭ ᠤᠨ ᠲᠡᠷᠢᠬᠦᠨ ᠳᠤ ᠬᠤᠳᠠᠯᠳᠤᠭᠠᠴᠢᠨ ᠤᠷᠢᠬᠤ ᠬᠦᠴᠤᠯᠠᠴᠠ ᠪᠠᠨ ᠨᠡᠮᠡᠭᠳᠡᠬᠦᠯᠵᠤ᠂ ᠬᠤᠪᠤᠷ ᠰᠢᠷᠤᠢ ᠶᠢᠨ | ᠰᠢᠨ᠎ᠠ ᠮᠠᠲ᠋ᠧᠷᠢᠶᠠᠯ᠂ ᠪᠠᠯ ᠴᠢᠯᠠᠭᠤ ᠶᠢᠨ ᠬᠤᠪᠤᠷ ᠴᠤᠬᠠᠬ ᠰᠢᠨ᠎ᠠ ᠮᠠᠲ᠋ᠧᠷᠢᠶᠠᠯ ᠵᠡᠷᠭᠡ ᠡᠮᠤᠨ᠎ᠠ ᠲᠠᠯ᠎ᠠ ᠶᠢᠨ ᠬᠦᠷᠢᠶ᠎ᠠ | ᠴᠠᠷᠠᠭ᠎ᠠ ᠳᠤ ᠬᠠᠨᠳᠤᠵᠤ᠂ ᠲᠡᠯᠡᠭᠡᠢ ᠶᠢᠨ 500 ᠬᠦᠴᠦᠷᠭᠡᠭ᠂ ᠲᠦᠪ ᠤᠨ ᠠᠵᠤ ᠠᠬᠤᠢᠢᠯᠠᠯ ᠪᠤᠯᠤᠨ ᠵᠠᠬ᠎ᠠ ᠳᠤ | ᠰᠲ᠋ᠤᠺ ᠠᠷᠠᠯᠵᠢᠶᠠᠯᠠᠬᠤ ᠺᠤᠮᠫᠠᠨᠢ ᠶᠢᠨ ᠬᠠᠷᠠᠯᠳᠠ ᠲᠤᠬᠳᠠᠭᠠᠵᠤ᠂ ᠤᠨᠢᠨ ᠲᠡᠭᠡᠷ᠎ᠠ ᠨᠢ ᠬᠤᠳᠠᠯᠳᠤᠭᠠᠴᠢᠨ ᠤᠷᠢᠵᠤ᠂ | ᠱᠧᠨ ᠬᠤᠧᠠ ᠤᠰᠤᠳᠦ᠋ᠷᠦᠭᠴᠢᠳᠤ ᠰᠢᠳᠠᠭᠠᠯᠭ᠎ᠠ᠂ ᠫᠦ᠋ ᠵᠢᠩ ᠲᠡᠭᠡᠳᠤ ᠮᠤᠯᠧᠺᠦ᠋ᠯ ᠤᠨ ᠮᠠᠲ᠋ᠧᠷᠢᠶᠠᠯ ᠵᠡᠷᠭᠡ ᠨᠢᠭᠡ | ᠪᠦᠯᠦᠭ ᠲᠦᠷᠦᠯ ᠵᠦᠢᠯ ᠤᠨ ᠭᠡᠷ᠎ᠠ ᠲᠤᠬᠳᠠᠬᠤ ᠠᠵᠢᠯ ᠤᠳᠠᠯ ᠦᠭᠡᠢ ᠶᠠᠪᠤᠬᠳᠠᠵᠤ᠂ ᠳ᠋ᠦ᠋ ᠱᠢ ᠨᠠᠷᠢᠯᠢᠬ ᠭᠢᠮᠢ ᠶᠢᠨ | ᠠᠵᠤ ᠤᠢᠢᠯᠡᠳᠪᠤᠷᠢ᠂ ᠾᠧ ᠹᠠ ᠬᠤᠪᠤᠷ ᠰᠢᠷᠤᠢ ᠵᠡᠷᠭᠡ ᠨᠢᠭᠡ ᠪᠦᠯᠦᠭ ᠲᠦᠷᠤᠯ ᠵᠦᠢᠯ ᠤᠨ ᠡᠭᠢᠯᠡᠯᠳᠠ ᠶᠢᠨ | ᠪᠡᠯᠡᠳᠭᠡᠯ ᠠᠵᠢᠯ ᠰᠢᠪᠳᠤᠷᠭᠠᠨ ᠳᠤ ᠤᠷᠤᠵᠤ᠂ ᠵᠢᠯ ᠤᠨ ᠲᠤᠳᠤᠷ᠎ᠠ ᠬᠦᠷᠢᠶᠡᠯᠡᠩ ᠲᠤᠭᠤᠷᠢᠬ ᠤᠨ ᠤᠢᠢᠯᠡᠳᠭᠡᠬᠦᠨ ᠤ | ᠦᠷᠳᠡᠭ 600 ᠳ᠋ᠦᠡᠭᠰᠢᠭᠤᠷ ᠲᠦᠬᠦᠷᠢᠭ ᠢ ᠲᠠᠪᠠᠵᠤ᠂ 2020 ᠤᠨ ᠪᠤᠯᠬᠤ ᠳᠤ 1000 ᠳ᠋ᠦᠡᠭᠰᠢᠭᠤᠷ | ᠲᠡᠰ ᠤᠨ ᠬᠦᠷᠢᠶᠡᠯᠡᠩ ᠲᠤᠭᠤᠷᠢᠬ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ | ᠲᠠᠷᠠᠭᠠᠪᠠᠷ᠂ ᠠᠶᠤᠯᠬᠦᠢ ᠠᠮᠤᠷ ᠲᠦᠪᠰᠢᠨ ᠤ ᠠᠰᠠᠭᠤᠳᠠᠯ ᠢ ᠴᠠᠭ ᠢᠮᠠᠬᠳᠠ ᠴᠢᠩᠭᠠᠳᠬᠠᠵᠤ᠂ ᠠᠶᠤᠯᠬᠦᠢ | ᠤᠢᠢᠯᠡᠳᠪᠤᠷᠢᠯᠡᠯ ᠤᠨ ᠪᠠᠶᠢᠴᠠᠭᠠᠯᠳᠠ᠂ ᠫᠤᠤ ᠵᠡᠪᠰᠡᠭ ᠫᠠᠨᠽᠠᠯᠠᠬᠤ ᠪᠤᠯᠤᠨ ᠲᠠᠯᠪᠠᠷᠡᠬᠦ ᠪᠤᠳᠠᠰ ᠪᠤᠷᠤᠯᠠᠭᠤᠯᠬᠤ ᠢ | ᠪᠠᠶᠢᠴᠠᠭᠠᠬᠤ ᠵᠢᠴᠢ ︽ᠱᠠᠯᠢᠬ ᠵᠠᠪᠬᠠᠢ᠂ ᠵᠤᠭᠤᠰ ᠮᠦᠷᠦ᠋ᠢᠴᠡᠬᠦ᠂ ᠬᠤᠤᠷ ᠲᠠᠳᠠᠬᠤ︾ ᠵᠡᠷᠭᠡ ᠳᠤ ᠴᠤᠭᠢᠯᠳᠡ ᠦᠭᠬᠦ | ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠭᠡᠢ ᠠᠭᠢᠭᠤᠯᠵᠤ᠂ ᠠᠮᠤᠷ ᠲᠦᠪᠰᠢᠨ ᠲᠤᠬᠳᠠᠭᠤᠨ ᠪᠠᠶᠢᠬᠤ | ᠨᠠᠶᠢᠭᠡᠮ ᠤᠨ ᠤᠷᠴᠢᠨ ᠲᠤᠭᠤᠷᠢᠨ ᠢ ᠬᠦᠴᠤᠯᠠᠨ ᠪᠠᠶᠢᠭᠤᠯᠤᠨ᠎ᠠ᠃ ᠡᠳᠡᠭᠡᠷ ᠨᠢᠭᠡ ᠨᠢᠭᠡ ᠪᠠᠷ ᠠᠷᠠᠳ ᠤᠨ | ᠠᠮᠢᠳᠤᠷᠠᠯ ᠳᠤ ᠬᠤᠯᠪᠤᠬᠳᠠᠬᠤ ᠶᠠᠪᠤᠳᠠᠯ ᠢ ᠤᠯᠠᠨ ᠲᠦᠮᠡᠨ ᠤ ᠨᠢᠳᠤᠨ ᠳᠤ ᠦᠵᠡᠭᠳᠡᠮᠠ ᠭᠠᠷ ᠲᠤ ᠪᠠᠷᠢᠬᠳᠠᠮ᠎ᠠ | ᠪᠠᠶᠢᠭᠤᠯᠬᠤ ᠪᠠᠷ ᠲᠠᠮᠵᠢᠭᠤᠯᠵᠤ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠪᠤᠯᠤᠨ ᠵᠤᠯ ᠵᠢᠷᠭᠠᠯ ᠤᠨ | ᠲᠦᠷᠦᠭᠳᠡᠯ ᠢ ᠲᠡᠭᠡᠭᠰᠢᠯᠡᠬᠦᠯᠵᠤ᠂ ᠠᠷᠠᠳ ᠢᠷᠭᠡᠳ ᠤᠨ ᠰᠠᠶᠢᠨ ᠰᠠᠶᠢᠬᠠᠨ ᠡᠳᠤᠷ ᠬᠤᠨᠤᠭ ᠦᠡᠭᠭᠡᠷᠡᠬᠦᠯᠬᠦ ᠶᠢ | ᠪᠠᠳᠤᠯᠠᠬᠤ ᠪᠠᠷ ᠴᠢᠷᠮᠠᠶᠢᠨ᠎ᠠ᠃ | | |