ᠦᠪᠡᠷᠲᠡᠭᠡᠨ ᠵᠠᠰᠠᠬᠤ ᠣᠷᠤᠨ ᠤ ᠣᠯᠣᠰ ᠲᠦᠷᠥ ᠶᠢᠨ ᠵᠦᠪᠯᠡᠯᠭᠡᠨ ᠤ ᠪᠠᠶᠢᠴᠠᠭᠠᠨ ᠰᠣᠳᠤᠯᠠᠬᠤ ᠳᠤᠭᠤᠶᠢᠯᠠᠩ᠂ ᠮᠠᠨ ᠤ ᠬᠤᠲᠠ ᠶᠢᠨ ᠠᠵᠤ ᠦᠢᠯᠡᠳᠪᠦᠷᠢ᠂ ᠠᠵᠦ ᠠᠬᠤᠢ ᠦᠨᠳᠣᠷ ᠴᠢᠨᠠᠷ ᠲᠠᠢ  ᠬᠦᠭᠵᠢᠬᠦ ᠪᠠᠶᠢᠳᠡᠯ ᠢ ᠪᠠᠶᠢᠴᠠᠭᠠᠨ ᠰᠣᠳᠤᠯᠤᠯᠳᠠ ᠬᠢᠭᠰᠡᠨ ᠪᠠᠶᠢᠨ᠎ᠠ
ᠨᠡᠶᠢᠲᠡᠯᠡᠭᠰᠡᠨ ᠴᠠᠭ᠄
2018/6/29
     6 ᠰᠠᠷ᠎ᠠ ᠶᠢᠨ 25᠎ ᠠᠴᠠ 26᠎ ᠤ ᠡᠳᠣᠷ᠂ ᠦᠪᠡᠷᠲᠡᠭᠡᠨ ᠵᠠᠰᠠᠬᠤ ᠣᠷᠤᠨ ᠤ ᠣᠯᠣᠰ ᠲᠦᠷᠥ  ᠶᠢᠨ ᠵᠦᠪᠯᠡᠯᠭᠡᠨ ᠤ ᠨᠠᠮ ᠤᠨ ᠣᠳᠣᠷᠢᠳᠬᠤ  ᠳᠤᠭᠤᠶᠢᠯᠠᠩ  ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠥᠸᠧ ᡁᠢ ᠬᠤ᠋ ᠂ ᠪᠠᠶᠢᠴᠠᠭᠠᠨ ᠰᠣᠳᠣᠯᠠᠬᠤ  ᠳᠤᠭᠤᠶᠢᠯᠠᠩ ᠢᠶᠠᠨ ᠳᠠᠭᠠᠭᠤᠯᠵᠤ ᠮᠠᠨ ᠤ ᠬᠤᠲᠠ ᠳᠤ ᠬᠦᠷᠴᠦ᠂ ᠮᠠᠨ ᠤ ᠬᠤᠲᠠ ᠶᠢᠨ ᠠᠵᠤ ᠦᠢᠯᠡᠳᠪᠦᠷᠢ ᠠᠵᠦ ᠠᠬᠤᠢ ᠶᠢᠨ ᠦᠨᠳᠣᠷ ᠴᠢᠨᠠᠷ ᠲᠠᠢ ᠬᠦᠭᠵᠢᠯᠳᠡ ᠶᠢᠨ ᠪᠠᠶᠢᠳᠡᠯ ᠳᠤ ᠪᠠᠶᠢᠴᠠᠭᠠᠨ ᠰᠣᠳᠣᠯᠣᠯᠲᠠ ᠬᠢᠵᠦ᠂ ᠬᠠᠮᠳᠣ ᠳᠤ ᠨᠢ ᠰᠠᠭᠤᠳᠠᠯ ᠤᠨ ᠬᠤᠷᠠᠯ ᠬᠢᠵᠦ᠂ ᠬᠠᠮᠢᠶ᠎ᠠ ᠪᠦᠬᠦᠢ ᠮᠡᠳᠡᠭᠦᠯᠦᠯᠳᠡ ᠶᠢ ᠰᠣᠨᠣᠰᠣᠭᠰᠠᠨ ᠪᠠᠶᠢᠨ᠎ᠠ᠃ 6 ᠰᠠᠷ᠎ᠠ ᠶᠢᠨ 26᠎ ᠤ ᠡᠳᠣᠷ ᠤᠨ ᠦᠳᠡ ᠶᠢᠨ ᠡᠮᠣᠨ᠎ᠡ᠂ ᠪᠠᠶᠢᠴᠠᠭᠠᠨ ᠰᠣᠳᠣᠯᠠᠬᠤ  ᠳᠤᠭᠤᠶᠢᠯᠠᠩ  ᠬᠦᠩᠭᠡᠨ ᠴᠠᠭᠠᠨ ᠦᠢᠯᠡᠰ ᠤᠨ  ᠬᠦᠷᠢᠶᠡᠯᠡᠩ ᠤᠨ ᠬᠤᠸᠠ ᠽᠢ ᠨᠢᠭᠡᠳᠦᠭᠡᠷ ᠬᠤᠭᠤᠴᠠᠭᠠᠲᠦ ᠫᠷᠤᠵᠢᠺᠠᠲ ᠳᠤ ᠭᠦᠨᠵᠡᠭᠡᠶᠢᠷᠡᠵᠦ᠂  ᠪᠠᠶᠢᠴᠠᠭᠠᠨ ᠰᠣᠳᠣᠯᠣᠯᠲᠡ ᠬᠢᠪᠡ  ᠃ ᠲᠣᠭᠤᠷᠢᠭ ᠎ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ᠂ ᠲᠣᠭᠤᠷᠢᠭ ᠤᠨ ᠣᠯᠣᠰ ᠲᠦᠷᠥ ᠶᠢᠨ ᠵᠦᠪᠯᠡᠯᠭᠡᠨ ᠤ ᠲᠡᠷᠢᠭᠦᠯᠡᠭᠴᠢ ᠪᠠᠢ ᠵᠢᠢ ᠸᠧᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠡᠨ ᠭᠡᠷ ᠤᠨ ᠡᠷᠬᠢᠯᠡᠭᠴᠢ ᠸᠠᠩ ᠯᠢᠨ ᠹᠦ᠋᠂ ᠬᠦᠩᠭᠡᠨ ᠴᠠᠭᠠᠨ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠯᠢ ᠴᠢᠦ ᠫᠢᠩ ᠬᠠᠮᠳᠦ ᠪᠠᠷ ᠪᠠᠶᠢᠴᠠᠭᠠᠨ ᠰᠣᠳᠣᠯᠣᠯᠳᠠ ᠬᠢᠪᠡ᠃      ᠯᠥᠸᠧ ᡁᠢ ᠬᠤ᠋ ᠮᠠᠨ ᠤ ᠬᠤᠲᠠ ᠶᠢᠨ ᠠᠵᠤ ᠦᠢᠯᠡᠳᠪᠦᠷᠢ ᠠᠵᠦ ᠠᠬᠤᠢ ᠶᠢᠨ ᠦᠨᠳᠦᠷ ᠴᠢᠨᠠᠷ ᠲᠠᠢ ᠬᠦᠭᠵᠢᠯᠲᠡ ᠶᠢᠨ ᠪᠠᠶᠢᠳᠡᠯ ᠳᠤ ᠨᠠᠰᠢᠲᠠᠢ ᠦᠨᠡᠯᠡᠵᠦ᠂ ᠲᠡᠷᠡ ᠬᠡᠯᠡᠭᠰᠡᠨ ᠨᠢ ᠯᠠᠪᠳᠠᠭᠤᠨ ᠢᠶᠠᠷ ᠠᠵᠦ ᠠᠬᠤᠢ ᠶᠢᠨ ᠦᠨᠳᠤᠷ ᠴᠢᠨᠠᠷ ᠲᠠᠢ ᠬᠦᠭᠵᠢᠬᠦ ᠶᠢ ᠲᠦᠯᠬᠢᠨ ᠠᠬᠢᠭᠤᠯᠬᠤ ᠪᠣᠯ᠂ ᠣᠳᠣᠬᠢ ᠨᠢᠭᠡ ᠵᠤᠶᠢᠯ ᠤᠨ ᠴᠢᠬᠤᠯᠠ ᠣᠯᠣᠰ ᠤᠨ ᠡᠭᠦᠷᠭᠡ ᠪᠣᠯᠣᠨ᠎ᠠ᠃ ᠪᠣᠭᠤᠲᠦ ᠬᠤᠲᠠ᠂ ᠰᠢ ᠶᠢᠨ ᠫᠢᠩ ᠶᠠᠷᠥᠩᠬᠢ ᠱᠦᠵᠢ ᠶᠢᠨ ᠲᠣᠷᠠᠳᠵᠦ ᠬᠠᠷᠭᠠᠭᠰᠠᠨ《 ᠭᠤᠷᠪᠡᠨ ᠯᠠᠪᠳᠠᠭᠤᠨ》ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠰᠣᠷᠤᠯᠴᠠᠨ᠂ ᠭᠠᠵᠠᠷ ᠣᠷᠣᠨ ᠤ ᠲᠠᠪᠠᠭᠤᠯᠢᠭ ᠲᠠᠢ ᠣᠶᠠᠯᠳᠣᠭᠤᠯᠵᠦ᠂ ᠦᠨᠡᠨ ᠪᠣᠲᠠᠲᠠᠢ ᠪᠠᠷ ᠣᠯᠠᠮᠵᠢᠯᠠᠯᠲᠦ ᠦᠢᠯᠡᠰ ᠤᠨ ᠪᠦᠳᠦᠴᠡ ᠶᠢ ᠨᠢ ᠰᠢᠯᠢᠳᠡᠭᠵᠢᠭᠦᠯᠵᠦ᠂ ᠬᠦᠴᠦᠲᠠᠢ ᠪᠠᠷ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠴᠢᠲᠠᠮᠵᠢ ᠶᠢ ᠬᠦᠮᠦᠵᠢᠭᠦᠯᠵᠦ᠂ ᠡᠭᠦᠨ ᠤ ᠵᠡᠷᠭᠡ ᠳᠤ ᠴᠡᠷᠢᠭ ᠠᠷᠡᠳ ᠠᠭᠤᠰᠣᠯᠴᠠᠬᠤ ᠠᠵᠤ ᠦᠢᠯᠡᠳᠪᠦᠷᠢ ᠬᠦᠭᠵᠢᠯᠲᠡ ᠶᠢᠨ ᠨᠡᠨ ᠬᠦ ᠤᠴᠠᠷ ᠶᠠᠪᠤᠳᠡᠯ ᠢ ᠰᠠᠶᠢᠨ ᠬᠢᠵᠦ᠂ ᠠᠵᠢᠯ ᠦᠢᠯᠡᠰ ᠠᠵᠦ ᠠᠬᠤᠢ ᠶᠢᠨ ᠦᠨᠳᠦᠷ ᠴᠢᠨᠠᠷ ᠲᠠᠢ ᠬᠦᠭᠵᠢᠯᠳᠡ ᠶᠢ ᠲᠦᠷᠭᠡᠳᠭᠡᠨ ᠠᠬᠢᠭᠤᠯᠬᠤ ᠭᠡᠷᠩᠲᠠᠢ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1