ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ ᠪᠣᠳᠠᠲᠠᠢ ᠭᠠᠵᠠᠷ ᠲᠤ ᠨᠢ ᠬᠦᠷᠴᠦ ᠲᠥᠪ ᠤᠨ ᠣᠷᠴᠢᠨ ᠠᠬᠤᠢ ᠶᠢ  ᠱᠠᠯᠠᠪᠳᠠᠭᠤᠯᠣᠨ ᠪᠠᠶᠢᠴᠠᠭᠠᠤ《 ᠡᠷᠭᠢᠨ ᠬᠠᠷᠠᠬᠤ》 ᠪᠣᠴᠠᠯᠲᠡ ᠶᠢᠨ ᠠᠰᠠᠭᠤᠳᠡᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠪᠠᠶᠢᠳᠡᠯ ᠢ ᠬᠢᠨᠡᠨ ᠪᠠᠶᠢᠴᠠᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2018-06-25
     6 ᠰᠠᠷ᠎ᠠ ᠶᠢᠨ11᠎ ᠤ ᠡᠳᠤᠷ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ ᠠᠩᠭᠢ ᠪᠠᠭ ᠢᠶᠠᠨ ᠲᠠᠭᠠᠭᠤᠯᠤᠨ ᠪᠣᠳᠠᠲᠠᠢ ᠭᠠᠵᠠᠷ ᠲᠤ ᠨᠢ ᠬᠦᠷᠴᠦ ᠲᠥᠪ ᠤᠨ ᠣᠷᠴᠢᠨ ᠠᠬᠤᠢ ᠶᠢ ᠱᠠᠯᠠᠪᠳᠠᠭᠤᠯᠣᠨ ᠪᠠᠶᠢᠴᠠᠭᠠᠤ《 ᠡᠷᠭᠢᠨ ᠬᠠᠷᠠᠬᠤ》 ᠪᠣᠴᠠᠯᠲᠡ ᠶᠢᠨ ᠠᠰᠠᠭᠤᠳᠡᠯ ᠢ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠬᠤ ᠪᠠᠶᠢᠳᠡᠯ ᠢ ᠱᠠᠯᠠᠪᠳᠠᠭᠤᠯᠣᠨ ᠪᠠᠶᠢᠴᠠᠭᠠᠭᠰᠠᠨ ᠪᠠᠶᠢᠨ᠎ᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠠᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠡᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠣᠣ ᠵᠢᠤᠸᠠᠨ᠂ ᠵᠠᠰᠠᠭ ᠤᠨ ᠣᠷᠳᠦᠨ ᠤ ᠳᠡᠳ᠋ ᠲᠣᠭᠤᠷᠢᠭ ᠤᠨ ᠲᠠᠷᠤᠭ᠎ᠠ ᠸᠠᠩ ᠾᠧ ᠯᠥᠩ᠂ ᠲᠣᠭᠤᠷᠢᠭ ᠤᠨ ᠣᠷᠴᠢᠨ ᠠᠬᠤᠢ ᠶᠢ ᠬᠠᠮᠠᠭᠠᠯᠠᠬᠤ ᠰᠠᠯᠪᠤᠷᠢ ᠲᠣᠪᠴᠢᠶ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠣᠯᠭ᠎ᠠ ᠶᠢᠨ ᠬᠠᠷᠢᠭᠤᠴᠠᠯᠭᠠᠲᠠᠨ ᠪᠣᠳᠠᠲᠠᠢ ᠭᠠᠵᠠᠷ ᠲᠤ ᠨᠢ ᠬᠦᠷᠴᠦ ᠱᠠᠯᠠᠪᠳᠠᠭᠤᠯᠣᠨ  ᠪᠠᠶᠢᠴᠠᠭᠠᠯᠲᠠ ᠳᠤ ᠣᠷᠤᠯᠴᠠᠭᠰᠠᠨ ᠪᠠᠶᠢᠨ᠎ᠠ      ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ ᠤᠷᠢᠳ ᠡᠮᠤᠨ᠎ᠡ ᠫᠢ ᠶᠧ ᠰᠠᠭᠤᠭᠠᠯᠢ ᠲᠣᠭᠤᠷᠢᠭ᠂ ᠯᠦ ᠸᠠᠩ ᠬᠤᠨᠢ ᠶᠢᠨ ᠨᠤᠭᠤᠰᠤ ᠶᠢᠨ ᠬᠤᠪᠴᠠᠰᠤᠨ ᠤ ᠦᠢᠯᠡᠳᠪᠣᠷᠢ᠂ ᠬᠦᠷᠡᠯ ᠰᠢᠯᠢ ᠲᠣᠭᠤᠷᠢᠭ ᠤᠨ ᠡᠮᠤᠨ᠎ᠡ ᠲᠣᠭᠤᠷᠢᠭ᠂ ᠰᠠᠷᠠᠴᠢᠨ ᠪᠠᠯᠭᠠᠰᠦ ᠶᠢᠨ ᠲᠤ ᠾᠧ ᠴᠢ ᠲᠣᠰᠬᠤᠨ᠂ ᠪᠣᠳᠠᠲᠠᠢ ᠭᠠᠵᠠᠷ ᠲᠤ ᠨᠢ ᠬᠦᠷᠴᠦ ᠲᠥᠪ ᠤᠨ ᠣᠷᠴᠢᠨ ᠠᠬᠤᠢ ᠶᠢ ᠱᠠᠯᠠᠪᠳᠠᠭᠤᠯᠣᠨ ᠪᠠᠶᠢᠴᠠᠭᠠᠤ ᠲᠣᠭᠤᠶᠢᠯᠡᠭ ᠤᠨ ᠪᠣᠴᠠᠭᠠᠵᠦ ᠥᠭᠭᠦᠭᠰᠡᠨ ᠬᠠᠮᠢᠶ᠎ᠠ ᠪᠦᠬᠦᠢ ᠦᠭᠡᠷᠴᠢᠯᠡᠨ ᠰᠠᠶᠢᠵᠢᠷᠠᠭᠤᠯᠬᠤ ᠪᠠᠶᠢᠳᠡᠯ ᠢ ᠤᠶᠢᠯᠠᠭᠠᠭᠰᠠᠨ ᠪᠠᠶᠢᠨ᠎ᠠ᠃ ᠡᠬᠦᠨ ᠤ ᠬᠠᠮᠳᠦ ᠦᠭᠡᠷᠴᠢᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠮᠡᠳᠡᠭᠦᠯᠤᠯᠲᠡ ᠶᠢ ᠨᠠᠷᠠᠯᠢᠭ ᠰᠣᠨᠣᠰᠣᠨ᠂  ᠲᠤᠬᠠᠢ ᠶᠢᠨ ᠭᠠᠵᠠᠷ ᠲᠤ ᠨᠢ ᠠᠵᠢᠯᠯᠠᠵᠦ᠂ ᠣᠷᠣᠰᠢᠵᠦ ᠪᠠᠶᠢᠭ᠎ᠠ ᠠᠰᠠᠭᠤᠳᠡᠯ ᠶᠢ ᠰᠢᠳᠪᠤᠷᠢᠯᠠᠭᠰᠠᠨ ᠪᠠᠶᠢᠨ᠎ᠠ᠃      ᠯᠢ ᠱᠢ ᠮᠢᠩ ᠵᠢᠭᠠᠵᠦ ᠭᠠᠷᠭᠠᠭᠰᠠᠨ ᠨᠢ ᠡᠯ᠎ᠡ ᠰᠠᠯᠠᠭ᠎ᠠ ᠮᠦᠴᠢᠷ ᠤᠯᠠᠮ ᠨᠢᠭᠡ ᠠᠯᠬᠤᠮ ᠣᠯᠤᠰ ᠲᠦᠷᠤ ᠶᠢᠨ ᠵᠣᠭᠰᠣᠴᠠ ᠪᠠᠨ ᠲᠡᠭᠡᠭᠰᠢᠯᠡᠭᠦᠯᠵᠦ《 ᠲᠦᠷᠪᠡᠨ ᠤᠬᠠᠮᠰᠠᠷ》᠎ ᠶᠢ ᠪᠠᠲᠤ ᠪᠠᠬᠢ ᠪᠣᠰᠬᠠᠵᠦ᠂ ᠣᠯᠣᠰ ᠲᠦᠷᠤ ᠪᠠ ᠪᠦᠬᠦ ᠲᠠᠯ᠎ᠠ ᠶᠢᠨ ᠦᠨᠳᠣᠷ ᠤᠨ ᠬᠡᠮᠵᠢᠶ᠎ᠡ ᠪᠠᠷ ᠲᠥᠪ᠂ ᠦᠪᠡᠷᠳᠡᠬᠡᠨ ᠵᠠᠰᠠᠬᠤ ᠣᠷᠤᠨ᠂ ᠪᠣᠭᠤᠲᠦ ᠬᠤᠲᠠ ᠶᠢᠨ ᠣᠷᠴᠢᠨ ᠠᠬᠤᠢ ᠶᠢ ᠱᠠᠯᠠᠪᠳᠠᠭᠤᠯᠣᠨ ᠪᠠᠶᠢᠴᠠᠭᠠᠤ ᠪᠣᠴᠠᠯᠳᠡ ᠶᠢᠨ ᠠᠰᠠᠭᠤᠳᠡᠯ ᠢ ᠦᠭᠡᠷᠴᠢᠯᠡᠨ ᠰᠠᠶᠢᠵᠢᠷᠠᠭᠤᠯᠬᠤ ᠠᠵᠢᠯ ᠢ ᠲᠠᠨᠢᠵᠦ᠂ ᠬᠢᠨᠠᠮᠠᠭᠠᠢ ᠢᠶᠠᠷ ᠠᠰᠠᠭᠤᠳᠡᠯ ᠢ ᠡᠮᠬᠢᠯᠡᠵᠦ᠂ ᠡᠷᠡᠰ ᠬᠠᠲᠠᠭᠤ ᠪᠠᠷ ᠦᠭᠡᠷᠴᠢᠯᠡᠨ ᠰᠠᠶᠢᠵᠢᠷᠠᠭᠤᠯᠬᠤ ᠠᠵᠢᠯ ᠢ ᠰᠠᠶᠢᠨ ᠬᠢᠬᠦ ᠬᠡᠷᠩᠲᠠᠢ᠃ ᠦᠭᠡᠷᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠠᠯᠢᠭ ᠬᠤᠪᠢᠶᠠᠨ᠂ ᠬᠦᠴᠢᠷᠳᠡᠯ ᠢ ᠰᠢᠪᠳᠤᠯᠤᠨ᠂ ᠯᠠᠪᠳᠠᠭᠤᠨ ᠢᠶᠠᠷ ᠠᠰᠠᠭᠤᠳᠡᠯ ᠢ ᠰᠢᠳᠪᠤᠷᠢᠯᠡᠵᠦ᠂ ᠦᠨᠳᠤᠷ ᠴᠢᠨᠠᠷ ᠎ ᠲᠠᠢ ᠪᠠᠷ ᠡᠭᠦᠷᠭᠡ ᠪᠠᠨ ᠭᠦᠢᠴᠡᠳᠭᠡᠭᠦ ᠶᠢ ᠪᠠᠳᠦᠯᠠᠬᠤ ᠬᠡᠷᠩᠲᠠᠢ᠂ ᠥᠩᠭᠡ ᠦᠨᠳᠤᠰᠤ ᠶᠢ ᠨᠢ ᠬᠠᠮᠳᠤᠳᠡ ᠨᠢ ᠵᠠᠰᠠᠬᠤ ᠶᠢ ᠪᠠᠷᠢᠮᠳᠠᠯᠠᠵᠦ᠂ ᠣᠳᠠᠭᠠᠨ ᠲᠠᠭᠠᠭᠠᠮᠭᠠᠢ ᠲᠣᠭᠲᠡᠯᠴᠠᠭ᠎ᠠ ᠶᠢ ᠪᠠᠶᠢᠭᠤᠯᠵᠦ᠂ ᠦᠷᠭᠦᠯᠵᠢᠯᠡᠨ ᠦᠭᠡᠷᠴᠢᠯᠡᠨ ᠰᠠᠶᠢᠵᠢᠷᠠᠭᠤᠯᠬᠤ ᠦᠷ᠎ᠡ ᠳ᠋ᠦᠩ ᠢ ᠪᠠᠬᠢᠵᠢᠭᠦᠯᠬᠦ ᠬᠡᠷᠩᠲᠠᠢ᠃ ᠠᠵᠢᠯ ᠤᠨ ᠬᠠᠷᠢᠴᠠᠭᠤᠯᠭ᠎ᠠ ᠪᠠᠨ‌‍ᠲ᠋ᠠᠭᠰᠢᠷᠠᠭᠤᠯᠵᠤ᠂ ᠨᠠᠮ ᠵᠠᠰᠠᠭ ᠬᠠᠮᠲᠦ ᠬᠠᠷᠢᠴᠠᠭᠤᠯᠭ᠎ᠠ ᠡᠭᠦᠷᠭᠡᠯᠡᠵᠦ᠂ ᠨᠢᠭᠡ ᠠᠵᠢᠯ ᠤᠨ  ᠪᠠᠶᠢᠷᠢᠨ ᠎ ᠳᠤ ᠬᠤᠣᠰ ᠬᠠᠷᠢᠴᠠᠭᠤᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠠᠷ ᠮᠠᠨᠳᠡᠯ᠂ ᠤᠰᠤ᠂ ᠭᠠᠵᠠᠷ ᠰᠢᠷᠤᠢ ᠶᠢᠨ   ᠪᠤᠬᠢᠷᠲᠤᠯ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠵᠦ᠂ ᠡᠯ᠎ᠡ ᠵᠦᠢᠯ ᠤᠨ ᠦᠭᠡᠷᠴᠢᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠩᠲᠠᠢ᠃
 
ᠢᠷᠡᠯᠲᠡ᠄ ᠪᠣᠭᠤᠲᠦ ᠬᠣᠲᠠ ᠶᠢᠨ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1