ᠵᠠᠩ ᠶᠤᠸᠠᠨ ᠵᠦᠩ ᠳ᠋ᠦᠩ ᠾᠧ ᠲᠣᠭᠤᠷᠢᠭ ᠲᠤ ᠪᠠᠶᠢᠴᠠᠭᠠᠨ ᠰᠣᠳᠣᠯᠣᠯᠳᠠ ᠬᠢᠬᠦ ᠳᠤ ᠪᠠᠨ᠂ ᠫᠷᠤᠵᠢᠺᠠᠲ ᠤᠨ ᠪᠦᠳᠤᠭᠡᠨ ᠪᠠᠶᠢᠭᠤᠯᠬᠤ ᠠᠬᠢᠴᠠ ᠪᠠᠨ ᠲᠦᠷᠭᠡᠳᠭᠡᠨ᠂ ᠪᠦᠬᠦ ᠲᠠᠯ᠎ᠠ ᠪᠠᠷ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠦ᠂ ᠬᠤᠲᠠ ᠶᠢᠨ ᠴᠢᠨᠠᠷ ᠲᠡᠰ ᠢ ᠲᠡᠭᠡᠭᠰᠢᠯᠡᠭᠦᠯᠬᠦ ᠪᠠᠷ ᠴᠢᠷᠮᠠᠶᠢᠬᠤ ᠬᠡᠷᠩᠲᠠᠢ ᠭᠡᠵᠦ ᠴᠢᠬᠤᠯᠠᠴᠢᠯᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2018-06-20
     6 ᠰᠠᠷ᠎ᠠ ᠶᠢᠨ 7᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ ᠳ᠋ᠦᠩ ᠾᠧ ᠲᠣᠭᠤᠷᠢᠭ ᠲᠤ ᠪᠠᠶᠢᠴᠠᠭᠠᠨ ᠰᠣᠳᠣᠯᠣᠯᠳᠠ ᠬᠢᠬᠦ ᠳᠤ ᠪᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠲᠦ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠥᠵᠢᠯ ᠰᠠᠨᠠᠭ᠎ᠠ ᠪᠠᠷ ᠵᠢᠯᠤᠭᠤᠳᠬᠤ ᠦᠵᠡᠯ ᠰᠠᠨᠠᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠣᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠠᠷᠤᠩᠬᠢ ᠱᠦᠵᠢ ᠦᠪᠣᠷ ᠮᠣᠩᠭᠤᠯ ᠤᠨ ᠲᠦᠯᠤᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠦᠨᠵᠡᠭᠡᠢ ᠰᠣᠷᠤᠯᠴᠠᠨ᠂ ᠠᠷᠡᠳ ᠲᠦᠮᠡᠨ ᠢᠶᠠᠷ ᠲᠥᠪ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠲᠦ ᠪᠣᠰᠬᠠᠵᠦ᠂ ᠦᠨᠳᠤᠷ ᠡᠬᠢᠯᠡᠯᠲᠡ ᠶᠢᠨ ᠴᠡᠭ᠂ ᠦᠨᠳᠤᠷ ᠪᠠᠷᠢᠮᠵᠢᠶ᠎ᠠ᠂ ᠦᠨᠳᠤᠷ ᠴᠢᠨᠠᠷ ᠴᠢᠨᠰᠠᠭ᠎ᠠ ᠪᠠᠷ ᠬᠤᠲᠠ ᠶᠢᠨ ᠪᠦᠳᠦᠭᠡᠨ ᠪᠠᠶᠢᠭᠤᠯᠤᠯᠳᠠ᠂ ᠰᠣᠶᠣᠯ ᠵᠢᠭᠤᠯᠴᠢᠯᠡᠯ ᠵᠡᠷᠭᠡ ᠴᠢᠬᠤᠯᠠ ᠫᠷᠤᠵᠢᠺᠠᠲ ᠢ ᠦᠷᠭᠡᠳᠭᠡᠨ ᠪᠦᠳᠤᠭᠡᠨ ᠪᠠᠶᠢᠭᠤᠯᠵᠦ᠂ ᠪᠦᠬᠦ ᠲᠠᠯ᠎ᠠ ᠪᠠᠷ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠦ᠂ ᠬᠤᠲᠠ ᠶᠢᠨ ᠴᠢᠨᠠᠷ ᠲᠡᠰ ᠢ ᠲᠡᠭᠡᠭᠰᠢᠯᠡᠭᠦᠯᠬᠦ ᠪᠠᠷ ᠴᠢᠷᠮᠠᠶᠢᠬᠤ ᠭᠡᠷᠩᠲᠠᠢ᠃      ᠵᠠᠩ ᠶᠤᠸᠠᠨ ᠵᠦᠩ ᠤᠷᠢᠳ ᠢᠶᠠᠷ ᠬᠦᠷᠡᠯ ᠰᠢᠯᠢ ᠶᠢᠨ ᠰᠤᠯᠠ ᠭᠠᠵᠠᠷ ᠲᠤ ᠬᠦᠷᠴᠦ ᠲᠣᠬᠠᠢ ᠭᠠᠵᠠᠷ ᠤᠨ ᠵᠠᠮ ᠬᠠᠷᠢᠴᠠᠭ᠎ᠠ ᠶᠢᠨ ᠰᠠᠭᠤᠷᠢ ᠲᠦᠬᠦᠭᠡᠷᠤᠮᠵᠢ᠂ ᠭᠤᠣᠯ ᠪᠣᠯᠬᠤ ᠫᠷᠤᠵᠢᠺᠠᠲ ᠵᠡᠷᠭᠡ ᠶᠢᠨ ᠪᠠᠶᠢᠳᠡᠯ ᠢ ᠨᠠᠷᠢᠪᠴᠢᠯᠠᠨ ᠦᠵᠡᠭᠰᠡᠨ ᠪᠠᠶᠢᠨ᠎ᠠ᠃ ᠵᠠᠩ ᠶᠤᠸᠠᠨ ᠵᠦᠩ ᠴᠢᠬᠤᠯᠠᠴᠢᠯᠠᠭᠰᠠᠨ ᠨᠢ᠂ ᠢᠮᠠᠭᠳᠠ ᠬᠦᠭᠵᠢᠯᠳᠡ ᠪᠤᠯ‌ᠠᠷᠡᠳ ᠤᠨ ᠲᠦᠯᠦᠭᠡ᠂ ᠠᠷᠡᠳ ᠲᠦᠮᠡᠨ ᠢ ᠲᠦᠰᠢᠵᠦ ᠬᠦᠭᠵᠢᠬᠦ ᠭᠡᠰᠡᠨ ᠢ ᠪᠠᠷᠢᠮᠳᠠᠯᠠᠵᠦ᠂ ᠬᠦᠭᠵᠢᠯᠳᠡ ᠶᠢᠨ  ᠠᠮᠵᠢᠯᠲᠠ ᠶᠢ ᠠᠷᠡᠳ ᠪᠦᠬᠦᠨ ᠬᠠᠮᠳᠣ ᠳᠠᠭᠠᠨ ᠡᠳᠡᠯᠭᠦᠯᠬᠦ ᠶᠢ ᠪᠠᠷᠢᠮᠳᠠᠯᠠᠵᠦ᠂ ᠬᠦᠷᠡᠯ ᠰᠢᠯᠢ ᠶᠢᠨ ᠰᠤᠯᠠ ᠭᠠᠵᠠᠷ ᠤᠨ ᠵᠠᠮ ᠬᠠᠷᠢᠯᠴᠠᠭ᠎ᠠ᠂ ᠬᠤᠭᠤᠯᠠᠢ ᠶᠢᠨ ᠲᠣᠣᠷ᠂ ᠴᠡᠴᠡᠷᠯᠢᠭ ᠤᠨ ᠲᠠᠯᠠᠪᠠᠢ᠂ ᠡᠮᠨᠡᠯᠭᠡ ᠶᠢᠨ ᠬᠤᠷᠢᠶ᠎ᠠ᠂ ᠰᠣᠷᠭᠠᠭᠤᠯᠢ ᠵᠡᠷᠭᠡ ᠦᠨᠳᠤᠰᠤᠨ ᠲᠦᠬᠦᠭᠡᠷᠤᠮᠵᠢ ᠪᠠ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠤᠮᠵᠢ ᠶᠢ ᠲᠦᠯᠤᠪᠵᠢᠭᠦᠯᠤᠨ ᠪᠠᠶᠢᠭᠤᠯᠵᠦ᠂ ᠣᠯᠡᠨ ᠲᠦᠮᠡᠨ ᠳᠤ ᠲᠠᠭᠠᠯᠠᠮᠵᠢᠲᠠᠢ ᠰᠠᠭᠤᠬᠤ ᠬᠤᠲᠠ ᠶᠢᠨ ᠣᠷᠴᠢᠨ ᠢ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠭᠡᠷᠩᠲᠠᠢ᠃      ᠬᠠᠭᠤᠴᠢᠨ ᠪᠣᠭᠤᠲᠦ ᠶᠢᠨ ᠲᠣᠷᠠᠰᠤᠮᠵᠢ ᠶᠢᠨ ᠲᠡᠤᠭᠡ ᠰᠣᠶᠣᠯ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢᠨ ᠪᠠᠶᠢᠳᠡᠯ ᠤᠨ ᠲᠠᠶᠢᠯᠪᠤᠷᠢᠯᠠᠯᠲᠠ ᠶᠢ ᠰᠣᠨᠣᠰᠣᠭᠰᠠᠨ ᠤ ᠲᠠᠷᠠᠭ᠎ᠠ᠂ ᠵᠠᠩ ᠶᠤᠸᠠᠨ ᠵᠦᠩ ᠴᠢᠬᠤᠯᠠᠴᠢᠯᠠᠭᠰᠠᠨ ᠨᠢ᠂ ᠬᠦᠷᠡᠯ ᠰᠢᠯᠢ ᠲᠣᠭᠤᠷᠢᠭ ᠨᠢ ᠬᠠᠭᠤᠴᠢᠨ ᠪᠣᠭᠤᠲᠦ ᠶᠢᠨ ᠰᠣᠶᠣᠯ ᠤᠨ ᠡᠭᠦᠰᠦᠯ ᠤᠨ ᠭᠠᠵᠠᠷ ᠪᠣᠯᠣᠭᠰᠠᠨ ᠤ ᠬᠤᠪᠢᠢ ᠳᠤ᠂ ᠬᠤᠲᠠ ᠶᠢᠨ ᠬᠦᠭᠵᠢᠯᠲᠡ ᠳᠤ ᠲᠦᠢᠯ ᠤᠨ ᠴᠢᠬᠤᠯᠠ ᠪᠠᠶᠢᠷᠢ ᠰᠠᠭᠤᠷᠢ ᠲᠠᠢ᠃ ᠬᠦᠷᠡᠯ ᠰᠢᠯᠢ ᠶᠢᠨ ᠭᠦᠨ ᠵᠤᠵᠠᠭᠠᠨ ᠲᠡᠤᠭᠡ ᠰᠣᠶᠣᠯ ᠤᠨ ᠡᠬᠢ ᠰᠣᠷᠪᠤᠯᠵᠢ ᠶᠢ ᠭᠦᠢᠴᠡᠳ ᠢᠯᠡᠷᠡᠭᠦᠯᠵᠦ᠂ ᠲᠦᠯᠤᠪᠵᠢᠭᠦᠯᠭᠡ ᠶᠢ ᠲᠦᠷᠦᠭᠦᠯᠡᠵᠦ᠂ ᠰᠣᠶᠣᠯ ᠤᠨ ᠦᠪᠡᠷᠮᠢᠴᠡ ᠰᠢᠨᠵᠢ ᠶᠢ ᠲᠣᠪᠣᠶᠢᠯᠭᠠᠵᠤ᠂ ᠪᠦᠬᠦᠯᠢ ᠴᠣᠭᠴᠠ ᠰᠢᠨᠵᠢ ᠪᠠᠶᠢᠳᠡᠯ᠂ ᠪᠠᠷᠢᠯᠭ᠎ᠠ ᠶᠢᠨ ᠡᠯᠧᠮᠧᠨ᠋ᠲ᠂ ᠰᠠᠭᠤᠭ᠎ᠠ ᠬᠦᠮᠤᠰ ᠤᠨ ᠪᠠᠶᠢᠲᠡᠯ ᠵᠡᠷᠭᠡ ᠲᠠᠯ᠎ᠠ ᠶᠢ ᠪᠣᠲᠠᠲᠠᠢ ᠬᠢᠵᠦ᠂ ᠨᠠᠷᠠᠯᠢᠭ ᠬᠢᠵᠦ᠂ ᠰᠠᠶᠢᠳᠣᠷ ᠬᠢᠬᠦ ᠬᠡᠷᠩᠲᠠᠢ᠂ ᠦᠨᠳᠤᠰᠤᠳᠡᠨ ᠤ ᠣᠨᠴᠠᠯᠢᠭ ᠲᠠᠢ᠂ ᠦᠨᠳᠤᠰᠤᠳᠡᠨ ᠤ ᠠᠭᠠᠯᠢ ᠪᠠᠶᠢᠳᠡᠯ ᠲᠠᠢ ᠲᠡᠤᠭᠡ ᠶᠢᠨ ᠵᠡᠭᠡᠯᠢ ᠭᠤᠳᠤᠮᠵᠢ ᠶᠢ ᠪᠦᠳᠤᠭᠡᠨ ᠪᠠᠶᠢᠭᠤᠯᠵᠦ᠂ ᠡᠭᠦᠨ ᠢᠶᠠᠷ ᠲᠠᠮᠵᠢᠨ ᠪᠣᠭᠤᠲᠦ ᠬᠤᠲᠠ ᠶᠢᠨ ᠰᠢᠨ᠎ᠡ ᠨᠢᠭᠡᠨ ᠨᠡᠷ᠎ᠡ ᠶᠢᠨ ᠬᠠᠭᠤᠳᠠᠰᠤ  ᠪᠤᠢ ᠪᠣᠯᠭᠠᠬᠤ ᠬᠡᠷᠩᠲᠠᠢ᠂      ᠨᠠᠨ ᠮᠧᠨ ᠸᠠᠢ ᠵᠡᠭᠡᠯᠢ ᠭᠤᠳᠤᠮᠵᠢ ᠶᠢᠨ ᠵᠠᠮ ᠵᠡᠭᠡᠯᠢ ᠶᠢ ᠦᠷᠭᠡᠳᠭᠡᠨ ᠵᠠᠰᠠᠬᠤ ᠫᠷᠤᠵᠢᠺᠠᠲ ᠢ ᠪᠠᠶᠢᠴᠠᠭᠠᠨ ᠰᠤᠳᠤᠯᠠᠬᠤ ᠦᠶ᠎ᠡ ᠳᠤ᠂ ᠵᠠᠩ ᠶᠤᠸᠠᠨ ᠵᠦᠩ ᠴᠢᠬᠤᠯᠠᠴᠢᠯᠠᠭᠰᠠᠨ ᠨᠢ᠂ ᠵᠠᠮ ᠵᠡᠭᠡᠯᠢ ᠶᠢ ᠦᠷᠭᠡᠳᠭᠡᠨ ᠪᠠᠶᠢᠭᠤᠯᠬᠤ ᠶᠢ ᠪᠡᠶᠡᠯᠡᠭᠦᠯᠬᠦ ᠨᠢ ᠠᠷᠡᠳ ᠤᠨ ᠰᠡᠳᠬᠢᠯ ᠤᠨ ᠢᠨᠵᠧᠨᠧᠷᠢᠩ᠂ ᠮᠥᠨ ᠴᠦ ᠠᠷᠡᠳ ᠤᠨ ᠠᠮᠢᠳᠤᠷᠡᠯ ᠤᠨ ᠢᠨᠵᠧᠨᠧᠷᠢᠩ ᠪᠣᠯᠣᠨ᠎ᠠ᠂ ᠰᠢᠨᠵᠢᠯᠡᠬᠦ ᠤᠬᠠᠭᠠᠨᠴᠢ ᠪᠠᠷ ᠲᠦᠯᠤᠪᠯᠡᠭᠡ ᠪᠠᠨ ᠲᠣᠭᠳᠠᠭᠠᠵᠤ᠂ ᠢᠨᠵᠧᠨᠧᠷᠢᠩ ᠤᠨ ᠠᠬᠢᠴᠠ ᠶᠢ ᠲᠦᠷᠭᠡᠳᠭᠡᠵᠦ᠂ ᠴᠢᠳᠠᠬᠤ ᠶᠢᠨ ᠲᠣᠳᠤᠷ᠎ᠠ ᠵᠠᠮ ᠵᠡᠭᠡᠯᠢ ᠶᠢ ᠦᠷᠭᠡᠳᠭᠡᠨ ᠵᠠᠰᠠᠬᠤ ᠨᠢ ᠰᠠᠭᠤᠭᠠᠯᠢ ᠠᠷᠡᠳ ᠤᠨ ᠰᠠᠭᠤᠵᠦ ᠶᠠᠪᠤᠬᠤ ᠶᠢ ᠨᠥᠯᠥᠭᠡᠯᠡᠬᠦ ᠶᠢ  ᠪᠠᠭᠠᠰᠬᠠᠬᠤ ᠬᠡᠷᠩᠲᠠᠢ᠃ ᠵᠠᠮ ᠵᠡᠭᠡᠯᠢ ᠶᠢ ᠦᠷᠭᠡᠳᠭᠡᠨ ᠵᠠᠰᠠᠬᠤ ᠂ ᠭᠠᠵᠠᠷ ᠲᠣᠣᠷᠠᠬᠢ ᠬᠤᠭᠤᠯᠠᠢ ᠶᠢᠨ ᠲᠣᠣᠷ᠂ ᠵᠠᠮ ᠵᠡᠭᠡᠯᠢ ᠶᠢᠨ ᠨᠣᠭᠤᠭᠠᠷᠡᠯᠲᠠ᠂ ᠵᠠᠮ ᠢ ᠲᠠᠭᠠᠭᠰᠠᠨ ᠬᠤᠳᠠᠯᠳᠤᠭ᠎ᠠ ᠲᠡᠯᠭᠡᠭᠦᠷ ᠤᠨ ᠡᠯᠭᠦᠭᠡᠰᠦ ᠵᠡᠷᠭᠡ ᠠᠵᠢᠯ ᠢ ᠣᠶᠠᠯᠳᠣᠭᠤᠯᠵᠦ᠂ ᠤᠯᠠᠮ ᠨᠢᠭᠡ ᠠᠯᠬᠤᠮ ᠶᠠᠪᠤᠵᠦ ᠰᠠᠭᠤᠬᠤ ᠣᠷᠴᠢᠨ ᠢ ᠰᠢᠯᠢᠳᠡᠭᠵᠢᠭᠦᠯᠵᠦ᠂ ᠬᠤᠲᠠ ᠶᠢᠨ ᠳᠦᠷᠢ ᠲᠦᠷᠰᠤ ᠶᠢ ᠦᠵᠡᠮᠵᠢ ᠲᠠᠢ ᠪᠣᠯᠭᠠᠬᠤ ᠬᠡᠷᠩᠲᠠᠢ᠃      ᠬᠤᠲᠠ ᠶᠢᠨ ᠤᠳᠤᠷᠢᠳᠬᠤ ᠬᠦᠮᠦᠰ ᠵᠠᠩ ᠵᠢᠶᠠᠨ ᠵᠦᠩ᠂ ᠯᠢ ᠴᠦᠨ ᠷᠧᠨ᠂ ᠯᠦ ᡁᠢ᠂ ᠲᠣᠭᠤᠷᠢᠭ ᠤᠨ ᠤᠳᠤᠷᠢᠳᠬᠤ ᠬᠦᠮᠦᠰ ᠯᠢ ᠱᠢ ᠮᠢᠩ᠂ ᠵᠢᠶᠠ ᠪᠣᠣ ᠯᠢᠶᠠᠩ᠂ ᠵᠠᠩ ᠯᠧᠢ᠂ ᠱᠢ ᠯᠢ ᠨᠠ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1