ᠰᠢ ᠶᠢᠨ ᠫᠢᠩ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠦᠭᠴᠠᠢ
ᠨᠡᠶᠢᠲᠡᠯᠡᠭᠰᠡᠨ ᠴᠠᠭ᠄
2018-07-16
     ᠰᠢᠨᠬᠤᠧᠠ ᠬᠤᠷᠢᠶ᠎ᠠ ᠪᠡᠭᠡᠵᠢᠩ ᠤᠨ 7 ᠰᠠᠷ᠎ᠠ ᠶᠢᠨ 12᠎ ᠤᠨ ᠡᠳᠦᠷ ᠤᠨ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠦᠭᠴᠦ᠂ ᠲᠦᠪ ᠤᠨ ᠪᠠ ᠲᠦᠷᠦ ᠶᠢᠨ ᠪᠠᠶᠢᠭᠤᠯᠭ᠎ᠠ ᠪᠤᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠮᠦᠨ᠂ ᠡᠷᠬᠡᠪᠰᠢ ᠲᠤᠭ ᠲᠡᠮᠳᠡᠭ ᠲᠤᠲᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠦᠬᠦᠷᠡᠰᠢ ᠦᠭᠡᠢ ᠠᠬᠢᠭᠤᠯᠬᠤ ᠬᠡᠷᠡᠭᠲᠡᠢ᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠭᠡᠰᠢᠭᠦᠨ ᠺᠠᠳ᠋ᠷ ︽ᠳᠦᠷᠪᠡᠨ ᠤᠬᠠᠮᠰᠠᠷ︾᠎ ᠢ ᠪᠠᠲᠤ ᠪᠤᠢ ᠪᠤᠯᠭᠠᠨ ᠂ ︽ᠳᠦᠷᠪᠡᠨ ᠢᠲᠡᠭᠡᠯ︾᠎ ᠢᠶᠠᠨ ᠪᠠᠲᠤᠳᠬᠠᠵᠦ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠲᠦᠷᠦᠬᠦᠯᠡᠨ ᠬᠠᠮᠠᠭᠠᠯᠠᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠠᠯ᠎ᠠ ᠪᠠᠷ ᠳᠠᠭᠤᠷᠢᠶᠠᠯ ᠪᠤᠯᠵᠤ᠂ ᠢᠮᠠᠬᠲᠠ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠲᠦᠯᠲᠡᠢ ᠪᠠᠶᠢᠬᠤ ᠶᠢ ᠪᠠᠷᠢᠮᠲᠠᠯᠠᠬᠤ ᠳᠠᠯ᠎ᠠ ᠪᠠᠷ ᠳᠠᠭᠤᠷᠢᠶᠠᠯ ᠪᠤᠯᠵᠤ᠂ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠠᠯ᠎ᠠ ᠪᠠᠷ ᠳᠠᠭᠤᠷᠢᠶᠠᠯ ᠪᠤᠯᠵᠤ᠂ ᠨᠠᠮ ᠤᠨ ᠲᠦᠪ ᠬᠤᠷᠢᠶ᠎ᠠ ᠢᠲᠡᠭᠡᠯ ᠲᠠᠢ᠂ ᠤᠯᠠᠨ ᠲᠦᠮᠡᠨ ᠲᠠᠭᠠᠰᠢᠶᠠᠯ ᠲᠠᠢ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠬᠢᠨ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠠᠵᠢᠯ ᠢ ᠨᠢᠭᠡᠲᠦᠯᠲᠡᠢ ᠤᠳᠤᠷᠢᠳᠬᠤ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠶᠠᠮᠤᠨ ᠵᠦᠪᠯᠡᠯ ᠤᠨ ᠨᠠᠮ ᠤᠨ ᠤᠳᠤᠷᠢᠳᠬᠤ ᠲᠤᠭᠤᠢᠢᠯᠠᠩ ︵ᠨᠠᠮ ᠤᠨ ᠬᠤᠷᠢᠶ᠎ᠠ ︶᠎ ᠢ ᠵᠢᠯᠤᠭᠤᠳᠤᠨ ᠱᠠᠯᠠᠪᠳᠠᠭᠤᠯᠵᠦ ᠪᠠᠶᠢᠭᠠᠳ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠠ ᠵᠦᠢᠯ ᠤᠨ ᠠᠷᠭ᠎ᠠ ᠬᠡᠮᠵᠢᠶ᠎ᠠ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠤᠯᠤᠨ ᠡᠯ᠎ᠠ ᠵᠦᠢᠯ ᠤᠨ ᠠᠵᠢᠯ ᠦᠢᠯᠡᠰ ᠤᠨ ᠰᠢᠨ᠎ᠠ ᠪᠠᠶᠢᠳᠠᠯ ᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃      ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠳᠡ ᠶᠢ ᠠᠬᠢᠭᠤᠯᠬᠤ ᠬᠤᠷᠠᠯ 12᠎ ᠤᠨ ᠡᠳᠤᠷ ᠪᠡᠭᠡᠵᠢᠩ ᠳᠤ ᠬᠤᠷᠠᠯᠳᠤᠵᠠᠢ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠡᠨ ᠤ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ᠳ᠋ᠢᠩ ᠰᠢᠤᠧᠠᠢ ᠰᠢᠶᠠᠩ ᠬᠤᠷᠠᠯ ᠳᠡᠭᠡᠷ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠵᠢᠭᠠᠪᠦᠷᠢ ᠶᠢ ᠤᠯᠠᠮᠵᠢᠯᠠᠬᠰᠡᠨ ᠪᠦᠭᠡᠳ ᠶᠠᠷᠢᠶ᠎ᠠ ᠲᠡᠯᠪᠢᠪᠡ᠃      ᠬᠤᠷᠠᠯ ᠠᠴᠠ᠂ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠡᠯ᠎ᠠ ᠨᠢᠭᠡᠴᠡ ᠶᠢᠨ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠡ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠲᠦᠷᠦᠭᠦᠯᠡᠨ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠡᠨ ᠤ ᠡᠷᠭᠡ ᠰᠦᠷ ᠪᠡ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠡ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ︽ᠭᠤᠷᠪᠡᠨ ᠲᠠᠭᠤᠷᠢᠶᠠᠯ ᠪᠤᠯᠬᠤ︾ ᠠᠵᠢᠯ ᠢ ᠰᠠᠶᠢᠳᠤᠷ ᠬᠢᠵᠤ᠂ ︽ᠵᠢᠱᠢᠶᠡᠴᠢ ᠪᠠᠶᠢᠭᠤᠯᠭ᠎ᠠ︾᠎ ᠶᠢ ᠪᠠᠶᠢᠭᠤᠯᠬᠤ ᠭᠡᠷᠡᠭᠲᠠᠢ᠃ ᠤᠯᠤᠰ ᠲᠦᠷᠦ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠢᠯᠡᠷᠡᠭᠦᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠵᠢᠯ ᠲᠦᠷᠦᠯ ᠳᠡᠭᠡᠨ ᠠᠭᠤᠰᠤᠯᠴᠠᠭᠤᠯᠵᠤ᠂ ᠲᠦᠷᠢᠮ ᠲᠤᠭᠳᠡᠴᠡ ᠶᠢ ᠪᠦᠷᠢᠨᠰᠢᠭᠦᠯᠵᠤ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠤᠯᠳᠡ ᠶᠢ ᠴᠢᠩᠭ᠎ᠠ ᠪᠤᠯᠭᠠᠵᠤ᠂ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠳᠡ ᠶᠢ ᠨᠠᠷᠢᠨ ᠠᠳᠬᠤᠵᠤ ᠪᠤᠳᠠᠳᠠᠢ ᠠᠳᠬᠤᠵᠤ ᠦᠷ᠎ᠠ ᠪᠦᠳᠦᠮᠵᠢ ᠲᠠᠢ ᠠᠳᠬᠤᠬᠤ ᠭᠡᠷᠡᠭᠲᠠᠢ ᠭᠡᠵᠤ ᠴᠢᠬᠤᠯᠡᠴᠢᠯᠡᠪᠡ᠃      ᠬᠤᠷᠠᠯ ᠠᠴᠠ ᠪᠡᠰᠡ ᠨᠠᠮ ᠪᠡ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠤᠭᠤᠴᠠᠭᠠᠨ ᠳᠠᠬᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠵᠡᠷᠭᠡ ᠳᠤ ᠲᠤᠬᠢᠷᠠᠭᠤᠯᠤᠯᠳᠡ ᠪᠠᠶᠢᠷᠢᠯᠠᠭᠤᠯᠤᠯᠳᠡ ᠬᠢᠵᠠᠢ᠃ ᠬᠤᠷᠠᠯ ᠲᠡᠭᠡᠷ᠎ᠠ᠂ 8 ᠶᠠᠮᠤᠨ ᠵᠦᠪᠯᠡᠯ ᠤᠨ ᠨᠠᠮ ᠤᠨ ᠤᠳᠤᠷᠢᠳᠬᠤ ᠲᠤᠭᠤᠢᠢᠯᠠᠩ ︵ᠨᠠᠮ ᠤᠨ ᠬᠤᠷᠢᠶ᠎ᠠ︶᠎ ᠤᠨ ᠬᠠᠷᠢᠭᠤᠴᠠᠯᠭᠠᠳᠡᠨ ᠨᠦᠭᠦᠳ ᠰᠠᠨᠠᠯ ᠢᠶᠠᠨ ᠰᠤᠯᠢᠯᠴᠠᠵᠦ ᠶᠠᠷᠢᠶ᠎ᠠ ᠲᠠᠯᠪᠢᠨ᠂ 12 ᠨᠢᠭᠡᠴᠡ ᠪᠢᠴᠢᠭ ᠤᠨ ᠭᠡᠯᠪᠡᠷᠢ ᠪᠠᠷ ᠰᠠᠨᠠᠯ ᠢᠶᠠᠨ ᠰᠤᠯᠢᠯᠴᠠᠵᠠᠢ᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠠ ᠨᠢᠭᠡᠴᠡ ᠶᠢᠨ ᠨᠠᠮ ᠤᠨ ᠬᠤᠷᠢᠶᠡᠨ ᠤ ᠱᠦᠵᠢ᠂ ᠪᠠᠶᠢᠩᠭᠤ ︵ᠲᠤᠰᠬᠠᠢ ᠲᠤᠰᠢᠶᠡᠯᠳᠦ︶᠎ ᠶᠢᠨ ᠲᠡᠳ᠋ ᠱᠦᠵᠢ ᠪᠡ ᠪᠠᠶᠢᠭᠤᠯᠭ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠬᠤᠷᠠᠯ ᠳᠤ ᠤᠷᠤᠯᠴᠡᠪᠡ᠃
 
ᠢᠷᠡᠯᠲᠡ᠄ ᠰᠢᠨᠬᠤᠧᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1