| | | | | ᠡᠨᠡ ᠵᠢᠯ ᠶᠡᠷᠦᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ | ᠮᠤᠩᠭᠤᠯ ᠤᠯᠤᠰ ᠤᠨ ᠶᠡᠷᠦᠩᠬᠡᠶᠢᠯᠡᠭᠴᠢ ᠪᠠᠳᠤᠳᠤᠯᠭ᠎ᠠ ᠪᠤᠯᠤᠨ ᠶᠡᠷᠦᠩᠬᠡᠢ ᠰᠠᠶᠢᠳ ᠬᠦᠷᠡᠯᠰᠦ᠋ᠭᠡ ᠲᠠᠢ ᠠᠭᠤᠯᠵᠠᠬᠤ | ᠦᠶ᠎ᠠ ᠳᠤ ᠲᠤᠬᠢᠷᠠᠯᠴᠠᠬᠰᠠᠨ ᠴᠢᠬᠤᠯᠠ ᠬᠠᠮᠳᠤ ᠶᠢᠨ ᠲᠠᠨᠢᠯᠳᠠ ᠶᠢ ᠬᠦᠨᠵᠡᠭᠡᠢ ᠨᠡᠶᠢᠳᠡᠪᠦᠷᠢᠵᠢᠭᠤᠯᠵᠤ᠂ ᠦᠪᠡᠷᠳᠡᠭᠡᠨ | ᠵᠠᠰᠠᠬᠤ ᠤᠷᠤᠨ ᠬᠢᠭᠡᠳ ᠮᠤᠩᠭᠤᠯ ᠤᠯᠤᠰ ᠤᠨ ᠡᠯ᠎ᠠ ᠬᠦᠷᠢᠶᠡᠨ ᠳᠠᠬᠢ ᠰᠤᠯᠢᠯᠴᠠᠭ᠎ᠠ ᠬᠠᠮᠳᠤᠷᠠᠯᠴᠠᠭ᠎ᠠ ᠶᠢ | ᠬᠦᠨᠵᠡᠭᠡᠶᠢᠷᠡᠭᠦᠯᠭᠦ ᠶᠢᠨ ᠲᠦᠯᠦᠭᠡ᠂ 7 ᠰᠠᠷ᠎ᠠ ᠶᠢᠨ 3 ᠠᠴᠠ 7 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠲᠦᠯᠦᠭᠡᠯᠡᠭᠴᠢᠳ ᠤᠨ ᠪᠦᠯᠬᠦᠮ ᠢ ᠲᠠᠭᠠᠭᠤᠯᠤᠨ ᠮᠤᠩᠭᠤᠯ ᠤᠯᠤᠰ ᠲᠤ ᠠᠶᠢᠯᠴᠢᠯᠠᠯᠳᠠ ᠬᠢᠵᠠᠢ᠃ | 7 ᠰᠠᠷ᠎ᠠ ᠶᠢᠨ 5 ᠤ ᠦᠳᠡ ᠶᠢᠨ ᠡᠮᠦᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠮᠤᠩᠭᠤᠯ ᠤᠯᠤᠰ ᠤᠨ ᠤᠯᠤᠰ ᠤᠨ ᠤᠷᠳᠤᠨ ᠳᠤ ᠮᠤᠩᠭᠤᠯ ᠤᠯᠤᠰ ᠤᠨ | ᠶᠡᠷᠦᠩᠬᠡᠶᠢᠯᠡᠭᠴᠢ ᠪᠠᠳᠤᠳᠤᠯᠭ᠎ᠠ ᠲᠠᠢ ᠠᠭᠤᠯᠵᠠᠯᠳᠠ ᠬᠢᠪᠡ᠃ ︵ᠭᠡᠷᠡᠯ ᠵᠢᠷᠤᠭ ᠢ ᠦᠪᠦᠷ ᠮᠤᠩᠭᠤᠯ ᠤᠨ ᠭᠠᠳᠠᠭᠠᠳᠤ | ᠶᠠᠪᠤᠳᠠᠯ ᠤᠨ ᠠᠯᠪᠠᠨ ᠭᠡᠷ ᠠᠴᠠ ᠬᠠᠩᠭᠠᠪᠠ︶ | ᠠᠶᠢᠯᠴᠢᠯᠠᠯᠳᠠ ᠶᠢᠨ ᠬᠤᠭᠤᠴᠠᠭᠠᠨ ᠳᠤ᠂ ᠯᠢ ᠵᠢᠢ ᠾᠧᠩ ᠮᠤᠩᠭᠤᠯ ᠤᠯᠤᠰ ᠤᠨ ᠶᠡᠷᠦᠩᠬᠡᠶᠢᠯᠡᠭᠴᠢ | ᠪᠠᠳᠤᠳᠤᠯᠭ᠎ᠠ᠂ ᠶᠡᠷᠦᠩᠬᠡᠢ ᠰᠠᠶᠢᠳ ᠬᠦᠷᠡᠯᠰᠦ᠋ᠭᠡ᠂ ᠤᠯᠤᠰ ᠤᠨ ᠶᠡᠭᠡ ᠬᠤᠷᠠᠯ ᠤᠨ ᠲᠡᠳ᠋ ᠲᠡᠷᠢᠭᠦᠯᠡᠭᠴᠢ | ᠰᠠᠩᠵᠡᠶᠢᠮᠢᠳᠡᠪ᠂ ᠶᠠᠮᠤᠨ ᠤ ᠰᠠᠶᠢᠳ ᠪᠦᠭᠡᠳ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠷᠬᠢᠯᠡᠭᠴᠢ | ᠽᠠᠨᠳᠠᠨᠱᠠᠳᠠᠷ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠤᠬᠳᠤᠪᠠᠭᠠᠳᠤᠷ᠂ ᠠᠭᠤᠷᠬᠠᠢ ᠶᠢᠨ ᠦᠢᠯᠡᠰ ᠬᠢᠭᠡᠳ | ᠬᠦᠨᠳᠦ ᠠᠵᠤ ᠦᠢᠯᠡᠳᠪᠦᠷᠢ ᠶᠢᠨ ᠶᠠᠮᠤᠨ ᠤ ᠰᠠᠶᠢᠳ ᠰᠤᠮᠢᠶᠠᠪᠠᠽᠠᠷ᠂ ᠢᠳᠡᠭᠡᠨ ᠲᠠᠷᠢᠶᠠᠯᠠᠩ ᠮᠠᠯ ᠠᠵᠤ ᠠᠬᠤᠢ | ᠬᠢᠭᠡᠳ ᠬᠦᠩᠭᠡᠨ ᠠᠵᠤ ᠦᠢᠯᠡᠳᠪᠤᠷᠢ ᠶᠢᠨ ᠶᠠᠮᠤᠨ ᠤ ᠰᠠᠶᠢᠳ ᠪᠠᠳᠤᠵᠤᠷᠢᠭ᠂ ᠤᠯᠠᠭᠠᠨᠪᠠᠭᠠᠳᠤᠷ ᠬᠤᠳᠠ ᠶᠢᠨ | ᠵᠦᠪᠯᠡᠯᠭᠡᠨ ᠤ ᠬᠤᠷᠠᠯ ᠤᠨ ᠲᠠᠷᠤᠭ᠎ᠠ ᠠᠮᠤᠷᠰᠠᠶᠢᠬᠠᠨ᠂ ᠰᠡᠯᠡᠩᠭᠡ ᠠᠶᠢᠮᠠᠬ ᠤᠨ ᠲᠠᠷᠤᠭ᠎ᠠ ᠤᠷᠬᠢᠯ ᠪᠠ ᠲᠤᠷᠤᠨᠠᠭᠤᠪᠢ | ᠠᠶᠢᠮᠠᠬ ᠤᠨ ᠲᠠᠷᠤᠭ᠎ᠠ ᠡᠩᠭᠡᠳᠦᠪᠰᠢᠨ ᠲᠠᠢ ᠠᠭᠤᠯᠵᠠᠪᠠ᠃ ᠯᠢ ᠵᠢᠢ ᠾᠧᠩ ᠪᠠᠰᠠ ᠦᠪᠦᠷ ᠮᠤᠩᠭᠤᠯ ᠤᠨ ᠮᠤᠩᠭᠤᠯ | ᠤᠯᠤᠰ ᠲᠤ ᠪᠠᠶᠢᠭ᠎ᠠ ᠠᠵᠤ ᠠᠬᠤᠢᠢᠯᠠᠯᠳᠠᠨ ᠤ ᠲᠦᠯᠦᠭᠡᠯᠡᠭᠴᠢᠳ ᠲᠠᠢ ᠶᠠᠷᠢᠯᠴᠠᠵᠤ᠂ ︽2018 ᠲᠤᠮᠳᠠᠳᠤ | ᠤᠯᠤᠰ ᠤᠨ ᠦᠪᠦᠷ ᠮᠤᠩᠭᠤᠯ · ᠮᠤᠩᠭᠤᠯ ᠤᠯᠤᠰ ᠤᠨ ᠪᠡᠯᠡ ᠤᠷᠤᠭᠤᠯᠬᠤ ᠠᠷᠠᠯᠵᠢᠶ᠎ᠠ ᠶᠢᠨ ᠬᠠᠮᠳᠤᠷᠠᠯᠴᠠᠭᠠᠨ ᠤ | ᠵᠦᠪᠳᠡᠯᠴᠡᠭᠡ ᠲᠠᠨᠢᠯᠴᠠᠭᠤᠯᠭ᠎ᠠ ᠶᠢᠨ ᠬᠤᠷᠠᠯ︾ ᠤᠨ ᠡᠬᠢᠯᠡᠯᠳᠡ ᠶᠢᠨ ᠶᠤᠰᠤᠯᠠᠯ ᠳᠤ ᠤᠷᠤᠯᠴᠠᠬᠰᠠᠨ ᠪᠦᠭᠡᠳ ᠦᠭᠡ | ᠬᠡᠯᠡᠵᠤ᠂ ︽ᠨᠢᠭᠡ ᠪᠦᠰᠡ ᠨᠢᠭᠡ ᠵᠠᠮ · ᠲᠤᠮᠳᠠᠳᠤ ᠮᠤᠩᠭᠤᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ | ᠪᠦᠳᠦᠭᠡᠯ ᠤᠨ ᠲᠡᠯᠭᠡᠨ ᠦᠵᠡᠭᠦᠯᠭᠡ ᠶᠢᠨ ᠠᠷᠠᠯᠵᠢᠶᠠᠨ ᠤ ᠴᠤᠬᠯᠠᠭᠠᠨ︾ ᠪᠠ ︽ᠲᠤᠮᠳᠠᠳᠤ ᠮᠤᠩᠭᠤᠯ ᠤᠨ ᠠᠮᠢᠳᠤ | ᠪᠤᠳᠠᠰ ᠤᠨ ᠲᠡᠭᠡᠳᠤ ᠮᠤᠯᠧᠺᠦ᠋ᠯ ᠤᠨ ᠬᠡᠷᠡᠭᠯᠡᠭᠡ ᠶᠢ ᠰᠤᠳᠤᠯᠬᠤ ᠬᠠᠮᠳᠤᠷᠠᠬᠰᠠᠨ ᠲᠤᠷᠰᠢᠯᠳᠠ ᠶᠢᠨ ᠲᠠᠰᠤᠭ︾ ᠢᠶᠠᠷ | ᠲᠤᠭᠤᠷᠢᠨ ᠦᠵᠡᠵᠤ᠂ ᠮᠤᠩᠭᠤᠯ ᠤᠯᠤᠰ ᠲᠤ ᠠᠯᠪᠠᠨ ᠵᠢᠷᠤᠮ ᠤᠨ ᠡᠮᠴᠢᠯᠡᠭᠡ ᠵᠤᠬᠢᠶᠠᠨ ᠪᠠᠶᠢᠭᠤᠯᠵᠤ ᠪᠠᠶᠢᠭ᠎ᠠ | ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠩᠬᠢ ᠶᠢ ᠡᠷᠬᠢᠨ | ᠦᠵᠡᠵᠤ᠂ ᠤᠯᠠᠭᠠᠨᠪᠠᠭᠠᠳᠤᠷ ᠲᠠᠬᠢ ᠮᠤᠩᠭᠤᠯ ᠤᠯᠤᠰ ᠤᠨ ᠨᠢᠭᠡ ᠠᠵᠤ ᠠᠬᠤᠢᠢᠯᠡᠯ ᠢ ᠲᠤᠭᠤᠷᠢᠨ ᠦᠵᠡᠵᠡᠢ᠃ | ᠯᠢ ᠵᠢᠢ ᠾᠧᠩ ᠮᠤᠩᠭᠤᠯ ᠤᠯᠤᠰ ᠤᠨ ᠲᠦᠷᠦ ᠶᠢᠨ ᠪᠠ ᠵᠠᠰᠠᠭ ᠤᠨ ᠤᠷᠳᠤᠨ ᠤ ᠤᠳᠤᠷᠢᠳᠤᠯᠭ᠎ᠠ ᠳᠤ | ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠲᠠᠨᠢᠯᠴᠠᠭᠤᠯᠵᠤ᠂ | ᠦᠪᠦᠷ ᠮᠤᠩᠭᠤᠯ ᠬᠢᠭᠡᠳ ᠮᠤᠩᠭᠤᠯ ᠤᠯᠤᠰ ᠤᠨ ᠶᠠᠪᠤᠯᠴᠠᠭ᠎ᠠ ᠬᠠᠮᠳᠤᠷᠠᠯᠴᠠᠭᠠᠨ ᠤ ᠦᠷ᠎ᠠ ᠪᠦᠳᠦᠮᠵᠢ ᠶᠢ | ᠡᠷᠬᠢᠴᠡᠭᠦᠯᠦᠨ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠲᠡᠷᠢᠭᠦᠨ ᠪᠠ ᠵᠠᠰᠠᠭ ᠤᠨ ᠤᠷᠳᠤᠨ ᠤ | ᠲᠦᠷᠦᠭᠦᠴᠤᠳ ᠤᠨ ᠠᠭᠤᠯᠵᠠᠵᠤ ᠲᠤᠬᠢᠷᠠᠯᠴᠠᠬᠰᠠᠨ ᠴᠢᠬᠤᠯᠠ ᠬᠠᠮᠳᠤ ᠶᠢᠨ ᠲᠠᠨᠢᠯᠳᠠ ᠶᠢᠨ ᠲᠤᠭᠤᠷᠢᠨ ᠳᠤ᠂ | ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ᠂ ᠰᠠᠭᠤᠷᠢ ᠲᠦᠭᠦᠭᠡᠷᠦᠮᠵᠢ ᠶᠢᠨ ᠪᠦᠳᠦᠭᠡᠨ | ᠪᠠᠶᠢᠭᠤᠯᠤᠯᠳᠠ᠂ ᠪᠤᠭᠤᠮᠳᠠ ᠶᠢ ᠬᠤᠯᠪᠤᠯᠳᠤᠭᠤᠯᠵᠤ ᠨᠡᠪᠳᠡᠷᠡᠭᠦᠯᠬᠦ᠂ ᠬᠢᠯᠢ ᠠᠯᠤᠰᠯᠠᠬᠰᠠᠨ ᠠᠵᠤ ᠠᠬᠤᠢ ᠶᠢᠨ | ᠬᠠᠮᠳᠤᠷᠠᠯᠴᠠᠭᠠᠨ ᠤ ᠤᠷᠤᠨ ᠤ ᠪᠦᠳᠦᠭᠡᠨ ᠪᠠᠶᠢᠭᠤᠯᠤᠯᠳᠠ᠂ ᠬᠢᠯᠢ ᠠᠯᠤᠰᠯᠠᠬᠰᠠᠨ ᠵᠤᠭᠠᠴᠠᠯ ᠤᠨ ᠬᠦᠭᠵᠢᠯᠳᠡ᠂ | ᠮᠤᠩᠭᠤᠯ ᠤᠯᠤᠰ ᠢ ᠲᠤᠰᠠᠯᠠᠬᠤ ᠲᠦᠭᠦᠮ ᠪᠦᠳᠦᠴᠡᠳᠦ ᠤᠷᠤᠨ ᠰᠠᠭᠤᠴᠠ ᠶᠢ ᠰᠢᠨᠡᠳᠭᠡᠨ ᠦᠭᠡᠷᠡᠴᠢᠯᠡᠬᠦ᠂ ᠰᠤᠶᠤᠯ | ᠢᠷᠬᠡᠨᠰᠢᠯ ᠤᠨ ᠬᠦᠷᠢᠶᠡᠨ ᠳᠠᠬᠢ ᠬᠠᠮᠳᠤᠷᠠᠯᠴᠠᠭ᠎ᠠ ᠶᠢ ᠴᠢᠨᠠᠬᠰᠢᠳᠠ ᠠᠬᠢᠭᠤᠯᠬᠤ ᠲᠠᠯ᠎ᠠ ᠪᠠᠷ ᠰᠠᠨᠠᠯ ᠢᠶᠠᠨ ᠦᠷᠭᠡᠨ | ᠬᠦᠨᠵᠡᠭᠡᠢ ᠰᠤᠯᠢᠯᠴᠠᠵᠦ ᠵᠦᠪᠳᠡᠯᠴᠡᠪᠠ᠃ | ᠯᠢ ᠵᠢᠢ ᠾᠧᠩ᠂ ᠲᠤᠮᠳᠠᠳᠤ ᠮᠤᠩᠭᠤᠯ ᠬᠤᠶᠠᠷ ᠤᠯᠤᠰ ᠪᠤᠯ ᠠᠭᠤᠯᠠ ᠤᠰᠤ ᠪᠠᠷ ᠢᠶᠠᠨ ᠵᠠᠯᠭᠠᠯᠳᠤᠬᠰᠠᠨ | ᠨᠦᠬᠦᠷᠰᠡᠭ ᠬᠦᠷᠰᠢ ᠤᠯᠤᠰ ᠪᠤᠯᠬᠤ ᠪᠦᠭᠡᠳ ᠴᠢᠬᠤᠯᠠ ᠬᠠᠮᠳᠤᠷᠠᠯᠴᠠᠭᠠᠨ ᠤ ᠬᠠᠨᠢᠳᠠᠨ ᠪᠤᠯᠤᠨ᠎ᠠ᠂ ᠬᠤᠶᠠᠷ | ᠤᠯᠤᠰ ᠤᠨ ᠠᠷᠠᠳ ᠲᠦᠮᠡᠨ ᠤ ᠨᠦᠬᠦᠷᠯᠡᠯ ᠦᠨᠢ ᠤᠳᠠᠭᠠᠨ ᠤ ᠲᠡᠤᠭᠡ ᠲᠠᠢ ᠶᠤᠮ᠃ ᠦᠪᠦᠷ ᠮᠤᠩᠭᠤᠯ ᠤᠨ ᠬᠢᠨ | ᠲᠡᠷᠢᠭᠦᠯᠡᠭᠴᠢ ᠰᠢ ᠶᠢᠨ ᠫᠢᠩ ᠤᠨ ᠲᠤᠷᠠᠳᠤᠬᠰᠠᠨ ︽ᠲᠤᠳᠤᠨᠤ ᠦᠨᠡᠨᠴᠢ ᠠᠰᠢᠬᠳᠠᠢ ᠪᠠᠭᠳᠠᠭᠠᠮᠵᠢᠲᠠᠢ︾ ᠪᠠᠶᠢᠬᠤ | ᠡᠷᠬᠢᠨ ᠲᠤᠭᠤᠷᠢᠨ ᠤ ᠭᠠᠳᠠᠭᠠᠳᠦ ᠬᠠᠷᠢᠯᠴᠠᠭᠠᠨ ᠤ ᠤᠢᠢᠯᠠᠭᠠᠬᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠤ᠂ | ᠲᠤᠮᠳᠠᠳᠤ ᠮᠤᠩᠭᠤᠯ ᠬᠤᠶᠠᠷ ᠤᠯᠤᠰ ᠤᠨ ᠤᠳᠤᠷᠢᠳᠤᠯᠭ᠎ᠠ ᠶᠢᠨ ᠲᠤᠬᠢᠷᠠᠯᠴᠠᠬᠰᠠᠨ ᠬᠠᠮᠳᠤ ᠶᠢᠨ ᠲᠨᠨᠢᠯᠳᠠ ᠶᠢ ᠡᠷᠡᠰ | ᠨᠡᠶᠢᠳᠡᠪᠦᠷᠢᠵᠢᠭᠤᠯᠵᠤ᠂ ᠮᠤᠩᠭᠤᠯ ᠤᠯᠤᠰ ᠯᠤᠭ᠎ᠠ ᠶᠢᠨ ᠡᠯ᠎ᠡ ᠬᠦᠷᠢᠶᠡᠨ ᠳᠠᠬᠢ ᠪᠤᠳᠠᠳᠠᠢ ᠶᠢ ᠡᠷᠬᠢᠮᠯᠡᠭᠰᠡᠨ | ᠬᠠᠮᠳᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ | ᠪᠦᠳᠦᠭᠡᠨ ᠪᠠᠶᠢᠭᠤᠯᠤᠯᠳᠠ ᠳᠤ ᠢᠳᠡᠪᠬᠢᠳᠡᠢ ᠠᠭᠤᠰᠤᠯᠴᠠᠨ᠂ ᠲᠤᠮᠳᠠᠳᠤ ᠮᠤᠩᠭᠤᠯ ᠬᠤᠶᠠᠷ ᠤᠯᠤᠰ ᠤᠨ | ᠨᠦᠬᠦᠷᠯᠡᠯ ᠢ ᠵᠤᠵᠠᠭᠠᠳᠬᠠᠵᠦ᠂ ᠨᠦᠬᠦᠷᠰᠡᠭ ᠬᠠᠮᠳᠤᠷᠠᠯᠴᠠᠭ᠎ᠠ ᠶᠢ ᠴᠢᠩᠭᠠᠳᠬᠠᠬᠤ ᠳᠤ ᠰᠢᠨ᠎ᠠ ᠨᠡᠩ ᠶᠡᠭᠡ ᠬᠤᠪᠢ | ᠨᠡᠮᠡᠷᠢ ᠦᠵᠡᠭᠦᠯᠦᠨ᠎ᠠ ᠬᠡᠵᠤ ᠢᠯᠡᠳᠭᠡᠪᠡ᠃ | ᠮᠤᠩᠭᠤᠯ ᠤᠨ ᠲᠠᠯ᠎ᠠ ᠶᠢᠨ ᠤᠳᠤᠷᠢᠳᠬᠤ ᠬᠦᠮᠦᠰ᠂ ᠮᠤᠩᠭᠤᠯ ᠤᠯᠤᠰ ᠤᠨ ︽ᠬᠦᠭᠵᠢᠯ ᠤᠨ ᠵᠠᠮ︾ ᠤᠨ | ᠰᠠᠨᠠᠭᠠᠴᠢᠯᠠᠭ᠎ᠠ ᠬᠢᠭᠡᠳ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠵᠤᠯᠭᠠᠭᠤᠯᠬᠤ ᠪᠠ ᠮᠤᠩᠭᠤᠯ | ᠲᠤᠮᠳᠠᠳᠤ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤ ᠦᠪᠦᠷ | ᠮᠤᠩᠭᠤᠯ ᠤᠨ ᠤᠷᠤᠯᠴᠠᠭ᠎ᠠ ᠲᠦᠢᠯ ᠤᠨ ᠴᠢᠬᠤᠯᠠ᠂ ᠬᠦᠬᠦᠷᠭᠡ ᠬᠤᠯᠪᠤᠭᠠᠰᠦ ᠶᠢᠨ ᠦᠢᠯᠡᠳᠦᠯ ᠦᠵᠡᠭᠦᠯᠵᠤ ᠪᠠᠶᠢᠨ᠎ᠠ | ᠃ ᠮᠤᠩᠭᠤᠯ ᠤᠯᠤᠰ ᠲᠤᠷᠠᠳᠠᠶ᠎ᠠ ᠬᠢᠯᠢ ᠶᠢᠨ ᠪᠤᠭᠤᠮᠳᠠ ᠶᠢ ᠬᠤᠯᠪᠤᠯᠳᠤᠭᠤᠯᠵᠤ ᠨᠡᠪᠳᠡᠷᠡᠭᠦᠯᠬᠦ᠂ ᠬᠢᠯᠢ ᠠᠯᠤᠰᠯᠠᠬᠰᠠᠨ | ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠤ ᠪᠦᠳᠦᠭᠡᠨ ᠪᠠᠶᠢᠭᠤᠯᠤᠯᠳᠠ᠂ ᠰᠠᠭᠤᠷᠢ ᠲᠦᠭᠦᠭᠡᠷᠦᠮᠵᠢ ᠶᠢᠨ | ᠪᠦᠳᠦᠭᠡᠨ ᠪᠠᠶᠢᠭᠤᠯᠤᠯᠳᠠ᠂ ᠬᠢᠯᠢ ᠠᠯᠤᠰᠯᠠᠬᠰᠠᠨ ᠵᠤᠭᠠᠴᠠᠯ ᠵᠡᠷᠭᠡ ᠲᠠᠯ᠎ᠠ ᠪᠠᠷ ᠦᠪᠦᠷ ᠮᠤᠩᠭᠤᠯ ᠯᠤᠭ᠎ᠠ ᠶᠢᠨ | ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠴᠢᠩᠭᠠᠳᠬᠠᠨ᠎ᠠ ᠬᠡᠵᠤ ᠢᠯᠡᠳᠭᠡᠵᠡᠢ᠃ | ᠲᠦᠯᠦᠭᠡᠯᠡᠭᠴᠢᠳ ᠤᠨ ᠪᠦᠯᠬᠦᠮ ᠪᠠᠰᠠ ᠰᠡᠯᠡᠩᠭᠡ ᠠᠶᠢᠮᠠᠬ ᠪᠤᠯᠤᠨ ᠲᠤᠷᠤᠨᠠᠭᠤᠪᠢ ᠠᠶᠢᠮᠠᠬ ᠢᠶᠠᠷ | ᠠᠶᠢᠯᠴᠢᠯᠠᠵᠤ᠂ ᠮᠤᠩᠭᠤᠯ ᠤᠷᠤᠰ ᠤᠨ ᠬᠢᠯᠢ ᠳᠠᠬᠢ ᠠᠯᠳᠠᠨᠪᠤᠯᠠᠭ ᠬᠢᠯᠢ ᠶᠢᠨ ᠪᠤᠭᠤᠮᠳᠠ ᠶᠢᠨ ᠴᠢᠯᠦᠭᠡᠳᠦ ᠠᠵᠤ | ᠠᠬᠤᠢ ᠶᠢᠨ ᠤᠷᠤᠨ ᠪᠤᠯᠤᠨ ᠲᠤᠮᠳᠠᠳᠤ ᠮᠤᠩᠭᠤᠯ ᠤᠨ ᠬᠢᠯᠢ ᠳᠠᠬᠢ ᠵᠠᠮ ᠤᠨ ᠡᠭᠦᠳᠡ ᠬᠢᠯᠢ ᠶᠢᠨ ᠪᠤᠭᠤᠮᠳᠠ ᠶᠢᠨ | ᠠᠵᠤ ᠠᠬᠤᠢ ᠶᠢᠨ ᠤᠷᠤᠨ ᠳᠤ ᠪᠤᠳᠠᠳᠠᠢ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠡᠷᠢᠶᠡᠨ ᠬᠤᠳᠠ ᠪᠤᠯᠤᠨ | ᠮᠤᠩᠭᠤᠯ ᠤᠯᠤᠰ ᠤᠨ ᠲᠤᠷᠤᠨᠠᠭᠤᠪᠢ ᠠᠶᠢᠮᠠᠬ ᠤᠨ ᠰᠠᠶᠢᠨᠱᠠᠩᠳᠠ ᠬᠤᠳᠠ ᠶᠢᠨ ᠰᠠᠭᠤᠷᠢ ᠲᠦᠭᠦᠭᠡᠷᠦᠮᠵᠢ ᠵᠢᠴᠢ | ᠰᠤᠶᠤᠯ ᠡᠮᠴᠢᠯᠡᠭᠡᠨ ᠤ ᠨᠦᠬᠦᠷᠰᠡᠭ ᠬᠠᠮᠳᠤᠷᠠᠯᠴᠠᠭᠠᠨ ᠤ ᠲᠦᠷᠦᠯ ᠵᠦᠢᠯ ᠤᠨ ᠲᠤᠤᠵᠠ ᠬᠠᠶᠢᠴᠢᠯᠠᠬᠤ ᠶᠤᠰᠤᠯᠠᠯ ᠳᠤ | ᠤᠷᠤᠯᠴᠠᠬᠰᠠᠨ ᠪᠦᠭᠡᠳ ᠰᠠᠶᠢᠨᠱᠠᠩᠳᠠ ᠬᠤᠳᠠ ᠪᠤᠯᠤᠨ ᠵᠠᠮ ᠤᠨ ᠡᠭᠦᠳᠡ ᠬᠤᠳᠠ ᠳᠤ ᠬᠡᠤᠭᠡᠳ ᠤᠨ ᠵᠤᠭ᠎ᠠ | ᠴᠡᠩᠭᠡᠯ ᠤᠨ ᠲᠦᠭᠦᠭᠡᠷᠦᠮᠵᠢ ᠬᠠᠨᠳᠢᠪᠯᠡᠵᠡᠢ᠃ | ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠷ᠎ᠠ | ᠪᠤᠯᠵᠤ ᠠᠶᠢᠯᠴᠢᠯᠠᠵᠠᠢ᠃ |