ᠰᠢ ᠶᠢᠨ ᠫᠢᠩ ᠠᠮᠢ ᠠᠬᠤᠢ ᠶᠢᠨ ᠪᠤᠯᠪᠠᠰᠤᠨ ᠤ ᠬᠦᠢᠶᠠᠩ ᠤᠨ ᠤᠯᠠᠨ ᠤᠯᠤᠰ ᠤᠨ ᠶᠠᠷᠢᠶᠠᠨ ᠤ ᠳᠠᠪᠴᠠᠩ ᠤᠨ 2018 ᠤᠨ ᠤ ᠤᠨ ᠤ ᠬᠤᠷᠠᠯ ᠳᠤ ᠪᠠᠶᠠᠷ ᠤᠨ ᠵᠠᠬᠢᠳᠠᠯ ᠢᠯᠡᠬᠡᠪᠡ
ᠨᠡᠶᠢᠲᠡᠯᠡᠭᠰᠡᠨ ᠴᠠᠭ᠄
2018-07-10
     ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 7᠎ ᠤ ᠴᠠᠬᠢᠯᠭᠠᠨ ᠮᠡᠳᠡᠭᠡ 7 ᠰᠠᠷ᠎ᠠ ᠶᠢᠨ 7᠎ ᠤ ᠡᠳᠤᠷ ᠂ ᠠᠮᠢ ᠠᠬᠤᠢ ᠶᠢᠨ ᠪᠤᠯᠪᠠᠰᠤᠨ ᠤ ᠬᠦᠢᠶᠠᠩ ᠤᠨ ᠤᠯᠠᠨ ᠤᠯᠤᠰ ᠤᠨ ᠶᠠᠷᠢᠶᠠᠨ ᠤ ᠳᠠᠪᠴᠠᠩ ᠤᠨ 2018 ᠤᠨ ᠤ ᠤᠨ ᠤ ᠬᠤᠷᠠᠯ ᠬᠦᠢᠵᠸᠤ ᠮᠤᠵᠢ ᠶᠢᠨ ᠬᠦᠢᠶᠡᠩ ᠬᠤᠳᠠ ᠳᠤ ᠡᠬᠢᠯᠡᠪᠡ᠃ ᠤᠯᠤᠰ ᠤᠨ ᠳᠡᠷᠢᠬᠦᠯᠡᠭᠴᠢ ᠰᠢ ᠶᠢᠨ ᠫᠢᠩ ᠶᠠᠷᠢᠶᠠᠨ ᠤ ᠳᠠᠪᠴᠠᠩ ᠤᠨ ᠤᠨ ᠤ ᠬᠤᠷᠠᠯ ᠳᠤ ᠪᠠᠶᠠᠷ ᠤᠨ ᠵᠠᠬᠢᠳᠠᠯ ᠢᠯᠡᠬᠡᠪᠡ᠃      ᠰᠢ ᠶᠢᠨ ᠫᠢᠩ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠬᠦᠮᠦᠨ ᠳᠦᠷᠦᠯᠬᠢᠳᠠᠨ ᠤ ᠢᠷᠡᠬᠡᠳᠦᠢ ᠳᠤ ᠬᠤᠯᠪᠤᠬᠳᠠᠨ᠎ᠠ᠂ ᠪᠤᠬᠢᠷᠳᠤᠯ ᠦᠬᠡᠢ ᠬᠡᠷ ᠤᠷᠤᠨ ᠢ ᠪᠦᠳᠦᠬᠡᠨ ᠪᠠᠶᠢᠭᠤᠯᠬᠤ ᠪᠤᠯ ᠡᠯ᠎ᠡ ᠤᠯᠤᠰ ᠤᠨ ᠠᠷᠠᠳ ᠳᠦᠮᠡᠨ ᠤ ᠬᠠᠮᠳᠤ ᠶᠢᠨ ᠬᠦᠰᠡᠯ ᠵᠡᠬᠦᠳᠤ ᠮᠦᠨ᠃ ᠳᠡᠯᠡᠬᠡᠢ ᠨᠡᠶᠢᠬᠡᠮ ᠤᠨ ᠬᠢᠨ ᠬᠠᠮᠳᠤᠷᠠᠯᠴᠠᠭ᠎ᠠ ᠪᠠᠨ ᠴᠢᠩᠭᠠᠳᠬᠠᠨ ᠬᠠᠮᠳᠤᠪᠡᠷ ᠴᠢᠷᠮᠠᠶᠢᠵᠥ᠂ ᠪᠠᠶᠢᠭᠠᠯᠢ ᠶᠢ ᠬᠦᠨᠳᠤᠳᠬᠡᠨ ᠪᠤᠬᠢᠷᠳᠤᠯ ᠦᠬᠡᠢ ᠬᠦᠭᠵᠢᠭᠦᠯᠬᠦ ᠠᠮᠢ ᠠᠬᠤᠢ ᠶᠢᠨ ᠰᠢᠰᠲ᠋ᠧᠮ ᠢ ᠴᠤᠭᠴᠠᠯᠠᠨ ᠪᠠᠶᠢᠭᠤᠯᠵᠥ᠂ ᠪᠦᠬᠦ ᠪᠦᠮᠪᠦᠷᠴᠡᠭ ᠤᠨ ᠦᠷᠬᠦᠯᠵᠢᠯᠡᠬᠦ ᠬᠦᠭᠵᠢᠯᠳᠡ ᠶᠢ ᠪᠡᠶᠡᠯᠡᠬᠦᠯᠬᠦ ᠬᠡᠷᠡᠭᠲᠡᠢ ᠪᠠᠶᠢᠨ᠎ᠠ᠃ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠤᠨ ᠤ ᠬᠤᠷᠠᠯ ︽ᠠᠮᠢ ᠠᠬᠤᠢ ᠶᠢᠨ ᠪᠤᠯᠪᠠᠰᠤᠨ ᠤ ᠰᠢᠨ᠎ᠠ ᠴᠠᠭ ᠦᠶ᠎ᠠ ᠲᠡᠶᠢᠰᠢ ᠤᠷᠤᠭᠰᠢᠯᠠᠰᠤᠭᠠᠢ᠄ ᠠᠮᠢ ᠠᠬᠤᠢ ᠶᠢ ᠲᠡᠷᠢᠭᠦᠨ ᠳᠤ ᠲᠠᠯᠪᠢᠵᠤ ᠪᠤᠬᠢᠷᠳᠤᠯ ᠦᠭᠡᠢ ᠪᠠᠷ ᠬᠦᠭᠵᠢᠭᠦᠯᠦᠶ᠎ᠠ︾ ᠭᠡᠬᠦ ᠪᠠᠷ ᠭᠤᠤᠯ ᠰᠡᠳᠦᠪ ᠪᠤᠯᠭᠠᠯ᠎ᠠ᠂ ᠡᠨᠡ ᠨᠢ ᠡᠯ᠎ᠠ ᠲᠠᠯ᠎ᠠ ᠶᠢᠨ ᠬᠢᠨ ᠤ ᠬᠠᠮᠳᠤ ᠶᠢᠨ ᠲᠠᠨᠢᠯᠳᠠ ᠶᠢ ᠴᠢᠩᠭᠠᠳᠬᠠᠵᠤ᠂ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠲᠤᠰᠠᠳᠠᠢ ᠪᠠᠶᠢᠵᠤ᠂ ᠪᠦᠬᠦ ᠳᠡᠯᠡᠬᠡᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠪᠤᠯᠤᠨ᠎ᠠ ᠭᠡᠳᠡᠭ ᠢ ᠢᠳᠡᠭᠡᠵᠤ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠪᠤᠯᠤᠨ᠎ᠠ ᠭᠡᠬᠦ ᠤᠢᠢᠯᠠᠭᠠᠭᠳᠠᠬᠤᠨ ᠢ ᠪᠠᠷᠢᠮᠳᠠᠯᠠᠵᠤ᠂ ᠬᠦᠮᠦᠨ ᠬᠢᠭᠡᠳ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠦ ᠤᠷᠤᠰᠢᠬᠤ ᠶᠢ ᠰᠠᠨᠠᠭᠠᠴᠢᠯᠠᠵᠤ᠂ ᠪᠤᠬᠢᠷᠳᠤᠯ ᠦᠭᠡᠢ ᠬᠦᠭᠵᠢᠯᠳᠡ ᠪᠤᠯᠤᠨ ᠦᠷᠭᠦᠯᠵᠢᠯᠡᠬᠦ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ ᠪᠠᠶᠢᠨ᠎ᠠ᠃ ᠪᠢᠳᠡ ᠳᠤᠷᠠᠳᠠᠶ᠎ᠠ ᠳᠡᠯᠡᠬᠡᠢ ᠨᠡᠶᠢᠭᠡᠮ ᠤᠨ ᠬᠢᠨ ᠲᠠᠢ ᠬᠠᠮᠳᠦ ᠪᠠᠷ᠂ 2030 ᠤᠨ ᠤ ᠦᠷᠭᠦᠯᠵᠢᠯᠡᠬᠦ ᠬᠦᠭᠵᠢᠯᠳᠡ ᠶᠢᠨ ᠵᠦᠪᠯᠡᠬᠦ ᠵᠦᠢᠯᠡᠰ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠦᠵᠡᠰᠭᠦᠯᠡᠩᠳᠤ ᠰᠠᠶᠢᠬᠠᠨ ᠳᠡᠯᠡᠬᠡᠢ ᠶᠢᠷᠳᠢᠨᠴᠤ ᠶᠢ ᠬᠠᠮᠲᠦ ᠪᠠᠷ ᠪᠦᠲᠦᠭᠡᠨ ᠪᠠᠶᠢᠭᠤᠯᠤᠨ᠎ᠠ ᠭᠡᠵᠤ ᠴᠢᠬᠤᠯᠠᠴᠢᠯᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1