ᠪᠤᠭᠤᠲᠤ ᠬᠤᠲᠠ ᠶᠢᠨ ᠲᠦᠭᠦᠮ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018-05-04
     ᠰᠤᠷᠭᠠᠨ ᠬᠦᠮᠤᠵᠢᠯ   ᠤᠨ ᠲᠠᠯ᠎ᠠ ᠳᠤ ᠪᠦᠬᠦ ᠲᠤᠭᠤᠷᠢᠭ ᠳᠤ ᠪᠠᠭ᠎ᠠ ᠰᠤᠷᠭᠠᠭᠤᠯᠢ᠂ ᠲᠤᠮᠳᠠᠲᠦ ᠰᠤᠷᠭᠠᠭᠤᠯᠢ᠂  ᠬᠡᠤᠬᠡᠳ ᠤᠨ ᠴᠡᠴᠡᠷᠯᠢᠭ ᠵᠡᠷᠬᠡ 46ᠰᠤᠷᠭᠠᠭᠤᠯᠢ ᠪᠠᠶᠢᠵᠦ᠂ ᠠᠩᠬ᠎ᠠ ᠵᠡᠷᠭᠡ ᠶᠢᠨ ᠲᠤᠮᠳᠠᠲᠦ ᠰᠤᠷᠭᠠᠭᠤᠯᠢ 5 ᠪᠠᠶᠢᠵᠦ᠂ ᠶᠢᠰᠤᠨ ᠵᠢᠯ ᠤᠨ ᠬᠠᠮᠲᠤᠷᠠᠭᠰᠠᠨ ᠠᠩᠬ᠎ᠠ ᠵᠡᠷᠭᠡ ᠵᠢᠨ‌‍ᠲ᠋ᠤᠮᠳᠠᠳᠦ ᠰᠤᠷᠭᠠᠭᠤᠯᠢ ᠬᠢᠭᠡᠳ‌‍ᠲ᠋ᠡᠭᠡᠳᠦ ᠵᠡᠷᠭᠡ ᠶᠢᠨ ᠲᠤᠮᠳᠠᠳᠦ ᠰᠤᠷᠭᠠᠭᠤᠯᠢ 6 ᠪᠠᠶᠢᠵᠦ᠂ ᠲᠡᠭᠡᠲᠦ ᠵᠡᠷᠭᠡ ᠶᠢᠨ ᠲᠤᠮᠳᠠᠲᠦ ᠰᠤᠷᠭᠠᠭᠤᠯᠢ 1  ᠪᠠᠶᠢᠵᠦ᠂ ᠪᠦᠷᠢᠮᠤᠰᠦᠨ ᠲᠤᠮᠳᠠᠲᠦ ᠰᠤᠷᠭᠠᠭᠤᠯᠢ 3 ᠪᠠᠶᠢᠵᠦ᠂ ᠪᠠᠭ᠎ᠠ ᠰᠤᠷᠭᠠᠭᠤᠯᠢ 12 ᠪᠠᠶᠢᠵᠦ᠂ ᠤᠨᠴᠠᠭᠠᠢ ᠰᠤᠷᠭᠠᠨ ᠬᠦᠮᠤᠵᠢᠯ   ᠤᠨ ᠰᠤᠷᠭᠠᠭᠤᠯᠢ 1 ᠪᠠᠶᠢᠵᠦ᠂ ᠬᠡᠤᠬᠡᠳ ᠤᠨ ᠴᠡᠴᠡᠷᠯᠢᠭ 9 ᠪᠠᠶᠢᠵᠦ᠂ ᠪᠦᠬᠦ ᠲᠤᠭᠤᠷᠢᠭ ᠲᠤ ᠬᠤᠲᠠ ᠶᠢᠨ ᠬᠠᠷᠢᠶᠠᠲᠦ ᠲᠤᠮᠳᠠᠲᠦ ᠰᠤᠷᠭᠠᠭᠤᠯᠢ 2 ᠪᠠᠶᠢᠵᠦ᠂ ᠠᠷᠠᠳ ᠠᠴᠠ ᠡᠷᠬᠢᠯᠩᠰᠡᠨ ᠲᠤᠮᠳᠠᠲᠦ ᠰᠣᠷᠭᠠᠭᠤᠯᠢ 2 ᠪᠠᠶᠢᠵᠦ᠂ ᠠᠷᠠᠳ  ᠠᠴᠠ  ᠡᠷᠬᠢᠯᠩᠰᠡᠨ ᠬᠡᠤᠬᠡᠳ ᠤᠨ ᠴᠡᠴᠡᠷᠯᠢᠭ 39 ᠪᠠᠶᠢᠵᠦ᠂ ᠠᠷᠠᠳ ᠠᠴᠠ ᠡᠷᠬᠢᠯᠩᠰᠡᠨ ᠰᠤᠷᠭᠠᠨ ᠬᠦᠮᠤᠵᠢᠯ ᠤᠨ ᠪᠠᠶᠢᠭᠤᠯᠤᠮᠵᠢ 41 ᠪᠠᠶᠢᠵᠦ᠂ 2017 ᠤᠨ ᠳᠤ ᠤᠯᠤᠰ ᠤᠨ ᠠᠯᠪᠡᠨ ᠵᠢᠷᠤᠮ ᠤᠨ ᠰᠤᠷᠭᠠᠨ ᠬᠦᠮᠤᠵᠢᠯ ᠲᠡᠩᠴᠡᠭᠦᠷᠢ ᠲᠠᠢ ᠰᠢᠶᠠᠨ ︵ᠲᠤᠭᠤᠷᠢᠭ︶ ᠬᠡᠵᠦ ᠰᠢᠯᠭᠠᠨ ᠬᠤᠷᠢᠶᠠᠨ ᠪᠠᠲᠤᠯᠠᠨ ᠲᠤᠭᠲᠠᠭᠰᠠᠨ ᠪᠠᠶᠢᠨ᠎ᠠ᠃      ᠡᠮ ᠡᠮᠨᠡᠯᠭᠡ ᠶᠢᠨ ᠲᠠᠯ᠎ᠠ ᠳᠤ  ᠪᠦᠬᠦ ᠲᠣᠭᠤᠷᠢᠭ ᠳᠤ ᠡᠯ᠎ᠡ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ ᠨᠡᠶᠢᠲᠡ388 ᠪᠠᠶᠢᠵᠦ᠂ ᠡᠭᠦᠨ ᠤ ᠳᠣᠮᠳᠠ᠂ ᠬᠤᠳᠠ ᠶᠢᠨ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ 6 ᠪᠠᠶᠢᠵᠦ᠂ ᠲᠤᠭᠤᠷᠢᠭ ᠤᠨ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ 3 ᠪᠠᠶᠢᠵᠦ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 52 ᠪᠠᠶᠢᠵᠦ᠂ ᠪᠠᠯᠠᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ 4 ᠪᠠᠶᠢᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ 99 ᠪᠠᠶᠢᠵᠦ᠂ ᠬᠤᠪᠢ ᠶᠢᠨ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ10 ᠪᠠᠶᠢᠵᠦ᠂ ᠡᠬᠦᠳᠡᠨ ᠡᠮᠨᠡᠯᠭᠡ ᠶᠢᠨ ᠭᠠᠵᠠᠷ 7 ᠪᠠᠶᠢᠵᠦ᠂ ᠡᠮᠴᠢᠯᠡᠭᠡᠨ ᠤ ᠭᠠᠵᠠᠷ199 ᠪᠠᠶᠢᠵᠦ᠂ ᠡᠷᠡᠬᠦᠯ  ᠬᠠᠮᠠᠭᠠᠯᠠᠯ ᠤᠨ ᠭᠠᠵᠠᠷ 5 ᠪᠠᠶᠢᠨ᠎ᠠ᠃          ᠨᠡᠶᠢᠭᠡᠮ ᠤᠨ ᠪᠠᠲᠤᠯᠠᠭ᠎ᠠ ᠶᠢᠨ ᠲᠠᠯ᠎ᠠ ᠳᠤ ᠳ᠋ᠦᠩ ᠾᠧ ᠲᠣᠭᠤᠷᠢᠭ 2016 ᠣᠨ ᠬᠤᠲᠠ ᠬᠦᠳᠡᠭᠡ  ᠲᠤᠰᠬᠤᠨ ᠤ ᠰᠠᠭᠤᠭᠠᠯᠢ ᠠᠷᠡᠳ ᠤᠨ ᠡᠵᠡᠨ ᠮᠡᠳᠡᠬᠦ ᠣᠷᠣᠯᠭ᠎ᠠ ᠨᠢ 37302 ᠲᠦᠭᠦᠷᠢᠭ ᠪᠠ 18990 ᠲᠦᠭᠦᠷᠢᠭ᠂ ᠵᠢᠯ ᠤᠨ ᠲᠤᠮᠳᠠᠴᠢ ᠰᠢᠨ᠎ᠡ ᠠᠵᠢᠯ ᠣᠯᠭᠤᠯᠳᠠ ᠨᠢ1 ᠲᠦᠮᠡᠨ ᠬᠦᠮᠦᠨ᠂ ᠬᠤᠲᠠ ᠪᠠᠯᠭᠠᠰᠦ ᠶᠢᠨ ᠳᠠᠩᠰᠠᠯᠡᠭᠰᠡᠨ ᠠᠵᠢᠯ ᠠᠯᠳᠠᠭᠰᠠᠨ ᠨᠣᠷᠮ᠎ᠠ  ᠨᠢ 3.85% ᠶᠢᠨ ᠲᠣᠲᠦᠷ᠎ᠠ ᠡᠵᠡᠮᠰᠢᠵᠦ᠂2017 ᠣᠨ ᠤ ᠭᠤᠷᠪᠠᠳᠤᠭᠠᠷ  ᠤᠯᠠᠷᠢᠯ ᠪᠤᠯᠲᠠᠯ᠎ᠠ ᠲᠣᠭᠤᠷᠢᠭ ᠤᠨ ᠲᠡᠰ ᠤᠨ ᠬᠤᠲᠠ ᠪᠠᠯᠭᠠᠰᠦᠨ ᠤ ᠠᠵᠢᠯᠳᠡᠨ ᠤ ᠦᠨᠳᠡᠰᠦᠨ ᠨᠠᠰᠤᠵᠢᠯ ᠤᠨ ᠳᠠᠭᠠᠳᠬᠠᠯ᠂ ᠦᠨᠳᠡᠰᠦᠨ ᠡᠮ ᠡᠮᠨᠡᠯᠭᠡ᠂ ᠠᠵᠢᠯ ᠠᠯᠳᠠᠬᠤ  ᠂ ᠠᠵᠢᠯ ᠠᠴᠠ ᠪᠤᠯᠣᠭᠰᠠᠨ ᠬᠡᠮᠳᠤᠯ ᠪᠠ ᠦᠷᠷᠡᠵᠢᠯ ᠤᠨ ᠳᠠᠭᠠᠳᠬᠠᠯ ᠳᠤ ᠣᠷᠤᠯᠴᠠᠭᠰᠠᠨ ᠬᠦᠮᠦᠨ ᠤ ᠲᠤᠭ᠎ᠠ ᠨᠢ ᠲᠣᠰ ᠪᠦᠷᠢ 65271 ᠬᠦᠮᠦᠨ᠂28760 ᠬᠦᠮᠦᠨ᠂15352 ᠬᠦᠮᠦᠨ᠂ 8230 ᠬᠦᠮᠦᠨ ᠪᠠ 22707 ᠬᠦᠮᠦᠨ᠃ ᠬᠤᠲᠠ ᠬᠦᠳᠡᠭᠡ ᠲᠣᠰᠬᠤᠨ ᠤ ᠰᠠᠭᠤᠭᠠᠯᠢ ᠠᠷᠡᠳ ᠤᠨ ᠨᠠᠰᠤᠵᠢᠯ ᠤᠨ ᠳᠠᠭᠠᠳᠬᠠᠯ ᠳᠤ ᠣᠷᠤᠯᠴᠠᠭᠰᠠᠨ 25686 ᠬᠦᠮᠦᠨ᠂ ᠰᠠᠭᠤᠭᠠᠯᠢ ᠠᠷᠡᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠭᠰᠠᠨ ᠬᠦᠮᠦᠨ 17824 ᠬᠦᠮᠦᠨ  ᠃
 
ᠢᠷᠡᠯᠲᠡ᠄ ᠪᠤᠭᠤᠲᠤ ᠬᠤᠲᠠ ᠶᠢᠨ ᠠᠷᠡᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1