7 ᠰᠠᠷ᠎ᠠ ᠶᠢᠨ 6 ᠤ ᠡᠳᠦᠷ ᠤᠨ ᠦᠳᠡ ᠶᠢᠨ ᠡᠮᠣᠨ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ | ᠯᠢ ᠱᠢ ᠮᠢᠩ᠂ ᠳ᠋ᠦᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠨᠵᠡᠭᠡᠶᠢᠷᠡᠵᠦ ᠪᠠᠶᠢᠴᠠᠭᠠᠨ | ᠰᠣᠳᠤᠯᠤᠯᠳᠠ ᠬᠢᠪᠡ᠂ ᠵᠡᠭᠡᠯᠢ ᠭᠤᠳᠤᠮᠵᠢ ᠶᠢᠨ ᠶᠠᠷᠤᠩᠬᠢ ᠪᠠᠶᠢᠳᠡᠯ ᠢ ᠣᠶᠢᠯᠠᠭᠠᠵᠦ᠂ ᠵᠢᠴᠢ ᠪᠣᠳᠠᠲᠠᠢ ᠭᠠᠵᠠᠷ ᠲᠤ | ᠨᠢ ᠬᠦᠷᠴᠦ ᠲᠠᠯ᠎ᠠ ᠨᠣᠳᠤᠭ ᠤᠨ ᠴᠡᠩᠬᠡᠷ ᠠᠭᠤᠯᠠ ᠨᠡᠶᠢᠭᠡᠮ ᠲᠣᠭᠤᠷᠢᠭ ᠤᠨ ᠦᠨᠳᠤᠰᠦᠨ ᠱᠠᠳᠦᠨ ᠤ ᠨᠠᠮ ᠤᠨ | ᠪᠠᠶᠢᠭᠤᠯᠤᠯᠳᠠ᠂ ᠨᠡᠶᠢᠭᠡᠮ ᠤᠨ ᠶᠠᠪᠣᠳᠡᠯ ᠤᠨ ᠦᠢᠯᠡᠴᠢᠯᠡᠭᠡ ᠵᠡᠷᠭᠡ ᠠᠵᠢᠯ ᠤᠨ ᠦᠷᠨᠢᠭᠦᠯᠬᠦ ᠪᠠᠶᠢᠳᠡᠯ ᠢ ᠪᠣᠳᠠᠲᠠᠢ | ᠭᠠᠵᠠᠷ ᠲᠤ ᠨᠢ ᠬᠦᠷᠴᠦ ᠦᠵᠡᠭᠰᠡᠨ ᠪᠠᠶᠢᠨ᠎ᠠ᠃ | | ᠯᠢ ᠱᠢ ᠮᠢᠩ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠯᠠᠮ ᠨᠢᠭᠡ ᠠᠯᠬᠤᠮ | ᠣᠯᠣᠰ ᠲᠥᠷᠦ ᠶᠢᠨ ᠵᠣᠭᠰᠤᠴᠠ ᠪᠠᠨ ᠲᠡᠭᠡᠭᠰᠢᠯᠠᠭᠦᠯᠵᠦ᠂《 ᠲᠦᠷᠪᠡᠨ ᠣᠬᠠᠮᠰᠠᠷ》 ᠢ ᠪᠠᠲᠦ ᠪᠣᠰᠬᠠᠵᠦ᠂ | ᠬᠤᠲᠠ ᠶᠢᠨ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠶᠢ ᠭᠦᠨᠵᠡᠭᠡᠢ ᠦᠢᠯᠠᠭᠠᠵᠦ᠂ ᠨᠡᠶᠢᠭᠡᠮ ᠤᠨ ᠵᠠᠰᠠᠯᠲᠠ ᠶᠢᠨ | ᠰᠢᠨ᠎ᠡ ᠢ ᠡᠭᠦᠳᠬᠦ ᠴᠢᠬᠤᠯᠠ ᠤᠳᠬ᠎ᠠ ᠠᠭᠤᠯᠭ᠎ᠠ ᠶᠢ ᠲᠦᠯᠬᠢᠨ ᠠᠬᠢᠭᠤᠯᠵᠦ᠂ ᠢᠳᠡᠪᠬᠢᠲᠠᠢ ᠪᠠᠷ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ᠪᠠ ᠬᠠᠷᠢᠶᠠᠲᠦ ᠣᠷᠣᠨ ᠤ ᠪᠠᠶᠢᠭᠤᠯᠤᠯᠭ᠎ᠠ ᠶᠢ ᠬᠠᠮᠲᠦ ᠪᠠᠷ ᠪᠠᠶᠢᠭᠤᠯᠬᠤ ᠶᠢ ᠵᠣᠬᠢᠶᠠᠨ | ᠪᠠᠶᠢᠭᠤᠯᠬᠤ ᠬᠦᠳᠡᠯᠭᠡᠭᠡᠨ ᠬᠠᠮᠲᠦ ᠪᠠᠷ ᠬᠤᠯᠪᠣᠵᠦ᠂ ᠡᠬᠢ ᠪᠠᠶᠠᠯᠢᠭ ᠢ ᠬᠠᠮᠲᠦ ᠪᠠᠷ ᠡᠳᠡᠯᠵᠦ᠂ ᠦᠨᠡᠨ ᠪᠣᠲᠠᠲᠠᠢ ᠪᠠᠷ | ᠠᠵᠢᠯ ᠢᠶᠠᠨ ᠨᠠᠷᠢᠨ ᠪᠠᠷᠢᠵᠦ᠂ ᠰᠠᠶᠢᠨ ᠪᠠᠷᠢᠵᠦ᠂ ᠦᠷ᠎ᠡ ᠪᠦᠳᠦᠭᠡᠮᠵᠢ ᠶᠢ ᠪᠠᠷᠢᠬᠤ ᠭᠡᠷᠩᠲᠠᠢ᠃ ᠣᠪᠤᠷ ᠰᠣᠷᠳᠡᠯ ᠢ | ᠪᠦᠳᠦᠭᠡᠨ ᠪᠠᠶᠢᠭᠤᠯᠬᠤ ᠵᠢᠯ ᠤᠨ ᠬᠦᠳᠡᠯᠭᠡᠭᠡᠨ ᠢ ᠦᠷᠨᠢᠭᠦᠯᠬᠦ ᠪᠠᠷ ᠲᠣᠬᠢᠶᠠᠯ ᠪᠣᠯᠭᠠᠵᠦ᠂ ᠶᠡᠭᠡ ᠬᠦᠴᠦᠨ ᠢᠶᠠᠷ | ᠬᠤᠳᠠᠯᠳᠤᠭ᠎ᠠ ᠡᠷᠬᠢᠯᠡᠬᠦ ᠪᠠ ᠤᠯᠠᠨ ᠲᠦᠮᠡᠨ ᠳᠤ ᠦᠢᠯᠡᠴᠢᠯᠡᠬᠦ ᠣᠷᠴᠢᠨ ᠢ ᠰᠢᠯᠢᠳᠡᠭᠵᠢᠭᠦᠯᠵᠦ᠂ ᠦᠨᠡᠨ ᠪᠣᠳᠠᠲᠠᠢ | ᠪᠠᠶᠢᠳᠡᠯ ᠲᠠᠢ ᠨᠢᠭᠲᠠ ᠠᠪᠴᠠᠯᠳᠤᠵᠤ᠂ ᠤᠯᠠᠮ ᠨᠢᠭᠡ ᠠᠯᠬᠤᠮ ᠠᠵᠢᠯ ᠭᠦᠢᠴᠡᠳᠭᠡᠬᠦ ᠲᠡᠰ ᠲᠠᠷᠠᠭ᠎ᠠ ᠪᠠ | ᠦᠢᠯᠡᠴᠢᠯᠡᠬᠦ ᠪᠠᠷᠢᠮᠵᠢᠶ᠎ᠠ ᠶᠢ ᠲᠦᠷᠢᠮᠵᠢᠭᠦᠯᠵᠦ᠂ ᠵᠠᠰᠠᠭ ᠤᠨ ᠶᠠᠪᠣᠲᠠᠯ ᠤᠨ ᠦᠢᠯᠡᠴᠢᠯᠡᠭᠡ ᠶᠢᠨ ᠬᠠᠮᠤᠭ ᠰᠡᠭᠦᠯ ᠤᠨ | 1 ᠺᠢᠯᠣᠮᠧᠲᠷ ᠢ ᠨᠡᠪᠲᠡᠯᠵᠦ᠂ ᠠᠵᠦ ᠠᠬᠤᠶᠢᠯᠡᠯ᠂ ᠠᠷᠡᠳ ᠲᠦᠮᠡᠨ ᠠᠵᠢᠯ ᠬᠦᠢᠴᠡᠳᠭᠡᠬᠦ ᠳᠤ ᠤᠯᠠᠮ ᠰᠡᠳᠭᠡᠯ | ᠲᠡᠨᠢᠭᠦᠨ᠂ ᠤᠯᠠᠮ ᠲᠦᠭᠦᠮ ᠪᠣᠯᠭᠠᠬᠤ ᠭᠡᠷᠩᠲᠠᠢ᠂ ᠨᠡᠶᠢᠭᠡᠮ ᠲᠣᠭᠤᠷᠢᠭ ᠤᠨ ᠬᠤᠶᠠᠷ ᠵᠦᠪᠯᠡᠯ ᠤᠨ ᠬᠤᠭᠤᠴᠠᠭ᠎ᠠ | ᠰᠣᠯᠢᠬᠤ ᠰᠣᠩᠭᠤᠯᠢ ᠶᠢ ᠨᠢᠭᠡᠲᠦᠯᠲᠠᠢ ᠲᠦᠯᠤᠪᠯᠡᠵᠦ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠰᠠᠯᠲᠠ᠂ ᠨᠡᠶᠢᠭᠡᠮ ᠤᠨ ᠵᠦᠷᠢᠴᠡᠯ ᠢ ᠬᠢᠨᠡᠨ ᠪᠠᠶᠢᠴᠠᠭᠠᠵᠤ᠂ | ᠵᠦᠷᠢᠴᠡᠯ ᠢ ᠰᠢᠢᠳᠪᠤᠷᠢᠯᠡᠬᠤ ᠵᠡᠷᠭᠡ ᠠᠵᠢᠯ ᠢ ᠰᠠᠶᠢᠨ ᠬᠢᠵᠦ᠂ ᠦᠨᠳᠦᠰᠦᠨ ᠱᠠᠳᠦᠨ ᠤ ᠦᠨᠳᠦᠰᠤᠨ ᠠᠵᠢᠯ ᠢ | ᠪᠣᠳᠠᠲᠠᠢ ᠰᠠᠶᠢᠨ ᠬᠢᠵᠦ᠂ ᠬᠠᠷᠢᠶᠠᠲᠦ ᠣᠷᠤᠨ ᠤ ᠠᠷᠡᠳ ᠲᠦᠮᠡᠨ ᠤ ᠠᠮᠢᠳᠤᠷᠠᠯ ᠵᠣᠯ ᠵᠢᠷᠭᠠᠯ ᠲᠠᠢ ᠤᠯᠠᠮ ᠰᠠᠶᠢᠨ | ᠰᠠᠶᠢᠬᠠᠨ ᠪᠣᠯᠭᠠᠬᠤ ᠭᠡᠷᠩᠲᠠᠢ᠃ | | | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠣᠯᠣᠰ ᠲᠥᠷᠥ ᠬᠠᠣᠯᠢ ᠴᠠᠭᠠᠵᠠ ᠶᠢᠨ | ᠵᠦᠪᠯᠡᠯ ᠤᠨ ᠱᠦᠵᠢ ᠯᠢᠶᠠᠩ ᠷᠦᠨ ᠱᠤᠸᠠᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ | ᠠᠯᠪᠡᠨ ᠭᠡᠷ ᠤᠨ ᠡᠷᠬᠢᠯᠡᠭᠴᠢ ᠸᠠᠩ ᠯᠢᠨ ᠹᠦ᠋ ᠬᠠᠮᠲᠦ ᠪᠠᠷ ᠪᠠᠶᠢᠴᠠᠭᠠᠨ ᠰᠣᠳᠣᠯᠣᠯᠳᠠ ᠬᠢᠪᠡ᠃ |