ᠳ᠋ᠦᠩ ᠰᠢᠩ ᠵᠡᠭᠡᠯᠢ ᠭᠤᠳᠤᠮᠵᠢ ᠶᠢᠨ ᠨᠠᠮ ᠤᠨ ᠵᠦᠪᠯᠡᠯ᠂ ᠬᠤᠶᠠᠷ ᠵᠦᠪᠯᠡᠯ ᠤᠨ ᠬᠤᠭᠤᠴᠠᠭ᠎ᠠ ᠰᠣᠯᠢᠬᠤ ᠰᠣᠩᠭᠤᠯᠢ ᠶᠢᠨ ᠠᠵᠢᠯ ᠳᠤ ᠰᠤᠷᠭᠠᠯᠳᠠ ᠶᠢᠨ ᠬᠤᠷᠠᠯ ᠢ ᠬᠤᠷᠡᠯᠳᠤᠪᠡ
ᠨᠡᠶᠢᠲᠡᠯᠡᠭᠰᠡᠨ ᠴᠠᠭ᠄
2018-05-22
     5  ᠰᠠᠷ᠎ᠠ ᠶᠢᠨ 16᠎ ᠎ ᠤ ᠡᠳᠤᠷ ᠳ᠋ᠦᠩ ᠰᠢᠩ ᠵᠡᠭᠡᠯᠢ ᠭᠤᠳᠤᠮᠵᠢ ᠶᠢᠨ ᠨᠠᠮ ᠤᠨ ᠵᠦᠪᠯᠡᠯ᠂ ᠬᠤᠶᠠᠷ ᠵᠦᠪᠯᠡᠯ ᠤᠨ ᠬᠤᠭᠤᠴᠠᠭ᠎ᠠ ᠰᠣᠯᠢᠬᠤ ᠰᠣᠩᠭᠤᠯᠢ ᠶᠢᠨ ᠠᠵᠢᠯ ᠳᠤ ᠰᠤᠷᠭᠠᠯᠳᠠ ᠶᠢᠨ ᠬᠤᠷᠠᠯ ᠢ ᠬᠤᠷᠡᠯᠳᠤᠪᠡ᠃ ᠪᠠᠶᠢᠭᠤᠯᠭ᠎ᠠ ᠶᠢᠨ ᠪᠥᠬᠦᠳᠡ ᠺᠠᠳ᠋ᠷ᠂ ᠨᠡᠶᠢᠭᠡᠮ ᠲᠣᠭᠤᠷᠢᠭ ᠤᠨ ᠬᠤᠶᠠᠷ ᠵᠦᠪᠯᠡᠯ ᠤᠨ ᠣᠳᠣ ᠲᠤᠰᠢᠶᠠᠯ ᠳᠤ ᠪᠠᠶᠢᠭ᠎ᠠ ᠬᠠᠷᠢᠴᠠᠭᠤᠯᠳᠡᠨ ᠪᠠ ᠬᠠᠮᠢᠶ᠎ᠠ ᠪᠥᠬᠦᠢ ᠬᠦᠮᠦᠰ ᠬᠤᠷᠠᠯ ᠳᠤ ᠣᠷᠤᠯᠴᠠᠭᠰᠠᠨ ᠪᠠᠶᠢᠨ᠎ᠠ  ᠃      ᠬᠤᠷᠠᠯ ᠳᠤ《 ᠲᠣᠮᠳᠠᠳᠦ ᠣᠯᠣᠰ ᠤᠨ ᠡᠪ ᠬᠠᠮᠳᠦ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠤᠩᠭᠤᠯᠢ ᠶᠢᠨ ᠲᠦᠷ ᠲᠥᠷᠢᠮ》᠂《 ᠬᠤᠲᠠ ᠶᠢᠨ ᠰᠠᠭᠤᠭᠠᠯᠢ ᠠᠷᠡᠳ ᠤᠨ ᠵᠦᠪᠯᠡᠯ ᠢ ᠵᠣᠬᠢᠶᠠᠨ ᠪᠠᠶᠢᠭᠤᠯᠬᠤ ᠬᠠᠦᠯᠢ》᠎ ᠶᠢ ᠰᠣᠷᠤᠯᠴᠠᠨ᠂ ᠵᠢᠴᠢ ᠬᠤᠶᠠᠷ ᠵᠦᠪᠯᠡᠯ ᠤᠨ ᠬᠤᠭᠤᠴᠠᠭ᠎ᠠ ᠰᠣᠯᠢᠬᠤ ᠰᠣᠩᠭᠤᠯᠢ ᠶᠢᠨ ᠠᠵᠢᠯ ᠢ ᠪᠡᠶᠡᠯᠡᠭᠦᠯᠬᠦ ᠶᠢ ᠬᠡᠷᠬᠢᠨ ᠨᠠᠶᠢᠳᠠᠪᠤᠷᠢᠵᠢᠭᠤᠯᠬᠤ ᠰᠠᠨᠠᠯ ᠤᠨ ᠭᠤᠣᠯ ᠠᠭᠤᠯᠭ᠎ᠠ ᠪᠠ ᠬᠠᠮᠢᠶ᠎ᠠ ᠪᠦᠬᠦᠢ ᠱᠠᠭᠠᠷᠳᠡᠯᠭ᠎ᠠ ᠶᠢ ᠨᠠᠷᠢᠯᠢᠭ‌‍ᠲ᠋ᠠᠶᠢᠯᠪᠤᠷᠢᠯᠠᠭᠰᠠᠨ ᠪᠠᠶᠢᠨ᠎ᠠ᠃      ᠬᠤᠷᠠᠯ ᠳᠤ ᠴᠢᠬᠤᠯᠠᠴᠢᠯᠠᠭᠰᠠᠨ ᠨᠢ ᠲᠣᠰ ᠣᠳᠠᠭᠠᠨ ᠤ ᠬᠤᠭᠤᠴᠠᠭ᠎ᠠ ᠰᠣᠯᠢᠬᠤ ᠰᠤᠩᠭᠤᠯᠢ ᠪᠣᠯ ᠠᠷᠪᠠ ᠶᠢᠰᠤᠳᠤᠭᠡᠷ ᠶᠡᠭᠡ  ᠬᠤᠷᠠᠯ ᠤᠨ ᠲᠠᠷᠠᠭ᠎ᠠ ᠠᠩᠬᠠᠳᠠᠭᠴᠢ ᠤᠳᠠᠭ᠎ᠠ ᠬᠤᠶᠠᠷ ᠵᠦᠪᠯᠡᠯ ᠬᠤᠭᠤᠴᠠᠭ᠎ᠠ ᠰᠣᠯᠢᠬᠤ ᠰᠣᠩᠭᠤᠯᠢ ᠪᠣᠯᠤᠨ᠎ᠠ᠃ ᠦᠨᠳᠤᠰᠤᠨ ᠱᠠᠳᠤᠨ ᠤ ᠣᠯᠤᠰ ᠲᠥᠷᠦ ᠶᠢᠨ ᠠᠮᠢᠳᠤᠷᠠᠯ ᠤᠨ ᠶᠡᠭᠡ ᠶᠠᠪᠤᠳᠡᠯ ᠪᠣᠯᠤᠨ᠎ᠠ᠃ ᠵᠡᠭᠡᠯᠢ ᠭᠤᠳᠤᠮᠵᠢ  ᠨᠡᠶᠢᠭᠡᠮ‌‍ᠲ᠋ᠣᠭᠤᠷᠢᠭ ᠤᠨ ᠲᠣᠭᠳᠠᠭᠤᠨ ᠢᠶᠠᠷ  ᠬᠦᠭᠵᠢᠬᠦ᠂ ᠠᠷᠡᠳ ᠤᠨ ᠠᠮᠢᠳᠤᠷᠠᠯ ᠲᠠᠢ ᠬᠠᠮᠢᠶ᠎ᠠ ᠎ ᠲᠠᠢ᠂ ᠰᠢᠨ᠎ᠡ ᠬᠡᠯᠪᠡᠷᠢ᠂ ᠰᠢᠨ᠎ᠡ ᠲᠣᠭᠳᠠᠭᠠᠯ᠂ ᠰᠢᠨ᠎ᠡ ᠱᠠᠭᠠᠷᠳᠡᠯᠭ᠎ᠠ ᠶᠢ ᠬᠦᠢᠴᠡᠳ ᠲᠣᠰᠬᠠᠬᠤ ᠬᠡᠷᠩᠲᠠᠢ᠃ ᠪᠦᠬᠦ ᠺᠠᠳ᠋ᠷ ᠢ ᠵᠣᠬᠢᠶᠠᠨ ᠪᠠᠶᠢᠭᠤᠯᠵᠦ ᠰᠣᠷᠭᠠᠯᠳᠠ ᠬᠢᠬᠦ ᠨᠢ᠂ ᠣᠯᠡᠨ ᠢᠶᠠᠷ ᠢᠶᠠᠨ ᠦᠭᠡᠷᠴᠢᠯᠡᠯᠲᠡ ᠨᠡᠭᠡᠭᠡᠯᠳᠡ ᠶᠢ ᠲᠣᠳᠣᠷᠬᠠᠢ ᠪᠠᠶᠢᠯᠭᠠᠵᠦ᠂ ᠵᠣᠷᠢᠭ ᠰᠠᠨᠠᠭ᠎ᠠ ᠶᠢ ᠰᠠᠶᠢᠳᠣᠷ ᠣᠶᠢᠯᠠᠭᠠᠬᠤ ᠶᠢᠨ ᠲᠦᠯᠦᠭᠡ ᠶᠤᠮ᠃ ᠵᠠᠯᠭᠠᠭᠠᠳ ᠬᠤᠭᠤᠴᠠᠭ᠎ᠠ ᠰᠣᠯᠢᠬᠤ ᠰᠣᠩᠭᠤᠯᠢ ᠶᠢᠨ ᠠᠵᠢᠯ ᠢ ᠲᠥᠪ ᠰᠣᠷᠳᠡᠯ ᠲᠠᠢ᠂ ᠲᠣᠭᠳᠠᠭᠤᠨ ᠡᠮᠬᠢ ᠵᠢᠷᠤᠮ ᠲᠠᠢ ᠶᠠᠪᠤᠭᠳᠠᠭᠤᠯᠬᠤ ᠶᠢ ᠪᠠᠳᠤᠯᠠᠬᠤ ᠬᠡᠷᠩᠲᠠᠢ᠃
 
ᠢᠷᠡᠯᠲᠡ᠄ ᠳ᠋ᠦᠩ ᠰᠢᠩ ᠵᠡᠭᠡᠯᠢ ᠭᠤᠳᠤᠮᠵᠢ ᠶᠢᠨ ᠨᠠᠮ ᠤᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1