1. ᠳᠤᠭᠳᠠᠭᠰᠠᠨ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠠᠶᠢᠴᠠᠭᠠᠯᠳᠠ ᠬᠢᠵᠦ᠂ ᠰᠦᠰᠦᠨ | ᠴᠢᠯᠠᠭᠤᠵᠢᠯ ᠲᠠᠢ ᠪᠤᠯᠤᠭᠰᠠᠨ ᠪᠠᠶᠢᠪᠠᠯ ᠳᠠᠷᠦ᠋ᠢᠬᠠᠨ ᠡᠮᠨᠡᠨ ᠵᠠᠰᠠᠨ᠎ᠠ᠃ | 2. ᠢᠳᠡᠭᠡᠨ ᠤᠮᠳᠠᠭᠠᠨ ᠢᠶᠠᠨ ᠠᠩᠬᠠᠷᠤᠨ᠎ᠠ᠃ ᠦᠭᠡᠬᠦ ᠳᠤᠰᠤ ᠶᠡᠬᠡᠳᠡᠢ᠂ ᠬᠠᠭᠠᠷᠢᠬᠰᠠᠨ ᠪᠠ ᠳᠤᠰᠤᠨ ᠳᠤ | ᠪᠤᠴᠠᠯᠭᠠᠭᠰᠠᠨ᠂ ᠰᠢᠷᠠᠭᠰᠠᠨ ᠢᠳᠡᠭᠡᠨ ᠪᠠᠭ᠎ᠠ ᠢᠳᠡᠵᠦ᠂ ︽ᠭᠤᠷᠪᠠᠨ ᠡᠯᠪᠡᠭ︾ ᠢᠳᠡᠭᠡᠨ ᠪᠠᠭ᠎ᠠ ᠢᠳᠡᠨ᠎ᠠ᠃ | ᠢᠳᠡᠭᠡᠨ ᠤ ᠵᠤᠬᠢᠴᠠᠭᠤᠯᠭ᠎ᠠ ᠶᠢ ᠠᠩᠬᠠᠷᠴᠤ᠂ ᠢᠳᠡᠰᠢᠨ ᠨᠤᠭᠤᠭ᠎ᠠ ᠵᠢᠮᠢᠰ ᠢᠯᠡᠭᠦᠦ ᠢᠳᠡᠨ᠎ᠠ᠃ | 3. ᠰᠡᠳᠭᠢᠯ ᠰᠠᠨᠠᠭ᠎ᠠ ᠪᠠᠨ ᠠᠭᠤᠵᠢᠭᠤ ᠪᠠᠶᠢᠯᠭᠠᠵᠤ᠂ ᠠᠭᠤᠷ ᠤᠴᠠᠭᠠᠷ ᠢᠶᠠᠨ ᠳᠠᠷᠤᠨ᠎ᠠ᠃ ᠭᠡᠷ ᠪᠦᠯᠢ ᠡᠪ | ᠨᠠᠶᠢᠷ ᠲᠠᠢ᠂ ᠰᠡᠳᠭᠢᠯ ᠰᠠᠨᠠᠭ᠎ᠠ ᠠᠭᠤᠵᠢᠭᠤ ᠳᠠᠯᠪᠢᠭᠤ ᠪᠠᠶᠢᠬᠤ ᠨᠢ ᠴᠢᠬᠤᠯᠠ᠃ | 4. ᠤᠳᠠᠭᠠᠨ ᠰᠠᠭᠤᠬᠤ ᠠᠴᠠ ᠵᠠᠶᠢᠯᠠᠰᠬᠢᠵᠤ᠂ ᠦᠷᠭᠦᠯᠵᠢ ᠵᠤᠬᠢᠰᠳᠠᠢ ᠬᠦᠳᠡᠯᠭᠡᠭᠡᠨ ᠬᠢᠨ᠎ᠠ᠃ ᠭᠡᠳᠦ | ᠳᠦᠷᠭᠡᠨ ᠢᠶᠠᠷ ᠮᠠᠷᠢᠶ᠎ᠡ ᠰᠢᠭᠤᠷᠠᠭᠤᠯᠬᠤ᠂ ᠡᠷᠳᠡ ᠶᠢᠨ ᠬᠤᠭᠤᠯᠠ ᠪᠠᠨ ᠬᠠᠰᠤᠵᠤ ᠮᠠᠷᠢᠶ᠎ᠠ ᠰᠢᠭᠤᠷᠠᠭᠤᠯᠬᠤ ᠨᠢ ᠪᠦᠷ | ᠰᠦᠰᠦᠨ ᠴᠢᠯᠠᠭᠤᠵᠢᠯ ᠡᠭᠦᠰᠭᠡᠬᠦ ᠠᠶᠤᠯ ᠲᠠᠢ᠃ | 5. ᠴᠠᠭ ᠲᠠᠢ ᠬᠡᠮᠵᠢᠶ᠎ᠠ ᠲᠠᠢ ᠬᠤᠭᠤᠯᠠᠯᠠᠵᠤ᠂ ᠠᠷᠢᠭᠤᠨ ᠴᠡᠪᠡᠷ ᠢ ᠡᠷᠭᠢᠮᠯᠡᠨ᠎ᠠ᠃ ᠬᠤᠭᠤᠯᠠ ᠢᠳᠡᠬᠦ ᠠᠴᠠ | ᠡᠮᠦᠨ᠎ᠠ ᠬᠤᠶᠢᠨ᠎ᠠ ᠭᠠᠷ ᠢᠶᠠᠨ ᠤᠭᠢᠶᠠᠵᠤ᠂ ᠵᠢᠮᠢᠰ ᠢ ᠤᠭᠢᠶᠠᠵᠤ ᠴᠡᠪᠡᠷᠯᠡᠭᠡᠳ ᠢᠳᠡᠬᠦ ᠨᠢ ᠭᠡᠳᠡᠰᠦᠨ ᠤ ᠰᠢᠮᠡᠭᠦᠷ | ᠬᠤᠷᠤᠬᠠᠢ ᠪᠠ ᠦᠷᠪᠢᠰᠦᠯ ᠠᠴᠠ ᠪᠤᠯᠵᠤ ᠰᠦᠰᠦᠨ ᠤ ᠴᠢᠯᠠᠭᠤᠵᠢᠯ ᠡᠭᠦᠰᠬᠦ ᠶᠢ ᠰᠡᠷᠭᠡᠶᠢᠯᠡᠬᠦ ᠦᠢᠯᠡᠳᠦᠯ ᠲᠠᠢ᠃ |