ᠭᠡᠷ ᠪᠦᠯᠢ ᠶᠢᠨ ᠠᠵᠠ ᠵᠢᠷᠭᠠᠯ ᠢ ᠬᠠᠯᠠᠮᠵᠢᠯᠠᠵᠦ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2018-05-18
     5ᠰᠠᠷ᠎ᠠ ᠶᠢᠨ10 ᠤ ᠡᠳᠦᠷ ᠨᠠᠨ ᠮᠧᠨ ᠸᠠᠢ ᠵᠠᠭᠡᠯᠢ ᠭᠤᠳᠤᠮᠵᠢ ᠶᠢᠨ ᠲᠦᠯᠦᠪᠯᠡᠭᠡᠲᠦ ᠦᠷᠡᠵᠢᠯ ᠤᠨ ᠠᠯᠪᠠᠨ ᠭᠡᠷ ᠵᠢᠴᠢ ᠳ᠋ᠦᠩ ᠾᠧ ᠲᠤᠭᠤᠷᠢᠭ ᠤᠨ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ ᠤᠨ ᠲᠤᠪᠴᠢᠶ᠎ᠠ ᠬᠠᠮᠲᠦ ᠪᠠᠷ ᠭᠡᠷ ᠪᠦᠯᠢ ᠶᠢᠨ ᠠᠵᠦ ᠵᠢᠷᠭᠠᠯ ᠢ ᠬᠠᠯᠠᠮᠵᠢᠯᠠᠵᠦ᠂ ᠭᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠭᠤᠤᠯ ᠰᠡᠳᠦᠪ ᠢᠶᠠᠷ ᠭᠡᠷ ᠪᠦᠯᠢ ᠶᠢᠨ ᠬᠠᠷᠢᠴᠠᠭ᠎ᠠ᠂ ᠭᠡᠷ ᠪᠦᠯᠢ ᠶᠢᠨ ᠰᠤᠷᠭᠠᠨ ᠬᠦᠮᠦᠵᠢᠯ ᠤᠨ ᠲᠤᠬᠠᠢ ᠬᠢᠴᠢᠶᠠᠯ ᠢ ᠵᠤᠬᠢᠶᠠᠨ ᠪᠠᠶᠢᠭᠤᠯᠪᠠ᠃ ᠲᠠᠪᠢᠨ ᠬᠡᠳᠦᠨ ᠰᠠᠭᠤᠭᠠᠯᠢ ᠠᠷᠠᠳ ᠬᠢᠴᠢᠶᠠᠯ ᠳᠤ ᠤᠷᠤᠯᠴᠠᠪᠠ᠃      ᠬᠢᠴᠢᠶᠠᠯ ᠳᠤ᠂ ᠭᠡᠷ ᠪᠦᠯᠢ ᠶᠢᠨ ᠬᠠᠷᠢᠴᠠᠭ᠎ᠠ᠂ ᠭᠡᠷ ᠪᠦᠯᠢ ᠶᠢᠨ ᠰᠤᠷᠭᠠᠨ ᠬᠦᠮᠦᠵᠢᠯ  ᠤᠨ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠦ᠂ ᠪᠠᠰᠠ ᠰᠠᠭᠤᠭᠠᠯᠢ ᠠᠷᠠᠳ ᠤᠨ ᠳᠤᠷᠠᠳᠤᠨ ᠭᠠᠷᠭᠠᠭᠰᠠᠨ ᠠᠰᠠᠭᠤᠳᠠᠯ ᠳᠤ ᠲᠤᠰᠬᠠᠢ ᠲᠠᠶᠢᠯᠪᠤᠷᠢᠯᠠᠯᠲᠠ ᠬᠢᠵᠦ ᠦᠭᠭᠦᠪᠡ᠃ ᠡᠭᠦᠨ ᠤ ᠬᠠᠮᠳᠦ ᠨᠡᠶᠢᠭᠡᠮ ᠲᠤᠭᠤᠷᠢᠭ ᠤᠨ ᠲᠦᠯᠦᠪᠯᠡᠭᠡᠲᠦ ᠦᠷᠡᠵᠢᠯ ᠤᠨ ᠲᠤᠰᠬᠠᠢ ᠠᠵᠢᠯᠲᠠᠨ᠂ ᠰᠠᠭᠤᠭᠠᠯᠢ ᠠᠷᠠᠳ ᠳᠤ ᠡᠷᠡᠭᠦᠯ ᠮᠡᠨᠳᠦ ᠶᠢᠨ ᠭᠡᠷ ᠪᠦᠯᠢ ᠬᠢᠭᠡᠳ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠭᠠᠷ ᠭᠦᠢᠴᠡᠳᠭᠡᠯ  ᠢ ᠬᠡᠷᠬᠢᠨ ᠭᠦᠢᠴᠳᠭᠡᠬᠦ ᠵᠡᠷᠭᠡ ᠤᠬᠠᠭᠤᠯᠭ᠎ᠠ ᠶᠢᠨ ᠺᠠᠷᠲ ᠲᠠᠷᠬᠠᠪᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1