ᠨᠠᠮᠰᠠᠷᠠᠢ ᠪᠣᠷᠬᠠᠨ ᠰᠦᠮ᠎ᠡ ᠶᠢᠨ ᠵᠡᠭᠡᠯᠢ ᠭᠤᠳᠣᠮᠵᠢ ᠶᠢᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠦᠪᠯᠡᠯ ᠠᠷᠡᠳ ᠤᠨ ᠲᠦᠯᠤᠭᠡᠯᠡᠭᠴᠢᠳ ᠢ ᠰᠣᠷᠪᠣᠯᠵᠢᠯᠠᠬᠤ ᠬᠦᠳᠡᠯᠭᠡᠭᠡᠨ ᠢ ᠦᠷᠨᠢᠭᠦᠯᠪᠡ
ᠨᠡᠶᠢᠲᠡᠯᠡᠭᠰᠡᠨ ᠴᠠᠭ᠄
2018-06-11
     ᠨᠠᠮᠰᠠᠷᠠᠢ ᠪᠣᠷᠬᠠᠨ ᠰᠦᠮ᠎ᠡ ᠶᠢᠨ ᠵᠡᠭᠡᠯᠢ ᠭᠤᠳᠣᠮᠵᠢ ᠶᠢᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠯᠠᠬᠤ ᠵᠦᠪᠯᠡᠯ ᠤᠨ ᠡᠷᠬᠢᠯᠡᠭᠴᠢ ᠳ᠋ᠦᠩ ᠵᠢᠩ ᠵᠢᠩ ᠬᠠᠮᠲᠤ ᠶᠠᠪᠤᠭ᠎ᠠ ᠲᠦᠷᠪᠡᠨ ᠬᠦᠮᠦᠰ᠂ ᠪᠣᠭᠤᠲᠦ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠳᠤ ᠭᠦᠷᠴᠦ᠂ ᠳ᠋ᠦᠩ ᠾᠧ ᠲᠣᠭᠤᠷᠢᠭ ᠤᠨ ᠠᠷᠪᠡᠨ ᠲᠣᠯᠣᠳᠤᠭᠠᠷ ᠬᠤᠭᠤᠴᠠᠭ᠎ᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠠᠷᠡᠳ ᠤᠨ ᠲᠦᠯᠦᠭᠡᠯᠡᠭᠴᠢ᠂ ᠡᠮᠨᠡᠯᠭᠡ ᠶᠢᠨ ᠠᠵᠢᠯ ᠤᠨ ᠰᠠᠯᠠᠭ᠎ᠠ ᠶᠢᠨ ᠶᠡᠭᠡ ᠡᠮᠴᠢ ᠭᠥᠸᠧ ᠮᠧᠢ ᠷᠥᠩ᠂ ᠡᠭᠦᠷᠭᠡ ᠲᠦᠰᠢᠶᠠᠯ ᠢᠶᠠᠨ ᠬᠦᠢᠴᠡᠳᠭᠡᠬᠦ ᠪᠠᠶᠢᠳᠡᠯ ᠢ ᠣᠶᠢᠯᠠᠭᠠᠵᠦ᠂ ᠲᠦᠯᠦᠭᠡᠯᠡᠭᠴᠢᠳ ᠤᠨ ᠰᠠᠨᠠᠯ ᠢ ᠰᠣᠨᠤᠰᠤᠭᠰᠠᠨ ᠪᠠᠶᠢᠨ᠎ᠠ᠃      ᠰᠣᠷᠪᠣᠯᠵᠢᠯᠠᠬᠤ ᠬᠦᠳᠡᠯᠭᠡᠭᠡᠨ ᠲᠣᠮᠳᠠ᠂ ᠡᠮᠨᠡᠯᠭᠡ ᠶᠢᠨ ᠬᠤᠷᠢᠶ᠎ᠠ ᠶᠢᠨ ᠭᠤᠣᠯ ᠬᠠᠷᠢᠴᠠᠭᠤᠯᠳᠡᠨ᠂ ᠡᠮᠨᠡᠯᠭᠡ ᠶᠢᠨ ᠬᠤᠷᠢᠶ᠎ᠠ ᠶᠢᠨ ᠡᠭᠦᠷᠭᠡ ᠴᠢᠳᠠᠪᠣᠷᠢ᠂ ᠲᠣᠰᠬᠠᠢ ᠮᠡᠷᠭᠡᠵᠢᠯ ᠤᠨ ᠬᠡᠪᠴᠢᠶᠡᠨ ᠳᠤ ᠨᠠᠷᠠᠯᠢᠭ ᠲᠠᠨᠢᠯᠴᠠᠭᠤᠯᠭ᠎ᠠ ᠬᠢᠪᠡ᠃ ᠡᠭᠦᠨ ᠤ ᠵᠡᠷᠭᠡ ᠳᠤ ᠪᠠᠰᠠ ᠡᠮᠨᠡᠯᠭᠡ ᠶᠢᠨ ᠬᠤᠷᠢᠶ᠎ᠠ ᠦᠷᠭᠦᠯᠵᠢᠯᠡᠨ ᠴᠢᠳᠠᠪᠣᠷᠢᠳᠡᠨ ᠢ ᠬᠦᠮᠦᠵᠢᠭᠦᠯᠬᠦ ᠶᠢ ᠬᠥᠨᠳᠥᠳᠭᠡᠨ᠂ ᠢᠳᠡᠪᠬᠢᠲᠠᠢ ᠪᠠᠷ ᠡᠮᠨᠡᠯᠭᠡ ᠶᠢᠨ ᠬᠤᠷᠢᠶ᠎ᠠ ᠶᠢᠨ ᠠᠵᠢᠯ ᠪᠠ ᠠᠷᠡᠳ ᠤᠨ ᠲᠦᠯᠦᠭᠡᠯᠡᠭᠴᠢ ᠶᠢᠨ ᠠᠵᠢᠯ ᠲᠠᠢ ᠣᠶᠠᠯᠳᠤᠭᠤᠯᠬᠤ ᠰᠢᠨ᠎ᠡ ᠠᠷᠭ᠎ᠠ ᠵᠠᠮ᠂ ᠰᠢᠨ᠎ᠡ ᠭᠡᠪ ᠵᠠᠭᠪᠤᠷ ᠢ ᠰᠦᠪᠡᠭᠴᠢᠯᠡᠵᠦ᠂ ᠠᠷᠡᠳ ᠲᠦᠮᠡᠨ ᠤ ᠣᠢ ᠪᠢᠯᠢᠭ ᠢ ᠲᠦᠪᠯᠡᠷᠡᠭᠦᠯᠵᠦ᠂ ᠠᠷᠡᠳ ᠲᠦᠮᠡᠨ ᠤ ᠰᠠᠨᠠᠯ ᠢ ᠴᠤᠭᠯᠠᠭᠤᠯᠵᠤ᠂ ᠠᠷᠡᠳ ᠤᠨ ᠲᠦᠯᠦᠭᠡᠯᠡᠭᠴᠢ ᠶᠢ ᠬᠠᠪᠰᠣᠷᠠᠵᠦ ᠨᠡᠩ ᠰᠠᠶᠢᠨ ᠪᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠪᠠᠨ ᠭᠦᠢᠴᠡᠳᠭᠡᠬᠦ ᠭᠡᠵᠦ ᠢᠯᠡᠷᠬᠡᠶᠢᠯᠡᠪᠡ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1