ᠰᠤᠷᠪᠤᠯᠵᠢᠯᠠᠬᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠬ ᠠᠭᠤᠷ ᠤᠨ | ᠲᠤᠪᠴᠢᠶ᠎ᠠ ᠠᠴᠠ ᠤᠶᠢᠯᠠᠭᠠᠬᠰᠠᠨ ᠢᠶᠠᠷ᠂ 7 ᠰᠠᠷ᠎ᠠ ᠳᠤ ᠦᠪᠦᠷ ᠮᠤᠩᠭᠤᠯ ᠳᠤ ᠨᠡᠯᠢᠶᠡᠳ ᠬᠡᠳᠦ ᠤᠳᠠᠭ᠎ᠠ ᠪᠤᠷᠤᠭᠠᠨ | ᠤᠷᠤᠵᠦ᠂ ᠵᠠᠷᠢᠮ ᠪᠦᠰᠡ ᠨᠤᠲᠤᠬ ᠲᠤ ᠰᠢᠷᠦᠭᠦᠨ ᠪᠤᠷᠤᠭᠠᠨ ᠤᠷᠤᠬᠰᠠᠨ ᠠᠴᠠ ᠪᠤᠯᠵᠦ ᠦᠶᠡᠷ ᠤᠰᠤᠳᠤᠯ ᠵᠡᠷᠭᠡ | ᠭᠠᠮᠰᠢᠬ ᠭᠠᠷᠴᠠᠢ᠃ | 10 ᠤ ᠡᠳᠦᠷ ᠠᠴᠠ 12 ᠤᠨ ᠡᠳᠦᠷ ᠪᠤᠯᠲᠠᠯ᠎ᠠ᠂ ᠦᠪᠦᠷ ᠮᠤᠩᠭᠤᠯ ᠤᠨ ᠵᠠᠷᠢᠮ ᠪᠦᠰᠡ ᠨᠤᠲᠤᠬ ᠲᠤ | ᠪᠠᠭ᠎ᠠ ᠪᠤᠷᠤᠭᠠᠨ ᠪᠤᠶᠤ ᠠᠶᠤᠩᠭ᠎ᠠ ᠲᠠᠢ ᠵᠦᠰᠡᠷ ᠪᠤᠷᠤᠭᠠᠨ ᠤᠷᠤᠵᠠᠢ᠃ ᠤᠷᠳᠤᠰ ᠬᠤᠲᠠ ᠶᠢᠨ ᠡᠮᠦᠨ᠎ᠡ ᠪᠦᠰᠡ | ᠬᠢᠭᠡᠳ ᠵᠡᠭᠦᠨ ᠪᠦᠰᠡ᠂ ᠪᠤᠭᠤᠲᠤ ᠬᠤᠲᠠ ᠶᠢᠨ ᠡᠮᠦᠨ᠎ᠡ ᠪᠦᠰᠡ᠂ ᠬᠦᠬᠡᠬᠤᠲᠠ᠂ ᠤᠯᠠᠭᠠᠨᠴᠠᠪ ᠬᠤᠲᠠ ᠶᠢᠨ | ᠳᠤᠮᠳᠠ ᠡᠮᠦᠨ᠎ᠡ ᠪᠦᠰᠡ᠂ ᠰᠢᠯᠢ ᠶᠢᠨ ᠭᠤᠤᠯ ᠠᠶᠢᠮᠠᠬ ᠤᠨ ᠪᠠᠷᠠᠭᠤᠨ ᠡᠮᠦᠨ᠎ᠡ ᠪᠦᠰᠡ᠂ ᠬᠦᠯᠦᠨ ᠪᠤᠶᠢᠷ | ᠬᠤᠲᠠ ᠶᠢᠨ ᠬᠤᠶᠢᠲᠤ ᠪᠦᠰᠡ ᠳᠤ ᠳᠤᠮᠳᠠ ᠵᠡᠷᠭᠡ ᠶᠢᠨ ᠪᠤᠷᠤᠭᠠᠨ ᠲᠠᠢ᠃ ᠤᠷᠳᠤᠰ ᠬᠤᠲᠠ ᠶᠢᠨ ᠵᠡᠭᠦᠨ ᠪᠦᠰᠡ᠂ | ᠬᠦᠬᠡᠬᠤᠲᠠ ᠶᠢᠨ ᠳᠤᠮᠳᠠ ᠬᠢᠭᠡᠳ ᠡᠮᠦᠨ᠎ᠡ ᠪᠦᠰᠡ ᠳᠤ ᠶᠡᠭᠡ ᠪᠤᠷᠤᠭᠠᠨ ᠤᠷᠤᠵᠦ ᠵᠠᠷᠢᠮ ᠬᠡᠰᠡᠭ ᠲᠤᠨᠢ ᠠᠭᠠᠳᠠᠷ | ᠪᠤᠷᠤᠭᠠᠨ ᠴᠢᠳᠬᠤᠯᠠᠨ᠂ ᠲᠤᠬᠰᠢᠨ ᠪᠤᠷᠤᠭᠠᠨ᠂ ᠰᠢᠷᠦᠬᠦᠨ ᠰᠠᠯᠬᠢ᠂ ᠠᠶᠤᠩᠭ᠋᠎ᠠ ᠴᠠᠬᠢᠯᠭᠠᠨ᠂ ᠮᠦᠨᠳᠦᠷ ᠵᠡᠷᠭᠡᠪᠡᠷ | ᠡᠭᠦᠰᠦᠭᠰᠡᠨ ᠰᠤᠯᠢᠬ ᠤᠷᠤᠰᠬᠠᠯᠲᠤ ᠴᠠᠬ ᠠᠭᠠᠷ ᠢᠯᠡᠷᠡᠵᠡᠢ᠃ 10 ᠠᠴᠠ 14 ᠤ ᠡᠳᠦᠷ ᠪᠤᠯᠲᠠᠯ᠎ᠠ᠂ ᠤᠷᠳᠤᠰ | ᠬᠤᠲᠠ ᠶᠢᠨ ᠶᠡᠬᠡᠩᠬᠢ ᠪᠦᠰᠡ᠂ ᠪᠤᠭᠤᠲᠤ ᠬᠤᠲᠠ ᠶᠢᠨ ᠡᠮᠦᠨ᠎ᠡ ᠪᠦᠰᠡ᠂ ᠬᠦᠬᠡᠬᠤᠲᠠ᠂ ᠤᠯᠠᠭᠠᠨᠴᠠᠪ ᠤᠨ | ᠶᠡᠬᠡᠩᠬᠢ ᠪᠦᠰᠡ᠂ ᠤᠯᠠᠭᠠᠨᠬᠠᠳᠠ ᠬᠤᠲᠠ ᠶᠢᠨ ᠡᠮᠦᠨ᠎ᠡ ᠪᠦᠰᠡ᠂ ᠲᠦᠩᠯᠢᠶᠤᠤ ᠬᠤᠲᠠ ᠶᠢᠨ ᠡᠮᠦᠨ᠎ᠡ ᠪᠦᠰᠡ᠂ | ᠬᠢᠩᠬᠠᠨ ᠠᠶᠢᠮᠠᠬ ᠤᠨ ᠵᠡᠭᠦᠨ ᠬᠤᠶᠢᠲᠤ ᠪᠦᠰᠡ᠂ ᠬᠦᠯᠦᠨ ᠪᠤᠶᠢᠷ ᠬᠤᠲᠠ ᠶᠢᠨ ᠶᠡᠬᠡᠩᠬᠢ ᠪᠦᠰᠡ ᠶᠢᠨ ᠬᠤᠷ᠎ᠠ | ᠲᠤᠨᠳᠠᠰᠤᠨ ᠤ ᠬᠡᠮᠵᠢᠶ᠎ᠡ ᠨᠡᠶᠢᠯᠡᠭᠡᠳ 10 - 24.9 ᠮᠢᠯᠢᠮᠤᠲᠷ ᠲᠤ ᠬᠦᠷᠴᠦ᠂ ᠤᠷᠳᠤᠰ ᠬᠤᠲᠠ ᠶᠢᠨ ᠵᠡᠭᠦᠨ | ᠪᠦᠰᠡ᠂ ᠪᠤᠭᠤᠲᠤ ᠬᠤᠲᠠ ᠶᠢᠨ ᠵᠡᠭᠦᠨ ᠡᠮᠦᠨ᠎ᠡ ᠪᠦᠰᠡ᠂ ᠬᠦᠬᠡᠬᠤᠲᠠ ᠶᠢᠨ ᠳᠤᠮᠳᠠ ᠡᠮᠦᠨ᠎ᠡ ᠪᠦᠰᠡ᠂ | ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠪᠦᠰᠡ᠂ ᠲᠦᠩᠯᠢᠶᠤᠤ ᠬᠤᠲᠠ ᠶᠢᠨ ᠵᠡᠭᠦᠨ ᠡᠮᠦᠨ᠎ᠡ ᠪᠦᠰᠡ᠂ | ᠬᠦᠯᠦᠨ ᠪᠤᠶᠢᠷ ᠬᠤᠲᠠ ᠶᠢᠨ ᠪᠠᠷᠠᠭᠤᠨ ᠬᠤᠶᠢᠲᠤ ᠪᠦᠰᠡ ᠶᠢᠨ ᠬᠤᠷ᠎ᠠ ᠲᠤᠨᠳᠠᠰᠤᠨ ᠤ ᠬᠡᠮᠵᠢᠶ᠎ᠡ ᠨᠡᠶᠢᠯᠡᠭᠡᠳ 25 - | 49.9 ᠮᠢᠯᠢᠮᠤᠲᠷ ᠲᠤ ᠬᠦᠷᠴᠦ᠂ ᠵᠠᠷᠢᠮ ᠬᠡᠰᠡᠭ ᠤᠨ ᠬᠢᠨ ᠬᠤᠷ᠎ᠠ ᠲᠤᠨᠳᠠᠰᠤᠨ ᠤ ᠬᠡᠮᠵᠢᠶ᠎ᠡ ᠨᠡᠶᠢᠯᠡᠭᠡᠳ 50 | ᠮᠢᠯᠢᠮᠤᠲᠷ ᠠᠴᠠ ᠳᠠᠪᠠᠨ᠎ᠠ᠃ | ᠴᠠᠬ ᠠᠭᠤᠷ ᠤᠨ ᠲᠤᠪᠴᠢᠶ᠎ᠠ ᠠᠴᠠ ᠡᠯ᠎ᠡ ᠨᠤᠲᠤᠬ ᠤᠨ ᠬᠢᠨ ᠪᠤᠷᠤᠭᠠᠨ ᠤ ᠨᠦᠯᠦᠭᠡᠯᠡᠯ ᠢ ᠠᠩᠬᠠᠷᠤᠯ ᠳᠠᠭᠠᠨ | ᠠᠪᠴᠤ᠂ ᠢᠯᠠᠩᠬᠤᠶᠠ ᠠᠭᠤᠯᠠ ᠬᠠᠪᠢ ᠶᠢᠨ ᠤᠷᠤᠨ ᠪᠦᠰᠡ ᠨᠦᠭᠦᠳ ᠰᠢᠷᠦᠭᠦᠨ ᠪᠤᠷᠤᠭᠠᠨ ᠠᠴᠠ ᠡᠭᠦᠰᠬᠦ | ᠠᠭᠤᠯᠠᠨ ᠤ ᠦᠶᠡᠷ᠂ ᠭᠸᠤᠯᠤᠬᠢ ᠶᠢᠨ ᠭᠠᠮᠰᠢᠬ ᠠᠴᠠ ᠰᠡᠷᠭᠡᠶᠢᠯᠡᠭᠡᠷᠡᠢ ᠭᠡᠵᠦ ᠰᠠᠨᠠᠭᠤᠯᠵᠦ ᠪᠤᠢ᠃ |