ᠰᠤᠷᠪᠤᠯᠵᠢᠯᠠᠭᠰᠠᠨ ᠴᠠᠭ᠄ 2018 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠤᠨ ᠦᠳᠡ ᠶᠢᠨ | ᠬᠤᠶᠢᠨᠠᠬᠢ 3 ᠴᠠᠭ | ᠰᠤᠷᠪᠤᠯᠵᠢᠯᠠᠭᠰᠠᠨ ᠵᠣᠴᠢᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠲᠠᠨ ᠾᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ 2017 ᠣᠨ ᠳᠤ᠂ ᠥᠪᠥᠷ ᠮᠣᠩᠭᠤᠯ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠠᠷᠳᠠᠴᠠ ᠪᠣᠯᠭᠠᠵᠤ᠂ | ᠣᠷᠣᠯᠭ᠎ᠠ ᠶᠢᠨ ᠬᠠᠷᠠᠯᠲᠠ ᠪᠠᠨ ᠪᠡᠶᠡᠯᠡᠭᠦᠯᠬᠦ ᠪᠠᠷ ᠦᠨᠳᠦᠰᠦᠨ ᠡᠭᠦᠷᠭᠡ ᠪᠣᠯᠭᠠᠨ᠂ ᠭᠠᠶᠢᠯᠢ ᠲᠠᠲᠠᠪᠤᠷᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠭᠠᠶᠢᠯᠢ ᠲᠠᠲᠠᠪᠤᠷᠢ ᠬᠤᠳᠠᠯᠳᠤᠭ᠎ᠠ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠶᠡᠭᠡ ᠲᠠᠯ᠎ᠠ ᠠᠴᠠ ᠡᠭᠦᠰᠦᠨ᠂ ᠶᠡᠭᠡ ᠬᠠᠨᠳᠤᠰᠢ ᠶᠢ | ᠡᠵᠡᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠡᠭᠦᠷᠭᠡ | ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠰᠢᠨ᠎ᠡ ᠬᠤᠪᠢ ᠨᠡᠮᠡᠷᠢ ᠪᠠᠨ ᠬᠠᠨᠳᠢᠪᠯᠠᠭᠰᠠᠨ | ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠭᠰᠡᠨ ᠳᠤ ᠴᠢᠨᠢ | ᠪᠠᠶᠠᠷᠯᠠᠯ᠎ᠠ᠃ | ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ᠂ | ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠳᠦᠷᠢᠮ ᠪᠠ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠡᠯᠢᠶᠡᠳ ᠣᠯᠠᠨ ᠯᠠᠪᠳᠠᠭᠤᠨ ᠪᠠᠲᠤᠲᠠᠢ | ᠠᠵᠢᠯ ᠢ ᠥᠷᠨᠢᠭᠦᠯᠦᠭᠰᠡᠨ ᠠᠴᠠ᠂ ᠥᠷᠭᠡᠨ ᠣᠯᠠᠨ ᠭᠠᠶᠢᠯᠢ ᠲᠤᠰᠢᠶᠠᠭᠴᠢ ᠶᠢᠨ ᠬᠦᠷᠲᠡᠭᠡᠮᠵᠢᠲᠦ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠤᠯᠠᠮ ᠨᠢᠭᠡ ᠠᠯᠬᠤᠮ ᠨᠡᠮᠡᠭᠳᠡᠭᠰᠡᠨ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠲᠠᠨ ᠾᠧᠩ ᠢ ᠤᠷᠢᠵᠤ᠂ ︽ᠤᠯᠤᠰ ᠤᠨ ᠭᠠᠶᠢᠯᠢ ᠶᠢᠨ ᠶᠠᠪᠤᠳᠠᠯ ᠤᠨ ᠲᠤᠬᠠᠢ | ᠲᠡᠳᠡᠭᠡᠷ ᠶᠠᠪᠤᠳᠠᠯ ᠤᠳ︾ ᠭᠡᠳᠡᠭ ᠰᠡᠳᠦᠪ ᠢᠶᠠᠷ ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ᠂ ᠰᠦᠯᠵᠢᠶᠡᠨ ᠤ | ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠠᠷ ᠪᠣᠯᠣᠯ᠎ᠠ᠃ ᠲᠠᠨ ᠲᠣᠪᠴᠢᠶᠠᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ | ᠲᠠᠨ ᠾᠧᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ | ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠨᠡ ᠬᠦ ᠠᠵᠠ ᠵᠠᠪᠰᠢᠶᠠᠨ ᠢ ᠲᠣᠬᠢᠶᠠᠯᠳᠤᠭᠤᠯᠤᠨ᠂ ᠪᠢ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ᠂ ᠶᠡᠷᠦ ᠠᠴᠠ ᠪᠦᠬᠦ | ᠣᠷᠣᠨ ᠤ ᠤᠯᠤᠰ ᠤᠨ ᠭᠠᠶᠢᠯᠢ ᠶᠢᠨ ᠠᠵᠢᠯ ᠢ ᠣᠶᠢᠯᠠᠭᠠᠵᠤ᠂ ᠳᠡᠮᠵᠢᠵᠦ᠂ ᠬᠠᠪᠰᠤᠷᠤᠭᠰᠠᠨ ᠪᠠ ᠬᠠᠯᠠᠮᠵᠢᠯᠠᠭᠰᠠᠭᠠᠷ | ᠢᠷᠡᠭᠰᠡᠨ ᠰᠦᠯᠵᠢᠶᠡᠨ ᠤ ᠠᠨᠳᠠ ᠨᠠᠷ ᠲᠤ ᠪᠠᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠮᠥᠨ | ᠰᠦᠯᠵᠢᠶᠡᠨ ᠤ ᠠᠨᠳᠠ ᠨᠠᠷ ᠤᠨ ᠢᠶᠠᠨ ᠰᠢᠨ᠎ᠡ ᠨᠢᠭᠡ ᠵᠢᠯ ᠳᠤ ᠪᠠᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ | ᠦᠢᠯᠡᠰ ᠠᠮᠵᠢᠯᠲᠠ ᠪᠦᠲᠦᠮᠵᠢᠲᠡᠢ᠂ ᠭᠡᠷ ᠬᠤᠲᠠᠯᠠᠭᠠᠷ ᠢᠶᠠᠨ ᠪᠠᠶᠠᠷ ᠵᠢᠷᠭᠠᠯ ᠲᠠᠢ᠂ ᠰᠠᠨᠠᠭᠰᠠᠨ ᠪᠦᠬᠦᠨ ᠨᠢ | ᠰᠡᠳᠬᠢᠯᠴᠢᠯᠡᠨ ᠪᠦᠲᠦᠵᠦ᠂ ᠰᠢᠨ᠎ᠡ ᠵᠢᠯ ᠳᠤ ᠪᠠᠨ ᠨᠡᠩ ᠰᠢᠨ᠎ᠡ ᠳᠦᠷᠰᠦ ᠪᠠᠶᠢᠳᠠᠯ ᠢ ᠪᠣᠢ ᠪᠣᠯᠭᠠᠬᠤ ᠶᠢ ᠬᠦᠰᠡᠨ | ᠵᠥᠩᠨᠡᠵᠦ ᠪᠠᠶᠢᠨ᠎ᠠ᠃ | ᠬᠥᠲᠥᠯᠥᠭᠴᠢ᠄ ᠲᠠᠨ ᠲᠣᠪᠴᠢᠶᠠᠨ ᠳᠠᠷᠤᠭ᠎ᠠ ᠶᠢᠨ ᠬᠦᠰᠡᠯ ᠵᠥᠩᠨᠡᠯ ᠳᠤ ᠪᠠᠶᠠᠷᠯᠠᠯ᠎ᠠ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ︽ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠡᠷᠡᠭᠲᠡᠢ︾ ᠭᠡᠵᠦ ᠱᠠᠭᠠᠷᠳᠠᠭᠰᠠᠨ ᠶᠤᠮ᠃ 2017 ᠣᠨ ᠳᠤ᠂ ᠮᠠᠨ ᠤ ᠥᠪᠥᠷ ᠮᠣᠩᠭᠤᠯ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠤ ᠣᠯᠠᠨ ᠲᠠᠯ᠎ᠠ ᠪᠠᠷ ᠥᠭᠡᠷᠡᠴᠢᠯᠡᠯᠲᠡ ᠬᠢᠵᠡᠢ᠃ ᠲᠡᠭᠡᠪᠡᠯ᠂ ᠲᠠᠨ | ᠲᠣᠪᠴᠢᠶᠠᠨ ᠳᠠᠷᠤᠭ᠎ᠠ ᠶᠠᠭᠤᠨ ᠤ ᠡᠮᠦᠨ᠎ᠡ ᠶᠠᠮᠠᠷ ᠶᠠᠮᠠᠷ ᠲᠠᠯ᠎ᠠ ᠪᠠᠷ ᠥᠭᠡᠷᠡᠴᠢᠯᠡᠯᠲᠡ ᠬᠢᠭᠰᠡᠨ ᠲᠤᠬᠠᠢ | ᠲᠠᠨᠢᠯᠴᠠᠭᠤᠯᠤᠭᠠᠳ ᠥᠭᠭᠦᠨ᠎ᠡ ᠦᠦ︖ | ᠲᠠᠨ ᠾᠧᠩ᠄ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠭᠠᠶᠢᠯᠢ ᠲᠤᠰᠢᠶᠠᠭᠴᠢ ᠶᠢᠨ ᠬᠦᠴᠦᠲᠡᠢ | ᠳᠡᠮᠵᠢᠯᠭᠡ ᠳᠣᠣᠷ᠎ᠠ᠂ 2017 ᠣᠨ ᠳᠤ ᠭᠠᠶᠢᠯᠢ ᠲᠠᠲᠠᠪᠤᠷᠢ ᠶᠢᠨ ᠣᠯᠠᠨ ᠲᠠᠯ᠎ᠠ ᠶᠢᠨ ᠥᠭᠡᠷᠡᠴᠢᠯᠡᠯᠲᠡ ᠶᠢ | ᠠᠬᠢᠭᠤᠯᠤᠨ ᠭᠦᠨᠵᠡᠭᠡᠶᠢᠷᠡᠭᠦᠯᠦᠭᠰᠡᠨ ᠶᠤᠮ᠃ ᠵᠢᠱᠢᠶᠡᠯᠡᠪᠡᠯ᠂ ᠣᠯᠠᠨ ᠤ ᠲᠣᠳᠣᠷᠬᠠᠢ ᠮᠡᠳᠡᠳᠡᠭ ᠡᠵᠡᠩᠨᠡᠯᠲᠡ ᠶᠢᠨ | ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠦᠭᠰᠡᠨ᠂ | ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ | ᠥᠭᠡᠷᠡᠴᠢᠯᠡᠯᠲᠡ ᠪᠠ ᠭᠠᠶᠢᠯᠢ ᠲᠠᠲᠠᠪᠤᠷᠢ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠭᠰᠡᠨ ᠭᠡᠬᠦ ᠮᠡᠲᠦ᠃ | ᠬᠥᠲᠥᠯᠥᠭᠴᠢ᠄ ᠮᠢᠨᠤ ᠪᠣᠳᠣᠬᠤ ᠪᠠᠷ ᠥᠷᠭᠡᠨ ᠣᠯᠠᠨ ᠰᠦᠯᠵᠢᠶᠡᠨ ᠤ ᠠᠨᠳᠠ ᠶᠢᠨ ᠬᠠᠮᠤᠭ ᠠᠴᠠ ᠠᠩᠬᠠᠷᠤᠯ | ᠲᠠᠯᠪᠢᠵᠤ ᠪᠠᠶᠢᠭ᠎ᠠ ᠨᠢ ᠡᠳᠡᠭᠡᠷ ᠥᠭᠡᠷᠡᠴᠢᠯᠡᠯᠲᠡ ᠨᠢ ᠭᠠᠶᠢᠯᠢ ᠲᠤᠰᠢᠶᠠᠭᠴᠢᠳ ᠲᠤ ᠴᠣᠬᠤᠮ ᠶᠠᠮᠠᠷ ᠶᠠᠮᠠᠷ ᠠᠴᠢ | ᠲᠤᠰᠠ ᠠᠪᠴᠢᠷᠠᠬᠤ ᠲᠤᠬᠠᠢ ᠠᠰᠠᠭᠤᠳᠠᠯ ᠪᠣᠯᠣᠨ᠎ᠠ᠃ ᠲᠡᠭᠡᠪᠡᠯ᠂ ᠲᠠᠨ ᠲᠣᠪᠴᠢᠶᠠᠨ ᠳᠠᠷᠤᠭ᠎ᠠ ᠡᠳᠡᠭᠡᠷ | ᠥᠭᠡᠷᠡᠴᠢᠯᠡᠯᠲᠡ ᠶᠢᠨ ᠥᠷᠭᠡᠨ ᠣᠯᠠᠨ ᠰᠦᠯᠵᠢᠶᠡᠨ ᠤ ᠠᠨᠳᠠ ᠳᠤ ᠠᠪᠴᠢᠷᠠᠵᠤ ᠥᠭᠭᠦᠭᠰᠡᠨ ︽ᠠᠰᠢᠭ ᠣᠯᠵᠠᠪᠤᠷᠢ︾ | ᠶᠢᠨ ᠲᠤᠬᠠᠢ ᠲᠠᠨᠢᠯᠴᠠᠭᠤᠯᠵᠤ ᠥᠭᠭᠦᠨ᠎ᠡ ᠦᠦ︖ | ᠲᠠᠨ ᠾᠧᠩ᠄ ᠦᠨᠡᠨ ᠢ ᠬᠡᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠭᠡᠰᠡᠨ ᠦᠭᠡᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠴᠤ ᠭᠡᠰᠡᠨ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠬᠦ ᠦᠶ᠎ᠡ ᠳᠤ ᠬᠠᠮᠤᠭ ᠠᠴᠠ ᠠᠩᠬᠠᠷᠤᠨ ᠬᠠᠯᠠᠮᠵᠢᠯᠠᠵᠤ | ᠪᠠᠶᠢᠭ᠎ᠠ ᠨᠢ ᠮᠥᠨ ᠴᠤ ᠭᠠᠶᠢᠯᠢ ᠲᠤᠰᠢᠶᠠᠭᠴᠢᠳ ᠲᠤ ᠦᠨᠡᠨ ᠪᠣᠳᠠᠲᠠᠢ ᠠᠰᠢᠭ ᠲᠤᠰᠠ ᠠᠪᠴᠢᠷᠠᠵᠦ ᠴᠢᠳᠠᠬᠤ | ᠡᠰᠡᠬᠦ ᠠᠰᠠᠭᠤᠳᠠᠯ ᠪᠣᠯᠣᠨ᠎ᠠ᠃ ᠳᠣᠣᠷ᠎ᠠ ᠪᠢ ᠣᠯᠠᠨ ᠳᠤ ᠡᠳᠡᠭᠡᠷ ᠥᠭᠡᠷᠡᠴᠢᠯᠡᠯᠲᠡ ᠶᠢᠨ ᠲᠤᠬᠠᠢ | ᠲᠠᠨᠢᠯᠴᠠᠭᠤᠯᠤᠭᠠᠳ ᠥᠭᠭᠦᠶ᠎ᠡ᠃ ᠨᠢᠭᠡ ᠳᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ | ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠤᠭᠰᠠᠨ ᠳᠤ ᠭᠠᠶᠢᠯᠢ ᠬᠥᠩᠭᠡᠯᠡᠬᠦ ᠦᠷ᠎ᠡ ᠨᠥᠯᠥᠭᠡ ᠪᠠ | ᠭᠠᠳᠠᠭᠰᠢ ᠨᠥᠯᠥᠭᠡᠯᠡᠬᠦ ᠦᠢᠯᠡᠳᠦᠯ ᠲᠦᠷᠭᠡᠨ ᠢᠯᠡᠷᠡᠪᠡ᠃ 2017 ᠣᠨ ᠳᠤ᠂ ᠥᠪᠥᠷ ᠮᠣᠩᠭᠤᠯ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ︽ᠶᠡᠭᠡ ᠬᠠᠪᠰᠤᠷᠤᠨ ᠵᠢᠯᠣᠭᠤᠳᠤᠯᠭ᠎ᠠ︾ ᠶᠢ ᠥᠷᠨᠢᠭᠦᠯᠬᠦ ᠪᠠᠷ | ᠳᠠᠮᠵᠢᠭᠤᠯᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠶᠠᠪᠤᠭᠤᠯᠵᠤ᠂ ᠲᠣᠭᠲᠠᠭᠤᠨ ᠮᠥᠷᠲᠡᠭᠡᠨ ᠬᠡᠪ ᠤᠨ ᠪᠠᠶᠢᠳᠠᠯ ᠢᠶᠠᠷ ᠠᠵᠢᠯᠯᠠᠭᠤᠯᠬᠤ ᠶᠢ | ᠪᠡᠶᠡᠯᠡᠭᠦᠯᠦᠭᠰᠡᠨ ᠠᠴᠠ᠂ ᠪᠦᠬᠦ ᠵᠢᠯ ᠳᠤ 148.25 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ᠂ ︽ | ᠬᠤᠶᠠᠷ ᠢ ᠥᠷᠭᠡᠳᠬᠡᠨ ᠨᠢᠭᠡ ᠶᠢ ᠪᠠᠭᠤᠷᠠᠭᠤᠯᠬᠤ︾ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠤ ᠬᠠᠮᠲᠤ | ᠂ ᠥᠪᠡᠷᠲᠡᠭᠡᠨ ᠵᠠᠰᠠᠬᠤ ᠣᠷᠣᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠬᠦᠴᠦᠲᠡᠢ ᠠᠬᠢᠭᠤᠯᠪᠠ᠃ ᠬᠤᠶᠠᠷ ᠲᠤ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ | ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠢ ᠪᠣᠯᠪᠠ᠃ ᠪᠦᠬᠦ ᠣᠷᠣᠨ ᠤ ᠤᠯᠤᠰ ᠤᠨ ᠭᠠᠶᠢᠯᠢ ᠶᠢᠨ | ᠰᠢᠰᠲ᠋ᠧᠮ ᠤᠨ ᠬᠢᠨ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠲᠠᠲᠠᠪᠤᠷᠢᠯᠠᠨ ᠬᠠᠮᠢᠶᠠᠷᠬᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠶᠢᠯᠢ ᠲᠠᠲᠠᠪᠤᠷᠢ ᠶᠢᠨ ᠬᠥᠭᠵᠢᠯᠲᠡ ᠳᠠᠬᠢ ᠬᠦᠴᠢᠷ | ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠷᠭ᠎ᠠ ᠪᠠ ᠴᠢᠬᠤᠯᠠ ᠠᠷᠭ᠎ᠠ ᠪᠠᠷᠢᠯ ᠪᠣᠯᠭᠠᠵᠤ᠂ 77 ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠨᠢᠭᠡᠳᠬᠡᠨ ᠠᠬᠢᠭᠤᠯᠵᠤ᠂ ᠭᠠᠶᠢᠯᠢ ᠲᠤᠰᠢᠶᠠᠭᠴᠢᠳ ᠤᠨ ᠬᠦᠷᠲᠡᠭᠡᠮᠵᠢᠲᠦ | ᠲᠥᠷᠥᠭᠳᠡᠯ᠂ ᠬᠠᠨᠤᠮᠵᠢᠲᠤ ᠬᠡᠮᠵᠢᠶ᠎ᠡ ᠪᠠ ᠭᠠᠶᠢᠯᠢ ᠶᠢᠨ ᠬᠠᠤᠯᠢ ᠶᠢ ᠵᠢᠷᠤᠮᠯᠠᠨ ᠳᠠᠭᠠᠬᠤ ᠬᠡᠮᠵᠢᠶ᠎ᠡ ᠶᠡᠭᠡ ᠪᠠᠷ | ᠳᠡᠭᠡᠭᠰᠢᠯᠡᠵᠡᠢ᠃ ᠭᠤᠷᠪᠠ ᠳᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠠᠰᠢᠭ | ᠣᠯᠵᠠᠪᠤᠷᠢ︾ ᠶᠢ ᠶᠡᠭᠡ ᠪᠠᠷ ᠢᠯᠡᠷᠡᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠭᠠᠶᠢᠯᠢ ᠬᠥᠩᠭᠡᠯᠡᠬᠦ 6 | ᠵᠦᠢᠯ ᠤᠨ ᠰᠢᠨ᠎ᠡ ᠲᠥᠷᠥ ᠶᠢᠨ ᠪᠣᠳᠣᠯᠭ᠎ᠠ᠂ ᠪᠠᠷᠠᠭᠤᠨ ᠣᠷᠣᠨ ᠤ ᠶᠡᠭᠡ ᠨᠡᠭᠡᠭᠡᠨ ᠬᠥᠭᠵᠢᠭᠦᠯᠦᠯᠲᠡ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠭᠠᠶᠢᠯᠢ | ᠲᠠᠲᠠᠪᠤᠷᠢ ᠶᠢᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢᠨ ᠲᠤᠬᠠᠢ ᠵᠠᠳᠠᠯᠤᠯᠲᠠ ᠶᠢ ᠴᠢᠩᠭᠠᠳᠬᠠᠵᠤ᠂ ᠨᠢᠭᠲᠠ ᠴᠢᠩᠭ᠎ᠠ | ᠮᠥᠷᠳᠡᠨ ᠳᠠᠭᠠᠵᠤ ᠰᠢᠮᠳᠠᠭᠤᠯᠤᠨ ᠪᠠᠶᠢᠴᠠᠭᠠᠭᠰᠠᠨ ᠠᠴᠠ᠂ ᠪᠦᠬᠦ ᠵᠢᠯ ᠤᠨ ᠬᠠᠰᠤᠨ ᠬᠡᠯᠲᠦᠷᠢᠭᠦᠯᠦᠭᠰᠡᠨ ᠭᠠᠶᠢᠯᠢ | 264.5 ᠳ᠋ᠦᠩᠰᠢᠭᠤᠷ ᠲᠤ ᠬᠦᠷᠴᠦ᠂ ᠭᠠᠳᠠᠭᠠᠳᠤ ᠭᠠᠷᠭᠠᠯᠲᠠ ᠶᠢ ᠭᠦᠢᠴᠡᠳᠬᠡᠬᠦ ᠳᠤ ᠪᠤᠴᠠᠭᠠᠭᠰᠠᠨ ︵ | ᠬᠡᠯᠲᠦᠷᠢᠭᠦᠯᠦᠭᠰᠡᠨ︶ ᠭᠠᠶᠢᠯᠢ 25.9 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠭᠠᠶᠢᠯᠢ ᠲᠤᠰᠢᠶᠠᠭᠴᠢᠳ ᠤᠨ ᠥᠷᠲᠡᠭ ᠢ ᠪᠠᠭᠤᠷᠠᠭᠤᠯᠵᠤ ᠦᠷ᠎ᠡ ᠪᠦᠲᠦᠮᠵᠢ ᠶᠢ ᠨᠡᠮᠡᠭᠳᠡᠭᠦᠯᠬᠦ ᠠᠵᠤ ᠦᠢᠯᠡᠰ ᠤᠨ | ᠳᠡᠰ ᠳᠡᠪᠰᠢᠬᠦ ᠪᠠ ᠬᠥᠭᠵᠢᠨ ᠪᠤᠵᠠᠭᠠᠶᠢᠷᠠᠬᠤ ᠶᠢ ᠲᠦᠢᠯ ᠤᠨ ᠶᠡᠭᠡ ᠪᠠᠷ ᠠᠬᠢᠭᠤᠯᠵᠠᠢ᠃ ᠬᠤᠴᠣᠷᠤᠩᠭᠤᠢ | ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠡᠵᠡᠩᠨᠡᠯᠲᠡ ᠪᠠᠷ ᠬᠠᠪᠰᠤᠷᠤᠨ ᠲᠡᠳᠬᠦᠬᠦ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ᠂ ᠬᠠᠮᠢᠶᠠᠷᠤᠯᠲᠠ ᠪᠠᠷ | ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠨᠡᠭᠦᠷᠡᠰᠦ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃ | ᠬᠥᠲᠥᠯᠥᠭᠴᠢ᠄ ᠦᠨᠡᠬᠡᠷ ᠨᠢᠭᠡᠨ ᠦᠨᠡᠨ ᠪᠣᠳᠠᠲᠠᠢ ︽ᠠᠰᠢᠭ ᠣᠯᠵᠠᠪᠤᠷᠢ︾ ᠪᠠᠶᠢᠨ᠎ᠠ᠃ 2018 ᠣᠨ ᠳᠤ | ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠵᠡᠷᠭᠡ ᠵᠦᠢᠯᠡᠰ ᠲᠤ | ᠰᠤᠳᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠡᠭᠡᠪᠡᠯ᠂ ᠥᠩᠭᠡᠷᠡᠭᠰᠡᠨ ᠨᠢᠭᠡ ᠵᠢᠯ ᠳᠤ᠂ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠨᠡ ᠲᠠᠯ᠎ᠠ ᠪᠠᠷ ᠶᠠᠮᠠᠷ ᠶᠠᠮᠠᠷ ᠠᠵᠢᠯ | ᠬᠢᠭᠰᠡᠨ ᠪᠣᠢ︖ | ᠲᠠᠨ ᠾᠧᠩ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠤᠭᠤᠴᠠᠭ᠎ᠠ ᠶᠣᠰᠣᠭᠠᠷ ᠯᠠᠪᠳᠠᠭᠤᠨ ᠪᠠᠲᠤᠲᠠᠢ ᠪᠠᠷ | ᠨᠠᠶᠢᠳᠠᠪᠤᠷᠢᠵᠢᠭᠤᠯᠤᠭᠳᠠᠬᠤ ᠶᠢ ᠬᠦᠴᠦᠨ ᠲᠠᠢ ᠮᠥᠷᠲᠡᠭᠡᠨ ᠠᠯᠬᠤᠮ ᠳᠠᠷᠠᠭ᠎ᠠ ᠲᠠᠢ ᠪᠠᠲᠤᠯᠠᠭᠰᠠᠨ ᠪᠠᠶᠢᠨ᠎ᠠ᠃ | ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ︽ᠪᠠᠭᠤᠯᠭᠠᠬᠤ︾ ᠬᠡᠮᠵᠢᠶ᠎ᠡ ᠪᠠᠷᠢᠮᠵᠢᠶ᠎ᠠ ᠶᠢ | ᠪᠠᠲᠤᠯᠠᠪᠠ᠃ ᠡᠩ ᠤᠨ ᠪᠠᠷᠢᠮᠲᠠ ᠶᠢ ᠬᠠᠷᠭᠤᠭᠤᠯᠤᠨ ᠲᠣᠭᠲᠠᠭᠠᠬᠤ ᠳᠤ ᠳᠠᠷᠦ᠋ᠢᠬᠠᠨ ᠭᠦᠢᠴᠡᠳᠬᠡᠬᠦ᠂ ᠪᠠᠷᠢᠮᠲᠠ | ᠠᠪᠴᠤ ᠬᠡᠷᠡᠭᠯᠡᠬᠦ ᠳᠤ ︽ᠰᠦᠯᠵᠢᠶᠡᠨ ᠳᠡᠭᠡᠷ᠎ᠡ ᠭᠤᠶᠤᠴᠢᠯᠠᠨ ᠠᠪᠴᠤ᠂ ᠪᠣᠳᠠᠲᠠᠢ ᠬᠥᠮᠥᠨ ᠲᠣᠬᠢᠷᠠᠭᠤᠯᠤᠨ ᠬᠦᠷᠭᠡᠬᠦ | ︾᠂ ᠪᠠᠷᠢᠮᠲᠠ ᠣᠷᠣᠯᠠᠨ ᠭᠠᠷᠭᠠᠬᠤ ᠳᠤ ︽ᠰᠦᠯᠵᠢᠶᠡᠨ ᠳᠡᠭᠡᠷ᠎ᠡ ᠭᠦᠢᠴᠡᠳᠬᠡᠵᠦ᠂ ᠰᠦᠯᠵᠢᠶᠡᠨ ᠠᠴᠠ ᠭᠠᠳᠠᠭᠤᠷ | ᠪᠠᠷᠢᠮᠲᠠ ᠭᠠᠷᠭᠠᠬᠤ︾ ᠶᠢ ᠬᠡᠷᠡᠭᠵᠢᠭᠦᠯᠪᠡ᠃ ᠭᠠᠶᠢᠯᠢ ᠲᠤᠰᠢᠶᠠᠭᠴᠢ ᠶᠢᠨ ᠮᠡᠳᠡᠭᠦᠯᠦᠭᠰᠡᠨ ᠭᠠᠶᠢᠯᠢ ᠳᠤ | ᠬᠤᠯᠪᠣᠭᠳᠠᠬᠤ ᠮᠠᠲ᠋ᠧᠷᠢᠶᠠᠯ ᠢ ᠶᠡᠭᠡ ᠪᠠᠷ ᠢᠯᠭᠠᠷᠠᠭᠤᠯᠤᠨ ᠴᠡᠪᠡᠷᠯᠡᠬᠦ ᠪᠠ ᠴᠣᠮᠬᠠᠳᠬᠠᠨ ᠨᠡᠶᠢᠯᠡᠭᠦᠯᠵᠦ᠂ ︽ᠨᠢᠭᠡ | ᠬᠦᠰᠦᠨᠦᠭ ᠲᠤ ᠨᠢᠭᠡᠳᠬᠡᠨ ᠨᠡᠶᠢᠯᠡᠭᠦᠯᠬᠦ︾᠂ ᠰᠢᠤᠳᠠᠨ ᠳᠤ ᠨᠠᠶᠢᠳᠠᠵᠤ ︽ᠬᠤᠶᠠᠷ ᠢ ᠣᠷᠣᠯᠠᠬᠤ︾ ᠪᠠ ︽ | ᠬᠦᠷᠦᠯᠴᠡᠬᠦᠢ ᠪᠤᠰᠤ ᠮᠠᠶ᠋ᠢᠭ︾ ᠤᠨ ᠭᠠᠶᠢᠯᠢ ᠭᠦᠢᠴᠡᠳᠬᠡᠬᠦ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠵᠦ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠮᠠᠲ᠋ᠧᠷᠢᠶᠠᠯ ᠢ ᠭᠠᠶᠢᠯᠢ ᠲᠤᠰᠢᠶᠠᠭᠴᠢ ᠤᠤᠯ ᠳᠤ ᠪᠠᠨ ᠤᠯᠤᠰ ᠤᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠳᠠᠩᠰᠠᠯᠠᠭᠤᠯᠵᠤ ᠪᠠᠶᠢᠭᠰᠠᠨ ᠢ ᠭᠠᠶᠢᠯᠢ ᠲᠤᠰᠢᠶᠠᠭᠴᠢ ᠥᠪᠡᠷ ᠢᠶᠠᠨ | ᠦᠯᠡᠳᠡᠭᠡᠨ ᠡᠷᠢᠵᠦ ᠬᠠᠶᠢᠬᠤ ᠳᠤ ᠪᠡᠯᠡᠳᠬᠡᠬᠦ ᠪᠠᠷ ᠥᠭᠡᠷᠡᠴᠢᠯᠡᠵᠦ᠂ ᠭᠠᠳᠠᠭᠰᠢ ᠭᠠᠷᠴᠤ ᠡᠵᠡᠩᠨᠡᠯᠲᠡ ᠬᠢᠭᠰᠡᠨ | ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠭᠡᠷᠡᠴᠢ ᠶᠢ ᠬᠦᠴᠦᠨ ᠦᠭᠡᠢ ᠪᠣᠯᠭᠠᠭᠰᠠᠨ ᠤ ᠬᠠᠮᠲᠤ ᠰᠦᠯᠵᠢᠶᠡᠨ | ᠳᠡᠭᠡᠷ᠎ᠡ ᠮᠡᠳᠡᠭᠦᠯᠦᠨ ᠰᠢᠯᠭᠠᠬᠤ ᠳᠦᠷᠢᠮ ᠢ ᠬᠡᠷᠡᠭᠵᠢᠭᠦᠯᠵᠡᠢ᠃ ᠤᠯᠤᠰ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠣᠯᠠᠨ ᠭᠡᠷᠡᠴᠢ ᠶᠢ ᠨᠡᠶᠢᠯᠡᠭᠦᠯᠦᠨ ᠨᠢᠭᠡ ᠪᠣᠯᠭᠠᠬᠤ︾ | ᠬᠤᠳᠠᠯᠳᠤᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠪᠠ᠃ ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠵᠥᠪᠰᠢᠶᠡᠷᠡᠯ ᠤᠨ ᠳᠠᠷᠤᠢ ᠳᠤ ᠨᠢ ᠭᠦᠢᠴᠡᠳᠬᠡᠬᠦ ᠠᠵᠢᠯ ᠲᠥᠷᠥᠯ ᠢ | ᠲᠣᠳᠣᠷᠬᠠᠶᠢᠯᠠᠨ᠂ ︽ᠭᠤᠷᠪᠠᠨ ᠵᠦᠢᠯ ᠤᠨ ᠳᠦᠷᠢᠮ︾ ᠢ ᠲᠤᠷᠰᠢᠨ ᠬᠡᠷᠡᠭᠵᠢᠭᠦᠯᠵᠦ᠂ ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠪᠠ ᠠᠯᠪᠠᠨ ᠲᠤᠰᠢᠶᠠᠯᠲᠤ ᠬᠠᠤᠯᠢᠴᠢ ᠶᠢᠨ ᠳᠦᠷᠢᠮ ᠢ ᠬᠡᠷᠡᠭᠵᠢᠭᠦᠯᠦᠨ᠂ ᠭᠠᠶᠢᠯᠢ ᠶᠢᠨ | ᠶᠠᠪᠤᠳᠠᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠶᠢᠨ ᠡᠷᠴᠢᠮ ᠢᠶᠠᠨ | ᠴᠢᠩᠭᠠᠷᠠᠭᠤᠯᠤᠭᠰᠠᠨ ᠪᠠᠶᠢᠨ᠎ᠠ᠃ | ᠬᠤᠶᠠᠷ ᠲᠤ᠂ ᠠᠵᠢᠯ ᠤᠨ ᠳᠤᠮᠳᠠ ᠪᠠ ᠠᠵᠢᠯ ᠤᠨ ᠳᠠᠷᠠᠭ᠎ᠠ᠂ ︽ᠬᠠᠮᠢᠶᠠᠷᠬᠤ︾ ᠡᠷᠴᠢᠮ ᠢ ᠪᠠᠲᠤᠯᠠᠵᠠᠢ᠃ | ᠬᠥᠬᠡᠬᠤᠲᠠ ᠪᠤᠭᠤᠲᠤ ᠣᠷᠳᠣᠰ ᠤᠨ ᠭᠠᠶᠢᠯᠢ ᠲᠠᠲᠠᠪᠤᠷᠢ ᠶᠢᠨ ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠵᠤ᠂ | ᠥᠪᠥᠷ ᠮᠣᠩᠭᠤᠯ ᠱᠠᠨ ᠰᠢ ᠾᠧᠪᠧᠢ ︵ᠤᠯᠠᠭᠠᠨᠴᠠᠪ ᠳ᠋ᠠᠲ᠋ᠦ᠋ᠩ ᠵᠠᠩ ᠵᠢᠶᠠ ᠺᠧᠦ︶ ᠶᠢᠨ ᠭᠠᠶᠢᠯᠢ ᠲᠠᠲᠠᠪᠤᠷᠢ ᠶᠢᠨ | ᠠᠵᠢᠯ ᠲᠥᠷᠥᠯ ᠢ ᠨᠡᠶᠢᠳᠡᠮ ᠳᠤ ᠨᠢ ᠭᠦᠢᠴᠡᠳᠬᠡᠬᠦ ᠶᠢ ᠢᠳᠡᠪᠬᠢᠲᠡᠢ ᠪᠠᠷ ᠠᠬᠢᠭᠤᠯᠪᠠ᠃ ᠲᠤᠭ᠎ᠠ ᠪᠠᠷᠢᠮᠲᠠ ᠶᠢ | ᠴᠢᠨᠠᠷᠲᠠᠢ ᠬᠠᠮᠢᠶᠠᠷᠬᠤ ᠪᠠ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠪᠦᠬᠦ ᠤᠯᠤᠰ ᠲᠤ | ᠬᠠᠮᠤᠭ ᠠᠴᠠ ᠤᠷᠢᠳ ᠢᠶᠠᠷ ᠭᠠᠶᠢᠯᠢ ᠲᠠᠲᠠᠪᠤᠷᠢ ᠶᠢᠨ ᠶᠡᠭᠡ ᠳ᠋ᠠᠶᠢᠲ᠋ᠠ ᠶᠢᠨ ᠲᠠᠪᠴᠠᠩ ᠢ ᠪᠠᠶᠢᠭᠤᠯᠵᠠᠢ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠵᠡᠷᠭᠡ ᠠᠵᠢᠯ ᠢ ᠡᠷᠴᠢᠮ ᠲᠠᠢ ᠮᠥᠷᠲᠡᠭᠡᠨ ᠳᠡᠰ | ᠳᠠᠷᠠᠭᠠᠯᠠᠯ ᠲᠠᠢ ᠪᠠᠷ ᠠᠬᠢᠭᠤᠯᠪᠠ᠃ ᠭᠠᠶᠢᠯᠢ ᠲᠤᠰᠢᠶᠠᠭᠴᠢ ᠶᠢ ᠲᠥᠷᠥᠯ ᠳᠡᠰ ᠬᠤᠪᠢᠶᠠᠨ ᠬᠠᠮᠢᠶᠠᠷᠬᠤ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠮᠡᠳᠡᠭᠡ ᠵᠠᠩᠭᠢ ᠪᠠᠷ ᠭᠠᠶᠢᠯᠢ ᠬᠠᠮᠢᠶᠠᠷᠬᠤ ᠬᠢᠭᠡᠳ ᠢᠲᠡᠭᠡᠮᠵᠢ ᠪᠠᠷ ᠭᠠᠶᠢᠯᠢ | ᠬᠠᠮᠢᠶᠠᠷᠬᠤ ᠶᠢ ᠬᠠᠷᠢᠯᠴᠠᠨ ᠤᠶᠠᠯᠳᠤᠭᠤᠯᠤᠭᠰᠠᠨ ᠭᠠᠶᠢᠯᠢ ᠲᠠᠲᠠᠪᠤᠷᠢ ᠶᠢᠨ ᠲᠣᠭᠠᠵᠢᠭᠤᠯᠤᠭᠰᠠᠨ ᠵᠠᠰᠠᠯᠲᠠ ᠶᠢ | ᠬᠡᠷᠡᠭᠵᠢᠭᠦᠯᠵᠡᠢ᠃ ᠲᠣᠮᠣ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠬᠢᠭᠡᠳ ᠬᠠᠮᠢᠶᠠᠷᠤᠯᠲᠠ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢᠨ ᠴᠠᠭᠳᠠᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠂ | ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠬᠠᠮᠲᠤᠷᠠᠨ ᠪᠠᠶᠢᠴᠠᠭᠠᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠨᠠᠷᠢᠨ ᠬᠢᠨᠠᠮᠠᠭᠠᠢ ᠰᠠᠶᠢᠲᠤᠷ | ᠬᠢᠵᠦ᠂ ᠰᠦᠯᠵᠢᠶᠡᠨ ᠳᠡᠭᠡᠷ᠎ᠡ ︽ᠬᠠᠷ᠎ᠠ ᠳᠠᠩᠰᠠ︾ ᠶᠢᠨ ᠣᠶᠣᠨᠴᠢ ᠬᠠᠮᠢᠶᠠᠷᠤᠯᠲᠠ ᠶᠢᠨ ᠰᠢᠰᠲ᠋ᠧᠮ ᠢ | ᠠᠵᠢᠯᠯᠠᠭᠤᠯᠤᠭᠰᠠᠨ ᠪᠠᠶᠢᠨ᠎ᠠ᠃ | ᠭᠤᠷᠪᠠ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠦᠢᠯᠡᠴᠢᠯᠡᠬᠦ︾ | ᠭᠦᠨᠴᠡ ᠶᠢ ᠪᠠᠲᠤᠯᠠᠵᠠᠢ᠃ ︽ᠠᠷᠠᠳ ᠲᠤ ᠳᠥᠭᠦᠮ ᠦᠵᠡᠭᠦᠯᠦᠨ ᠭᠠᠶᠢᠯᠢ ᠭᠦᠢᠴᠡᠳᠬᠡᠬᠦ ᠬᠠᠪᠤᠷ ᠤᠨ ᠰᠠᠯᠬᠢᠨ ᠤ | ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ 5 ᠲᠥᠷᠥᠯ 20 ᠵᠦᠢᠯ 49 ᠵᠤᠷᠪᠤᠰ ᠠᠷᠠᠳ ᠲᠤ | ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠲᠠᠢ ᠪᠠᠷ ᠠᠪᠤᠪᠠ᠃ ᠭᠠᠶᠢᠯᠢ ᠪᠤᠴᠠᠭᠠᠬᠤ ᠳᠤ ᠴᠠᠭᠠᠰᠤ | ᠥᠯᠥ ᠬᠡᠷᠡᠭᠯᠡᠬᠦ ᠲᠤᠷᠰᠢᠯᠲᠠ ᠶᠢᠨ ᠴᠢᠭ᠋ ᠢ ᠥᠷᠨᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ | ᠠᠬᠢᠴᠠ ᠶᠢ ᠲᠦᠷᠭᠡᠳᠬᠡᠭᠰᠡᠨ ᠪᠠᠶᠢᠨ᠎ᠠ᠃ ᠭᠠᠶᠢᠯᠢ ᠲᠤᠰᠢᠶᠠᠭᠴᠢ ᠶᠢᠨ ᠬᠠᠨᠤᠮᠵᠢᠲᠤ ᠬᠡᠮᠵᠢᠶ᠎ᠡ ᠳᠤ ᠪᠠᠶᠢᠴᠠᠭᠠᠨ | ᠰᠤᠳᠤᠯᠤᠯᠲᠠ ᠬᠢᠬᠦ ᠪᠠ ︽ᠦᠨᠡᠨ ᠪᠠᠶᠢᠳᠠᠯ ᠢ ᠪᠠᠶᠢᠴᠠᠭᠠᠵᠤ᠂ ᠪᠣᠳᠠᠲᠤ ᠶᠠᠪᠤᠳᠠᠯ ᠭᠦᠢᠴᠡᠳᠬᠡᠬᠦ︾ ᠭᠠᠶᠢᠯᠢ ᠶᠢᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢ ᠨᠠᠷᠢᠨ ᠨᠢᠭᠲᠠ ᠵᠣᠬᠢᠶᠠᠨ ᠪᠠᠶᠢᠭᠤᠯᠤᠨ ᠥᠷᠨᠢᠭᠦᠯᠵᠦ᠂ | ᠭᠠᠶᠢᠯᠢ ᠲᠤᠰᠢᠶᠠᠭᠴᠢᠳ ᠤᠨ 150 ᠭᠠᠷᠤᠢ ᠵᠦᠢᠯ ᠤᠨ ᠠᠰᠠᠭᠤᠳᠠᠯ ᠢ ᠠᠩᠬ᠎ᠠ ᠠᠯᠬᠤᠮ ᠰᠢᠢᠳᠪᠦᠷᠢᠯᠡᠪᠡ᠃ | ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠰᠦᠯᠵᠢᠶᠡᠨ ᠳᠡᠭᠡᠷ᠎ᠡ | ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠠᠪᠴᠠᠩ ᠢ ᠬᠠᠮᠲᠤ ᠪᠠᠷ ᠪᠠᠶᠢᠭᠤᠯᠵᠤ᠂ 59.37 ᠲᠦᠮᠡᠨ ᠡᠷᠦᠬᠡ | ᠭᠠᠶᠢᠯᠢ ᠲᠤᠰᠢᠶᠠᠭᠴᠢ ᠰᠦᠯᠵᠢᠶᠡᠵᠢᠭᠰᠡᠨ ᠦᠢᠯᠡᠴᠢᠯᠡᠭᠡ ᠬᠦᠷᠲᠡᠵᠦ᠂ ᠰᠦᠯᠵᠢᠶᠡᠵᠢᠭᠰᠡᠨ ᠦᠢᠯᠡᠴᠢᠯᠡᠭᠡ ᠨᠢ ᠬᠡᠪ ᠤᠨ | ᠪᠠᠶᠢᠳᠠᠯ ᠪᠠ ᠭᠤᠣᠯ ᠠᠷᠭ᠎ᠠ ᠵᠠᠮ ᠪᠣᠯᠣᠭᠰᠠᠨ ᠪᠠᠶᠢᠨ᠎ᠠ᠃ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠪᠦᠬᠦ | ᠣᠷᠣᠨ ᠤ ᠣᠶᠣᠨᠴᠢᠯᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠤᠯᠤᠰ ᠤᠨ ᠪᠠ ᠣᠷᠣᠨ ᠨᠤᠲᠤᠭ ᠤᠨ | ᠭᠠᠶᠢᠯᠢ ᠶᠢᠨ ᠬᠠᠮᠲᠤᠷᠠᠨ ᠭᠠᠶᠢᠯᠢ ᠭᠦᠢᠴᠡᠳᠬᠡᠬᠦ ᠲᠠᠩᠬᠢᠮ ᠢ ᠪᠠᠶᠢᠭᠤᠯᠪᠠ᠃ ᠭᠠᠶᠢᠯᠢ ᠲᠤᠰᠢᠶᠠᠬᠤ ᠢᠲᠡᠭᠡᠮᠵᠢ ᠶᠢᠨ | ᠰᠢᠰᠲ᠋ᠧᠮᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠢ | ᠦᠨᠡᠯᠡᠨ ᠲᠣᠭᠲᠠᠭᠠᠬᠤ ᠶᠢ ᠪᠡᠶᠡᠯᠡᠭᠦᠯᠵᠦ᠂ ︽ᠪᠠᠩᠬᠢ ᠭᠠᠶᠢᠯᠢ ᠶᠢᠨ ᠦᠢᠯᠡᠳᠦᠯᠴᠡᠯ︾ ᠤᠨ ᠠᠵᠢᠯᠯᠠᠭᠠᠨ ᠤ ᠬᠦᠷᠢᠶ᠎ᠡ | ᠴᠠᠷᠠᠭ᠎ᠠ᠂ ᠬᠦᠷᠢᠶ᠎ᠡ ᠬᠡᠪᠴᠢᠶ᠎ᠡ ᠶᠢ ᠥᠷᠭᠡᠳᠬᠡᠭᠰᠡᠨ ᠠᠴᠠ᠂ ᠭᠠᠶᠢᠯᠢ ᠲᠤᠰᠢᠶᠠᠬᠤ ᠢᠲᠡᠭᠡᠮᠵᠢ ᠨᠢ ᠭᠠᠶᠢᠯᠢ | ᠲᠤᠰᠢᠶᠠᠭᠴᠢ ᠶᠢᠨ ᠬᠠᠮᠤᠭ ᠤᠨ ᠴᠢᠬᠤᠯᠠ ︽ᠨᠡᠷ᠎ᠡ ᠶᠢᠨ ᠬᠠᠭᠤᠳᠠᠰᠤ︾ ᠪᠣᠯᠣᠭᠰᠠᠨ ᠪᠠᠶᠢᠨ᠎ᠠ᠃ | ᠬᠥᠲᠥᠯᠥᠭᠴᠢ᠄ ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ | ᠂ ᠡᠳᠦᠷ ᠪᠦᠷᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠬᠥᠮᠥᠰ ᠮᠠᠰᠢ | ᠵᠦᠳᠡᠷᠡᠯᠲᠡᠢ ᠪᠠᠶᠢᠨ᠎ᠠ᠃ ᠲᠡᠭᠡᠪᠡᠯ ᠲᠠᠨ ᠲᠣᠪᠴᠢᠶᠠᠨ ᠳᠠᠷᠤᠭ᠎ᠠ ᠦᠨᠳᠦᠰᠦᠨ ᠱᠠᠲᠤᠨ ᠤ ᠪᠠᠶᠢᠭᠤᠯᠤᠯᠲᠠ ᠶᠢᠨ | ᠠᠵᠢᠯ ᠤᠨ ᠲᠤᠬᠠᠢ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠶᠠᠮᠠᠷ ᠶᠠᠮᠠᠷ | ᠰᠢᠨ᠎ᠡ ᠠᠷᠭ᠎ᠠ ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠾᠧᠩ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠯᠠᠪᠳᠠᠭᠤᠨ | ᠪᠠᠲᠤᠲᠠᠢ ᠪᠣᠢ ᠪᠣᠯᠭᠠᠵᠤ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠦᠨᠳᠦᠰᠦᠨ | ᠱᠠᠲᠤᠨ ᠤ ᠪᠠᠶᠢᠭᠤᠯᠤᠯᠲᠠ ᠶᠢᠨ ︽ᠠᠷᠠᠭ᠎ᠠ ᠰᠣᠯᠢᠨ ᠳᠡᠰ ᠲᠡᠪᠰᠢᠬᠦ︾ ᠶᠢ ᠶᠡᠭᠡ ᠬᠦᠴᠦᠨ ᠢᠶᠠᠷ ᠠᠬᠢᠭᠤᠯᠤᠭᠰᠠᠨ | ᠶᠤᠮ᠃ | ᠨᠢᠭᠡ ᠳᠤ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠪᠡ᠃ ᠤᠯᠤᠰ | ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠪᠠᠲᠤᠳᠬᠠᠬᠤ᠂ | ᠦᠢᠯᠡᠳᠦᠯᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠶᠢ ᠣᠷᠭᠠᠨᠢᠭ ᠢᠶᠠᠷ ᠨᠢᠭᠡᠳᠦᠯᠲᠡᠢ ᠲᠥᠯᠥᠪᠵᠢᠭᠦᠯᠵᠦ᠂ | ᠡᠯ᠎ᠡ ᠲᠥᠷᠥᠯ ᠤᠨ ᠬᠥᠮᠥᠵᠢᠭᠦᠯᠦᠯ ᠪᠣᠯᠪᠠᠰᠤᠷᠠᠭᠤᠯᠤᠯ ᠤᠨ ᠡᠬᠢ ᠪᠠᠶᠠᠯᠢᠭ᠂ ᠬᠦᠴᠦᠨ ᠴᠢᠳᠠᠯ ᠢ ᠰᠢᠯᠢᠳᠡᠭᠵᠢᠭᠦᠯᠦᠨ | ᠨᠢᠭᠡᠳᠬᠡᠵᠦ᠂ ︽ᠭᠠᠳᠠᠭᠰᠢ ᠭᠠᠷᠬᠤ︾ ᠬᠢᠭᠡᠳ ︽ᠣᠷᠣᠭᠤᠯᠵᠤ ᠢᠷᠡᠬᠦ︾ ᠶᠢ ᠬᠠᠷᠢᠯᠴᠠᠨ ᠤᠶᠠᠯᠳᠤᠭᠤᠯᠬᠤ ᠵᠡᠷᠭᠡ | ᠠᠷᠭ᠎ᠠ ᠮᠠᠶ᠋ᠢᠭ ᠢ ᠠᠪᠴᠤ ᠪᠠᠶᠢᠭᠠᠳ᠂ ᠴᠢᠳᠠᠪᠤᠷᠢᠲᠠᠨ ᠢᠶᠠᠷ ᠭᠠᠶᠢᠯᠢ ᠲᠠᠲᠠᠪᠤᠷᠢ ᠶᠢ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠤ ᠲᠠᠪᠤᠨ ᠳᠡᠰ ᠤᠨ ᠱᠠᠲᠤᠯᠢᠭ ᠪᠣᠯᠪᠠᠰᠤᠷᠠᠭᠤᠯᠤᠯ ᠤᠨ ᠲᠥᠯᠥᠪᠯᠡᠭᠡ ᠪᠠ | ᠴᠢᠳᠠᠪᠤᠷᠢᠲᠠᠨ ᠤ ᠪᠤᠶᠢᠵᠢᠯᠲᠠ ᠶᠢ ᠮᠥᠷᠳᠡᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠵᠢᠯᠣᠭᠤᠳᠬᠤ ᠪᠠᠭᠰᠢ ᠶᠢᠨ ᠳᠦᠷᠢᠮ ᠢ ᠬᠡᠷᠡᠭᠵᠢᠭᠦᠯᠦᠨ᠂ ᠴᠢᠳᠠᠪᠤᠷᠢᠲᠠᠨ ᠤ ᠬᠥᠮᠥᠷᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠭᠤᠯᠤᠯ᠂ ᠲᠤᠬᠠᠶᠢᠯᠠᠭᠰᠠᠨ | ᠠᠵᠢᠯ ᠤᠨ ᠶᠡᠭᠡ ᠮᠥᠷᠦ᠋ᠢᠴᠡᠭᠡᠨ︾ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠭᠰᠡᠨ ᠠᠴᠠ᠂ ᠪᠦᠬᠦ ᠣᠷᠣᠨ ᠤ | ᠤᠯᠤᠰ ᠤᠨ ᠭᠠᠶᠢᠯᠢ ᠶᠢᠨ ᠶᠠᠪᠤᠳᠠᠯ ᠤᠨ ᠺᠠᠳ᠋ᠷ ᠤᠨ ᠪᠦᠬᠦᠯᠢ ᠴᠣᠭᠴᠠ ᠶᠢᠨ ᠬᠡᠪ ᠴᠢᠨᠠᠷ ᠢᠯᠡᠳᠲᠡ ᠳᠡᠭᠡᠭᠰᠢᠯᠡᠵᠡᠢ᠃ | ᠰᠢᠨ᠎ᠡ ᠪᠠᠷ ᠡᠯᠰᠡᠨ ᠬᠡᠷᠡᠭᠯᠡᠭᠰᠡᠨ 543 ᠠᠯᠪᠠᠲᠠᠨ ᠢ ᠪᠦᠬᠦᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠳᠤ | ᠨᠥᠬᠦᠪᠦᠷᠢᠯᠡᠵᠦ᠂ ᠦᠨᠳᠦᠰᠦᠨ ᠱᠠᠲᠤᠨ ᠤ ᠲᠠᠲᠠᠪᠤᠷᠢᠯᠠᠨ ᠬᠠᠮᠢᠶᠠᠷᠬᠤ ᠬᠦᠴᠦᠨ ᠢ ᠭᠦᠢᠴᠡᠳ ᠴᠢᠩᠭᠠᠷᠠᠭᠤᠯᠪᠠ᠃ | ᠦᠨᠳᠦᠰᠦᠨ ᠱᠠᠲᠤᠨ ᠤ ᠵᠠᠷᠤᠳᠠᠯ ᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ | ᠠᠯᠪᠠᠨ ᠤ ᠲᠡᠷᠭᠡ ᠶᠢᠨ ᠥᠭᠡᠷᠡᠴᠢᠯᠡᠯᠲᠡ᠂ ᠴᠠᠯᠢᠩ ᠨᠡᠮᠡᠯᠭᠡ ᠳᠠᠭᠠᠳᠬᠠᠯ ᠠᠰᠠᠷᠠᠮᠵᠢ ᠶᠢ ᠡᠭᠦᠷᠭᠡ ᠲᠤᠰᠢᠶᠠᠯ ᠪᠣᠯᠣᠨ | ᠲᠤᠰᠢᠶᠠᠯ ᠤᠨ ᠳᠡᠰ ᠲᠠᠢ ᠵᠡᠷᠭᠡ ᠳᠤ ᠨᠢ ᠶᠠᠪᠤᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯᠲᠠᠨ ᠤ ᠶᠠᠪᠤᠳᠠᠯ ᠪᠠ | ᠠᠵᠢᠯ ᠤᠨ ᠠᠮᠵᠢᠯᠲᠠ ᠪᠦᠲᠦᠮᠵᠢ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠭᠰᠠᠨ ᠪᠠᠶᠢᠨ᠎ᠠ᠃ | ᠬᠤᠶᠠᠷ ᠲᠤ᠂ ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠴᠢᠶᠠᠯᠠᠭᠴᠢ ᠶᠢ ᠪᠠᠶᠠᠯᠢᠭᠵᠢᠭᠤᠯᠪᠠ᠃ | ᠮᠣᠩᠭᠤᠯ ᠮᠣᠷᠢ ᠶᠢᠨ ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠬᠤ ᠪᠠ ᠪᠠᠳᠠᠷᠠᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠺᠠᠳ᠋ᠷ ᠤᠨ ᠡᠩᠨᠡᠭᠡ ᠶᠢᠨ ︽ᠲᠡᠰᠪᠦᠷᠢ ᠬᠠᠲᠠᠭᠤᠵᠢᠯᠲᠠᠢ ᠠᠵᠢᠯᠯᠠᠵᠤ᠂ ᠴᠤᠴᠠᠯᠲᠠ ᠦᠭᠡᠢ | ᠤᠷᠤᠭᠰᠢᠯᠠᠬᠤ︾ ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠨᠢᠭᠲᠠᠷᠠᠭᠤᠯᠵᠠᠢ᠃ ᠲᠠᠯ᠎ᠠ ᠨᠤᠲᠤᠭ ᠤᠨ | ᠭᠠᠶᠢᠯᠢ ᠶᠢᠨ ᠲᠡᠦᠬᠡ ᠶᠢᠨ ᠦᠵᠡᠭᠦᠯᠭᠡ ᠶᠢᠨ ᠮᠦᠽᠧᠢ ᠶᠢ ᠪᠠᠶᠢᠭᠤᠯᠵᠤ᠂ ᠥᠪᠥᠷ ᠮᠣᠩᠭᠤᠯ ᠤᠨ ᠲᠠᠯ᠎ᠠ | ᠨᠤᠲᠤᠭ ᠠᠴᠠ ᠬᠥᠪᠥᠷᠡᠭᠰᠡᠨ ᠭᠡᠷᠡᠯ ᠰᠠᠴᠤᠷᠠᠩᠭᠤᠢ ᠰᠣᠶᠣᠯ ᠪᠠ ᠲᠠᠯ᠎ᠠ ᠨᠤᠲᠤᠭ ᠤᠨ ᠭᠠᠶᠢᠯᠢ ᠶᠢᠨ ᠬᠥᠭᠵᠢᠯᠲᠡ ᠶᠢᠨ | ᠠᠬᠢᠴᠠ ᠶᠢ ᠲᠥᠪᠯᠡᠷᠡᠩᠭᠦᠢ ᠳᠡᠯᠭᠡᠨ ᠦᠵᠡᠭᠦᠯᠪᠡ᠃ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ᠂ | ᠠᠩᠬᠠᠳᠤᠭᠠᠷ ᠬᠤᠭᠤᠴᠠᠭᠠᠨ ᠤ ᠠᠵᠢᠯᠲᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠰᠢᠷᠢᠰ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠬᠤ ᠪᠠ ᠭᠠᠶᠢᠯᠢ ᠲᠠᠲᠠᠪᠤᠷᠢ ᠶᠢᠨ ᠬᠠᠤᠯᠢ ᠶᠢ ᠬᠡᠷᠡᠭᠵᠢᠭᠦᠯᠬᠦ ᠶᠡᠭᠡ | ᠰᠢᠮᠳᠠᠭᠤᠯᠤᠨ ᠪᠠᠶᠢᠴᠠᠭᠠᠯᠲᠠ ᠳᠤᠮᠳᠠ ᠢᠯᠡᠷᠡᠯ ᠢᠶᠠᠷ ᠲᠣᠪᠤᠶᠢᠮ᠎ᠠ ᠬᠠᠮᠲᠤ ᠪᠠ ᠬᠤᠪᠢ ᠬᠥᠮᠥᠨ ᠢ ᠬᠥᠬᠢᠭᠦᠯᠦᠨ | ᠰᠠᠶᠢᠰᠢᠶᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠪᠡ᠃ | ᠮᠠᠨ ᠤ ᠴᠢᠷᠮᠠᠶᠢᠯᠭ᠎ᠠ ᠴᠤ ᠵᠣᠬᠢᠬᠤ ᠦᠷ᠎ᠡ ᠪᠦᠲᠦᠮᠵᠢ ᠣᠯᠵᠤ᠂ 2017 ᠣᠨ ᠤ ᠡᠴᠦᠰ ᠪᠣᠯᠲᠠᠯ᠎ᠠ᠂ ᠪᠦᠬᠦ | ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠪᠦᠬᠦ ᠤᠯᠤᠰ ᠤᠨ ᠪᠣᠯᠪᠠᠰᠤᠨ ᠨᠢᠭᠡᠴᠢ 21 | ᠂ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠴᠢᠬᠡᠴᠢ ᠵᠠᠰᠠᠭ ᠤᠨ ᠬᠥᠮᠥᠵᠢᠯ ᠤᠨ ᠰᠠᠭᠤᠷᠢᠨ | ᠭᠠᠵᠠᠷ 1᠂ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠠᠤᠯᠢ ᠪᠠᠷ ᠵᠠᠰᠠᠬᠤ ᠰᠠᠭᠤᠷᠢᠨ ᠭᠠᠵᠠᠷ | 1᠂ ᠪᠦᠬᠦ ᠣᠷᠣᠨ ᠤ ᠪᠣᠯᠪᠠᠰᠤᠨ ᠨᠢᠭᠡᠴᠢ ᠶᠢᠨ ᠥᠯᠢᠭᠡᠷ ᠵᠢᠱᠢᠶ᠎ᠡ 92᠂ ᠪᠦᠬᠦ ᠣᠷᠣᠨ ᠤ ᠪᠣᠯᠪᠠᠰᠤᠨ ᠨᠢᠭᠡᠴᠢ | 58 ᠶᠢ ᠴᠢᠷᠮᠠᠶᠢᠨ ᠡᠭᠦᠳᠴᠦ᠂ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ 139 ᠪᠠᠶᠢᠭᠤᠯᠭ᠎ᠠ | ᠳᠣᠲᠣᠷ᠎ᠠ 132 ᠨᠢ ᠪᠦᠬᠦ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ︵ᠥᠯᠢᠭᠡᠷ | ᠵᠢᠱᠢᠶ᠎ᠡ︶ ᠶᠢᠨ ᠴᠣᠯᠠ ᠬᠦᠷᠲᠡᠨ᠂ 7 ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠣᠯᠭᠤᠭᠰᠠᠨ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠠᠮᠲᠤ︾ ᠶᠢᠨ ᠢᠷᠠᠭᠤ ᠠᠯᠳᠠᠷ ᠤᠨ ᠴᠣᠯᠠ ᠬᠦᠷᠲᠡᠵᠦ᠂ ᠣᠶᠣᠨ ᠤ ᠪᠣᠯᠪᠠᠰᠤᠨ ᠤ ᠪᠠᠶᠢᠭᠤᠯᠤᠯᠲᠠ | ᠨᠡᠯᠢᠶᠡᠳ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠬᠥᠲᠥᠯᠥᠭᠴᠢ᠄ 2017 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠭᠰᠠᠨ ᠵᠢᠯ ᠪᠣᠯᠣᠨ᠎ᠠ᠃ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ | ᠬᠡᠷᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠤᠭᠰᠠᠨ ᠲᠤᠬᠠᠢ ᠲᠠ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠾᠧᠩ᠄ ᠪᠣᠯᠣᠨ᠎ᠠ᠃ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠪᠠᠷ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠲᠡᠷᠢᠭᠦᠨ | ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ᠂ ᠣᠯᠠᠨ | ᠵᠦᠢᠯ ᠤᠨ ᠠᠴᠢᠶᠠᠯᠠᠭᠴᠢ ᠶᠢ ᠬᠡᠷᠡᠭᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠭᠰᠠᠨ ᠶᠤᠮ᠃ ᠨᠢᠭᠡ ᠳᠤ᠂ ᠳᠡᠭᠡᠳᠦ ᠱᠠᠲᠤ ᠨᠢ | ᠳᠣᠣᠷᠠᠳᠤ ᠱᠠᠲᠤ ᠪᠠᠨ ᠳᠠᠭᠠᠭᠤᠯᠤᠨ ᠭᠦᠨᠵᠡᠭᠡᠢ ᠰᠤᠷᠤᠯᠴᠠᠨ ᠣᠶᠢᠯᠠᠭᠠᠪᠠ᠃ ᠪᠦᠬᠦ ᠺᠠᠳ᠋ᠷ ᠠᠵᠢᠯᠲᠠᠨ ᠢᠶᠠᠨ ᠵᠣᠬᠢᠶᠠᠨ | ᠪᠠᠶᠢᠭᠤᠯᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠦᠯᠢᠶᠡᠨ ᠠᠪᠴᠤ | ᠰᠣᠨᠣᠰᠤᠭᠰᠠᠨ ᠪᠠ ᠦᠵᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠵᠡᠷᠭᠡ ᠬᠠᠮᠢᠶ᠎ᠠ ᠪᠦᠬᠦᠢ | ᠮᠠᠲ᠋ᠧᠷᠢᠶᠠᠯ ᠢ ᠰᠤᠷᠤᠯᠴᠠᠨ ᠰᠤᠳᠤᠯᠪᠠ︔ ᠶᠡᠷᠦᠩᠬᠡᠢ ᠱᠦᠵᠢ ᠰᠢ ᠶᠢᠨ ᠫᠢᠩ ᠤᠨ ︽ᠰᠤᠷᠤᠯᠴᠠᠨ ᠣᠶᠢᠯᠠᠭᠠᠬᠤ︾᠂ | ︽ᠨᠡᠪᠲᠡᠷᠡᠯ᠎ᠡ ᠤᠬᠠᠬᠤ︾᠂ ︽ᠪᠣᠳᠠᠲᠠᠢ ᠪᠠᠷ ᠬᠢᠬᠦ︾ 6 ᠦᠰᠦᠭ ᠤᠨ ᠱᠠᠭᠠᠷᠳᠠᠯᠭ᠎ᠠ ᠪᠠ ᠨᠠᠮ ᠤᠨ ᠲᠥᠪ | ᠬᠤᠷᠢᠶᠠᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠨᠠᠮ ᠤᠨ ᠤᠳᠤᠷᠢᠳᠬᠤ ᠳᠤᠭᠤᠶᠢᠯᠠᠩ ᠠᠴᠠ | ᠳᠠᠭᠠᠭᠤᠯᠤᠨ ᠰᠤᠷᠤᠯᠴᠠᠬᠤ᠂ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠠᠴᠠ ᠲᠤᠭᠤᠰᠢᠲᠠᠢ | ᠰᠤᠷᠤᠯᠴᠠᠬᠤ᠂ ᠰᠤᠳᠤᠯᠤᠨ ᠶᠠᠷᠢᠯᠴᠠᠬᠤ ᠠᠩᠭᠢ ᠡᠷᠬᠢᠯᠡᠵᠦ ᠭᠦᠨᠵᠡᠭᠡᠢ ᠰᠤᠷᠤᠯᠴᠠᠬᠤ ᠵᠡᠷᠭᠡ ᠬᠡᠯᠪᠡᠷᠢ ᠪᠠᠷ | ᠳᠠᠮᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠰᠢᠰᠲ᠋ᠧᠮ ᠲᠠᠢ᠂ ᠤᠳᠠᠭᠠᠨ ᠳᠠᠭᠠᠭᠠᠮᠠᠭᠠᠢ ᠪᠠᠷ ᠭᠦᠨᠵᠡᠭᠡᠢ ᠰᠤᠷᠤᠯᠴᠠᠪᠠ᠃ ᠬᠤᠶᠠᠷ ᠲᠤ᠂ ᠬᠥᠨᠳᠡᠯᠡᠨ ᠭᠤᠯᠳᠤ ᠪᠠᠷ | ᠬᠤᠯᠪᠣᠭᠠᠯᠠᠨ ᠦᠢᠯᠡᠳᠦᠯᠴᠡᠵᠦ ᠤᠬᠠᠭᠤᠯᠬᠤ ᠠᠵᠢᠯ ᠢ ᠰᠠᠶᠢᠲᠤᠷ ᠬᠢᠵᠡᠢ᠃ ᠣᠷᠣᠨ ᠲᠣᠪᠴᠢᠶ᠎ᠠ ᠶᠢᠨ | ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠪᠠ᠃ ᠪᠦᠬᠦ ᠣᠷᠣᠨ ᠤ ᠤᠯᠤᠰ ᠤᠨ ᠭᠠᠶᠢᠯᠢ ᠶᠢᠨ | ᠶᠠᠪᠤᠳᠠᠯ ᠤᠨ ᠰᠢᠰᠲ᠋ᠧᠮ ᠤᠨ ᠬᠢᠨ ᠤᠬᠠᠭᠤᠯᠬᠤ᠂ ᠬᠥᠮᠥᠵᠢᠭᠦᠯᠬᠦ᠂ ᠪᠣᠯᠪᠠᠰᠤᠷᠠᠭᠤᠯᠬᠤ ᠵᠡᠷᠭᠡ ᠠᠵᠢᠯ ᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠲᠤᠷᠰᠢᠯᠭ᠎ᠠ᠂ ᠵᠢᠱᠢᠶᠡᠴᠢ ᠦᠢᠯᠡ ᠠᠵᠢᠯᠯᠠᠭ᠎ᠠ ᠶᠢ | ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠥᠪ ᠴᠢᠭᠯᠡᠯ ᠢᠶᠠᠷ ᠢᠳᠡᠪᠬᠢᠲᠡᠢ ᠬᠥᠲᠥᠯᠵᠦ᠂ ᠤᠷᠮᠠᠰᠢᠭᠤᠯᠤᠨ | ᠵᠣᠷᠢᠭᠵᠢᠭᠤᠯᠬᠤ ᠲᠠᠯ᠎ᠠ ᠪᠠᠷ ᠬᠦᠴᠦᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠦᠵᠡᠯ ᠰᠠᠨᠠᠭᠠᠨ ᠳᠤ ᠪᠠᠨ ᠰᠠᠭᠤᠷᠢᠯᠠᠭᠤᠯᠬᠤ᠂ ᠴᠢᠰᠤᠨ ᠳᠤ ᠪᠠᠨ ᠠᠭᠤᠰᠤᠭᠤᠯᠬᠤ᠂ ᠠᠵᠢᠯ ᠳᠤ ᠪᠠᠨ | ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠪᠠᠷ ᠢᠶᠠᠨ ᠢᠯᠡᠷᠡᠭᠦᠯᠬᠦ ᠶᠢ ᠪᠠᠲᠤᠯᠠᠭᠰᠠᠨ ᠪᠠᠶᠢᠨ᠎ᠠ᠃ | ᠬᠥᠲᠥᠯᠥᠭᠴᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠲᠤᠬᠠᠢ ᠰᠢᠨ᠎ᠡ ᠲᠣᠬᠢᠷᠠᠭᠤᠯᠤᠯᠲᠠ ᠪᠠ ᠰᠢᠨ᠎ᠡ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠳᠣᠣᠷ᠎ᠠ ᠲᠠᠨ ᠲᠣᠪᠴᠢᠶᠠᠨ | ᠳᠠᠷᠤᠭ᠎ᠠ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠨᠡ ᠲᠠᠯ᠎ᠠ ᠪᠠᠷ ᠶᠠᠭᠠᠬᠢᠵᠤ | ᠬᠢᠭᠰᠡᠨ ᠲᠤᠬᠠᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠾᠧᠩ᠄ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠳᠡᠭᠡᠳᠦ | ᠱᠠᠲᠤᠨ ᠠᠴᠠ ᠳᠣᠣᠷᠠᠳᠤ ᠱᠠᠲᠤᠨ ᠳᠤ ᠬᠦᠷᠲᠡᠯ᠎ᠡ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠢ | ᠲᠣᠬᠢᠷᠠᠭᠤᠯᠤᠭᠰᠠᠨ ᠠᠴᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠪᠠᠶᠢᠷᠢᠯᠠᠭᠤᠯᠤᠯᠲᠠ ᠡᠳᠦᠷ ᠢᠷᠡᠬᠦᠶ᠎ᠡ | ᠲᠡᠭᠦᠯᠳᠡᠷᠵᠢᠪᠡ᠃ ᠨᠢᠭᠡ ᠳᠤ᠂ ᠨᠠᠮ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠡᠶᠢᠯᠡᠭᠦᠯᠦᠨ | ᠰᠢᠯᠢᠳᠡᠭᠵᠢᠭᠦᠯᠵᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ | ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠤᠯᠪᠣᠭᠠᠯᠠᠨ ᠬᠥᠳᠡᠯᠦᠯᠴᠡᠵᠦ᠂ ᠨᠠᠮ ᠤᠨ ᠪᠠᠶᠢᠭᠤᠯᠤᠯᠲᠠ ᠶᠢᠨ | ᠠᠵᠢᠯ ᠤᠨ 136 ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠯᠪᠠᠨ | ᠭᠡᠷ ᠤᠨ ᠬᠢᠨ ᠪᠣᠳᠠᠲᠤ ᠴᠣᠭᠴᠠᠵᠢᠭᠰᠠᠨ ᠡᠷᠭᠢᠯᠲᠡ ᠶᠢ ᠬᠡᠷᠡᠭᠵᠢᠭᠦᠯᠦᠨ᠂ ᠨᠠᠮ ᠤᠨ ᠠᠵᠢᠯ ᠤᠨ ᠲᠤᠰᠬᠠᠢ | ᠲᠤᠰᠢᠶᠠᠯᠲᠤ ᠺᠠᠳ᠋ᠷ ᠢ ᠭᠦᠢᠴᠡᠳ ᠰᠠᠶᠢᠲᠤᠷ ᠲᠣᠬᠢᠷᠠᠭᠤᠯᠵᠤ᠂ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ | ᠬᠦᠷᠲᠡᠯ᠎ᠡ ᠪᠠᠶᠢᠭᠤᠯᠭ᠎ᠠ ᠶᠢᠨ ᠠᠵᠢᠯ ᠢ ᠴᠢᠬᠤᠯᠠᠴᠢᠯᠠᠵᠤ ᠰᠢᠰᠲ᠋ᠧᠮ ᠢ ᠠᠬᠢᠭᠤᠯᠬᠤ ᠨᠠᠮ ᠤᠨ ᠪᠠᠶᠢᠭᠤᠯᠤᠯᠲᠠ ᠶᠢᠨ | ᠠᠵᠢᠯ ᠤᠨ ᠰᠢᠨ᠎ᠡ ᠪᠠᠶᠢᠳᠠᠯ ᠢ ᠪᠦᠷᠢᠯᠳᠦᠭᠦᠯᠵᠡᠢ᠃ ︽ᠬᠤᠶᠠᠷ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ︽ | ᠰᠢᠰᠲ᠋ᠧᠮ ᠢᠶᠠᠷ ᠢᠶᠠᠨ ᠢᠳᠡᠪᠬᠢᠲᠡᠢ ᠬᠥᠳᠡᠯᠦᠯᠴᠡᠵᠦ᠂ ᠨᠠᠮ ᠤᠨ ᠤᠳᠤᠷᠢᠳᠤᠯᠭ᠎ᠠ ᠪᠠᠷ ᠭᠤᠣᠯ ᠪᠣᠯᠭᠠᠬᠤ︾᠂ ︽ | ᠳᠣᠷᠣᠭᠰᠢ ᠬᠤᠶᠠᠷ ᠱᠠᠲᠤ ᠶᠢ ᠠᠳᠬᠤᠵᠤ᠂ ᠨᠡᠩ ᠡᠷᠴᠢᠮ ᠲᠠᠢ ᠪᠥᠭᠡᠳ ᠭᠦᠨᠵᠡᠭᠡᠢ ᠠᠳᠬᠤᠬᠤ︾ ᠵᠡᠷᠭᠡ ᠨᠠᠮ ᠤᠨ | ᠪᠠᠶᠢᠭᠤᠯᠤᠯᠲᠠ ᠶᠢᠨ ᠰᠢᠨ᠎ᠡ ᠳᠦᠷᠢᠮ ᠰᠢᠨ᠎ᠡ ᠲᠣᠭᠲᠠᠴᠠ ᠶᠢᠨ ᠲᠤᠭᠤᠰᠢᠯᠠᠭᠤᠯᠤᠯᠲᠠ ᠬᠡᠷᠡᠭᠵᠢᠭᠦᠯᠦᠯᠲᠡ ᠶᠢ ᠴᠢᠩᠭ᠎ᠠ | ᠠᠳᠬᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ | ᠲᠠᠯᠪᠢᠬᠤ ᠬᠠᠷᠢᠭᠤᠴᠠᠯᠭ᠎ᠠ ᠶᠢᠨ 222 ᠵᠦᠢᠯ ᠤᠨ ᠠᠵᠢᠯ ᠤᠨ ᠡᠭᠦᠷᠭᠡ ᠶᠢ ᠲᠣᠳᠣᠷᠬᠠᠢ ᠨᠠᠶᠢᠳᠠᠪᠤᠷᠢᠵᠢᠭᠤᠯᠤᠭᠰᠠᠨ | ᠪᠠᠶᠢᠨ᠎ᠠ᠃ ᠬᠤᠶᠠᠷ ᠲᠤ᠂ ᠤᠯᠤᠰ ᠲᠥᠷᠥ ᠦᠵᠡᠯ ᠰᠠᠨᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠠᠢ᠃ | ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠬᠡᠪᠰᠢᠵᠢᠭᠦᠯᠦᠯᠲᠡ ᠳᠦᠷᠢᠮᠵᠢᠭᠦᠯᠦᠯᠲᠡ | ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠷᠢᠮᠵᠢᠶᠠᠵᠢᠭᠤᠯᠤᠯᠲᠠ | ᠵᠢᠷᠤᠮᠵᠢᠭᠤᠯᠤᠯᠲᠠ ᠶᠢ ᠯᠠᠪᠳᠠᠭᠤᠨ ᠪᠠᠲᠤᠲᠠᠢ ᠮᠥᠷᠲᠡᠭᠡᠨ ᠥᠨᠳᠥᠷ ᠪᠦᠲᠦᠮᠵᠢᠲᠡᠢ ᠪᠠᠷ ᠠᠬᠢᠭᠤᠯᠵᠤ᠂ ︽ᠳᠥᠷᠪᠡᠨ | ᠦᠵᠡᠯ ᠤᠬᠠᠮᠰᠠᠷ︾ ᠢ ᠯᠠᠪᠳᠠᠭᠤᠨ ᠪᠠᠲᠤᠲᠠᠢ ᠪᠣᠢ ᠪᠣᠯᠭᠠᠵᠤ᠂ ︽ᠳᠥᠷᠪᠡᠨ ᠢᠲᠡᠭᠡᠯ︾ ᠢ ᠴᠢᠩᠭᠠᠷᠠᠭᠤᠯᠤᠨ᠂ ︽ | ᠳᠥᠷᠪᠡᠨ ᠪᠠᠲᠤ ᠬᠦᠴᠦᠨ︾ ᠢᠶᠠᠨ ᠪᠠᠲᠤᠳᠬᠠᠵᠤ᠂ ︽ᠳᠥᠷᠪᠡᠨ ᠲᠠᠯ᠎ᠠ ᠪᠠᠷ ᠬᠢᠷᠢ ᠲᠡᠩᠴᠡᠭᠰᠡᠨ︾ ᠨᠠᠮ ᠤᠨ | ᠭᠡᠰᠢᠭᠦᠨ ᠪᠣᠯᠬᠤ ᠪᠠᠷ ᠴᠢᠷᠮᠠᠶᠢᠨ ᠲᠡᠮᠡᠴᠡᠪᠡ᠃ ᠤᠳᠤᠷᠢᠳᠬᠤ ᠺᠠᠳ᠋ᠷ ᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ | ᠪᠠᠶᠢᠴᠠᠭᠠᠨ ᠰᠤᠳᠤᠯᠬᠤ ᠪᠠ ᠦᠨᠳᠦᠰᠦᠨ ᠱᠠᠲᠤ ᠲᠠᠢ ᠰᠢᠭᠤᠳ ᠬᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ | ᠺᠠᠳ᠋ᠷ ᠤᠨ ᠪᠠᠷᠢᠮᠵᠢᠶ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠤᠳᠤᠷᠢᠳᠬᠤ ᠪᠠᠭ ᠤᠨ ᠪᠠᠶᠢᠭᠤᠯᠤᠯᠲᠠ ᠶᠢ | ᠴᠢᠩᠭᠠᠳᠬᠠᠵᠠᠢ᠃ ᠡᠯ᠎ᠡ ᠱᠠᠲᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠ ᠡᠵᠡᠮᠳᠡᠬᠦ ᠦᠢᠯᠡᠳᠦᠯ ᠢ ᠴᠢᠩᠭᠠᠷᠠᠭᠤᠯᠵᠤ᠂ ᠵᠠᠯᠠᠭᠤ | ᠺᠠᠳ᠋ᠷᠴᠤᠳ ᠤᠨ ᠠᠯᠢ ᠲᠦᠷᠭᠡᠨ ᠢᠶᠠᠷ ᠬᠥᠭᠵᠢᠨ ᠳᠠᠪᠰᠢᠬᠤ ᠳᠤ ᠢᠳᠡᠪᠬᠢᠲᠡᠢ ᠪᠠᠷ ᠲᠠᠪᠴᠠᠩ ᠪᠠᠶᠢᠭᠤᠯᠬᠤ᠂ | ᠨᠥᠬᠦᠴᠡᠯ ᠡᠭᠦᠳᠬᠦ ᠪᠠ ᠲᠣᠬᠢᠶᠠᠯ ᠬᠠᠩᠭᠠᠵᠤ᠂ ᠬᠥᠮᠥᠨ ᠰᠣᠩᠭᠤᠨ ᠬᠥᠮᠥᠨ ᠬᠡᠷᠡᠭᠯᠡᠬᠦ ᠶᠢᠨ ᠢᠯᠡ ᠲᠣᠳᠣ ᠬᠡᠮᠵᠢᠶ᠎ᠡ | ᠪᠠ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠠᠢ᠃ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠠᠷ ᠨᠠᠮ ᠤᠨ ᠬᠢᠴᠢᠶᠡᠯ ᠣᠷᠣᠭᠤᠯᠬᠤ᠂ ᠲᠤᠰᠬᠠᠢ ᠮᠡᠷᠭᠡᠵᠢᠯᠲᠡᠨ ᠪᠠ ᠡᠷᠳᠡᠮᠲᠡᠨ ᠪᠠᠷ | ᠢᠯᠡᠳᠬᠡᠯ ᠬᠢᠯᠭᠡᠬᠦ ᠬᠡᠯᠪᠡᠷᠢ ᠪᠠᠷ ᠳᠠᠮᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠪᠠ ᠬᠦᠰᠡᠯᠡᠩ | ᠢᠲᠡᠭᠡᠯ ᠵᠣᠷᠢᠭ ᠤᠨ ᠬᠥᠮᠥᠵᠢᠯ ᠢ ᠦᠨᠡᠨ ᠬᠦ ᠴᠢᠩᠭᠠᠳᠬᠠᠪᠠ᠃ ᠭᠤᠷᠪᠠ ᠳᠤ᠂ ᠰᠠᠶᠢᠨ ᠰᠠᠶᠢᠬᠠᠨ ᠤᠯᠤᠰ | ᠲᠥᠷᠥ ᠶᠢᠨ ᠠᠮᠢ ᠠᠬᠤᠢ ᠶᠢ ᠪᠦᠷᠢᠯᠳᠦᠭᠦᠯᠵᠡᠢ᠃ ᠤᠯᠤᠰ ᠲᠥᠷᠥ ᠶᠢᠨ ᠠᠮᠢ ᠠᠬᠤᠢ ᠶᠢᠨ ᠲᠤᠰᠬᠠᠢ ᠰᠡᠳᠦᠪᠲᠦ | ᠰᠤᠳᠤᠯᠤᠯᠲᠠ ᠪᠠ ᠲᠤᠰᠬᠠᠢ ᠲᠥᠷᠥᠯ ᠤᠨ ᠪᠠᠶᠢᠴᠠᠭᠠᠯᠲᠠ ᠶᠢ ᠥᠷᠨᠢᠭᠦᠯᠵᠦ᠂ ᠤᠯᠤᠰ ᠲᠥᠷᠥ ᠶᠢᠨ ᠲᠣᠭᠤᠷᠢᠨ | ᠪᠠᠶᠢᠴᠠᠭᠠᠯᠲᠠ ᠶᠢ ᠭᠦᠨᠵᠡᠭᠡᠶᠢᠷᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ | ᠡᠰᠡᠷᠭᠦᠴᠡᠬᠦ ᠠᠵᠢᠯ ᠢ ᠴᠢᠩᠭᠠᠳᠬᠠᠨ᠂ ᠰᠡᠷᠡᠮᠵᠢᠯᠡᠭᠦᠯᠬᠦ ᠬᠥᠮᠥᠵᠢᠯ ᠤᠨ ᠡᠷᠴᠢᠮ ᠢ ᠴᠢᠩᠭᠠᠷᠠᠭᠤᠯᠵᠤ᠂ ︽ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠬᠡᠷᠡᠭ ᠲᠤ ᠬᠤᠶᠠᠷ ᠪᠠᠶᠢᠴᠠᠭᠠᠯᠲᠠ︾ ᠶᠢ | ᠬᠡᠷᠡᠭᠵᠢᠭᠦᠯᠵᠦ᠂ ᠬᠡᠪ ᠰᠤᠷᠲᠠᠯ ᠲᠥᠪ ᠭᠤᠣᠯᠴᠢ᠂ ᠵᠢᠷᠤᠮᠵᠢᠯ ᠲᠠᠢ ᠮᠥᠷᠲᠡᠭᠡᠨ ᠡᠮᠬᠢ ᠵᠢᠷᠤᠮ ᠲᠠᠢ ᠰᠠᠶᠢᠨ ᠰᠠᠶᠢᠨ | ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠵᠠᠢ᠃ ᠳᠣᠲᠣᠭᠠᠳᠤ ᠡᠵᠡᠮᠳᠡᠯ ᠤᠨ ᠲᠣᠭᠲᠠᠴᠠ ᠶᠢᠨ | ᠪᠠᠶᠢᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠣᠲᠣᠭᠠᠳᠤ ᠡᠵᠡᠮᠳᠡᠯ ᠤᠨ ᠲᠠᠪᠴᠠᠩ ᠢ ᠳᠡᠯᠭᠡᠷᠡᠭᠦᠯᠦᠨ᠂ | ︽ᠬᠤᠶᠠᠷ ᠡᠷᠬᠡ︾ ᠳᠠᠬᠢ ᠬᠢᠨᠠᠯᠲᠠ ᠲᠠᠯᠪᠢᠯᠲᠠ ᠶᠢ ᠴᠢᠩᠭ᠎ᠠ ᠮᠥᠷᠲᠡᠭᠡᠨ ᠨᠠᠷᠢᠯᠢᠭ ᠴᠢᠩᠭᠠᠷᠠᠭᠤᠯᠵᠤ᠂ ︽ᠡᠷᠬᠡ︾ | ᠶᠢ ᠬᠠᠤᠯᠢ ᠪᠠᠷ ᠵᠠᠰᠠᠬᠤ ᠵᠠᠮ ᠢᠶᠠᠷ ᠬᠡᠷᠡᠭᠵᠢᠭᠦᠯᠬᠦ ᠶᠢ ᠪᠠᠲᠤᠯᠠᠭᠰᠠᠨ ᠪᠠᠶᠢᠨ᠎ᠠ᠃ | ᠬᠥᠲᠥᠯᠥᠭᠴᠢ᠄ 2017 ᠣᠨ ᠳᠤ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠡᠭᠡ ᠬᠡᠮᠵᠢᠶᠡᠨ ᠤ ᠠᠵᠢᠯ ᠬᠢᠭᠰᠡᠨ ᠪᠠᠶᠢᠨ᠎ᠠ᠃ 2018 ᠣᠨ ᠨᠢᠭᠡᠨᠲᠡ ᠬᠦᠷᠴᠦ ᠢᠷᠡᠪᠡ᠂ ᠰᠢᠨ᠎ᠡ | ᠨᠢᠭᠡ ᠵᠢᠯ᠂ ᠳᠠᠷᠤᠢ 2018 ᠣᠨ ᠤ ᠪᠦᠬᠦ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠭᠤᠣᠯᠳᠠᠯᠭᠠᠲᠤ | ᠠᠵᠢᠯ ᠢ ᠲᠠ ᠥᠷᠭᠡᠨ ᠣᠯᠠᠨ ᠰᠦᠯᠵᠢᠶᠡᠨ ᠤ ᠠᠨᠳᠠ ᠳᠤ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠾᠧᠩ᠄ 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠡᠬᠢᠯᠡᠯᠲᠡ ᠶᠢᠨ ᠵᠢᠯ ᠪᠥᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠪᠣᠯᠣᠨ᠎ᠠ | ᠂ ᠮᠥᠨ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠤ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠮᠦᠨ᠎ᠡ ᠬᠤᠶᠢᠨᠠᠬᠢ ᠶᠢ | ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠬᠦ ᠴᠢᠬᠤᠯᠠ ᠴᠠᠭ ᠦᠶ᠎ᠡ ᠳᠤ᠂ | ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠳᠣᠣᠷᠠᠬᠢ ᠠᠷᠪᠠᠨ ᠵᠦᠢᠯ ᠤᠨ | ᠭᠤᠣᠯᠳᠠᠯᠭᠠᠲᠤ ᠠᠵᠢᠯ ᠢ ᠰᠠᠶᠢᠲᠤᠷ ᠬᠢᠬᠦ ᠪᠠᠷ ᠪᠠᠶᠢᠨ᠎ᠠ᠃ | ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠎ᠠ᠃ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠪᠠᠷ ᠦᠵᠡᠯ ᠰᠠᠨᠠᠭ᠎ᠠ ᠪᠠᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠦᠭᠦᠯᠵᠦ᠂ ᠦᠢᠯᠡ ᠠᠵᠢᠯᠯᠠᠭ᠎ᠠ ᠪᠠᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠲᠠᠢ ᠨᠢᠭᠡᠳᠦᠭᠦᠯᠦᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠳᠤ ᠪᠠᠨ ᠰᠠᠭᠤᠭᠳᠠᠭᠤᠯᠤᠨ᠂ ᠠᠵᠢᠯᠯᠠᠭ᠎ᠠ ᠳᠤ ᠪᠠᠨ | ᠦᠢᠯᠡᠳᠦᠯᠭᠡᠵᠢᠭᠦᠯᠬᠦ ᠶᠢ ᠪᠠᠲᠤᠯᠠᠨ᠎ᠠ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠣᠷᠣᠯᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ | ᠭᠤᠣᠯ ᠪᠣᠯᠬᠤ ᠠᠵᠢᠯ ᠲᠥᠷᠥᠯ᠂ ᠠᠵᠤ ᠠᠬᠤᠶᠢᠯᠠᠯ᠂ ᠲᠥᠷᠥᠯ ᠵᠦᠢᠯ ᠤᠨ ᠪᠠᠶᠢᠳᠠᠯ ᠢ ᠪᠠᠶᠢᠴᠠᠭᠠᠨ ᠣᠶᠢᠯᠠᠭᠠᠵᠤ | ᠬᠡᠮᠵᠢᠨ ᠲᠣᠭᠠᠴᠠᠬᠤ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠬᠢᠨᠠᠨ ᠡᠵᠡᠮᠰᠢᠬᠦ | ᠲᠣᠭᠲᠠᠴᠠ ᠶᠢ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ ᠶᠢᠨ ᠲᠥᠰᠥᠭᠡᠯᠡᠬᠦ ᠶᠢᠨ ᠣᠨᠣᠪᠴᠢᠲᠤ ᠴᠢᠨᠠᠷ ᠪᠠ | ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠭᠤᠷᠪᠠ ᠳᠤ᠂ ᠭᠠᠶᠢᠯᠢ ᠲᠠᠲᠠᠪᠤᠷᠢ ᠶᠢ ᠬᠠᠤᠯᠢ ᠪᠠᠷ ᠵᠠᠰᠠᠬᠤ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠭᠠᠶᠢᠯᠢ ᠶᠢ ᠵᠠᠰᠠᠬᠤ ᠱᠠᠭᠠᠷᠳᠠᠯᠭ᠎ᠠ ᠪᠠ ᠭᠠᠶᠢᠯᠢ ᠲᠠᠲᠠᠪᠤᠷᠢ ᠶᠢᠨ | ᠬᠠᠤᠯᠢ ᠪᠠᠷ ᠲᠣᠭᠲᠠᠭᠠᠭᠰᠠᠨ ᠵᠠᠷᠴᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠶᠢᠨ ᠶᠠᠪᠤᠳᠠᠯ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ | ᠳᠤᠮᠳᠠ ᠪᠠ ᠠᠵᠢᠯ ᠤᠨ ᠳᠠᠷᠠᠭᠠᠬᠢ ᠬᠠᠮᠢᠶᠠᠷᠤᠯᠲᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠭᠠᠶᠢᠯᠢ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ | ᠴᠢᠩᠭᠠᠷᠠᠭᠤᠯᠤᠨ᠎ᠠ᠃ | ᠳᠥᠷᠪᠡ ᠳᠤ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠶᠠᠪᠤᠭᠤᠯᠬᠤ ᠡᠯ᠎ᠡ ᠲᠠᠯ᠎ᠠ ᠶᠢᠨ ᠦᠢᠯᠡᠴᠢᠯᠡᠭᠡ ᠪᠠ ᠬᠠᠮᠢᠶᠠᠷᠤᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ | ᠬᠡᠷᠡᠭᠯᠡᠭᠡᠨ ᠤ ᠭᠠᠶᠢᠯᠢ᠂ ᠮᠠᠰᠢᠨ ᠲᠡᠷᠭᠡ ᠬᠤᠳᠠᠯᠳᠤᠨ ᠠᠪᠬᠤ ᠭᠠᠶᠢᠯᠢ᠂ ᠠᠵᠤ ᠠᠬᠤᠶᠢᠯᠠᠯ ᠤᠨ ᠣᠯᠵᠠᠪᠤᠷᠢ ᠶᠢᠨ | ᠭᠠᠶᠢᠯᠢ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢᠨ ᠭᠠᠶᠢᠯᠢ ᠲᠠᠲᠠᠪᠤᠷᠢ᠂ ᠣᠯᠠᠨ | ᠤᠯᠤᠰ ᠤᠨ ᠭᠠᠶᠢᠯᠢ ᠲᠠᠲᠠᠪᠤᠷᠢ ᠵᠡᠷᠭᠡ ᠲᠥᠷᠥ ᠶᠢᠨ ᠪᠣᠳᠣᠯᠭ᠎ᠠ ᠶᠢ ᠴᠢᠩᠳᠠ ᠨᠠᠶᠢᠳᠠᠪᠤᠷᠢᠵᠢᠭᠤᠯᠤᠨ᠎ᠠ᠂ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠭᠠᠶᠢᠯᠢ | ᠬᠥᠩᠭᠡᠯᠡᠭᠰᠡᠨ ᠨᠡᠩ ᠶᠡᠭᠡ ᠦᠷ᠎ᠡ ᠨᠥᠯᠥᠭᠡ ᠶᠢ ᠦᠷᠭᠦᠯᠵᠢᠯᠡᠨ ᠢᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ | ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠲᠠᠲᠠᠪᠤᠷᠢ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ | ᠲᠠᠪᠤ ᠳᠤ᠂ ᠭᠠᠶᠢᠯᠢ ᠲᠤᠰᠢᠶᠠᠬᠤ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠦᠨ᠎ᠡ᠃ ︽ᠠᠷᠠᠳ ᠲᠤ | ᠳᠥᠭᠦᠮ ᠦᠵᠡᠭᠦᠯᠬᠦ ᠭᠠᠶᠢᠯᠢ ᠭᠦᠢᠴᠡᠳᠬᠡᠬᠦ ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠦᠷ᠎ᠡ ᠪᠦᠲᠦᠭᠡᠯ ᠢ | ᠪᠠᠲᠤᠳᠬᠠᠨ ᠭᠦᠨᠵᠡᠭᠡᠶᠢᠷᠡᠭᠦᠯᠵᠦ᠂ ᠭᠠᠶᠢᠯᠢ ᠭᠦᠢᠴᠡᠳᠬᠡᠬᠦ ᠠᠵᠢᠯ ᠲᠥᠷᠥᠯ ᠤᠨ ︽ᠪᠦᠬᠦ ᠶᠠᠪᠤᠴᠠ ᠶᠢ ᠰᠦᠯᠵᠢᠶᠡᠨ | ᠳᠡᠭᠡᠷ᠎ᠡ ᠭᠦᠢᠴᠡᠳᠬᠡᠬᠦ︾ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠪᠦᠬᠦ ᠤᠯᠤᠰ ᠲᠤ ᠨᠡᠶᠢᠳᠡᠮ ᠳᠤ ᠨᠢ | ᠭᠦᠢᠴᠡᠳᠬᠡᠬᠦ ᠶᠢ ᠢᠳᠡᠪᠬᠢᠲᠡᠢ ᠬᠡᠷᠡᠭᠵᠢᠭᠦᠯᠵᠦ᠂ ︽ᠬᠠᠮᠲᠤᠷᠠᠭᠰᠠᠨ ᠰᠦᠯᠵᠢᠶᠡᠨ ᠲᠠᠩᠬᠢᠮ︾ ᠤᠨ ᠪᠦᠷᠬᠦᠴᠡ ᠪᠠ | ᠥᠪᠡᠷ ᠢᠶᠠᠨ ᠭᠠᠶᠢᠯᠢ ᠭᠦᠢᠴᠡᠳᠬᠡᠬᠦ ᠬᠡᠪᠴᠢᠶ᠎ᠡ ᠶᠢ ᠥᠷᠭᠡᠳᠬᠡᠨ᠎ᠡ᠃ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ | ᠲᠠᠩᠬᠢᠮ ᠤᠨ ᠲᠥᠷᠥᠯ ᠬᠤᠪᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠭᠦᠢᠴᠡᠳᠬᠡᠬᠦ ᠴᠤᠪᠤᠷᠠᠯ ᠢ | ᠳᠥᠭᠦᠮᠴᠢᠯᠡᠨ᠂ ᠭᠠᠶᠢᠯᠢ ᠲᠤᠰᠢᠶᠠᠭᠴᠢᠳ ᠤᠨ ᠳᠠᠷᠤᠭᠠᠰᠤ ᠶᠢ ᠬᠥᠩᠭᠡᠯᠡᠨ᠎ᠡ᠃ ︽ᠪᠠᠩᠬᠢ ᠭᠠᠶᠢᠯᠢ ᠶᠢᠨ | ᠦᠢᠯᠡᠳᠦᠯᠴᠡᠯ︾ ᠤᠨ ᠠᠵᠢᠯᠯᠠᠭ᠎ᠠ ᠶᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠤᠨ | ᠢᠲᠡᠭᠡᠮᠵᠢ ᠳᠤᠮᠳᠠᠬᠢ ᠭᠠᠶᠢᠯᠢ ᠲᠤᠰᠢᠶᠠᠬᠤ ᠢᠲᠡᠭᠡᠮᠵᠢ ᠶᠢᠨ ᠰᠠᠭᠤᠷᠢ ᠴᠢᠨᠠᠷᠲᠠᠢ ᠦᠢᠯᠡᠳᠦᠯ ᠢ ᠤᠯᠠᠮ ᠴᠢᠨᠠᠭᠰᠢᠳᠠ | ᠴᠢᠩᠭᠠᠷᠠᠭᠤᠯᠤᠨ᠎ᠠ᠃ | ᠵᠢᠷᠭᠤᠭ᠎ᠠ ᠳᠤ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠠᠷᠭ᠎ᠠ ᠮᠠᠶ᠋ᠢᠭ ᠢᠶᠠᠨ ᠬᠤᠪᠢᠷᠠᠭᠤᠯᠤᠨ᠎ᠠ᠃ | ᠤᠯᠤᠰ ᠤᠨ ᠪᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠤ ᠬᠠᠮᠲᠤᠷᠠᠯᠴᠠᠭ᠎ᠠ ᠪᠠ | ᠭᠠᠶᠢᠯᠢ ᠲᠤᠰᠢᠶᠠᠭᠴᠢ ᠶᠢ ᠲᠥᠷᠥᠯ ᠳᠡᠰ ᠬᠤᠪᠢᠶᠠᠬᠤ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃ ᠡᠯᠧᠺᠳ᠋ᠷᠣᠨ | ᠪᠠᠷᠢᠮᠲᠠ ᠶᠢ ᠲᠦᠷᠭᠡᠳᠬᠡᠨ ᠬᠡᠷᠡᠭᠵᠢᠭᠦᠯᠵᠦ᠂ ᠲᠠᠲᠠᠪᠤᠷᠢᠯᠠᠬᠤ ᠴᠡᠭ ᠠᠴᠠ ᠳᠣᠷᠣᠭᠰᠢᠬᠢ ᠭᠠᠶᠢᠯᠢ ᠲᠤᠰᠢᠶᠠᠭᠴᠢ ᠶᠢ | ᠪᠠᠷᠢᠮᠲᠠ ᠶᠢᠨ ᠰᠢᠨ᠎ᠡ ᠰᠢᠰᠲ᠋ᠧᠮ ᠳᠤ ᠣᠷᠣᠭᠤᠯᠬᠤ ᠠᠵᠢᠯ ᠢ ᠯᠠᠪᠳᠠᠭᠤᠨ ᠢᠶᠠᠷ ᠰᠠᠶᠢᠲᠤᠷ ᠬᠢᠵᠦ᠂ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠪᠡᠰᠦᠪᠡᠨ ᠲᠤᠰᠬᠠᠢ ᠪᠠᠷᠢᠮᠲᠠ ᠭᠠᠷᠭᠠᠨ ᠠᠪᠬᠤ ᠠᠵᠢᠯ ᠲᠥᠷᠥᠯ ᠤᠨ | ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠳᠤ ᠦᠢᠯᠡᠴᠢᠯᠡᠬᠦ ᠶᠢ | ᠰᠠᠨᠠᠭᠠᠴᠢᠯᠠᠬᠤ ᠡᠷᠴᠢᠮ ᠢ ᠴᠢᠩᠭᠠᠷᠠᠭᠤᠯᠵᠤ᠂ ︽ᠭᠠᠳᠠᠭᠰᠢ ᠭᠠᠷᠬᠤ︾ ᠭᠠᠶᠢᠯᠢ ᠲᠤᠰᠢᠶᠠᠭᠴᠢ ᠶᠢᠨ ᠲᠠᠰᠤᠷᠠᠯᠲᠠ | ᠦᠭᠡᠢ ᠬᠥᠭᠵᠢᠵᠦ ᠪᠤᠵᠠᠭᠠᠶᠢᠷᠠᠬᠤ ᠶᠢ ᠳᠡᠮᠵᠢᠨ ᠠᠬᠢᠭᠤᠯᠤᠨ᠎ᠠ᠃ | ᠳᠣᠯᠤᠭ᠎ᠠ ᠳᠤ᠂ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ︽ | ᠢᠨᠲ᠋ᠧᠷ ᠰᠦᠯᠵᠢᠶ᠎ᠡ + ᠭᠠᠶᠢᠯᠢ ᠶᠢᠨ ᠶᠠᠪᠤᠳᠠᠯ︾ ᠤᠨ ᠠᠵᠢᠯᠯᠠᠭ᠎ᠠ ᠶᠢᠨ ᠲᠥᠯᠥᠪᠯᠡᠭᠡ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠬᠡᠷᠡᠭᠵᠢᠭᠦᠯᠵᠦ᠂ ᠭᠠᠶᠢᠯᠢ ᠲᠠᠲᠠᠪᠤᠷᠢ ᠶᠢᠨ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢ ᠡᠷᠴᠢᠮᠵᠢᠭᠦᠯᠬᠦ ᠪᠠ ᠨᠢᠭᠡ ᠴᠣᠭᠴᠠᠵᠢᠭᠤᠯᠤᠨ ᠠᠬᠢᠭᠤᠯᠤᠨ᠎ᠠ᠃ | ᠨᠠᠢᠮᠠ ᠳᠤ᠂ ᠦᠨᠳᠦᠰᠦᠨ ᠱᠠᠲᠤᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠪᠦᠬᠦ ᠣᠷᠣᠨ ᠤ | ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ᠲᠥᠰᠥᠯ ᠢ | ᠲᠡᠭᠦᠯᠳᠡᠷᠵᠢᠭᠦᠯᠵᠦ᠂ ᠮᠣᠩᠭᠤᠯ ᠮᠣᠷᠢ ᠶᠢᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠣᠨᠴᠠᠯᠢᠭᠲᠤ | ᠭᠠᠶᠢᠯᠢ ᠶᠢᠨ ᠶᠠᠪᠤᠳᠠᠯ ᠤᠨ ᠰᠣᠶᠣᠯ ᠬᠢᠭᠡᠳ ᠨᠡᠷᠡᠲᠦ ᠲᠥᠷᠥᠯ ᠲᠡᠮᠳᠡᠭ ᠢ ᠪᠤᠶᠢᠵᠢᠭᠤᠯᠵᠤ᠂ ᠭᠠᠶᠢᠯᠢ ᠶᠢᠨ | ᠶᠠᠪᠤᠳᠠᠯ ᠤᠨ ᠰᠣᠶᠣᠯ ᠤᠨ ᠪᠠᠶᠢᠭᠤᠯᠤᠯᠲᠠ ᠪᠠ ᠣᠶᠣᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠴᠢᠳᠠᠪᠤᠷᠢᠲᠠᠨ ᠤ ᠬᠥᠮᠥᠵᠢᠯ ᠢ ᠴᠢᠩᠭᠠᠷᠠᠭᠤᠯᠤᠨ᠎ᠠ᠃ | ᠶᠢᠰᠦ ᠳᠤ᠂ ᠺᠠᠳ᠋ᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠵᠠᠯᠠᠭᠤ ᠺᠠᠳ᠋ᠷ᠂ ᠡᠮᠡᠭᠲᠡᠢ | ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠤᠨ ᠬᠥᠮᠥᠵᠢᠭᠦᠯᠦᠯ | ᠰᠢᠯᠢᠯᠲᠡ ᠶᠢ ᠴᠢᠩᠭᠠᠳᠬᠠᠵᠤ᠂ ᠤᠳᠤᠷᠢᠳᠬᠤ ᠺᠠᠳ᠋ᠷ ᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠭᠤᠯᠬᠤ | ᠳᠦᠷᠢᠮ ᠢ ᠶᠡᠭᠡ ᠪᠠᠷ ᠬᠡᠷᠡᠭᠵᠢᠭᠦᠯᠵᠦ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠷᠠᠭᠠᠯᠵᠠᠬᠤ ᠶᠢ ᠤᠶᠠᠯᠳᠤᠭᠤᠯᠤᠨ᠂ | ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡ ᠳᠤ ᠨᠢ ᠴᠢᠬᠤᠯᠠᠴᠢᠯᠠᠵᠤ᠂ ᠦᠨᠳᠦᠰᠦᠨ ᠱᠠᠲᠤᠨ ᠤ ᠺᠠᠳ᠋ᠷᠴᠤᠳ ᠢ | ᠬᠠᠷᠠᠭᠠᠯᠵᠠᠨ ᠬᠠᠮᠠᠭᠠᠯᠠᠨ᠎ᠠ᠃ | ᠠᠷᠪᠠ ᠳᠤ᠂ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠠᠩᠬᠠᠨ ᠤ ᠵᠣᠷᠢᠯᠲᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠶ᠎ᠡ︾ ᠭᠡᠬᠦ ᠭᠤᠣᠯ ᠰᠡᠳᠦᠪᠲᠦ ᠬᠥᠮᠥᠵᠢᠯ ᠢ ᠨᠠᠷᠢᠨ ᠨᠢᠭᠲᠠ ᠵᠣᠬᠢᠶᠠᠨ ᠪᠠᠶᠢᠭᠤᠯᠤᠨ ᠥᠷᠨᠢᠭᠦᠯᠵᠦ᠂ | ᠤᠳᠠᠭᠠᠨ ᠳᠠᠭᠠᠭᠠᠮᠠᠭᠠᠢ ᠪᠠᠷ ᠲᠥᠪ ᠰᠤᠷᠲᠠᠯ ᠢ ᠡᠷᠬᠢᠮᠯᠡᠨ ᠰᠠᠬᠢᠯᠭ᠎ᠠ ᠪᠠᠲᠤ ᠶᠢ ᠴᠢᠩᠭᠠᠯᠠᠨ᠎ᠠ᠃ | ᠬᠥᠲᠥᠯᠥᠭᠴᠢ᠄ ᠵᠠ ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ | ᠬᠢᠭᠰᠡᠨ ᠳᠤ ᠮᠠᠰᠢ ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |