ᠰᠢᠨᠬᠤᠧᠠ ᠬᠤᠷᠢᠶ᠎ᠠ ᠪᠡᠬᠡᠵᠢᠩ ᠤᠨ 7 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ᠳᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠤᠯᠭᠠᠷᠢᠶ᠎ᠠ ᠳᠠᠬᠢ ᠠᠯᠪᠠᠨ ᠶᠤᠰᠤᠨ ᠤ ᠠᠶᠢᠯᠴᠢᠯᠠᠯ | ᠬᠢᠬᠡᠳ ᠳᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ - ᠳᠤᠮᠳᠠ ᠵᠡᠬᠦᠨ ᠡᠧᠦ᠋ᠷᠦᠫᠠ ᠶᠢᠨ ᠤᠯᠤᠰ ᠤᠳ ᠤᠨ | ᠤᠳᠤᠷᠢᠳᠬᠤ ᠬᠦᠮᠦᠰ ᠤᠨ ᠠᠭᠤᠯᠵᠠᠯᠳᠠ ᠶᠢᠨ ᠠᠷᠭ᠎ᠠ ᠬᠡᠮᠵᠢᠶ᠎ᠡ᠂ ᠭᠧᠷᠮᠠᠨ ᠳᠠᠬᠢ ᠠᠯᠪᠠᠨ ᠶᠤᠰᠤᠨ ᠤ ᠠᠶᠢᠯᠴᠢᠯᠠᠯ | ᠬᠢᠬᠡᠳ ᠳᠠᠪᠤᠳᠡᠬᠢ ᠡᠬᠡᠯᠵᠢ ᠶᠢᠨ ᠳᠤᠮᠳᠠᠳᠤ ᠭᠧᠷᠮᠠᠨ ᠤ ᠵᠠᠰᠠᠭ ᠤᠨ ᠭᠠᠵᠠᠷ ᠤᠨ ᠵᠦᠪᠳᠡᠯᠴᠡᠬᠡᠷ ᠵᠡᠷᠬᠡ ᠠᠷᠭ᠎ᠠ | ᠬᠡᠮᠵᠢᠶ᠎ᠡ ᠨᠦᠭᠦᠳ ᠲᠤ ᠤᠷᠤᠯᠴᠠᠭᠰᠠᠨ ᠤ ᠳᠠᠷᠠᠭ᠎ᠠ᠂ 7 ᠰᠠᠷ᠎ᠠ ᠶᠢᠨ 11 ᠤ ᠡᠳᠦᠷ ᠤᠨ ᠦᠳᠡ ᠠᠴᠠ ᠡᠮᠦᠨ᠎ᠡ | ᠳᠤᠰᠬᠠᠢ ᠨᠢᠰᠬᠦ ᠤᠩᠭᠤᠴᠠ ᠪᠠᠷ ᠪᠡᠬᠡᠵᠢᠩ ᠳᠤ ᠪᠤᠴᠠᠵᠤ ᠢᠷᠡᠪᠡ᠃ | ᠪᠠᠷ᠎ᠠ ᠪᠤᠯᠵᠤ ᠬᠠᠮᠳᠤ ᠠᠶᠢᠯᠴᠢᠯᠠᠭᠰᠠᠨ ᠯᠢ ᠺᠧ ᠴᠢᠶᠠᠩ ᠤᠨ ᠬᠠᠳᠤᠨ ᠴᠧᠩ ᠬᠤᠩ ᠪᠤᠯᠤᠨ ᠳᠦᠷᠦ ᠶᠢᠨ | ᠶᠠᠪᠤᠳᠠᠯ ᠤᠨ ᠬᠡᠰᠢᠬᠦᠨ ᠪᠦᠬᠡᠳ ᠳᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠤᠤ | ᠵᠢᠶᠧ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ᠂ ᠤᠯᠤᠰ ᠤᠨ | ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠡᠾᠧ ᠯᠢ ᠹᠧᠩ ᠨᠠᠷ ᠮᠦᠨ ᠡᠨᠡᠬᠦ ᠳᠤᠰᠬᠠᠢ | ᠨᠢᠰᠬᠦ ᠤᠩᠭᠤᠴᠠᠨ ᠳᠤ ᠰᠠᠭᠤᠵᠤ ᠪᠡᠬᠡᠵᠢᠩ ᠳᠤ ᠪᠤᠴᠠᠵᠤ ᠢᠷᠡᠵᠡᠢ᠃ | ᠪᠧᠷᠯᠢᠨ ᠠᠴᠠ ᠠᠶᠠᠷᠯᠠᠬᠤ ᠦᠶ᠎ᠡ ᠳᠤ ᠭᠧᠷᠮᠠᠨ ᠤ ᠵᠠᠰᠠᠭ ᠤᠨ ᠭᠠᠵᠠᠷ ᠤᠨ ᠳᠦᠯᠦᠬᠡᠯᠡᠬᠦ ᠬᠦᠮᠦᠰ ᠬᠢᠬᠡᠳ | ᠳᠤᠮᠳᠠᠳᠤ ᠤᠯᠤᠰ ᠠᠴᠠ ᠭᠧᠷᠮᠠᠨ ᠳᠤ ᠰᠠᠭᠤᠭ᠎ᠠ ᠡᠯᠴᠢᠨ ᠰᠠᠶᠢᠳ ᠱᠢ ᠮᠢᠩ ᠳ᠋ᠧ ᠨᠠᠷ ᠤᠩᠭᠤᠴᠠᠨ ᠤ ᠪᠠᠭᠤᠳᠠᠯ ᠳᠤ | ᠬᠦᠷᠬᠡᠭᠰᠡᠨ ᠪᠠᠶᠢᠨ᠎ᠠ᠃ |