ᠳ᠋ᠦᠩ ᠾᠧ ᠲᠣᠭᠤᠷᠢᠭ᠂ ᠬᠠᠣᠯᠢ ᠴᠠᠭᠠᠵᠠ ᠶᠢᠨ ᠨᠡᠶᠢᠭᠡᠮᠯᠢᠭ ᠪᠠᠶᠢᠭᠤᠯᠤᠭᠳᠠᠬᠤ ᠵᠢᠴᠢ ᠠᠩᠬ᠎ᠠ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠤᠩᠭᠤᠯᠢ ᠶᠢᠨ ᠶᠡᠭᠡ ᠬᠤᠷᠠᠯ ᠢ ᠬᠤᠷᠠᠯᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2018-07-11
     7 ᠰᠠᠷ᠎ᠠ ᠶᠢᠨ 5᠎ ᠤ ᠡᠳᠦᠷ ᠤᠨ ᠦᠳᠡ ᠶᠢᠨ ᠡᠮᠣᠨ᠎ᠡ᠂ᠳ᠋ᠦᠩ ᠾᠧ ᠲᠣᠭᠤᠷᠢᠭ᠂ ᠬᠠᠣᠯᠢ ᠴᠠᠭᠠᠵᠠ ᠶᠢᠨ ᠨᠡᠶᠢᠭᠡᠮᠯᠢᠭ ᠪᠠᠶᠢᠭᠤᠯᠤᠭᠳᠠᠬᠤ ᠵᠢᠴᠢ ᠠᠩᠬ᠎ᠠ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠰᠤᠩᠭᠤᠯᠢ ᠶᠢᠨ ᠶᠡᠭᠡ ᠬᠤᠷᠠᠯ ᠢ ᠬᠤᠷᠠᠯᠳᠤᠭᠰᠠᠨ ᠪᠠᠶᠢᠨ᠎ᠠ᠃ ᠬᠤᠲᠠ ᠶᠢᠨ ᠬᠠᠣᠯᠢ ᠴᠠᠭᠠᠵᠠ ᠶᠢᠨ ᠨᠡᠶᠢᠭᠡᠮᠯᠢᠭ ᠤᠨ ᠳᠠᠷᠤᠭ᠎ᠠ ᠰᠦ᠋ ᠢᠦᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠱᠢ ᠮᠢᠩ ᠬᠤᠷᠠᠯ ᠳᠤ ᠣᠷᠤᠯᠴᠠᠭᠰᠠᠨ ᠪᠠᠶᠢᠨ᠎ᠠ᠃ ᠡᠭᠦᠨ ᠤ ᠬᠠᠮᠲᠦ ᠮᠠᠨ ᠤ ᠲᠣᠭᠤᠷᠢᠭ ᠤᠨ ᠬᠠᠣᠯᠢ ᠴᠠᠭᠠᠵᠠ ᠶᠢᠨ ᠨᠡᠶᠢᠭᠡᠮᠯᠢᠭ ᠤᠨ ᠪᠠᠶᠢᠭᠤᠯᠤᠭᠳᠠᠬᠤ ᠫᠠᠶᠢᠰᠡ ᠨᠡᠭᠡᠭᠡᠭᠰᠡᠨ ᠪᠠᠶᠢᠨ᠎ᠠ᠃ ᠬᠤᠲᠠ ᠶᠢᠨ ᠬᠠᠤᠯᠢ ᠴᠠᠭᠠᠵᠠ ᠶᠢᠨ ᠨᠡᠶᠢᠭᠡᠮᠯᠢᠭ ᠤᠨ ᠳᠡᠳ᠋ ᠳᠠᠷᠤᠭ᠎ᠠ ᠵᠧᠦ ᠱᠣᠣ ᠹᠧᠩ ᠶᠣᠰᠣᠯᠠᠯ ᠤᠨ ᠦᠭᠡ ᠬᠡᠯᠡᠭᠰᠡᠨ ᠪᠠᠶᠢᠨ᠎ᠠ  ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠯᠣᠰ ᠲᠦᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠷᠦᠨ ᠵᠦ᠂ ᠮᠠᠨ ᠤ ᠲᠣᠭᠤᠷᠢᠭ ᠤᠨ ᠬᠠᠤᠯᠢ ᠴᠠᠭᠠᠵᠠ ᠶᠢᠨ ᠨᠡᠶᠢᠭᠡᠮᠯᠢᠭ ᠢ ᠰᠠᠶᠢᠨ ᠬᠢᠬᠦ ᠳᠤ ᠴᠢᠭᠯᠡᠭᠦᠯᠵᠦ ᠶᠠᠷᠢᠶ᠎ᠠ ᠲᠠᠯᠪᠢᠵᠠᠢ᠃ ᠲᠣᠭᠤᠷᠢᠭ ᠤᠨ ᠣᠣᠯ ᠤᠨ ᠣᠯᠤᠰ ᠲᠥᠷᠦ ᠵᠢᠨ‌ᠵᠦ᠋ᠪᠯᠡᠯᠭᠡᠨ ᠶᠢᠨ ᠲᠡᠷᠢᠭᠦᠯᠡᠭᠴᠢ ᠬᠠᠨ ᠯᠢ ᠰᠢᠨ᠂ ᠲᠣᠭᠤᠷᠢᠭ ᠤᠨ ᠠᠷᠡᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ  ᠼᠦᠢ ᠮᠣᠣ᠂ ᠵᠠᠰᠠᠭ ᠤᠨ ᠣᠷᠳᠦᠨ ᠤ ᠳᠡᠳ᠋ ᠲᠠᠷᠤᠭ᠎ᠠ᠂ ᠲᠣᠲᠦᠭᠠᠲᠦ ᠶᠢ ᠬᠠᠮᠠᠭᠠᠯᠠᠬᠤ ᠲᠣᠪᠴᠢᠶ᠎ᠠ ᠶᠢᠨ ᠰᠠᠯᠪᠦᠷᠢ ᠲᠣᠪᠴᠢᠶ᠎ᠠ ᠎ ᠶᠢᠨ ᠳᠡᠳ᠋ ᠲᠠᠷᠤᠭ᠎ᠠ ᠸᠠᠩ ᠹᠧᠢ᠂ ᠲᠣᠭᠤᠷᠢᠭ ᠤᠨ ᠣᠯᠣᠰ ᠲᠥᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠢᠦᠢ ᠵᠢᠶᠠᠨ‌‍ᠰᠢᠶᠦ᠋ᠨ‌ᠵᠢᠴᠢ ᠬᠠᠮᠢᠶ᠎ᠠ ᠪᠦᠬᠦᠢ ᠪᠠᠶᠢᠭᠤᠯᠤᠯᠭ᠎ᠠ᠂ ᠬᠠᠤᠯᠢ ᠴᠠᠭᠠᠵᠠ ᠶᠢᠨ ᠨᠡᠶᠢᠭᠡᠮᠯᠢᠭ ᠤᠨ ᠪᠦᠬᠦ ᠭᠡᠰᠢᠭᠦᠨ 90 ᠭᠠᠷᠦᠢ ᠬᠦᠮᠦᠰ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠤ ᠵᠢᠭᠠᠭᠰᠠᠨ ᠲᠠᠷᠠᠭᠠᠯᠠᠯ ᠢᠶᠠᠷ ᠰᠣᠩᠭᠤᠯᠢ ᠪᠠᠷ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢ ᠶᠢᠨ ᠬᠤᠷᠠᠯ ᠪᠣᠢ ᠪᠣᠯᠵᠦ᠂ 41 ᠨᠡᠷᠡᠰ ᠬᠡᠷᠡᠭ ᠡᠷᠬᠢᠯᠡᠭᠴᠢ ᠶᠢ ᠰᠣᠩᠭᠤᠨ ᠭᠠᠷᠭᠠᠵᠦ᠂ ᠪᠠᠰᠠ ᠡᠭᠦᠨ ᠤ ᠲᠣᠲᠦᠷ᠎ᠠ ᠠᠴᠠ ᠨᠡᠶᠢᠭᠡᠮᠯᠢᠭ ᠤᠨ ᠲᠠᠷᠤᠭ᠎ᠠ᠂ ᠳᠡᠳ᠋ ᠲᠠᠷᠤᠭ᠎ᠠ᠂ ᠪᠠᠶᠢᠩᠭᠤ ᠶᠢᠨ ᠨᠡᠶᠢᠭᠡᠮᠯᠢᠭ ᠤᠨ ᠲᠠᠷᠤᠭ᠎ᠠ᠂ ᠨᠠᠷᠢᠨ ᠪᠢᠴᠢᠭᠡᠴᠢ ᠶᠢᠨ ᠲᠠᠷᠤᠭ᠎ᠠ᠂ ᠪᠠᠶᠢᠩᠭᠤ ᠶᠢᠨ ᠬᠡᠷᠡᠭ ᠡᠷᠬᠢᠯᠡᠭᠴᠢ ᠢ ᠰᠣᠩᠭᠤᠨ ᠭᠠᠷᠭᠠᠵᠦ᠂ ᠬᠠᠨ ᠯᠢ ᠰᠢᠨ ᠨᠢᠭᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢ ᠶᠢᠨ ᠲᠠᠷᠤᠭ᠎ᠠ ᠪᠠᠷ ᠰᠤᠩᠭᠤᠭᠳᠠᠭᠰᠠᠨ ᠪᠠᠶᠢᠨ᠎ᠠ  ᠃ᠬᠠᠤᠯᠢ ᠴᠠᠭᠠᠵᠠ ᠶᠢᠨ ᠨᠡᠶᠢᠭᠡᠮᠯᠢᠭ ᠨᠢ ᠪᠠᠶᠢᠭᠤᠯᠤᠭᠳᠠᠬᠤ ᠨᠢ ᠮᠠᠨ ᠤ ᠲᠣᠭᠤᠷᠢᠭ ᠪᠦᠬᠦ ᠲᠠᠯ᠎ᠠ ᠪᠠᠷ ᠠᠷᠪᠠ ᠶᠢᠰᠤᠳᠤᠭᠡᠷ ᠶᠡᠭᠡ ᠬᠤᠷᠠᠯ ᠤᠨ ᠵᠣᠷᠢᠭ ᠰᠠᠭᠠᠭ᠎ᠠ ᠶᠢ ᠭᠦᠨᠵᠡᠭᠡᠢ ᠨᠠᠶᠢᠳᠠᠪᠣᠷᠢᠵᠢᠭᠤᠯᠵᠤ᠂ ᠬᠠᠤᠯᠢ ᠴᠠᠭᠠᠵᠠ ᠶᠢᠨ ᠰᠢᠰᠲ᠋ᠧᠮ ᠢ ᠭᠦᠨᠵᠡᠭᠡᠢ ᠦᠭᠡᠷᠴᠢᠯᠡᠯᠲᠡ ᠬᠢᠵᠦ᠂ ᠡᠩᠬᠡ ᠲᠠᠶᠢᠪᠦᠩ ᠳ᠋ᠦᠩ ᠾᠧ ᠶᠢ ᠢᠳᠡᠪᠬᠢᠲᠠᠢ ᠪᠠᠷ ᠲᠦᠯᠬᠢᠨ ᠠᠬᠢᠭᠤᠯᠵᠦ᠂ ᠬᠠᠤᠯᠢ ᠴᠠᠭᠠᠵᠠ ᠪᠠᠷ ᠳ᠋ᠦᠩ ᠾᠧ ᠶᠢ ᠵᠠᠰᠠᠬᠤ ᠶᠢ ᠪᠠᠶᠢᠭᠤᠯᠬᠤ ᠴᠢᠬᠤᠯᠠ ᠢᠯᠡᠷᠡᠯ ᠪᠣᠯᠣᠨ᠎ᠠ᠂ ᠨᠠᠮ ᠪᠠ ᠵᠠᠰᠠᠭ ᠤᠨ ᠣᠷᠳᠦᠨ ᠦᠷᠭᠡᠨ ᠣᠯᠡᠨ ᠬᠠᠤᠯᠢ ᠴᠠᠭᠠᠵᠠ ᠶᠢᠨ ᠨᠡᠶᠢᠭᠡᠮᠯᠢᠭ ᠲᠠᠢ ᠬᠠᠷᠢᠯᠴᠠᠵᠤ᠂ ᠬᠠᠤᠯᠢ ᠴᠠᠭᠠᠵᠠ ᠶᠢᠨ ᠠᠵᠢᠯᠳᠡᠨ ᠤ ᠬᠦᠭᠦᠷᠭᠡ ᠪᠠ ᠬᠤᠯᠪᠤᠭᠠᠰᠤ ᠪᠣᠯᠵᠦ᠂ ᠡᠨᠡ ᠨᠢ ᠮᠠᠨ ᠤ ᠲᠣᠭᠤᠷᠢᠭ ᠤᠨ ᠬᠠᠤᠯᠢ ᠪᠠᠷ ᠲᠣᠭᠤᠷᠢᠭ ᠢ ᠵᠠᠰᠠᠵᠦ᠂ ᠡᠩᠬᠡ ᠲᠠᠶᠢᠪᠦᠩ ᠳ᠋ᠦᠩ ᠾᠧ ᠶᠢ ᠪᠠᠶᠢᠭᠤᠯᠬᠤ ᠳᠤ ᠢᠳᠡᠪᠬᠢ ᠦᠢᠯᠡᠳᠦᠯ ᠢ ᠪᠠᠳᠠᠷᠠᠭᠤᠯᠵᠤ᠂ ᠮᠠᠨ ᠤ ᠲᠣᠭᠤᠷᠢᠭ ᠤᠨ ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢ ᠪᠠᠶᠢᠭᠤᠯᠬᠤ ᠶᠢ ᠲᠠᠬᠢᠨ ᠰᠢᠨ᠎ᠡ ᠨᠢᠭᠡᠨ ᠱᠠᠳᠦᠨ ᠳᠤ ᠭᠠᠷᠬᠤ ᠶᠢ ᠲᠦᠯᠬᠢᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1