ᠯᠢ ᠺᠧ ᠴᠢᠶᠠᠩ ᠬᠤᠷᠡᠯ ᠢ ᠡᠷᠬᠢᠯᠡᠵᠥ ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ | ᠸᠠᠩ ᠴᠢ ᠱᠠᠨ ᠬᠤᠷᠡᠯ ᠳᠤ ᠤᠷᠤᠯᠴᠠᠪᠠ᠃ | ᠰᠢᠨᠬᠤᠧᠠ ᠬᠤᠷᠢᠶ᠎ᠠ ᠪᠡᠬᠡᠵᠢᠩ ᠤᠨ 6 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠦᠪ ᠤᠨ | ᠭᠠᠳᠠᠭᠠᠳᠤ ᠶᠠᠪᠤᠳᠠᠯ ᠤᠨ ᠠᠵᠢᠯ ᠤᠨ ᠬᠤᠷᠡᠯ 6 ᠰᠠᠷ᠎ᠠ ᠶᠢᠨ 22 ᠠᠴᠠ 23 ᠤ ᠡᠳᠤᠷ ᠪᠤᠯᠳᠠᠯ᠎ᠠ ᠪᠡᠭᠡᠵᠢᠩ ᠳᠤ | ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ | ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠬᠤᠷᠡᠯ ᠲᠡᠭᠡᠷ᠎ᠡ ᠴᠢᠬᠤᠯᠠ ᠶᠠᠷᠢᠶ᠎ᠠ ᠲᠠᠯᠪᠢᠵᠥ᠂ | ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠥ᠂ ᠤᠯᠤᠰ ᠤᠨ ᠲᠤᠳᠤᠭᠠᠳᠤ ᠶᠢᠨ ᠪᠠ ᠲᠡᠯᠡᠬᠡᠢ ᠶᠢᠨ ᠬᠤᠶᠠᠷ ᠶᠡᠭᠡ ᠲᠠᠯ᠎ᠠ ᠶᠢ ᠨᠢᠬᠡᠳᠤᠯᠳᠡᠢ | ᠲᠦᠯᠥᠪᠵᠢᠬᠦᠯᠵᠥ᠂ ᠦᠨᠳᠦᠰᠦᠳᠡᠨ ᠤ ᠰᠡᠷᠬᠦᠨ ᠮᠠᠨᠳᠤᠯᠳᠠ ᠳᠤ ᠦᠢᠯᠡᠴᠢᠯᠡᠬᠦ᠂ ᠬᠦᠮᠥᠨ ᠲᠦᠷᠦᠯᠬᠢᠳᠡᠨ ᠤ | ᠲᠠᠪᠰᠢᠯᠳᠠ ᠶᠢ ᠠᠬᠢᠭᠤᠯᠬᠤ ᠡᠨᠡ ᠬᠤᠶᠠᠷ ᠭᠤᠤᠯ ᠰᠢᠵᠢᠮ ᠢ ᠪᠠᠳᠤ ᠡᠵᠡᠮᠰᠢᠵᠥ᠂ ᠬᠦᠮᠥᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠵᠥ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ | ᠂ ᠬᠦᠭᠵᠢᠯᠳᠡ ᠶᠢᠨ ᠠᠰᠢᠭ ᠲᠤᠰᠠ ᠶᠢ ᠡᠷᠡᠰ ᠬᠠᠮᠠᠭᠠᠯᠠᠵᠥ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ | ᠦᠭᠡᠷᠡᠴᠢᠯᠡᠯᠳᠡ ᠶᠢ ᠬᠦᠳᠦᠯᠥᠨ ᠲᠠᠭᠠᠭᠤᠯᠬᠤ ᠳᠤ ᠢᠳᠡᠪᠬᠢᠳᠡᠢ ᠤᠷᠤᠯᠴᠠᠵᠥ᠂ ᠨᠡᠩ ᠲᠡᠬᠦᠯᠳᠡᠷᠵᠢᠭᠰᠡᠡ ᠪᠦᠬᠦ | ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠶᠢᠨ ᠲᠤᠤᠷ ᠢ ᠪᠠᠶᠢᠭᠤᠯᠵᠥ᠂ ᠲᠤᠮᠳᠠᠳᠤ ᠤᠯᠤᠰ ᠤᠨ ᠤᠨᠴᠠᠯᠢᠭ ᠲᠠᠢ | ᠶᠡᠭᠡ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠴᠢᠷᠮᠡᠶᠢᠨ ᠡᠬᠦᠳᠴᠦ᠂ ᠴᠢᠨᠡᠭᠡᠯᠢᠭ ᠨᠡᠶᠢᠬᠡᠮ ᠢ | ᠪᠦᠬᠦ ᠲᠡᠯ᠎ᠡ ᠪᠠᠷ ᠪᠡᠶᠡᠯᠡᠬᠦᠯᠬᠦ ᠳᠤ᠂ ᠡᠬᠦᠨ ᠤ ᠤᠯᠠᠮ ᠢᠶᠠᠷ ᠨᠡᠶᠢᠬᠡᠮ ᠵᠢᠷᠤᠮ ᠤᠨ ᠤᠳᠤᠬᠢᠴᠢᠯᠠᠭᠰᠠᠠ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠨᠦᠬᠦᠴᠡᠯ ᠪᠦᠷᠢᠯᠳᠦᠬᠦᠯᠵᠥ᠂ ᠦᠵᠡᠬᠦᠯᠪᠡᠰᠤ ᠵᠤᠬᠢᠬᠤ | ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | | | | 6 ᠰᠠᠷ᠎ᠠ ᠶᠢᠨ 22 ᠠᠴᠠ 23 ᠤ ᠡᠳᠤᠷ ᠪᠤᠯᠳᠠᠯ᠎ᠠ ᠲᠦᠪ ᠤᠨ ᠭᠠᠳᠠᠭᠠᠳᠤ ᠶᠠᠪᠤᠳᠠᠯ ᠤᠨ ᠠᠵᠢᠯ ᠤᠨ | ᠬᠤᠷᠡᠯ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ | ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠬᠤᠷᠡᠯ ᠲᠡᠭᠡᠷ᠎ᠡ | ᠴᠢᠬᠤᠯᠠ ᠶᠠᠷᠢᠶ᠎ᠠ ᠲᠠᠯᠪᠢᠪᠠ᠃ ︵ᠵᠢᠷᠤᠭ ᠢ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ︶ | ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ | ᠶᠠᠪᠤᠳᠠᠯ ᠤᠨ ᠬᠤᠷᠢᠶᠡᠨ ᠤ ᠶᠡᠷᠤᠩᠬᠡᠢ ᠰᠠᠶᠢᠳ ᠯᠢ ᠺᠧ ᠴᠢᠶᠠᠩ ᠬᠤᠷᠡᠯ ᠢ ᠡᠷᠬᠢᠯᠡᠪᠡ᠃ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠠᠷᠠᠳ ᠤᠨ | ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠲᠠᠷᠤᠭ᠎ᠠ ᠯᠢ ᠵᠠᠨ ᠱᠦ᠂ ᠨᠠᠮ ᠤᠨ ᠲᠦᠪ | ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ | ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠠᠩ ᠶᠠᠩ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ | ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ ᠨᠢᠩ᠂ | ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠵᠤᠤ ᠯᠧ ᠵᠢᠢ᠂ ᠨᠠᠮ ᠤᠨ ᠲᠦᠪ ᠬᠤᠷᠢᠶᠡᠨ ᠤ ᠤᠯᠤᠰ | ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ | ᠰᠠᠶᠢᠳ ᠬᠠᠨ ᠵᠧᠩ᠂ ᠤᠯᠤᠰ ᠤᠨ ᠲᠡᠳ᠋ ᠲᠡᠷᠢᠬᠦᠯᠡᠭᠴᠢ ᠸᠠᠩ ᠴᠢ ᠱᠠᠨ ᠬᠤᠷᠡᠯ ᠳᠤ ᠤᠷᠤᠯᠴᠠᠪᠠ᠃ | ᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠨᠠᠮ ᠤᠨ | ᠲᠦᠪ ᠬᠤᠷᠢᠶᠡᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠲᠡᠯᠡᠬᠡᠢ ᠶᠢᠨ ᠨᠠᠷᠢᠨ ᠪᠤᠳᠤᠯᠢᠶᠡᠨᠳᠡᠢ ᠪᠠᠶᠢᠳᠠᠯ ᠤᠨ | ᠡᠮᠤᠨ᠎ᠡ᠂ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠬᠦᠴᠢᠷ ᠢ ᠲᠤᠭᠤᠯᠤᠨ ᠪᠡᠷᠬᠡ ᠶᠢ ᠲᠡᠪᠡᠵᠥ᠂ | ᠡᠷᠡᠮᠡᠬᠡᠶᠢᠯᠡᠨ ᠤᠷᠤᠭᠰᠢᠯᠠᠵᠥ᠂ ᠰᠦᠷ ᠲᠠᠯᠠᠶᠢᠴᠠᠳᠠᠢ ᠦᠷᠨᠢᠵᠤ᠂ ᠲᠤᠮᠳᠠᠳᠤ ᠤᠯᠤᠰ ᠤᠨ ᠤᠨᠴᠠᠯᠢᠭ ᠲᠠᠢ ᠶᠡᠭᠡ | ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠳᠦᠬᠡᠯᠴᠢ ᠪᠠᠷ ᠠᠬᠢᠭᠤᠯᠵᠥ᠂ ᠮᠠᠰᠢ ᠤᠯᠠᠨ ᠠᠶᠤᠯ ᠲᠦᠭᠰᠢᠬᠦᠷᠢ | ᠰᠢᠯᠭᠠᠯᠳᠠ ᠶᠢ ᠲᠤᠭᠤᠯᠵᠥ᠂ ᠴᠦᠬᠡᠨ ᠪᠤᠰᠤ ᠶᠡᠭᠡ ᠲᠠᠶᠢᠯᠠᠯᠳᠤᠭᠠᠨ ᠬᠠᠳᠠᠭᠤ ᠲᠠᠶᠢᠯᠠᠯᠳᠤᠭᠠᠨ ᠤ ᠢᠯᠠᠯᠳᠠ ᠶᠢ | ᠤᠯᠵᠥ᠂ ᠴᠦᠭᠡᠨ ᠪᠤᠰᠤ ᠶᠡᠭᠡ ᠶᠠᠪᠤᠳᠠᠯ ᠬᠦᠴᠢᠷ ᠶᠠᠪᠤᠳᠠᠯ ᠢ ᠪᠦᠳᠦᠭᠡᠵᠥ᠂ ᠲᠡᠤᠬᠡᠳᠤ ᠴᠢᠨᠠᠷᠳᠠᠢ ᠠᠮᠵᠢᠯᠳᠡ | ᠤᠯᠤᠭᠰᠠᠠ ᠪᠠᠶᠢᠨ᠎ᠠ᠃ ᠦᠢᠯᠡᠳᠦᠯᠬᠡ ᠶᠢᠨ ᠲᠤᠮᠳᠠ᠂ ᠪᠢᠳᠡ ᠠᠰᠢᠬᠳᠠᠢ ᠲᠤᠷᠰᠢᠯᠭ᠎ᠠ ᠪᠤᠯᠤᠨ ᠬᠦᠨᠵᠡᠬᠡᠢ | ᠲᠦᠷᠦᠭᠳᠡᠯ ᠢ ᠬᠤᠷᠡᠮᠳᠤᠭᠤᠯᠪᠠ᠂ ᠭᠠᠳᠠᠭᠠᠳᠤ ᠬᠠᠷᠢᠯᠴᠠᠭᠠᠨ ᠤ ᠠᠵᠢᠯ ᠲᠡᠯᠡᠬᠡᠢ ᠶᠢᠨ ᠪᠡ ᠤᠯᠤᠰ ᠤᠨ | ᠲᠤᠳᠤᠭᠠᠳᠤ ᠶᠢᠨ ᠬᠤᠶᠠᠷ ᠶᠡᠭᠡ ᠲᠠᠯ᠎ᠠ ᠶᠢ ᠨᠢᠬᠡᠳᠤᠯᠳᠡᠢ ᠲᠦᠯᠥᠪᠵᠢᠬᠦᠯᠬᠦ ᠶᠢ ᠪᠠᠷᠢᠮᠳᠠᠯᠠᠵᠥ᠂ ᠪᠠᠶᠢᠯᠳᠤᠬᠤ | ᠪᠤᠳᠤᠯᠭ᠎ᠠ ᠶᠢᠨ ᠢᠳᠡᠬᠡᠯ ᠪᠤᠯᠤᠨ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ ᠪᠠᠳᠤᠯᠠᠬᠤ ᠶᠢ ᠪᠠᠷᠢᠮᠳᠠᠯᠠᠵᠥ᠂ | ᠭᠠᠳᠠᠭᠠᠳᠤ ᠬᠠᠷᠢᠯᠴᠠᠭᠠᠨ ᠤ ᠤᠨᠤᠯ ᠪᠤᠯᠤᠨ ᠦᠢᠯᠡᠳᠦᠯᠬᠡ ᠶᠢᠨ ᠰᠢᠨ᠎ᠡ ᠶᠢ ᠡᠬᠦᠳᠬᠦ ᠶᠢ ᠪᠠᠷᠢᠮᠳᠠᠯᠠᠵᠥ᠂ ᠪᠠᠶᠢᠯᠳᠤᠬᠤ | ᠪᠤᠳᠤᠯᠭ᠎ᠠ ᠶᠢᠨ ᠲᠦᠯᠦᠪᠵᠢᠭᠦᠯᠭᠡ ᠪᠤᠯᠤᠨ ᠪᠦᠬᠦ ᠪᠦᠮᠪᠦᠷᠴᠡᠭ ᠤᠨ ᠪᠠᠶᠢᠷᠢᠰᠢᠯ ᠢ ᠪᠠᠷᠢᠮᠳᠠᠯᠠᠵᠥ᠂ ᠤᠯᠤᠰ ᠤᠨ | ᠭᠤᠤᠯᠯᠠᠬᠴᠢ ᠠᠰᠢᠬ ᠲᠤᠰᠠ ᠪᠤᠯᠤᠨ ᠴᠢᠬᠤᠯᠠ ᠶᠡᠭᠡ ᠠᠰᠢᠬ ᠲᠤᠰᠠ ᠶᠢ ᠬᠠᠮᠠᠭᠠᠯᠠᠬᠤ ᠶᠢ ᠪᠠᠷᠢᠮᠳᠠᠯᠠᠵᠥ᠂ | ᠬᠠᠮᠳᠤᠷᠠᠯᠴᠠᠭ᠎ᠠ ᠬᠢᠵᠥ ᠬᠠᠮᠳᠤᠪᠡᠷ ᠠᠰᠢᠬ ᠬᠦᠷᠳᠡᠬᠦ ᠪᠠ ᠠᠰᠢᠬ ᠵᠢᠷᠤᠮ ᠢ ᠤᠶᠠᠯᠳᠤᠭᠤᠯᠬᠤ ᠶᠢ ᠪᠠᠷᠢᠮᠳᠠᠯᠠᠵᠥ᠂ | ᠬᠤᠷᠢᠭ᠎ᠠ ᠱᠤᠭᠤᠮ ᠤᠨ ᠰᠡᠳᠬᠢᠬᠦᠢ ᠪᠤᠯᠤᠨ ᠠᠶᠤᠯ ᠲᠦᠭᠰᠢᠬᠦᠷᠢ ᠶᠢᠨ ᠤᠬᠠᠮᠰᠠᠷ ᠢ ᠪᠠᠷᠢᠮᠳᠠᠯᠠᠬᠤ ᠬᠡᠷᠡᠭᠳᠡᠢ ᠬᠡᠵᠥ | ᠵᠢᠭᠠᠵᠥ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠪᠢᠳᠡ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠪᠤᠯᠤᠨ ᠲᠡᠯᠡᠬᠡᠢ ᠶᠢᠨ ᠬᠦᠭᠵᠢᠯᠳᠡ ᠶᠢᠨ ᠶᠡᠭᠡ ᠬᠠᠨᠳᠤᠰᠢ ᠶᠢ ᠬᠦᠨᠵᠡᠬᠡᠢ ᠡᠵᠡᠮᠳᠡᠵᠥ᠂ | ᠭᠠᠳᠠᠭᠠᠳᠤ ᠬᠠᠷᠢᠯᠴᠠᠭᠠᠨ ᠤ ᠠᠵᠢᠯ ᠤᠨ ᠲᠡᠯ᠎ᠡ ᠪᠠᠷ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠬᠡ ᠶᠢᠨ | ᠰᠢᠨ᠎ᠡ ᠡᠬᠦᠳᠦᠯᠳᠡ ᠭᠠᠷᠭᠠᠵᠤ᠂ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠪᠦᠷᠢᠯᠳᠦᠬᠦᠯᠪᠡ᠂ ᠬᠤᠷᠢᠶᠠᠩᠭᠤᠢᠢᠯᠠᠪᠠᠯ ᠭᠤᠤᠯᠳᠠᠭᠤ | ᠲᠤᠤᠷᠠᠬᠢ 10 ᠲᠠᠯ᠎ᠠ ᠪᠤᠯᠤᠨ᠎ᠠ᠄ ᠨᠠᠮ ᠤᠨ ᠲᠦᠪ ᠬᠤᠷᠢᠶᠡᠨ ᠤ ᠡᠷᠬᠡ ᠰᠦᠷ ᠢ ᠬᠠᠮᠠᠭᠠᠯᠠᠬᠤ ᠪᠠᠷ ᠨᠢᠬᠡᠳᠤᠯᠳᠡᠢ | ᠵᠢᠯᠤᠭᠤᠳᠤᠭᠤᠯᠬᠤ ᠶᠢ ᠪᠠᠷᠢᠮᠳᠠᠯᠠᠵᠥ ᠨᠠᠮ ᠤᠨ ᠭᠠᠳᠠᠭᠠᠳᠤ ᠬᠠᠷᠢᠯᠴᠠᠭᠠᠨ ᠤ ᠠᠵᠢᠯ ᠳᠠᠬᠢ ᠲᠦᠪᠯᠡᠷᠡᠩᠬᠦᠢ | ᠨᠢᠬᠡᠳᠤᠯᠳᠡᠢ ᠤᠳᠤᠷᠢᠳᠤᠯᠭ᠎ᠠ ᠶᠢ ᠴᠢᠩᠭᠠᠳᠬᠠᠪᠠ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠪᠠᠷ ᠡᠬᠦᠷᠬᠡ ᠪᠤᠯᠭᠠᠬᠤ ᠶᠢ ᠪᠠᠷᠢᠮᠳᠠᠯᠠᠵᠥ ᠲᠤᠮᠳᠠᠳᠤ ᠤᠯᠤᠰ ᠤᠨ ᠤᠨᠴᠠᠯᠢᠭ ᠲᠠᠢ ᠶᠡᠭᠡ | ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠪᠠ᠂ ᠲᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ | ᠬᠠᠮᠳᠤ ᠶᠢᠨ ᠬᠦᠭᠵᠢᠯᠳᠡ ᠶᠢ ᠠᠬᠢᠭᠤᠯᠬᠤ ᠪᠠᠷ ᠵᠤᠷᠢᠯᠳᠡ ᠪᠤᠯᠭᠠᠬᠤ ᠶᠢ ᠪᠠᠷᠢᠮᠳᠠᠯᠠᠵᠥ ᠬᠦᠮᠥᠨ ᠲᠦᠷᠦᠯᠬᠢᠳᠡᠨ ᠤ | ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠪᠠ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠥ ᠪᠠᠶᠢᠯᠳᠤᠬᠤ ᠪᠤᠳᠤᠯᠭ᠎ᠠ ᠶᠢᠨ | ᠢᠳᠡᠬᠡᠯ ᠢᠶᠠᠨ ᠨᠡᠮᠡᠭᠳᠡᠬᠦᠯᠪᠠ᠂ ᠬᠠᠮᠳᠤᠪᠡᠷ ᠵᠦᠪᠯᠡᠬᠦ ᠬᠠᠮᠳᠤᠪᠡᠷ ᠪᠠᠶᠢᠭᠤᠯᠬᠤ ᠬᠠᠮᠳᠤᠪᠡᠷ ᠡᠳ᠋ᠯᠡᠬᠦ ᠪᠠᠷ ᠵᠠᠷᠴᠢᠮ | ᠪᠤᠯᠭᠠᠬᠤ ᠶᠢ ᠪᠠᠷᠢᠮᠳᠠᠯᠠᠵᠥ᠂ ︽ᠨᠢᠬᠡ ᠪᠦᠰᠡ ᠨᠢᠬᠡ ᠵᠠᠮ︾ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠪᠠ᠂ | ᠬᠠᠷᠢᠯᠴᠠᠨ ᠬᠦᠨᠳᠦᠳᠬᠡᠬᠦ᠂ ᠬᠠᠮᠳᠤᠷᠠᠯᠴᠠᠭ᠎ᠠ ᠬᠢᠵᠥ ᠬᠠᠮᠳᠤᠪᠡᠷ ᠠᠰᠢᠬ ᠬᠦᠷᠳᠡᠬᠦ ᠪᠠᠷ ᠰᠠᠭᠤᠷᠢ ᠪᠤᠯᠭᠠᠬᠤ ᠶᠢ | ᠪᠠᠷᠢᠮᠳᠠᠯᠠᠵᠥ ᠡᠩᠬᠡ ᠲᠠᠶᠢᠪᠤᠩ ᠢᠶᠠᠷ ᠬᠦᠭᠵᠢᠬᠦ ᠵᠠᠮ ᠢᠶᠠᠷ ᠵᠠᠮᠨᠠᠪᠠ᠂ ᠭᠠᠳᠠᠭᠠᠳᠤ ᠬᠠᠷᠢᠯᠴᠠᠭᠠᠨ ᠤ ᠪᠠᠶᠢᠷᠢᠰᠢᠯ ᠢ | ᠬᠦᠨᠵᠡᠬᠡᠶᠢᠷᠡᠬᠦᠯᠬᠦ ᠪᠠᠷ ᠲᠦᠰᠢᠭ ᠪᠤᠯᠭᠠᠬᠤ ᠶᠢ ᠪᠠᠷᠢᠮᠳᠠᠯᠠᠵᠥ ᠪᠦᠬᠦ ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠶᠢ | ᠪᠠᠶᠢᠭᠤᠯᠪᠠ᠂ ᠲᠦᠪ ᠭᠤᠤᠯᠴᠢ ᠰᠢᠳᠤᠷᠭᠤ ᠶᠤᠰᠤ ᠪᠠᠷ ᠤᠢᠢᠯᠠᠭᠠᠬᠳᠠᠬᠤᠨ ᠪᠤᠯᠭᠠᠬᠤ ᠶᠢ ᠪᠠᠷᠢᠮᠳᠠᠯᠠᠵᠥ ᠪᠦᠬᠦ | ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠦᠭᠡᠷᠡᠴᠢᠯᠡᠯᠳᠡ ᠶᠢ ᠬᠦᠳᠦᠯᠥᠨ ᠲᠠᠭᠠᠭᠤᠯᠪᠠ᠂ ᠤᠯᠤᠰ ᠤᠨ | ᠭᠤᠤᠯᠯᠠᠭᠴᠢ ᠠᠰᠢᠭ ᠲᠤᠰᠠ ᠪᠠᠷ ᠬᠤᠷᠢᠭ᠎ᠠ ᠱᠤᠭᠤᠮ ᠪᠤᠯᠭᠠᠬᠤ ᠶᠢ ᠪᠠᠷᠢᠮᠳᠠᠯᠠᠵᠥ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠦᠭᠵᠢᠯᠳᠡ ᠶᠢᠨ ᠠᠰᠢᠬ ᠲᠤᠰᠠ ᠶᠢ ᠬᠠᠮᠠᠭᠠᠯᠠᠪᠠ᠂ ᠭᠠᠳᠠᠭᠠᠳᠤ ᠬᠠᠷᠢᠯᠴᠠᠭᠠᠨ ᠤ ᠠᠵᠢᠯ ᠤᠨ | ᠰᠢᠯᠢᠳᠡᠭ ᠤᠯᠠᠮᠵᠢᠯᠠᠯ ᠪᠤᠯᠤᠨ ᠴᠠᠭ ᠦᠶ᠎ᠡ ᠶᠢᠨ ᠤᠨᠴᠠᠯᠢᠭ ᠢ ᠤᠶᠠᠯᠳᠤᠭᠤᠯᠬᠤ ᠪᠠᠷ ᠴᠢᠭᠯᠡᠯ ᠪᠤᠯᠭᠠᠬᠤ ᠶᠢ | ᠪᠠᠷᠢᠮᠳᠠᠯᠠᠵᠥ᠂ ᠲᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠦᠪᠡᠷᠮᠢᠴᠡ ᠲᠦᠷᠢ ᠲᠦᠷᠬᠦ ᠶᠢ ᠱᠤᠭᠤᠪᠠ᠃ | ᠪᠢᠳᠡ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠭᠠᠳᠠᠭᠠᠳᠤ | ᠬᠠᠷᠢᠯᠴᠠᠭᠠᠨ ᠤ ᠦᠵᠡᠯ ᠰᠠᠨᠠᠭ᠎ᠠ ᠶᠢ ᠪᠦᠬᠦ ᠲᠡᠯ᠎ᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ᠂ | ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠳᠤ ᠰᠠᠶᠢᠨ | ᠰᠠᠶᠢᠬᠠᠨ ᠭᠠᠳᠠᠭᠠᠳᠤ ᠤᠷᠴᠢᠨ ᠨᠦᠬᠦᠴᠡᠯ ᠢ ᠲᠠᠰᠤᠷᠠᠯᠳᠡ ᠦᠭᠡᠢ ᠪᠤᠢ ᠪᠤᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃ | | ᠰᠢ ᠶᠢᠨ ᠫᠢᠩ᠂ ᠲᠡᠯᠡᠬᠡᠢ ᠶᠢᠨ ᠪᠠᠶᠢᠳᠠᠯ ᠢ ᠡᠵᠡᠮᠳᠡᠬᠦ ᠳᠤ ᠵᠦᠪ ᠲᠡᠤᠬᠡ ᠶᠢᠨ ᠦᠵᠡᠯᠲᠡ᠂ ᠶᠡᠭᠡ ᠲᠠᠯ᠎ᠠ ᠶᠢᠨ | ᠦᠵᠡᠯᠲᠡ᠂ ᠳᠦᠷᠢᠯᠡᠭᠴᠢ ᠶᠢᠨ ᠦᠵᠡᠯᠲᠡ ᠶᠢ ᠪᠤᠢ ᠪᠤᠯᠭᠠᠬᠤ ᠬᠡᠷᠡᠭᠲᠡᠢ᠃ ᠵᠦᠪ ᠲᠡᠤᠬᠡ ᠶᠢᠨ ᠦᠵᠡᠯᠲᠡ ᠬᠡᠳᠡᠭ ᠨᠢ | ᠳᠠᠷᠤᠢ ᠤᠳᠤ ᠶᠢᠨ ᠲᠡᠯᠡᠬᠡᠢ ᠶᠢᠨ ᠪᠠᠶᠢᠳᠠᠯ ᠶᠠᠮᠠᠷ ᠪᠠᠶᠢᠬᠤ ᠶᠢ ᠦᠵᠡᠬᠦ ᠪᠠᠷ ᠪᠠᠷᠠᠬᠤ ᠦᠭᠡᠢ ᠪᠠᠰᠠ ᠲᠡᠤᠬᠡ ᠶᠢᠨ | ᠳᠤᠷᠠᠨ ᠢᠶᠠᠷ ᠦᠩᠭᠡᠷᠡᠭᠰᠡᠨ ᠢᠶᠠᠨ ᠡᠷᠬᠢᠴᠡᠭᠦᠯᠵᠥ᠂ ᠲᠡᠤᠬᠡ ᠶᠢᠨ ᠵᠢᠮ᠎ᠠ ᠬᠠᠤᠯᠢ ᠶᠢ ᠳ᠋ᠦᠩᠨᠡᠵᠦ᠂ ᠢᠷᠡᠭᠡᠳᠦᠢ ᠶᠢ | ᠪᠠᠷᠠᠯᠠᠨ᠂ ᠲᠡᠤᠬᠡ ᠶᠢᠨ ᠤᠷᠤᠬᠰᠢᠯᠠᠬᠤ ᠶᠡᠭᠡ ᠬᠠᠨᠳᠤᠰᠢ ᠶᠢ ᠡᠵᠡᠮᠳᠡᠬᠦ ᠶᠢ ᠬᠡᠯᠡᠵᠤ ᠪᠠᠶᠢᠨ᠎ᠠ᠃ ᠵᠦᠪ ᠶᠡᠭᠡ | ᠲᠠᠯ᠎ᠠ ᠶᠢᠨ ᠦᠵᠡᠯᠲᠡ ᠭᠡᠳᠡᠭ ᠨᠢ ᠳᠠᠷᠤᠢ ᠦᠵᠡᠭᠳᠡᠯ ᠪᠤᠯᠤᠨ ᠨᠠᠷᠢᠨ ᠵᠦᠢᠯᠡᠰ ᠶᠠᠮᠠᠷ ᠪᠠᠶᠢᠬᠤ ᠶᠢ ᠦᠵᠡᠬᠦ ᠪᠠᠷ | ᠪᠠᠷᠠᠬᠤ ᠦᠭᠡᠢ ᠪᠠᠰᠠ ᠮᠦᠨ ᠴᠢᠨᠠᠷ ᠪᠤᠯᠤᠨ ᠪᠦᠬᠦ ᠲᠠᠯ᠎ᠠ ᠶᠢ ᠡᠵᠡᠮᠳᠡᠵᠦ᠂ ᠭᠤᠤᠯ ᠵᠦᠷᠢᠴᠡᠯ ᠪᠤᠯᠤᠨ ᠵᠦᠷᠢᠴᠡᠯ ᠤᠨ | ᠭᠤᠤᠯ ᠲᠠᠯ᠎ᠠ ᠶᠢ ᠠᠳᠬᠤᠵᠤ᠂ ᠮᠠᠰᠢ ᠤᠯᠠᠨ᠂ ᠬᠤᠪᠢᠷᠠᠯᠲᠠ ᠶᠡᠬᠡᠲᠡᠢ ᠲᠡᠯᠡᠬᠡᠢ ᠶᠢᠨ ᠰᠠᠮᠠᠭᠤᠨ ᠪᠠᠶᠢᠳᠠᠯ ᠳᠤ ᠵᠦᠭ | ᠴᠢᠭ ᠢᠶᠠᠨ ᠠᠯᠳᠠᠵᠤ᠂ ᠦᠨᠳᠦᠰᠦ ᠶᠢ ᠨᠢ ᠬᠠᠶᠠᠭᠠᠳ ᠦᠵᠦᠭᠦᠷ ᠢ ᠨᠢ ᠰᠢᠭᠦᠷᠡᠬᠦ ᠠᠴᠠ ᠵᠠᠶᠢᠯᠠᠰᠬᠢᠬᠦ ᠶᠢ ᠬᠡᠯᠡᠵᠤ | ᠪᠠᠶᠢᠨ᠎ᠠ᠃ ᠵᠦᠪ ᠳᠦᠷᠢᠯᠡᠭᠴᠢ ᠶᠢᠨ ᠦᠵᠡᠯᠲᠡ ᠭᠡᠳᠡᠭ ᠨᠢ ᠳᠠᠷᠤᠢ ᠡᠯ᠎ᠡ ᠵᠦᠢᠯ ᠤᠨ ᠲᠡᠯᠡᠬᠡᠢ ᠶᠢᠨ ᠦᠵᠡᠭᠳᠡᠯ ᠢ | ᠬᠢᠨᠠᠮᠠᠭᠠᠢ ᠪᠤᠯᠭᠤᠮᠵᠢᠳᠠᠢ ᠵᠠᠳᠠᠯᠬᠤ ᠪᠠᠷ ᠪᠠᠷᠠᠬᠤ ᠦᠭᠡᠢ ᠪᠠᠰᠠ ᠦᠪᠡᠷ ᠢ ᠪᠠᠨ ᠪᠠᠭᠳᠠᠭᠠᠵᠤ᠂ ᠮᠠᠨ ᠤ ᠤᠯᠤᠰ ᠪᠤᠯᠤᠨ | ᠳᠡᠯᠡᠬᠡᠢ ᠯᠦᠭᠡ ᠶᠢᠨ ᠬᠠᠷᠢᠯᠴᠠᠭ᠎ᠠ ᠠᠴᠠ ᠠᠰᠠᠭᠤᠳᠠᠯ ᠢ ᠦᠵᠡᠵᠦ᠂ ᠳᠡᠯᠡᠬᠡᠢ ᠶᠢᠨ ᠪᠠᠶᠢᠷᠢᠰᠢᠯ ᠤᠨ ᠬᠤᠪᠢᠷᠠᠯ ᠲᠤᠮᠳᠠ | ᠮᠠᠨ ᠤ ᠤᠯᠤᠰ ᠤᠨ ᠪᠠᠶᠢᠷᠢ ᠰᠠᠭᠤᠷᠢ ᠪᠤᠯᠤᠨ ᠦᠢᠯᠡᠳᠦᠯ ᠢ ᠲᠤᠳᠤᠷᠬᠠᠢ ᠮᠡᠳᠡᠵᠦ᠂ ᠮᠠᠨ ᠤ ᠤᠯᠤᠰ ᠤᠨ ᠭᠠᠳᠠᠭᠠᠳᠤ | ᠬᠠᠷᠢᠯᠴᠠᠭᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠤᠬᠲᠠᠭᠠᠬᠤ ᠶᠢ ᠬᠡᠯᠡᠵᠤ | ᠪᠠᠶᠢᠨ᠎ᠠ᠃ ᠤᠳᠤᠬᠠᠨ ᠳᠤ ᠮᠠᠨ ᠤ ᠤᠯᠤᠰ ᠤᠢᠢᠷ᠎ᠠ ᠦᠶ᠎ᠡ ᠠᠴᠠ ᠨᠠᠰᠢᠬᠢ ᠬᠠᠮᠤᠬ ᠤᠨ ᠰᠠᠶᠢᠨ ᠬᠦᠭᠵᠢᠯᠲᠡ ᠶᠢᠨ | ᠬᠤᠭᠤᠴᠠᠭᠠᠨ ᠳᠤ ᠪᠤᠢ᠂ ᠳᠡᠯᠡᠬᠡᠢ ᠶᠢᠷᠲᠢᠨᠴᠤ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠰᠤᠯᠳᠠ ᠶᠢᠨ | ᠪᠠᠶᠢᠳᠠᠯ ᠳᠤ ᠤᠷᠤᠰᠢᠵᠤ ᠪᠤᠢ᠂ ᠡᠨᠡ ᠬᠤᠶᠠᠭᠤᠯᠠ ᠪᠠᠨ ᠢᠵᠢᠯ ᠠᠯᠬᠤᠮ ᠢᠶᠠᠷ ᠰᠤᠯᠪᠢᠴᠠᠨ ᠰᠦᠯᠵᠢᠯᠳᠦᠵᠤ᠂ | ᠬᠠᠷᠢᠯᠴᠠᠨ ᠨᠦᠯᠦᠭᠡᠯᠡᠵᠥ ᠪᠠᠶᠢᠨ᠎ᠠ᠃ ᠤᠳᠤᠬᠠᠨ ᠤ ᠪᠠ ᠬᠤᠶᠢᠰᠢᠲᠠ ᠶᠢᠨ ᠬᠡᠰᠡᠭ ᠬᠤᠭᠤᠴᠠᠭᠠᠨ ᠤ ᠭᠠᠳᠠᠭᠠᠳᠤ | ᠬᠠᠷᠢᠯᠴᠠᠭᠠᠨ ᠤ ᠠᠵᠢᠯ ᠢ ᠰᠠᠶᠢᠳᠤᠷ ᠬᠢᠬᠦ ᠳᠤ ᠮᠠᠰᠢ ᠤᠯᠠᠨ ᠲᠡᠯᠡᠬᠡᠢ ᠶᠢᠨ ᠠᠰᠢᠬᠲᠠᠢ ᠨᠦᠬᠦᠴᠡᠯ ᠢ ᠪᠦᠷᠢᠯᠳᠦᠭᠦᠯᠬᠦ | ᠬᠡᠷᠡᠭᠳᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ | ᠬᠦᠷᠲᠡᠯᠡᠬᠢ ᠬᠤᠭᠤᠴᠠᠭ᠎ᠠ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠤᠬᠡ ᠶᠢᠨ | ᠠᠭᠤᠯᠵᠠᠷ ᠤᠨ ᠬᠤᠭᠤᠴᠠᠭ᠎ᠠ ᠪᠤᠯᠤᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠲᠡᠤᠬᠡᠨ ᠠᠬᠢᠴᠠ ᠳᠤ ᠤᠨᠴᠠᠭᠠᠢ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ ᠬᠦᠮᠦᠨ ᠲᠦᠷᠦᠯᠬᠢᠲᠡᠨ ᠤ | ᠲᠡᠤᠬᠡ ᠶᠢ ᠶᠡᠷᠦᠩᠬᠡᠢ ᠳᠤᠨᠢ ᠦᠵᠡᠪᠡᠯ᠂ ᠳᠡᠯᠡᠬᠡᠢ ᠶᠢᠨ ᠬᠦᠭᠵᠢᠯᠲᠡ ᠶᠡᠷᠦ ᠠᠴᠠ ᠪᠠᠨ ᠡᠯ᠎ᠡ ᠵᠦᠢᠯ ᠤᠨ ᠵᠦᠷᠢᠴᠡᠯ | ᠬᠠᠷᠢᠯᠴᠠᠨ ᠰᠤᠯᠪᠢᠴᠠᠵᠤ᠂ ᠬᠠᠷᠢᠯᠴᠠᠨ ᠦᠢᠯᠡᠳᠦᠯᠴᠡᠭᠰᠡᠡ ᠤ ᠶᠡᠷᠦᠩᠬᠡᠢ ᠦᠷ᠎ᠡ ᠳ᠋ᠦᠩ ᠪᠤᠯᠤᠨ᠎ᠠ᠃ ᠪᠢᠳᠠ ᠳᠡᠯᠡᠬᠡᠢ | ᠶᠢᠷᠲᠢᠨᠴᠤ ᠶᠢᠨ ᠬᠡᠯᠪᠡᠷᠢ ᠪᠠᠨ ᠬᠤᠪᠢᠷᠠᠭᠤᠯᠬᠤ ᠰᠢᠯᠵᠢᠯᠳᠡ ᠶᠢᠨ ᠬᠤᠭᠤᠴᠠᠭᠠᠨ ᠳᠠᠬᠢ ᠲᠡᠯᠡᠬᠡᠢ ᠶᠢᠨ ᠪᠠᠶᠢᠳᠠᠯ ᠤᠨ | ᠬᠤᠪᠢᠷᠠᠯᠳᠠ ᠶᠢᠨ ᠵᠢᠮ᠎ᠠ ᠬᠠᠤᠯᠢ ᠶᠢ ᠬᠦᠨᠵᠡᠭᠡᠢ ᠵᠠᠳᠠᠯᠵᠤ᠂ ᠲᠡᠤᠬᠡ ᠶᠢᠨ ᠠᠭᠤᠯᠵᠠᠷ ᠬᠤᠭᠤᠴᠠᠭᠠᠨ ᠤ ᠮᠠᠨ ᠤ | ᠤᠯᠤᠰ ᠤᠨ ᠭᠠᠳᠠᠭᠠᠳᠤ ᠤᠷᠴᠢᠨ ᠤ ᠦᠨᠳᠦᠰᠦᠨ ᠤᠨᠴᠠᠯᠢᠬ ᠢ ᠤᠨᠤᠪᠴᠢᠲᠠᠢ ᠡᠵᠡᠮᠰᠢᠵᠦ᠂ ᠭᠠᠳᠠᠭᠠᠳᠤ | ᠬᠠᠷᠢᠯᠴᠠᠭᠠᠨ ᠤ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ | ᠲᠡᠯᠡᠬᠡᠶᠢᠵᠢᠯᠳᠡ ᠦᠷᠭᠦᠯᠵᠢᠯᠡᠨ ᠬᠦᠭᠵᠢᠬᠦ ᠶᠡᠭᠡ ᠬᠠᠨᠳᠤᠰᠢ ᠶᠢ ᠡᠵᠡᠮᠳᠡᠬᠦ ᠪᠠᠷ ᠪᠠᠷᠠᠬᠤ ᠦᠬᠡᠢ᠂ ᠪᠠᠰᠠ ᠲᠡᠯᠡᠬᠡᠢ ᠶᠢᠨ | ᠠᠵᠤ ᠠᠬᠤᠢ ᠶᠢᠨ ᠪᠠᠶᠢᠷᠢᠰᠢᠯ ᠤᠨ ᠬᠦᠨᠵᠡᠬᠡᠢ ᠬᠤᠪᠢᠷᠠᠯᠳᠠ ᠶᠢᠨ ᠬᠠᠨᠳᠤᠰᠢ ᠶᠢ ᠴᠢᠬᠤᠯᠠᠴᠢᠯᠠᠬᠤ ᠭᠡᠷᠡᠭᠳᠠᠢ᠃ | ᠲᠡᠯᠡᠬᠡᠢ ᠶᠢᠨ ᠤᠷᠴᠢᠨ ᠲᠤᠭᠤᠷᠢᠨ ᠶᠡᠷᠥᠩᠬᠡᠢ ᠳᠡᠭᠡᠨ ᠲᠤᠭᠳᠠᠭᠤᠨ ᠪᠠᠶᠢᠬᠤ ᠶᠡᠭᠡ ᠬᠠᠨᠳᠤᠰᠢ ᠶᠢ ᠡᠵᠡᠮᠳᠡᠬᠦ ᠪᠠᠷ | ᠪᠠᠷᠠᠬᠤ ᠦᠬᠡᠢ᠂ ᠪᠠᠰᠠ ᠲᠡᠯᠡᠬᠡᠢ ᠶᠢᠨ ᠠᠮᠤᠷ ᠲᠦᠪᠰᠢᠨ ᠤ ᠦᠷᠢᠰᠤᠯᠳᠤᠬᠡᠨ ᠨᠠᠷᠢᠨ ᠪᠤᠳᠤᠯᠢᠶᠠᠨᠳᠠᠢ ᠪᠠᠶᠢᠬᠤ | ᠪᠠᠶᠢᠳᠠᠯ ᠢ ᠴᠢᠬᠤᠯᠠᠴᠢᠯᠠᠬᠤ ᠭᠡᠷᠡᠭᠳᠠᠢ᠃ ᠡᠯ᠎ᠠ ᠵᠦᠢᠯ ᠤᠨ ᠪᠤᠯᠪᠠᠰᠤᠨ ᠤ ᠰᠤᠯᠢᠯᠴᠠᠭ᠎ᠠ ᠬᠢᠵᠤ ᠲᠤᠯᠢ ᠪᠤᠯᠭᠠᠬᠤ ᠶᠡᠭᠡ | ᠬᠠᠨᠳᠤᠰᠢ ᠶᠢ ᠡᠵᠡᠮᠳᠡᠬᠦ ᠪᠠᠷ ᠪᠠᠷᠠᠬᠤ ᠦᠬᠡᠢ᠂ ᠪᠠᠰᠠ ᠠᠳᠠᠯᠢ ᠪᠤᠰᠤ ᠦᠵᠡᠯ ᠰᠠᠨᠠᠭ᠎ᠠ ᠰᠤᠶᠤᠯ ᠤᠨ ᠬᠠᠷᠢᠯᠴᠠᠨ | ᠨᠦᠯᠦᠭᠡᠯᠡᠬᠦ ᠪᠤᠳᠠᠳᠤ ᠪᠠᠶᠢᠳᠠᠯ ᠢ ᠴᠢᠬᠤᠯᠠᠴᠢᠯᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠭᠠᠳᠠᠭᠠᠳᠤ ᠬᠠᠷᠢᠯᠴᠠᠭᠠᠨ ᠤ ᠠᠵᠢᠯ ᠨᠢ ᠨᠠᠮ ᠤᠨ ᠲᠦᠪ ᠬᠤᠷᠢᠶᠠᠨ ᠤ ᠨᠢᠬᠡᠳᠤᠯᠳᠠᠢ | ᠪᠠᠶᠢᠷᠢᠯᠠᠭᠤᠯᠤᠯᠳᠠ ᠶᠢ ᠦᠨᠳᠤᠰᠤᠯᠠᠵᠤ᠂ ᠲᠦᠯᠦᠪᠵᠢᠭᠦᠯᠵᠤ ᠪᠠᠶᠢᠷᠢᠰᠢᠭᠤᠯᠬᠤ ᠶᠢ ᠴᠢᠩᠭᠠᠳᠬᠠᠵᠤ᠂ ᠠᠵᠢᠯ ᠤᠨ | ᠭᠤᠤᠯᠳᠠᠯᠭ᠎ᠠ ᠪᠠᠨ ᠲᠤᠪᠤᠶᠢᠯᠭᠠᠵᠤ᠂ ᠠᠵᠢᠯ ᠢᠶᠠᠨ ᠰᠠᠶᠢᠳᠤᠷ ᠠᠳᠬᠤᠬᠤ ᠭᠡᠷᠡᠭᠳᠠᠢ᠃ ᠨᠠᠮ ᠪᠠ ᠤᠯᠤᠰ ᠤᠨ ᠠᠵᠢᠯ | ᠦᠢᠯᠡᠰ ᠤᠨ ᠴᠢᠬᠤᠯᠠ ᠭᠤᠤᠯᠳᠠᠯᠭ᠎ᠠ ᠪᠠᠷ ᠭᠤᠤᠯᠯᠠᠭᠤᠯᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠠ | ᠪᠠᠶᠢᠳᠠᠯ ᠢ ᠲᠠᠰᠤᠷᠠᠯᠳᠠ ᠦᠬᠡᠢ ᠡᠬᠦᠳᠬᠦ ᠶᠢ ᠠᠬᠢᠭᠤᠯᠬᠤ ᠭᠡᠷᠡᠭᠳᠠᠢ᠃ ᠬᠤᠶᠢᠰᠢᠳᠠ ᠶᠢᠨ 5 ᠵᠢᠯ ᠳᠤ ᠨᠢᠬᠡᠳᠤᠭᠡᠷ | ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠵᠤ᠂ ᠬᠤᠶᠠᠳᠤᠭᠠᠷ ᠵᠠᠭᠤᠨ ᠵᠢᠯ ᠤᠨ ᠲᠡᠡᠮᠴᠡᠬᠦ ᠬᠠᠷᠠᠯᠳᠠ ᠶᠢ | ᠡᠬᠢᠯᠡᠬᠦᠯᠬᠦ ᠪᠤᠯᠤᠨ᠎ᠠ᠂ ᠡᠬᠦᠨ ᠳᠤ ᠠᠯᠢ ᠤᠯᠠᠨ ᠴᠢᠬᠤᠯᠠ ᠴᠠᠬ ᠤᠨ ᠬᠢᠵᠠᠭᠠᠷ ᠪᠤᠯᠤᠨ ᠴᠢᠬᠤᠯᠠ ᠠᠵᠢᠯᠯᠠᠭ᠎ᠠ | ᠪᠠᠶᠢᠨ᠎ᠠ᠃ ᠭᠠᠳᠠᠭᠠᠳᠤ ᠬᠠᠷᠢᠯᠴᠠᠭᠠᠨ ᠤ ᠠᠵᠢᠯ ᠨᠢ ᠡᠬᠦᠨ ᠢᠶᠠᠷ ᠪᠠᠶᠢᠷᠢᠰᠢᠯ ᠪᠤᠯᠭᠠᠵᠤ᠂ ᠪᠦᠬᠦ ᠲᠠᠯ᠎ᠠ ᠪᠠᠷ | ᠪᠤᠳᠤᠯᠬᠢᠯᠠᠵᠤ᠂ ᠲᠡᠰ ᠲᠠᠷᠠᠭᠠᠯᠠᠯ ᠲᠠᠢ ᠠᠬᠢᠭᠤᠯᠬᠤ ᠬᠡᠷᠡᠭᠳᠠᠢ᠂ ᠪᠦᠬᠦᠯᠢ ᠴᠤᠬᠴᠠ ᠪᠠᠷ ᠪᠠᠶᠢᠷᠢᠰᠢᠭᠤᠯᠬᠤ ᠮᠦᠷᠳᠡᠭᠡᠨ | ᠭᠤᠤᠯᠳᠠᠯᠭ᠎ᠠ ᠶᠢ ᠲᠤᠪᠤᠶᠢᠯᠠᠭᠠᠵᠤ᠂ ᠤᠯᠠᠨ ᠲᠠᠯ᠎ᠠ ᠪᠠᠷ ᠬᠦᠴᠦᠯᠡᠬᠦ ᠮᠦᠷᠳᠡᠭᠡᠨ ᠤᠨᠢᠨ ᠲᠡᠭᠡᠷ᠎ᠠ ᠨᠢ ᠬᠦᠴᠤᠯᠡᠵᠤ᠂ | ᠶᠠᠷᠤᠩᠬᠡᠢ ᠢᠳᠡᠪᠬᠢᠳᠠᠢ ᠦᠷ᠎ᠠ ᠠᠰᠢᠬ ᠢ ᠪᠠᠳᠠᠷᠠᠭᠤᠯᠬᠤ ᠭᠡᠷᠡᠭᠳᠠᠢ᠃ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ | ᠬᠠᠮᠳᠤ ᠶᠢᠨ ᠴᠤᠬᠴᠠ ᠶᠢ ᠪᠦᠳᠤᠬᠡᠨ ᠪᠠᠶᠢᠭᠤᠯᠬᠤ ᠲᠤᠬ ᠢ ᠦᠨᠳᠤᠷ ᠮᠠᠨᠳᠤᠭᠤᠯᠵᠤ᠂ ᠪᠦᠬᠦ ᠪᠦᠮᠪᠦᠷᠴᠡᠭ ᠤᠨ | ᠵᠠᠰᠠᠯᠳᠠ ᠶᠢᠨ ᠰᠢᠰᠲ᠋ᠧᠮ ᠤᠨ ᠨᠡᠩ ᠲᠦᠪ ᠭᠤᠤᠯᠴᠢ ᠵᠦᠢ ᠵᠤᠬᠢᠰᠳᠠᠢ ᠴᠢᠭᠯᠡᠯ ᠢᠶᠠᠷ ᠬᠦᠭᠵᠢᠬᠦ ᠶᠢ ᠠᠬᠢᠭᠤᠯᠬᠤ | ᠭᠡᠷᠡᠭᠳᠠᠢ᠃ ᠬᠠᠮᠳᠤᠪᠡᠷ ᠵᠦᠪᠳᠡᠵᠤ ᠬᠠᠮᠳᠤᠪᠡᠷ ᠪᠠᠶᠢᠭᠤᠯᠵᠤ ᠬᠠᠮᠳᠤᠪᠡᠷ ᠡᠳ᠋ᠯᠡᠬᠦ ᠶᠢ ᠪᠠᠷᠢᠮᠳᠠᠯᠠᠵᠤ᠂ ︽ᠨᠢᠬᠡ ᠪᠦᠰᠠ | ᠨᠢᠬᠡ ᠵᠠᠮ︾ ᠤᠨ ᠪᠦᠳᠤᠬᠡᠨ ᠪᠠᠶᠢᠭᠤᠯᠤᠯᠳᠠ ᠶᠢᠨ ᠪᠤᠳᠠᠳᠠᠢ ᠬᠦᠨᠵᠡᠬᠡᠢ᠂ ᠠᠯᠤᠰ ᠢ ᠵᠤᠷᠢᠨ ᠯᠠᠪᠳᠠᠭᠤᠨ ᠢᠶᠠᠷ | ᠤᠷᠤᠬᠰᠢᠯᠠᠬᠤ ᠶᠢ ᠠᠬᠢᠭᠤᠯᠵᠤ᠂ ᠭᠠᠳᠠᠭᠠᠳᠤ ᠬᠠᠷᠢᠯᠴᠠᠭᠠᠨ ᠤ ᠠᠵᠢᠯ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ | ᠭᠡᠷᠡᠭᠳᠠᠢ᠃ ᠶᠡᠭᠡ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠰᠠᠶᠢᠳᠤᠷ ᠲᠦᠯᠤᠪᠵᠢᠬᠦᠯᠵᠤ᠂ ᠶᠠᠷᠤᠩᠬᠡᠢ ᠳᠡᠭᠡᠨ | ᠲᠤᠭᠳᠠᠭᠤᠨ᠂ ᠲᠡᠩᠴᠡᠬᠦᠷᠢᠳᠠᠢ ᠬᠦᠭᠵᠢᠬᠦ ᠶᠡᠭᠡ ᠤᠯᠤᠰ ᠤᠨ ᠬᠠᠷᠢᠯᠴᠠᠭᠠᠨ ᠤ ᠪᠤᠷᠤ ᠲᠦᠯᠤᠪ ᠢ ᠪᠠᠶᠢᠭᠤᠯᠬᠤ ᠶᠢ | ᠠᠬᠢᠭᠤᠯᠬᠤ ᠭᠡᠷᠡᠭᠳᠠᠢ᠃ ᠡᠷᠬᠢᠨ ᠲᠤᠭᠤᠷᠢᠨ ᠤ ᠭᠠᠳᠠᠭᠠᠳᠤ ᠬᠠᠷᠢᠯᠴᠠᠭᠠᠨ ᠤ ᠠᠵᠢᠯ ᠢ ᠰᠠᠶᠢᠳᠤᠷ ᠬᠢᠵᠤ᠂ ᠡᠷᠬᠢᠨ | ᠲᠤᠭᠤᠷᠢᠨ ᠤ ᠤᠷᠴᠢᠨ ᠪᠠᠶᠢᠳᠠᠯ ᠤᠨ ᠨᠡᠩ ᠨᠦᠬᠦᠷᠰᠡᠭ᠂ ᠨᠡᠩ ᠠᠰᠢᠬᠳᠠᠢ ᠪᠠᠶᠢᠬᠤ ᠶᠢ ᠠᠬᠢᠭᠤᠯᠬᠤ ᠭᠡᠷᠡᠭᠳᠠᠢ᠃ | ᠬᠦᠭᠵᠢᠵᠤ ᠪᠠᠶᠢᠭ᠎ᠠ ᠤᠯᠤᠰ ᠤᠳ ᠯᠤᠭ᠎ᠠ ᠶᠢᠨ ᠪᠦᠯᠬᠦᠮᠳᠡᠯ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠭᠠᠷ | ᠬᠤᠯᠪᠤᠨ ᠬᠠᠮᠳᠤᠪᠡᠷ ᠲᠡᠪᠰᠢᠬᠤ᠂ ᠬᠠᠮᠳᠤᠪᠡᠷ ᠬᠦᠭᠵᠢᠬᠦ ᠰᠢᠨ᠎ᠠ ᠪᠠᠶᠢᠳᠠᠯ ᠢ ᠪᠦᠷᠢᠯᠳᠤᠬᠦᠯᠬᠦ ᠶᠢ ᠠᠬᠢᠭᠤᠯᠬᠤ | ᠭᠡᠷᠡᠭᠳᠠᠢ᠃ ᠦᠷᠬᠡᠨ ᠤᠯᠠᠨ ᠬᠦᠭᠵᠢᠵᠤ ᠪᠠᠶᠢᠭ᠎ᠠ ᠤᠯᠤᠰ ᠪᠤᠯ ᠮᠠᠨ ᠤ ᠤᠯᠤᠰ ᠤᠨ ᠲᠡᠯᠡᠬᠡᠢ ᠶᠢᠨ ᠭᠡᠷᠡᠭ | ᠶᠠᠪᠤᠳᠠᠯ ᠳᠠᠬᠢ ᠢᠮᠠᠬᠳᠠ ᠶᠢᠨ ᠬᠤᠯᠪᠤᠭᠠᠳᠠᠨ ᠪᠤᠯᠬᠤ ᠶᠤᠮ᠂ ᠵᠦᠪ ᠠᠰᠢᠬ ᠵᠢᠷᠤᠮ ᠤᠨ ᠦᠵᠡᠯᠳᠠ ᠶᠢ ᠪᠠᠷᠢᠮᠳᠠᠯᠠᠵᠤ | ᠂ ᠬᠦᠭᠵᠢᠵᠤ ᠪᠠᠶᠢᠭ᠎ᠠ ᠤᠯᠤᠰ ᠤᠳ ᠯᠤᠭ᠎ᠠ ᠪᠦ᠋ᠯᠬᠦᠮᠳᠡᠨ ᠬᠠᠮᠳᠤᠷᠠᠯᠴᠠᠬᠤ ᠠᠵᠢᠯ ᠢ ᠰᠠᠶᠢᠳᠤᠷ ᠬᠢᠬᠦ ᠭᠡᠷᠡᠭᠳᠠᠢ᠃ | ᠳᠤᠮᠳᠠᠳᠤ ᠤᠯᠤᠰ ᠲᠡᠯᠡᠬᠡᠢ ᠶᠢᠷᠳᠢᠨᠴᠤ ᠯᠦᠭᠡ ᠬᠦᠨᠵᠡᠬᠡᠢ ᠰᠤᠯᠢᠯᠴᠠᠭ᠎ᠠ ᠬᠢᠵᠤ᠂ ᠬᠠᠷᠢᠯᠴᠠᠨ ᠰᠤᠷᠤᠯᠴᠠᠵᠤ | ᠬᠠᠷᠢᠯᠴᠠᠨ ᠲᠤᠯᠢᠯᠠᠬᠤ ᠶᠢ ᠬᠦᠨᠵᠡᠬᠡᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠭᠠᠳᠠᠭᠠᠳᠤ ᠬᠠᠷᠢᠯᠴᠠᠭ᠎ᠠ ᠪᠤᠯ ᠤᠯᠤᠰ ᠤᠨ ᠵᠤᠷᠢᠬ ᠰᠠᠨᠠᠭᠠᠨ ᠤ ᠲᠦᠪᠯᠡᠷᠡᠩᠬᠦᠢ ᠢᠯᠡᠷᠡᠯ | ᠪᠤᠯᠬᠤᠷ ᠡᠷᠬᠡᠪᠰᠢ ᠭᠠᠳᠠᠭᠠᠳᠤ ᠬᠠᠷᠢᠯᠴᠠᠭᠠᠨ ᠤ ᠶᠡᠭᠡ ᠡᠷᠬᠡ ᠶᠢ ᠨᠠᠮ ᠤᠨ ᠲᠦᠪ ᠬᠤᠷᠢᠶ᠎ᠡ ᠡᠵᠡᠮᠳᠡᠬᠦ ᠶᠢ | ᠪᠠᠷᠢᠮᠳᠠᠯᠠᠬᠤ ᠭᠡᠷᠡᠭᠳᠠᠢ᠃ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ | ᠨᠢᠬᠡᠳᠤᠯᠳᠠᠢ ᠪᠠᠶᠢᠬᠤ ᠤᠬᠠᠮᠰᠠᠷ ᠢᠶᠠᠨ ᠲᠡᠭᠡᠭᠰᠢᠯᠡᠬᠦᠯᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ | ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠤ | ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ ᠪᠠᠶᠢᠵᠤ᠂ ᠵᠠᠷᠯᠢᠬ | ᠴᠠᠭᠠᠵᠠ ᠶᠢ ᠲᠠᠭᠠᠵᠤ᠂ ᠠᠯᠬᠤᠮ ᠢᠶᠠᠨ ᠨᠢᠬᠡᠳᠬᠡᠬᠦ ᠭᠡᠷᠡᠭᠳᠠᠢ᠃ ᠭᠠᠳᠠᠭᠠᠳᠤ ᠬᠠᠷᠢᠯᠴᠠᠭᠠᠨ ᠤ ᠠᠵᠢᠯ ᠪᠤᠯ | ᠰᠢᠰᠲ᠋ᠧᠮᠳᠤ ᠢᠨᠵᠧᠨᠧᠷᠢᠩ ᠪᠤᠯᠤᠨ᠎ᠠ᠂ ᠲᠦᠷᠤ ᠶᠢᠨ ᠨᠠᠮ᠂ ᠵᠠᠰᠠᠬ ᠤᠨ ᠤᠷᠳᠤᠨ᠂ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ᠂ ᠴᠡᠷᠢᠭ ᠠᠩᠬᠢ᠂ ᠤᠷᠤᠨ ᠨᠤᠳᠤᠬ᠂ | ᠠᠷᠠᠳ ᠵᠡᠷᠬᠡ ᠨᠢ ᠨᠢᠬᠡᠳᠤᠯᠳᠠᠢ ᠲᠦᠯᠤᠪᠵᠢᠬᠦᠯᠤᠨ ᠵᠤᠬᠢᠴᠠᠭᠤᠯᠬᠤ ᠪᠠᠨ ᠴᠢᠩᠭᠠᠳᠬᠠᠵᠤ᠂ ᠲᠤᠰ ᠲᠤᠰ ᠤᠨ | ᠭᠤᠤᠯᠳᠠᠯᠭ᠎ᠠ ᠪᠠᠨ ᠲᠤᠬᠳᠠᠭᠠᠵᠤ᠂ ᠬᠠᠷᠢᠯᠴᠠᠨ ᠬᠠᠮᠵᠢᠯᠴᠠᠵᠤ᠂ ᠨᠠᠮ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ | ᠡᠯ᠎ᠠ ᠲᠠᠯ᠎ᠠ ᠶᠢ ᠵᠤᠬᠢᠴᠠᠭᠤᠯᠬᠤ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠬᠠᠮᠵᠢᠯᠴᠠᠬᠤ ᠪᠠᠶᠢᠳᠠᠯ ᠢ | ᠪᠦᠷᠢᠯᠳᠤᠬᠦᠯᠵᠤ᠂ ᠨᠠᠮ ᠤᠨ ᠲᠦᠪ ᠬᠤᠷᠢᠶᠠᠨ ᠤ ᠭᠠᠳᠠᠭᠠᠳᠤ ᠬᠠᠷᠢᠯᠴᠠᠭᠠᠨ ᠤ ᠲᠦᠷᠤ ᠶᠢᠨ ᠪᠤᠳᠤᠯᠭ᠎ᠠ ᠪᠤᠯᠤᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠠᠢ ᠬᠡᠵᠤ | ᠴᠢᠬᠤᠯᠠᠴᠢᠯᠠᠪᠠ᠃ | ᠰᠢ ᠶᠢᠨ ᠫᠢᠩ᠂ ᠤᠯᠤᠰ ᠲᠦᠷᠤ ᠶᠢᠨ ᠱᠤᠭᠤᠮ ᠢ ᠲᠤᠭᠳᠠᠭᠠᠬᠰᠠᠨ ᠤ ᠲᠠᠷᠠᠭ᠎ᠠ᠂ ᠺᠠᠳ᠋ᠷᠴᠤᠳ ᠪᠤᠯ | ᠰᠢᠢᠳᠪᠤᠷᠢᠯᠡᠭᠴᠢ ᠡᠯᠧᠮᠧᠨ᠋ᠲ ᠪᠤᠯᠤᠨ᠎ᠠ᠃ ᠨᠠᠮ ᠳᠠᠭᠠᠨ ᠰᠢᠳᠤᠷᠭᠤ᠂ ᠤᠯᠤᠰ ᠲᠠᠭᠠᠨ ᠰᠢᠳᠤᠷᠭᠤ᠂ ᠠᠷᠠᠳ | ᠲᠦᠮᠡᠨ ᠳᠡᠭᠡᠨ ᠰᠢᠳᠤᠷᠭᠤ᠂ ᠤᠯᠤᠰ ᠲᠦᠷᠤ ᠪᠠᠳᠤ ᠴᠢᠩᠭ᠎ᠠ᠂ ᠲᠤᠬᠠᠢᠢᠯᠠᠬᠰᠠᠨ ᠠᠵᠢᠯ ᠳ᠋ᠭᠠᠠᠨ ᠴᠠᠭᠠᠷᠠᠬᠰᠠᠨ᠂ | ᠤᠪᠤᠷ ᠰᠤᠷᠳᠠᠯ ᠰᠠᠶᠢᠨ᠂ ᠰᠠᠬᠢᠯᠭ᠎ᠠ ᠪᠠᠳᠤ ᠴᠢᠩᠭ᠎ᠠ ᠭᠠᠳᠠᠭᠠᠳᠤ ᠬᠠᠷᠢᠯᠴᠠᠭᠠᠨ ᠤ ᠠᠵᠢᠯ ᠤᠨ ᠡᠩᠨᠡᠭᠡ ᠶᠢ | ᠪᠠᠶᠢᠭᠤᠯᠬᠤ ᠭᠡᠷᠡᠭᠳᠠᠢ᠃ ᠬᠦᠰᠡᠯᠠᠩ ᠢᠳᠡᠬᠡᠯ ᠪᠢᠰᠢᠷᠡᠯ ᠤᠨ ᠬᠦᠮᠤᠵᠢᠯ ᠢ ᠴᠢᠩᠭᠠᠳᠬᠠᠵᠤ᠂ ᠭᠠᠳᠠᠭᠠᠳᠤ ᠶᠠᠪᠤᠳᠠᠯ ᠤᠨ | ᠠᠵᠢᠯᠳᠠᠨ ᠤ ᠡᠩᠨᠡᠬᠡᠨ ᠤ ᠠᠵᠢᠯ ᠮᠡᠷᠭᠡᠵᠢᠯ ᠤᠨ ᠴᠢᠳᠠᠪᠤᠷᠢ ᠪᠤᠯᠤᠨ ᠶᠠᠷᠤᠩᠬᠡᠢ ᠬᠡᠪ ᠴᠢᠨᠠᠷ ᠢ ᠲᠡᠭᠡᠭᠰᠢᠯᠡᠬᠦᠯᠬᠦ | ᠭᠡᠷᠡᠭᠳᠠᠢ᠃ ᠭᠠᠳᠠᠭᠠᠳᠤ ᠳᠤ ᠰᠠᠭᠤᠭ᠎ᠠ ᠠᠵᠢᠯᠳᠠᠨ ᠤ ᠠᠵᠢᠯ ᠠᠮᠢᠳᠤᠷᠠᠯ ᠤᠨ ᠨᠦᠬᠦᠴᠠᠯ ᠢ ᠰᠠᠶᠢᠵᠢᠷᠠᠭᠤᠯᠵᠤ᠂ | ᠤᠯᠠᠨ ᠤ ᠬᠦᠴᠢᠷ ᠵᠤᠪᠠᠭᠤᠷᠢ ᠶᠢ ᠰᠢᠢᠳᠪᠤᠷᠢᠯᠠᠨ ᠦᠭᠴᠤ᠂ ᠨᠠᠮ ᠤᠨ ᠲᠦᠪ ᠬᠤᠷᠢᠶᠠᠨ ᠤ ᠬᠠᠶᠢᠷ᠎ᠠ ᠬᠠᠯᠠᠮᠵᠢ ᠶᠢ | ᠪᠤᠳᠠᠳᠠᠢ ᠨᠠᠶᠢᠳᠠᠪᠤᠷᠢᠵᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃ ᠰᠢ ᠶᠢᠨ ᠫᠢᠩ᠂ ᠭᠠᠳᠠᠭᠠᠳᠤ ᠬᠠᠷᠢᠯᠴᠠᠭᠠᠨ ᠤ | ᠠᠵᠢᠯ ᠤᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠲᠠ ᠪᠤᠯ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ | ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠲᠤᠳᠤᠭᠠᠳᠤ ᠱᠠᠭᠠᠷᠳᠠᠯᠭ᠎ᠠ ᠮᠦᠨ᠃ ᠡᠷᠭᠡᠪᠰᠢ | ᠨᠠᠮ ᠤᠨ ᠲᠦᠪ ᠬᠤᠷᠢᠶᠠᠨ ᠤ ᠨᠢᠭᠡᠳᠤᠯᠲᠠᠢ ᠪᠠᠶᠢᠷᠢᠯᠠᠭᠤᠯᠤᠯᠲᠠ ᠶᠢ ᠦᠨᠳᠦᠰᠦᠯᠠᠵᠤ᠂ ᠭᠠᠳᠠᠭᠠᠳᠤ ᠬᠠᠷᠢᠯᠴᠠᠭᠠᠨ ᠤ | ᠠᠵᠢᠯ ᠤᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠲᠠ ᠶᠢ ᠨᠠᠶᠢᠳᠠᠪᠤᠷᠢᠵᠢᠭᠤᠯᠵᠤ᠂ ᠭᠠᠳᠠᠭᠠᠳᠤ ᠳᠤ ᠰᠠᠭᠤᠭ᠎ᠠ | ᠪᠠᠶᠢᠭᠤᠯᠤᠮᠵᠢ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ | ᠨᠡᠶᠢᠴᠡᠬᠦ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠤᠬᠳᠠᠴᠠ ᠶᠢ ᠪᠦᠷᠢᠯᠳᠤᠬᠦᠯᠬᠦ | ᠭᠡᠷᠡᠭᠲᠠᠢ ᠭᠡᠵᠤ ᠴᠢᠬᠤᠯᠠᠴᠢᠯᠠᠪᠠ᠃ | ᠯᠢ ᠺᠧ ᠴᠢᠶᠠᠩ ᠬᠤᠷᠠᠯ ᠡᠷᠬᠢᠯᠡᠬᠦ ᠳᠡᠭᠡᠨ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠡ ᠨᠢ | ᠨᠠᠮ ᠪᠠ ᠤᠯᠤᠰ ᠤᠨ ᠠᠵᠢᠯ ᠦᠢᠯᠡᠰ ᠤᠨ ᠪᠦᠬᠦ ᠲᠠᠯ᠎ᠡ ᠠᠴᠠ ᠡᠬᠦᠰᠴᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠤᠯᠤᠬᠰᠡᠨ ᠲᠡᠤᠭᠡᠳᠤ | ᠴᠢᠨᠠᠷᠲᠠᠢ ᠠᠮᠵᠢᠯᠲᠠ ᠪᠦᠳᠦᠮᠵᠢ ᠶᠢ ᠪᠦᠬᠦ ᠲᠠᠯ᠎ᠡ ᠪᠠᠷ ᠳ᠋ᠦᠡᠭᠨᠡᠵᠤ᠂ ᠲᠤᠮᠳᠠᠳᠤ ᠤᠯᠤᠰ ᠪᠠ ᠲᠡᠯᠡᠭᠡᠢ ᠶᠢᠨ | ᠬᠦᠭᠵᠢᠯᠲᠠ ᠶᠢᠨ ᠶᠡᠭᠡ ᠬᠠᠨᠳᠤᠰᠢ ᠶᠢ ᠤᠨᠤᠪᠴᠢᠲᠠᠢ ᠡᠵᠡᠮᠳᠡᠵᠤ᠂ ᠰᠢᠨ᠎ᠡ ᠴᠠᠭ ᠦᠶ᠎ᠡ ᠳᠤ ᠭᠠᠳᠠᠭᠠᠳᠤ | ᠬᠠᠷᠢᠯᠴᠠᠭᠠᠨ ᠤ ᠠᠵᠢᠯ ᠢ ᠭᠡᠷᠬᠢᠨ ᠰᠠᠶᠢᠨ ᠬᠢᠬᠦ ᠲᠤᠬᠠᠢ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ | ᠬᠠᠷᠢᠭᠤᠯᠳᠡ ᠦᠭᠴᠦ᠂ ᠰᠢᠨ᠎ᠡ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠢ ᠪᠦᠬᠦ ᠲᠠᠯ᠎ᠡ ᠪᠠᠷ | ᠠᠬᠢᠭᠤᠯᠬᠤ ᠳᠤ ᠤᠷᠤᠬᠰᠢᠯᠠᠬᠤ ᠴᠢᠭᠯᠡᠯ ᠢ ᠲᠤᠳᠤᠷᠬᠠᠢᠢᠯᠠᠵᠤ᠂ ᠦᠨᠳᠦᠰᠦᠨ ᠵᠢᠷᠤᠮᠯᠡᠯ ᠬᠠᠨᠭ᠍ᠭᠠᠪᠠ᠃ ᠶᠡᠷᠤᠩᠭᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠭᠠᠳᠠᠭᠠᠳᠤ ᠬᠠᠷᠢᠯᠴᠠᠭᠠᠨ ᠤ ᠦᠵᠡᠯ | ᠰᠠᠨᠠᠭ᠎ᠠ ᠶᠢ ᠬᠦᠨᠵᠡᠭᠡᠢ ᠰᠤᠷᠤᠯᠴᠠᠨ ᠤᠢᠢᠯᠠᠭᠠᠵᠤ᠂ ᠪᠦᠬᠦ ᠲᠠᠯ᠎ᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠢ ᠪᠦᠬᠦ ᠲᠠᠯ᠎ᠡ ᠪᠠᠷ ᠠᠬᠢᠭᠤᠯᠵᠤ᠂ ᠲᠤᠮᠳᠠᠳᠤ ᠤᠯᠤᠰ ᠤᠨ | ᠤᠨᠴᠠᠯᠢᠭ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ | ᠭᠡᠵᠤ ᠵᠢᠭᠠᠵᠤ ᠭᠠᠷᠭᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠭᠠᠳᠠᠭᠠᠳᠤ | ᠶᠠᠪᠤᠳᠠᠯ ᠤᠨ ᠠᠵᠢᠯ ᠤᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠶᠠᠩ ᠵᠢᠶᠧ ᡂᠢ ᠳ᠋ᠦᠡᠭᠨᠡᠯᠲᠠ ᠶᠢᠨ | ᠶᠠᠷᠢᠶᠠᠨ ᠳᠠᠭᠠᠨ᠂ ᠡᠨᠡ ᠤᠳᠠᠭ᠎ᠠ ᠶᠢᠨ ᠬᠤᠷᠠᠯ ᠤᠨ ᠬᠠᠮᠤᠭ ᠤᠨ ᠴᠢᠬᠤᠯᠠ ᠦᠷ᠎ᠡ ᠪᠦᠳᠦᠭᠡᠯ ᠪᠤᠯ ᠰᠢ ᠶᠢᠨ | ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢᠨ ᠵᠢᠯᠤᠭᠤᠳᠬᠤ ᠪᠠᠶᠢᠷᠢ ᠰᠠᠭᠤᠷᠢ ᠶᠢ ᠲᠤᠬᠳᠠᠭᠠᠬᠰᠡᠨ | ᠶᠠᠪᠤᠳᠠᠯ ᠪᠤᠯᠤᠨ᠎ᠡ᠃ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠤᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠴᠢᠬᠤᠯᠠ ᠪᠦᠷᠢᠯᠳᠦᠬᠦᠨ ᠭᠡᠰᠡᠭ ᠮᠥᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ | ᠬᠤᠷᠢᠶᠠᠨ ᠤ ᠲᠦᠷᠦ ᠶᠢ ᠵᠠᠰᠠᠵᠤ ᠵᠠᠰᠠᠭ ᠢ ᠡᠷᠬᠢᠯᠡᠬᠦ ᠦᠵᠡᠯ ᠰᠠᠨᠠᠭ᠎ᠠ ᠶᠢᠨ ᠭᠠᠳᠠᠭᠠᠳᠤ ᠬᠠᠷᠢᠯᠴᠠᠭᠠᠨ ᠤ | ᠬᠦᠷᠢᠶᠠᠨ ᠳᠠᠬᠢ ᠴᠢᠬᠤᠯᠠ ᠶᠡᠭᠡ ᠤᠨᠤᠯ ᠤᠨ ᠦᠷ᠎ᠡ ᠪᠦᠳᠦᠬᠡᠯ ᠮᠥᠨ᠂ ᠰᠢᠨ᠎ᠡ ᠴᠠᠭ ᠦᠶ᠎ᠡ ᠶᠢᠨ ᠮᠡᠨ ᠤ | ᠤᠯᠤᠰ ᠤᠨ ᠭᠠᠳᠠᠭᠠᠳᠤ ᠬᠠᠷᠢᠯᠴᠠᠭᠠᠨ ᠤ ᠠᠵᠢᠯ ᠤᠨ ᠦᠨᠳᠦᠰᠦᠨ ᠵᠢᠷᠤᠮᠯᠡᠯ ᠪᠤᠯᠤᠨ ᠠᠵᠢᠯᠯᠠᠭᠠᠨ ᠤ ᠵᠦᠭᠯᠡᠬᠦᠷ | ᠮᠦᠨ᠃ ᠪᠢᠳᠠ ᠦᠨᠡᠨᠬᠦ ᠦᠵᠡᠯ ᠰᠠᠨᠠᠭ᠎ᠠ ᠪᠠ ᠠᠵᠢᠯᠯᠠᠭ᠎ᠠ ᠪᠠᠨ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠲᠠᠢ | ᠨᠢᠭᠡᠳᠭᠡᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ ᠤᠯᠠᠮ ᠴᠢᠨᠠᠬᠰᠢᠳᠠ ᠡᠬᠦᠳᠬᠦ ᠭᠡᠷᠡᠭᠲᠠᠢ | ᠭᠡᠵᠤ ᠵᠢᠭᠠᠵᠤ ᠭᠠᠷᠭᠠᠪᠠ᠃ | ᠲᠦᠪ ᠤᠨ ᠤᠬᠠᠭᠤᠯᠬᠤ ᠭᠡᠯᠳᠡᠰ᠂ ᠲᠦᠪ ᠤᠨ ᠭᠠᠳᠠᠭᠠᠳᠤ ᠲᠠᠢ ᠬᠠᠷᠢᠯᠴᠠᠬᠤ ᠭᠡᠯᠳᠡᠰ᠂ ᠭᠠᠳᠠᠭᠠᠳᠤ | ᠶᠠᠪᠤᠳᠠᠯ ᠤᠨ ᠶᠠᠮᠤᠨ᠂ ᠤᠯᠤᠰ ᠤᠨ ᠭᠦᠭᠵᠢᠬᠦᠯᠦᠯᠲᠠ ᠪᠠ ᠦᠭᠡᠷᠡᠴᠢᠯᠡᠯᠲᠠ ᠶᠢᠨ ᠵᠦᠪᠯᠡᠯ᠂ ᠬᠤᠳᠠᠯᠳᠤᠭᠠᠨ ᠤ | ᠶᠠᠪᠤᠳᠠᠯ ᠤᠨ ᠶᠡᠮᠤᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠳᠤᠷᠠᠬᠰᠡᠨ ᠱᠲ᠋ᠠᠪ ᠤᠨ ᠬᠡᠯᠳᠡᠰ᠂ | ᠭᠤᠸᠠᠩᠳᠦ᠋ᠩ ᠮᠤᠵᠢ᠂ ᠠᠮᠧᠷᠢᠺᠠ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠬᠠᠷᠢᠭᠤᠴᠠᠯᠭᠠᠲᠠᠨ ᠨᠦᠬᠦᠳ | ᠶᠡᠭᠡ ᠬᠤᠷᠠᠯ ᠲᠡᠭᠡᠷ᠎ᠡ ᠲᠤᠷᠰᠢᠯᠭ᠎ᠠ ᠰᠤᠯᠢᠯᠴᠠᠬᠤ ᠶᠡᠷᠢᠶ᠎ᠡ ᠲᠠᠯᠪᠢᠪᠠ᠃ ᠨᠠᠮ ᠤᠨ ᠲᠦᠪ ᠬᠤᠷᠢᠶᠠᠨ ᠤ ᠤᠯᠤᠰ | ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠯᠪᠤᠬᠳᠠᠯ ᠪᠦᠬᠦᠢ | ᠤᠳᠤᠷᠢᠳᠬᠤ ᠨᠦᠭᠦᠳ᠂ ᠲᠦᠷᠦ ᠶᠢᠨ ᠶᠠᠪᠤᠳᠠᠯ ᠤᠨ ᠭᠡᠰᠢᠬᠦᠨ᠂ ᠠᠷᠠᠳ ᠤᠨ ᠲᠡᠭᠡᠳᠤ ᠰᠢᠬᠦᠬᠦ ᠬᠤᠷᠢᠶᠠᠨ ᠤ | ᠲᠡᠷᠤᠭ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠲᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ | ᠵᠦᠪᠯᠡᠯᠭᠡᠨ ᠤ ᠬᠤᠯᠪᠤᠬᠳᠠᠯ ᠪᠦᠬᠦᠢ ᠤᠳᠤᠷᠢᠳᠬᠤ ᠨᠦᠬᠦᠳ ᠬᠤᠷᠠᠯ ᠳᠤ ᠤᠷᠤᠯᠴᠠᠪᠠ᠃ ᠲᠦᠪ ᠤᠨ ᠤᠯᠤᠰ ᠤᠨ | ᠠᠮᠤᠷ ᠲᠦᠪᠰᠢᠨ ᠤ ᠵᠦᠪᠯᠡᠯ ᠤᠨ ᠭᠡᠰᠢᠬᠦᠨ᠂ ᠲᠦᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠦᠪᠯᠡᠯ ᠤᠨ | ᠭᠡᠰᠢᠬᠦᠨ᠂ ᠡᠯ᠎ᠡ ᠮᠤᠵᠢ ᠤᠷᠤᠨ ᠬᠤᠲᠠ ᠪᠤᠯᠤᠨ ᠲᠤᠰᠠᠭᠠᠷ ᠲᠦᠯᠦᠪᠯᠡᠭᠡᠳᠤ ᠬᠤᠲᠠ᠂ ᠰᠢᠨᠵᠢᠶᠠᠩ ᠤᠨ | ᠦᠢᠯᠡᠳᠪᠤᠷᠢᠯᠡᠯ ᠪᠦᠳᠦᠭᠡᠨ ᠪᠠᠶᠢᠭᠤᠯᠤᠯᠲᠠ ᠶᠢᠨ ᠪᠢᠡᠭᠲ᠋ᠤᠸ᠋ᠨᠨ᠂ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ | ᠬᠤᠯᠪᠤᠬᠳᠠᠯ ᠪᠦᠬᠦᠢ ᠰᠠᠯᠠᠭ᠎ᠠ ᠮᠦᠴᠢᠷ᠂ ᠬᠤᠯᠪᠤᠬᠳᠠᠯ ᠪᠦᠬᠦᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠪᠤᠯᠤᠨ | ᠤᠯᠤᠰ ᠤᠨ ᠦᠮᠴᠢᠯᠡᠯ ᠤᠨ ᠲᠤᠮᠤ ᠠᠵᠤ ᠠᠬᠤᠢᠢᠯᠡᠯ᠂ ᠴᠡᠷᠢᠭ ᠠᠩᠭᠢ ᠶᠢᠨ ᠬᠤᠯᠪᠤᠬᠳᠠᠯ ᠪᠦᠬᠦᠢ ᠨᠢᠭᠡᠴᠡ ᠶᠢᠨ | ᠬᠠᠷᠢᠭᠤᠴᠠᠯᠭᠠᠲᠠᠨ ᠨᠦᠬᠦᠳ᠂ ᠭᠠᠳᠠᠭᠠᠳᠤ ᠳᠤ ᠰᠠᠭᠤᠭ᠎ᠠ ᠡᠯᠴᠢᠨ᠂ ᠡᠯᠴᠢᠨ ᠰᠠᠶᠢᠳ ᠤᠨ ᠴᠤᠯᠠᠳᠤ ᠶᠡᠷᠤᠩᠭᠡᠢ | ᠺᠤᠨᠰᠦ᠋ᠯ᠂ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠳᠤ ᠰᠠᠭᠤᠭ᠎ᠠ ᠲᠦᠯᠦᠭᠡᠯᠡᠭᠴᠢ ᠪᠤᠯᠤᠨ ᠭᠠᠳᠠᠭᠠᠳᠤ | ᠶᠠᠪᠤᠳᠠᠯ ᠤᠨ ᠶᠠᠮᠤᠨ ᠤ ᠰᠢᠶᠠᠩᠭᠠᠩ᠂ ᠤᠤᠮᠧᠨ ᠤ ᠵᠠᠬᠢᠷᠭ᠎ᠠ ᠳᠤ ᠰᠠᠭᠤᠭ᠎ᠠ ᠲᠤᠰᠬᠠᠢ ᠲᠤᠰᠢᠶᠠᠯᠳᠠᠨ ᠨᠠᠷ ᠬᠤᠷᠠᠯ ᠳᠤ | ᠤᠷᠤᠯᠴᠠᠪᠠ᠃ |