ᠳᠠᠭᠠᠭᠠᠴᠢᠯᠠᠭᠰᠠᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠪᠤᠯ ᠬᠦᠳᠡᠭᠡ | ᠳᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠭᠡ ᠶᠢ ᠰᠠᠯᠭᠠᠬᠤ︾ ᠦᠭᠡᠷᠡᠴᠢᠯᠡᠯᠳᠡ ᠶᠢᠨ ᠲᠡᠷᠢᠬᠦᠨ ᠴᠢᠬᠤᠯᠠ | ᠡᠬᠦᠷᠭᠡ ᠮᠦᠨ᠂ ᠪᠠᠰᠠᠴᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠶᠢᠨ ᠤᠷᠢᠳᠠᠯ ᠪᠤᠯᠤᠨ᠎ᠠ᠃ | ᠤᠳᠤᠬᠠᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠠᠵᠢᠯ ᠪᠤᠯ ᠳᠠᠷᠤᠢ | ᠳᠠᠷᠢᠶᠠᠴᠢᠨ ᠡᠷᠦᠭᠡ ᠶᠢᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠮᠡᠳᠡᠭᠡ ᠵᠠᠩᠬᠢ ᠶᠢ ᠳᠠᠩᠰᠠᠨ ᠳᠤ ᠤᠷᠤᠭᠤᠯᠵᠤ᠂ | ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠳᠠᠷᠬᠠᠭᠠᠵᠤ᠂ ᠳᠠᠷᠢᠶᠠᠴᠢᠳ ᠤᠨ | ᠳᠠᠭᠠᠭᠠᠴᠢᠯᠠᠭᠰᠠᠨ ᠭᠠᠵᠠᠷ ᠰᠢᠷᠤᠢ ᠶᠢᠨ ᠡᠷᠭᠡ ᠠᠰᠢᠬ ᠢ ᠬᠠᠮᠠᠭᠠᠯᠠᠨ᠂ ᠳᠠᠷᠢᠶᠠᠴᠢᠳ ᠢ ᠳᠠᠬᠢᠭᠠᠳ ᠭᠠᠵᠠᠷ | ᠰᠢᠷᠤᠢ ᠳᠠᠭᠠᠨ ᠬᠦᠯᠢᠶᠡᠰᠦᠯᠡᠭᠳᠡᠬᠦ ᠦᠭᠡᠢ ᠪᠤᠯᠭᠠᠬᠤ ᠶᠢᠨ ᠲᠦᠯᠦᠭᠡ ᠶᠤᠮ᠃ | ᠤᠳᠤᠬᠠᠨ ᠳᠤ ᠪᠦᠬᠦ ᠤᠯᠤᠰ ᠤᠨ ᠭᠡᠪᠴᠢᠶᠡᠨ ᠳᠠᠬᠢ ᠬᠦᠳᠡᠭᠡ ᠳᠤᠰᠬᠤᠨ ᠤ ᠭᠠᠵᠠᠷ ᠰᠢᠷᠤᠢ ᠶᠢᠨ | ᠳᠠᠭᠠᠭᠠᠴᠢᠯᠠᠬᠤ ᠡᠷᠬᠡ ᠡᠵᠡᠩᠨᠡᠬᠦ ᠡᠷᠬᠡ ᠦᠮᠴᠢᠯᠡᠬᠦ ᠡᠷᠭᠡ ᠶᠢ ᠳᠤᠳᠤᠯᠠᠨ ᠦᠨᠡᠮᠯᠡᠯ ᠤᠯᠭᠤᠬᠤ ᠶᠢ ᠪᠦᠬᠦ ᠲᠠᠯ᠎ᠠ ᠪᠠᠷ | ᠠᠬᠢᠭᠤᠯᠵᠣ ᠨᠢᠭᠡᠨᠳᠡ 28 ᠮᠣᠵᠢ ᠪᠤᠯᠵᠤ᠂ ᠪᠤᠳᠠᠳᠠᠢ ᠭᠡᠮᠵᠢᠭᠰᠡᠨ ᠬᠦᠳᠡᠭᠡ ᠳᠤᠰᠬᠤᠨ ᠤ ᠳᠠᠭᠠᠭᠠᠴᠢᠯᠠᠭᠰᠠᠨ ᠭᠠᠵᠠᠷ | ᠰᠢᠷᠤᠢ ᠶᠢᠨ ᠳᠠᠯᠠᠪᠠᠢ ᠨᠢ ᠨᠡᠶᠢᠳᠠ 15.2 ᠳ᠋ᠦᠡᠭᠰᠢᠭᠤᠷ ᠮᠦ ᠬᠦᠷᠦᠭᠰᠡᠨ ᠪᠤᠯᠪᠠᠴᠤ ᠦᠮᠴᠢᠯᠡᠯ ᠤᠨ ᠡᠷᠭᠡ ᠶᠢ | ᠳᠤᠳᠤᠯᠠᠭᠰᠠᠨ ᠳᠠᠯᠠᠪᠠᠢ ᠨᠢ ᠬᠠᠷᠢᠨ 11.1 ᠳ᠋ᠦᠡᠭᠰᠢᠭᠤᠷ ᠮᠦ ᠳᠤ ᠯᠠ ᠬᠦᠷᠴᠡᠢ᠃ ᠳᠠᠷᠤᠢ ᠪᠠᠰᠠ ᠲᠦᠷᠪᠡᠨ ᠤ | ᠨᠢᠭᠡ ᠢᠯᠡᠬᠦᠦ ᠶᠢᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠭᠠᠳᠤᠢ ᠭᠡᠰᠡᠨ ᠦᠭᠡ᠃ ᠡᠨᠡᠬᠦ ᠭᠠᠵᠠᠷ | ᠰᠢᠷᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠤᠨ ᠬᠤᠪᠢ ᠶᠢᠨ ᠵᠢᠩ ᠨᠢ ᠮᠠᠰᠢ ᠬᠦᠨᠳᠦ᠂ ᠳᠠᠷᠢᠶᠠᠴᠢᠳ ᠤᠨ | ᠭᠠᠵᠠᠷ ᠰᠢᠷᠤᠢ᠂ ᠬᠡᠷ ᠪᠠᠶᠢᠰᠢᠩ ᠤᠨ ᠰᠠᠭᠤᠷᠢᠠ ᠭᠠᠵᠠᠷ ᠵᠡᠷᠭᠡ ᠶᠢᠨ ᠡᠷᠭᠡ ᠠᠰᠢᠬ ᠲᠤ ᠬᠤᠯᠪᠤᠭᠳᠠᠨ᠂ ᠨᠠᠭᠠᠳᠤ | ᠵᠠᠬ᠎ᠠ ᠳᠠᠭᠠᠨ 20 ᠲᠦᠮᠡ ᠠᠴᠠ ᠲᠡᠭᠡᠭᠰᠢ ᠳᠤ ᠬᠦᠷᠬᠦ ᠪᠤᠯᠤᠨ᠎ᠠ᠃ ᠲᠡᠭᠡᠪᠡᠯ ᠡᠳᠡᠭᠡᠷ ᠭᠠᠵᠠᠷ ᠰᠢᠷᠤᠢ ᠶᠢᠨ | ᠦᠮᠴᠢᠯᠡᠯ ᠤᠨ ᠡᠷᠭᠡ ᠶᠢ ᠶᠠᠭᠤᠨ ᠳᠤ ᠳᠤᠳᠤᠯᠠᠬᠤ ᠦᠭᠡᠢ ᠪᠤᠢ︖ ᠴᠤᠬᠤᠮ ᠶᠠᠮᠠᠷᠰᠢᠦ ᠲᠦᠷᠦᠯ ᠤᠨ | ᠳᠠᠭᠠᠭᠠᠴᠢᠯᠠᠭᠰᠠᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠳᠠᠭ ᠦᠭᠡᠢ ᠪᠤᠢ︖ ᠭᠤᠤᠯᠳᠠᠭᠤ | ᠳᠤᠤᠷᠠᠬᠢ ᠮᠡᠳᠦ ᠭᠤᠷᠪᠠᠨ ᠲᠦᠷᠦᠯ ᠪᠤᠢ᠃ | ᠨᠢᠭᠡ᠂ ᠳᠠᠳᠠᠪᠤᠷᠢᠯᠠᠨ ᠭᠡᠷᠡᠭᠯᠡᠭᠳᠡᠭᠰᠡᠨ ᠮᠦᠷᠲᠡᠭᠡᠨ ᠳᠠᠳᠠᠪᠤᠷᠢᠯᠠᠨ ᠭᠡᠷᠡᠭᠯᠡᠬᠦ ᠭᠡᠷ᠎ᠡ ᠳᠤᠭᠳᠠᠭᠰᠠᠨ ᠤ ᠬᠠᠮᠳᠤ | ᠲᠦᠯᠦᠪᠦᠷᠢ ᠤᠯᠭᠤᠭᠰᠠᠨ ᠭᠠᠵᠠᠷ ᠰᠢᠷᠤᠢ ᠡᠶᠢᠮᠦᠷᠬᠦ ᠭᠠᠵᠠᠷ ᠰᠢᠷᠤᠢ᠂ ᠳᠠᠳᠠᠪᠤᠷᠢᠯᠠᠨ ᠭᠡᠷᠡᠭᠯᠡᠭᠰᠡᠨ ᠠᠴᠠ ᠭᠠᠵᠠᠷ | ᠰᠢᠷᠤᠢ ᠶᠢ ᠭᠡᠷᠡᠭᠯᠡᠬᠦ ᠠᠷᠭ᠎ᠠ ᠵᠠᠮ ᠨᠢ ᠤᠯᠤᠰ ᠤᠨ ᠦᠮᠴᠢᠯᠡᠯ ᠤᠨ ᠭᠠᠵᠠᠷ ᠰᠢᠷᠤᠢ ᠪᠤᠯᠵᠤ᠂ ᠳᠠᠷᠢᠶᠠᠴᠢᠳ ᠴᠤ | ᠲᠦᠯᠦᠪᠦᠷᠢ ᠤᠯᠤᠭᠰᠠᠨ ᠳᠤᠯᠠ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠪᠠᠨ ᠠᠯᠳᠠᠪᠠ᠃ ᠭᠡᠯᠡᠯᠭᠡᠨ | ᠦᠭᠡᠢ᠂ ᠦᠮᠴᠢᠯᠡᠯ ᠤᠨ ᠡᠷᠭᠡ ᠶᠢ ᠳᠠᠬᠢᠭᠠᠳ ᠳᠤᠳᠤᠯᠠᠵᠤ ᠪᠤᠯᠬᠤ ᠦᠭᠡᠢ᠃ | ᠬᠤᠶᠠᠷ᠂ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ ᠳᠤᠳᠤᠷᠬᠠᠢ ᠦᠭᠡᠢ᠂ ᠮᠠᠷᠭᠤᠭᠠᠨ ᠲᠠᠢ ᠭᠠᠵᠠᠷ | ᠰᠢᠷᠤᠢ ᠶᠢᠨ ᠦᠮᠴᠢᠯᠡᠯ ᠤᠨ ᠡᠷᠭᠡ ᠶᠢ ᠲᠦᠷ ᠳᠤᠳᠤᠯᠠᠬᠤ ᠦᠭᠡᠢ ᠬᠦᠳᠡᠭᠡ ᠳᠤᠰᠬᠤᠨ ᠳᠤ ᠳᠠᠷᠢᠶᠠᠨ ᠭᠠᠵᠠᠷ ᠢᠶᠠᠨ | ᠬᠠᠷᠢᠯᠴᠠᠨ ᠰᠤᠯᠢᠬᠤ᠂ ᠭᠠᠵᠠᠷ ᠤᠨ ᠵᠠᠭᠠᠭ ᠱᠤᠭᠤᠮ ᠨᠢ ᠳᠤᠳᠤᠷᠬᠠᠢ ᠦᠭᠡᠢ ᠵᠡᠷᠭᠡ ᠠᠴᠠ ᠭᠠᠵᠠᠷ ᠰᠢᠷᠤᠢ ᠶᠢᠨ | ᠦᠮᠴᠢᠯᠡᠯ ᠤᠨ ᠡᠷᠭᠡ ᠨᠢ ᠳᠤᠳᠤᠷᠬᠠᠢ ᠦᠭᠡᠢ ᠪᠠᠶᠢᠳᠠᠭ᠃ ᠬᠦᠳᠡᠭᠡ ᠳᠤᠰᠬᠤᠨ ᠳᠤ ᠡᠶᠢᠮᠦᠷᠬᠦ ᠭᠠᠵᠠᠷ ᠰᠢᠷᠤᠢ | ᠲᠡᠶᠢᠮᠦ ᠠᠷᠪᠢᠨ ᠪᠢᠰᠢ ᠪᠤᠯᠪᠠᠴᠤ ᠡᠶᠢᠮᠦᠷᠬᠦ ᠪᠠᠶᠢᠳᠠᠯ ᠭᠠᠷᠤᠭᠰᠠᠭᠠᠷ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ | ᠳᠤᠳᠤᠷᠬᠠᠢ ᠦᠭᠡᠢ᠂ ᠦᠮᠴᠢᠯᠡᠯ ᠤᠨ ᠡᠷᠭᠡ ᠶᠢ ᠳᠤᠳᠤᠯᠠᠬᠤ ᠳᠤᠭᠤᠢᠢᠯᠠᠩ ᠴᠤ ᠭᠠᠵᠠᠷ ᠰᠢᠷᠤᠢ ᠶᠢᠨ ᠦᠮᠴᠢᠯᠡᠯ ᠤᠨ | ᠡᠷᠭᠡ ᠨᠢ ᠭᠡᠨ ᠤ ᠬᠢ ᠪᠠᠶᠢᠪᠠᠯ ᠳᠠᠭᠠᠷᠠᠬᠤ ᠶᠢ ᠮᠡᠳᠡᠬᠦ ᠦᠭᠡᠢ ᠦᠶᠡᠰ ᠳᠤᠳᠤᠯᠠᠬᠤ ᠦᠭᠡᠢ᠃ ᠳᠤᠰᠬᠤᠨ ᠤ | ᠬᠠᠮᠳᠤ ᠠᠴᠠ ᠪᠠᠶᠢᠴᠠᠭᠠᠵᠤ ᠬᠢᠨᠠᠨ ᠬᠠᠷᠭᠤᠭᠤᠯᠬᠤ ᠪᠤᠶᠤ ᠵᠤᠬᠢᠴᠠᠭᠤᠯᠤᠭᠠᠳ ᠵᠦᠪᠳᠡᠯᠴᠡᠭᠡᠷ ᠳᠤᠭᠳᠠᠭᠰᠠᠨ ᠤ | ᠳᠠᠷᠠᠭ᠎ᠠ ᠰᠠᠶ᠋ᠢ ᠦᠮᠴᠢᠯᠡᠯ ᠤᠨ ᠡᠷᠭᠡ ᠶᠢ ᠳᠤᠳᠤᠯᠠᠨ ᠦᠨᠡᠮᠯᠡᠯ ᠳᠠᠷᠬᠠᠭᠠᠨ᠎ᠠ᠃ | ᠭᠤᠷᠪᠠ᠂ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠰᠠᠨ ᠭᠠᠵᠠᠷ ᠰᠢᠷᠤᠢ ᠡᠮᠦᠨ᠎ᠡ ᠭᠡᠳᠦᠨ ᠵᠢᠯ | ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠭᠰᠡᠨ ᠠᠴᠠ ᠤᠯᠠᠨ | ᠳᠠᠷᠢᠶᠠᠴᠢᠨ ᠤᠷᠢᠶᠠᠯᠠᠭ᠎ᠠ ᠶᠢ ᠲᠠᠭᠠᠨ ᠳᠠᠷᠢᠶᠠᠯᠠᠬᠤ ᠪᠠᠨ ᠵᠤᠭᠰᠤᠭᠠᠨ ᠤᠢ ᠮᠤᠳᠤ ᠳᠠᠷᠢᠬᠤ ᠵᠦᠪᠳᠡᠯᠴᠡᠭᠡᠷ | ᠳᠤᠭᠳᠠᠭᠰᠠᠨ ᠤ ᠬᠠᠮᠳᠤ ᠭᠠᠵᠠᠷ ᠰᠢᠷᠤᠢ ᠪᠠᠨ ᠨᠢᠭᠡᠨᠳᠡ ᠤᠢᠢᠵᠢᠭᠤᠯᠤᠭᠰᠠᠨ ᠮᠦᠷᠲᠡᠭᠡᠨ ᠳᠠᠷᠢᠶᠠᠯᠠᠬᠤ ᠶᠢ | ᠵᠤᠭᠰᠤᠭᠠᠨ ᠤᠢ ᠮᠤᠳᠤ ᠳᠠᠷᠢᠬᠤ ᠨᠦᠬᠦᠪᠦᠷᠢ ᠠᠪᠤᠭᠰᠠᠨ ᠪᠤᠯ ᠨᠢᠭᠡᠨᠳᠡ ᠳᠠᠷᠢᠶᠠᠯᠠᠬᠤ ᠶᠢ ᠵᠤᠭᠰᠤᠭᠠᠨ ᠤᠢ ᠮᠤᠳᠤ | ᠳᠠᠷᠢᠭᠰᠠᠨ ᠭᠠᠵᠠᠷ ᠰᠢᠷᠤᠢ ᠳᠠᠭᠠᠨ ᠳᠠᠬᠢᠭᠠᠳ ᠦᠮᠴᠢᠯᠡᠯ ᠤᠨ ᠡᠷᠭᠡ ᠶᠢ ᠳᠤᠳᠤᠯᠠᠭᠤᠯᠵᠤ ᠪᠤᠯᠬᠤ ᠦᠭᠡᠢ᠃ ᠬᠡᠶ᠎ᠡ | ᠤᠢ ᠰᠢᠭᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠠᠪᠤᠭᠠᠳᠤᠢ ᠮᠦᠷᠲᠡᠭᠡᠨ ᠨᠦᠬᠦᠪᠦᠷᠢ ᠤᠯᠤᠭᠠᠳᠤᠢ ᠪᠤᠯ | ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠭᠤᠯᠵᠤ ᠪᠤᠯᠤᠨ᠎ᠠ᠃ | 2018 ᠤᠨ ᠤ ᠰᠡᠬᠦᠯᠴᠢ ᠳᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ | ᠠᠵᠢᠯ ᠲᠡᠬᠦᠰᠬᠦ ᠪᠤᠯᠤᠨ᠎ᠠ᠃ ᠡᠨᠡ ᠨᠢᠭᠡ ᠵᠢᠯ ᠳᠤ ᠦᠮᠴᠢᠯᠡᠯ ᠤᠨ ᠡᠷᠭᠡ ᠶᠢ ᠳᠤᠳᠤᠯᠠᠭᠰᠠᠨ ᠦᠨᠡᠮᠯᠡᠯ ᠤᠯᠤᠭᠠᠳᠤᠢ | ᠳᠠᠷᠢᠶᠠᠴᠢᠳ ᠴᠠᠭ ᠢ ᠵᠠᠪᠳᠤᠨ ᠳᠠᠩᠰᠠᠯᠠᠭᠤᠯᠵᠤ᠂ ᠦᠪᠡᠷ ᠤᠨ ᠬᠠᠤᠯᠢ ᠶᠤᠰᠤᠨ ᠤ ᠡᠷᠭᠡ ᠠᠰᠢᠬ ᠢᠶᠠᠨ | ᠬᠠᠮᠠᠭᠠᠯᠠᠬᠤ ᠳᠤ ᠪᠠᠳᠤᠯᠠᠭ᠎ᠠ ᠲᠠᠢ ᠪᠤᠯᠬᠤ ᠶᠢ ᠠᠩᠬᠠᠷᠤᠭᠤᠰᠢᠳᠠᠢ᠃ ︵︽ᠳᠤᠮᠳᠠᠳᠤ ᠤᠯᠤᠰ ᠤᠨ ᠰᠢᠩ ᠨᠦᠩ | ᠰᠦᠯᠵᠢᠶ᠎ᠡ︾ ᠠᠴᠠ ᠤᠷᠴᠢᠭᠤᠯᠤᠨ ᠨᠠᠶᠢᠷᠡᠭᠤᠯᠵᠤ ᠠᠪᠤᠪᠠ︶ | |