ᠳ᠋ᠦᠩ ᠾᠧ ᠲᠣᠭᠤᠷᠢᠭ᠂ ᠦᠪᠡᠷᠳᠡᠭᠡᠨ ᠵᠠᠰᠠᠬᠤ ᠤᠷᠤᠨ ᠤ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠲᠠᠶᠢᠯᠡᠯᠳᠣᠭᠠᠨ ᠤ ᠢᠯᠡᠯᠳᠡ ᠶᠢ ᠣᠯᠬᠤ ᠬᠤᠰᠢᠭᠤ ᠰᠢᠶᠠᠨ ︵ᠬᠤᠲᠠ ᠲᠣᠭᠤᠷᠢᠭ︶᠎ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠤᠯᠲᠡ ᠬᠢᠵᠦ ᠰᠠᠨᠠᠯ ᠰᠣᠯᠢᠯᠴᠠᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠵᠦ ᠦᠵᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2018-06-29
     6 ᠰᠠᠷ᠎ᠠ ᠶᠢᠨ 24᠎ ᠤ ᠡᠳᠦᠷ᠂᠂ᠳ᠋ᠦᠩ ᠾᠧ ᠲᠣᠭᠤᠷᠢᠭ᠂ ᠦᠪᠡᠷᠳᠡᠭᠡᠨ ᠵᠠᠰᠠᠬᠤ ᠤᠷᠤᠨ ᠤ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠲᠠᠶᠢᠯᠡᠯᠳᠣᠭᠠᠨ ᠤ ᠢᠯᠡᠯᠳᠡ ᠶᠢ ᠣᠯᠬᠤ ᠬᠤᠰᠢᠭᠤ ᠰᠢᠶᠠᠨ ︵ᠬᠤᠲᠠ ᠲᠣᠭᠤᠷᠢᠭ︶᠎ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠤᠨ ᠮᠡᠳᠡᠭᠦᠯᠤᠯᠲᠡ ᠬᠢᠵᠦ ᠰᠠᠨᠠᠯ ᠰᠣᠯᠢᠯᠴᠠᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠵᠦ ᠦᠵᠡᠭᠰᠡᠨ ᠪᠠᠶᠢᠨ᠎ᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠨ᠂ ᠲᠣᠭᠤᠷᠢᠭ ᠤᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶ᠎ᠠ ᠶᠢᠨ ᠡᠷᠬᠢᠯᠡᠭᠴᠢ ᠭᠤᠣ ᠴᠦᠨ ᠶᠢᠩ᠂ ᠲᠣᠭᠤᠷᠢᠭ ᠤᠨ ᠣᠯᠣᠰ ᠲᠥᠷᠦ ᠵᠦᠪᠯᠡᠯᠭᠡᠨ ᠤ  ᠲᠡᠷᠢᠭᠦᠯᠡᠭᠴᠢ ᠪᠠᠢ ᠶᠢ ᠸᠧᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠡᠦ ᠺᠠᠢ ᠪᠠ ᠬᠡᠰᠡᠭ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠠᠷᠢᠭᠤᠴᠠᠯᠭᠠᠳᠡᠨ ᠨᠦᠬᠦᠷ᠂ ᠳ᠋ᠦᠩ ᠾᠧ ᠲᠣᠭᠤᠷᠢᠭ ᠤᠨ ᠬᠤᠪᠢᠶᠠᠷᠢ ᠬᠤᠷᠠᠯ ᠤᠨ ᠲᠠᠩᠬᠢᠮ ᠳᠤ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠤ ᠵᠢᠭᠠᠵᠦ ᠭᠠᠷᠭᠠᠭᠰᠠᠨ ᠨᠢ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠤ ᠠᠳᠠᠯᠢᠳᠬᠠᠬᠤ᠂ ᠰᠣᠷᠣᠯᠴᠠᠬᠤ᠂  ᠭᠦᠢᠴᠡᠬᠦ᠂ ᠬᠠᠪᠰᠤᠷᠠᠬᠤ  ᠲᠤᠰᠢᠶᠠᠯ ᠤᠨ ᠮᠡᠳᠡᠭᠦᠯᠤᠯᠲᠡ ᠬᠢᠵᠦ ᠰᠠᠨᠠᠯ ᠰᠣᠯᠢᠯᠴᠠᠬᠤ ᠲᠥᠷᠢᠮ ᠢ ᠨᠠᠶᠢᠳᠠᠪᠤᠷᠢᠵᠢᠭᠤᠯᠵᠦ ᠬᠡᠷᠡᠭᠵᠢᠭᠦᠯᠬᠦ ᠪᠣᠯ ᠦᠪᠡᠷᠲᠡᠭᠡᠨ ᠵᠠᠰᠠᠬᠤ ᠣᠷᠣᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠲᠠᠶᠢᠯᠡᠯᠳᠣᠭᠠᠨ ᠢ ᠠᠬᠢᠭᠤᠯᠬᠤ ᠨᠢᠭᠡ ᠵᠤᠶᠢᠯ ᠤᠨ ᠴᠢᠬᠤᠯᠠ ᠲᠥᠷᠢᠮ ᠤᠨ ᠲᠣᠬᠢᠷᠠᠭᠤᠯᠣᠯᠲᠠ ᠪᠣᠯᠣᠨ᠎ᠠ  ᠃  ᠲᠠᠷᠤᠢ ᠲᠣᠮᠦ ᠮᠦᠷᠦᠶᠢᠴᠡᠭᠡᠨ ᠤ ᠲᠠᠯᠠᠪᠠᠢ᠂ ᠲᠣᠮᠣ ᠰᠣᠯᠢᠯᠴᠠᠭᠠᠨ ᠤ ᠲᠠᠪᠴᠡᠩ ᠢ ᠪᠠᠶᠢᠭᠤᠯᠵᠦ᠂ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠠᠵᠢᠯ ᠢᠶᠠᠨ ᠬᠡᠷᠬᠢᠨ ᠨᠠᠶᠢᠳᠠᠪᠤᠷᠢᠵᠢᠭᠤᠯᠵᠦ ᠪᠠᠶᠢᠭ᠎ᠠ᠂ ᠦᠨᠡᠨ ᠬᠦ ᠬᠦᠴᠦ ᠣᠷᠤᠭᠤᠯᠤᠭᠰᠠᠨ ᠡᠰᠡᠬᠦ ᠶᠢ ᠪᠠᠶᠢᠴᠠᠭᠠᠨ ᠦᠵᠡᠵᠦ᠂ ᠲᠦᠪᠯᠡᠷᠡᠭᠦᠯᠦᠨ ᠰᠢᠯᠭᠠᠨ ᠦᠵᠡᠬᠦ᠂ ᠬᠠᠷᠢᠯᠴᠠᠨ ᠠᠳᠠᠯᠢᠳᠬᠠᠬᠤ ᠪᠠᠷ ᠲᠠᠮᠵᠢᠨ ᠡᠯ᠎ᠡ ᠱᠠᠳᠦᠨ ᠤ ᠬᠢᠨ ᠳᠤ ᠦᠨᠡᠨᠬᠦ ᠲᠠᠷᠤᠯᠲᠠ ᠥᠭᠭᠦᠨ ᠰᠡᠩᠭᠡᠷᠡᠭᠦᠯᠤᠯ ᠬᠦᠷᠳᠡᠵᠦ᠂ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠲᠠᠶᠢᠯᠡᠯᠳᠣᠭᠠᠨ ᠢ ᠰᠠᠶᠢᠲᠤᠷ ᠬᠢᠵᠦ ᠢᠯᠡᠯᠳᠡ ᠣᠯᠬᠤ ᠦᠳᠭᠡᠨ ᠵᠣᠵᠠᠭᠠᠨ ᠠᠭᠤᠷ ᠠᠮᠢᠰᠬᠤᠯ ᠢ ᠴᠢᠨᠠᠭᠰᠢᠳᠠ ᠪᠣᠢ ᠪᠣᠯᠭᠠᠬᠤ ᠪᠠᠷ ᠵᠣᠷᠢᠯᠭ᠎ᠠ ᠪᠣᠯᠭᠠᠵᠠᠢ ᠭᠡᠵᠦ ᠵᠢᠭᠠᠵᠦ ᠭᠠᠷᠭᠠᠪᠠ᠃      ᠬᠤᠷᠠᠯ ᠳᠤ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ  ᠲᠠᠶᠠᠭᠠᠷ ᠢᠶᠠᠨ ᠡᠷᠬᠡᠪᠰᠢ ᠮᠠᠨ ᠤ ᠣᠷᠤᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠳᠤ ᠲᠤᠯᠭᠠᠷᠠᠵᠤ ᠪᠦᠬᠦᠢ ᠪᠠᠶᠢᠳᠡᠯ ᠢ ᠲᠣᠳᠦᠷᠬᠠᠢ ᠲᠠᠨᠢᠵᠦ᠂ ᠠᠮᠵᠢᠯᠳᠡ ᠶᠢ ᠣᠯᠵᠦ ᠬᠠᠷᠠᠵᠤ᠂ ᠢᠳᠡᠭᠡᠯ ᠢᠶᠠᠨ ᠪᠠᠳᠤᠳᠬᠠᠬᠤ ᠮᠦᠷᠳᠡᠭᠡᠨ ᠨᠡᠩ ᠴᠦ ᠵᠦᠷᠢᠶ᠎ᠡ ᠪᠠᠨ ᠣᠯᠵᠦ ᠬᠠᠷᠠᠨ ᠬᠦᠨᠵᠡᠭᠡᠢ ᠲᠣᠭ᠍ᠭᠠᠵᠦ᠂ ᠪᠣᠭᠤᠮᠲᠠ ᠰᠢᠪᠳᠣᠯᠠᠬᠤ ᠲᠠᠶᠢᠯᠡᠯᠳᠣᠭᠠᠨ ᠤ ᠢᠯᠡᠯᠲᠠ ᠶᠢ ᠡᠷᠡᠰ ᠣᠯᠬᠤ ᠬᠡᠷᠩᠲᠠᠢ᠃ ᠲᠠᠨᠢᠯᠳᠡ ᠪᠠᠨ ᠴᠢᠨᠠᠭᠰᠢᠳᠠ ᠲᠡᠭᠡᠭᠰᠢᠯᠡᠭᠦᠯᠵᠦ᠂ 《 ᠲᠦᠷᠪᠡᠨ ᠣᠬᠠᠮᠰᠠᠷ》᠎ ᠢᠶᠠᠨ ᠴᠢᠨᠠᠭᠰᠢᠳᠠ ᠴᠢᠩᠭᠠᠳᠬᠠᠨ᠂ ᠰᠢ ᠶᠢᠨ ᠫᠢᠩ ᠤᠨ ᠶᠠᠳᠠᠭᠤ ᠶᠢ ᠲᠡᠳᠭᠦᠬᠦ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ  ᠲᠣᠣᠱᠯᠠᠭᠤᠯᠵᠤ᠂ ᠵᠣᠷᠢᠭ ᠰᠢᠭᠤᠳᠣᠨ ᠭᠦᠴᠦᠯᠡᠨ ᠴᠢᠷᠮᠠᠶᠢᠵᠦ᠂ ᠪᠣᠲᠠᠳᠠᠢ ᠠᠵᠢᠯᠯᠠᠭ᠎ᠠ ᠪᠣᠯᠣᠨ ᠯᠠᠪᠳᠠᠭᠤᠨ ᠪᠠᠳᠤᠲᠠᠢ ᠦᠷ᠎ᠡ ᠪᠦᠳᠦᠮᠵᠢ ᠪᠠᠷ ᠦᠨᠡᠨᠴᠢ ᠰᠢᠳᠤᠷᠭᠤ ᠪᠠᠶᠢᠬᠤ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠭᠡᠷᠩᠲᠠᠢ᠃  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠠᠬᠢᠨ ᠪᠣᠳᠠᠲᠠᠶᠢᠵᠢᠭᠤᠯᠵᠤ᠂ ᠡᠯ᠎ᠡ ᠱᠠᠲᠦ ᠡᠯ᠎ᠡ ᠰᠠᠯᠠᠭ᠎ᠠ ᠮᠦᠴᠢᠷ ᠪᠣᠯᠣᠨ  ᠥᠷᠭᠡᠨ ᠶᠠᠳᠠᠭᠤ ᠶᠢ ᠳᠡᠳᠭᠦᠭᠦ ᠺᠠᠳ᠋ᠷ᠂ ᠰᠡᠳᠬᠢᠯ ᠨᠢᠭᠡᠳᠤᠨ ᠬᠦᠴᠦ ᠬᠠᠮᠵᠢᠯᠴᠠᠵᠦ ᠶᠠᠳᠠᠭᠤ ᠶᠢ ᠲᠡᠳᠭᠦᠬᠦ ᠶᠢ ᠠᠳᠬᠤᠨ ᠪᠣᠭᠤᠮᠳᠠ ᠰᠢᠪᠳᠤᠯᠠᠬᠤ ᠶᠢ ᠠᠬᠢᠭᠤᠯᠵᠦ᠂ ᠣᠨᠴᠠᠭᠠᠶᠢᠯᠡᠨ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠳᠡᠨ  ᠨᠦᠭᠦᠳ ᠣᠶᠦᠨ ᠣᠬᠠᠭᠠᠨ ᠭᠦᠴᠦ ᠴᠢᠳᠠᠯ ᠵᠶ᠋ᠠᠨ‌‍ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠬᠤ ᠲᠡᠭᠡᠷ᠎ᠡ ᠲᠠᠯᠪᠢᠵᠦ᠂ ᠪᠡᠶ᠎ᠡ ᠪᠠᠷ ᠢᠶᠠᠨ ᠣᠷᠣᠯᠴᠠᠨ ᠬᠢᠵᠦ᠂ ᠪᠦᠬᠦ ᠬᠦᠴᠦᠨ ᠢᠶᠠᠷ ᠢᠶᠠᠨ ᠰᠠᠶᠢᠳᠣᠷ ᠠᠳᠬᠤᠬᠤ ᠭᠡᠷᠩᠲᠠᠢ᠃  ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠰᠢᠨ᠎ᠡ ᠠᠰᠠᠭᠤᠳᠡᠯ ᠢ ᠲᠠᠯᠪᠢᠬᠤ ᠦᠭᠡᠢ᠂ ᠬᠠᠭᠤᠴᠢᠨ ᠠᠰᠠᠭᠤᠳᠡᠯ ᠢ ᠲᠠᠬᠢᠨ ᠭᠠᠷᠭᠠᠬᠤ ᠦᠭᠡᠢ ᠪᠠᠶᠢᠬᠤ ᠶᠢ ᠪᠠᠷᠢᠮᠳᠠᠯᠠᠬᠤ ᠭᠡᠷᠩᠲᠠᠢ᠃ ᠠᠷᠭ᠎ᠠ ᠠᠪᠴᠡᠯ ᠤᠨ ᠲᠠᠯ᠎ᠠ ᠪᠠᠷ ᠲᠠᠬᠢᠨ ᠣᠨᠣᠪᠴᠢᠲᠠᠢ ᠪᠣᠯᠭᠠᠬᠤ᠂ ᠣᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠤᠰᠤᠨ ᠠᠷᠭ᠎ᠠ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠦᠨᠡᠨᠬᠦ ᠲᠣᠬᠢᠲᠠᠢ ᠭᠠᠵᠠᠷ ᠲᠤᠨᠢ ᠳᠡᠳᠭᠦᠵᠤ᠂ ᠦᠨᠳᠦᠰᠤᠨ ᠳᠤᠨᠢ ᠳᠡᠳᠭᠦᠭᠦ ᠬᠡᠷᠩᠲᠠᠢ᠃ ᠬᠢᠨᠡᠨ ᠰᠢᠯᠭᠠᠬᠤ ᠲᠠᠯ᠎ᠠ ᠪᠠᠷ ᠲᠠᠬᠢᠨ ᠴᠢᠩᠳᠡᠯᠡᠵᠤ᠂ ᠬᠦᠬᠢᠭᠦᠯᠤᠨ ᠰᠠᠶᠢᠰᠢᠶᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠤᠯᠠᠬᠤ ᠶᠢ ᠴᠢᠩᠭ᠎ᠠ ᠪᠦᠬᠡᠳ ᠪᠣᠳᠠᠲᠠᠢ ᠠᠬᠢᠭᠤᠯᠬᠤ ᠢᠯᠡ ᠲᠣᠲᠥ ᠣᠳᠣᠷᠢᠳᠣᠮᠵᠢ ᠶᠢ ᠦᠨᠡᠨᠬᠦ ᠪᠣᠢ ᠪᠣᠯᠭᠠᠬᠤ ᠭᠡᠷᠩᠲᠠᠢ ᠬᠡᠵᠦ ᠴᠢᠬᠤᠯᠠᠴᠢᠯᠠᠪᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1