ᠰᠧᠴᠤᠸᠠᠨ ᠤ ᠵᠢᠶᠠᠩ ᠠᠨ ᠳᠤ ᠳᠡᠯᠪᠡᠷᠡᠯᠲᠡ ᠡᠭᠦᠰᠴᠦ 19 ᠬᠦᠮᠦᠨ ᠠᠳᠡᠪᠡ
ᠨᠡᠶᠢᠲᠡᠯᠡᠭᠰᠡᠨ ᠴᠠᠭ᠄
2018-07-16
     ᠰᠢᠨᠬᠤᠸᠠ ᠬᠤᠷᠢᠶ᠎ᠠ ᠪᠡᠭᠡᠵᠢᠩ ᠤᠨ 7 ᠰᠠᠷ᠎ᠠ ᠶᠢᠨ 13᠎ ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠲᠠᠩ ᠲᠤᠤ᠂ ᠶᠠᠩ ᠳ᠋ᠢ᠂ ᠵᠠᠩ ᠬᠠᠢ ᠯᠸᠢ︶ ᠰᠧᠴᠤᠸᠠᠨ ᠮᠤᠵᠢ ᠶᠢᠨ ᠠᠶᠤᠯᠭᠦᠢ ᠪᠠᠶᠢᠳᠠᠯ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠮᠡᠳᠡᠭᠡ ᠶᠢ ᠦᠳᠦᠰᠦᠯᠡᠪᠡᠯ᠂ 7 ᠰᠠᠷ᠎ᠠ ᠶᠢᠨ 12᠎ ᠤᠨ ᠡᠳᠦᠷ ᠤᠨ ᠤᠷᠤᠢ ᠶᠢᠨ 18᠄ 30 ᠴᠠᠬ ᠤᠨ ᠦᠶ᠎ᠡ ᠪᠠᠷ ᠢᠪᠢᠨ ᠬᠤᠲᠠ ᠶᠢᠨ ᠵᠢᠶᠠᠩ ᠠᠨ ᠰᠢᠶᠠᠨ ᠤ ᠶᠠᠩᠴᠦ᠋ᠨ ᠠᠵᠦ ᠦᠢᠯᠡᠳᠪᠦᠷᠢ ᠶᠢᠨ ᠪᠦᠰᠡ ᠳᠠᠬᠢ ᠢᠪᠢᠨ ᠾᠤᠩᠳᠠ ᠰᠢᠨᠵᠢᠯᠡᠬᠦ ᠤᠬᠠᠭᠠᠨ ᠲᠤᠭ᠍ᠨᠤᠯᠤᠬᠢ ᠶᠢᠨ ᠬᠢᠵᠠᠭᠠᠷᠲᠤ ᠺᠤᠮᠫᠠᠨᠢ ᠳᠤ ᠳᠡᠯᠪᠡᠷᠡᠯᠲᠡ ᠡᠭᠦᠰᠴᠦ᠂ 19 ᠬᠦᠮᠦᠨ ᠠᠳᠡᠵᠦ 12 ᠬᠦᠮᠦᠨ ᠰᠢᠷᠬᠠᠳᠤᠭᠠᠳ ᠪᠤᠢ᠃      ᠵᠢᠶᠠᠩ ᠠᠨ ᠰᠢᠶᠠᠨ ᠤ ᠵᠠᠰᠠᠬ ᠤᠨ ᠤᠷᠳᠤᠨ ᠤ ᠬᠡᠪᠯᠡᠯ ᠮᠡᠳᠡᠭᠡᠯᠡᠯ ᠤᠨ ᠠᠯᠪᠠᠨ ᠤ 13᠎ ᠤ ᠡᠳᠦᠷ ᠤᠨ 6᠄ 50 ᠴᠠᠬ ᠲᠤ ᠵᠠᠷᠯᠠᠬᠰᠠᠨ ᠢ ᠦᠨᠳᠦᠰᠦᠯᠡᠪᠡᠯ ᠨᠤᠴᠤᠵᠦ ᠪᠠᠶᠢᠬᠰᠠᠨ ᠭᠠᠯ ᠢ ᠨᠢᠭᠡᠨᠲᠡ ᠤᠨᠲᠠᠷᠠᠭᠠᠵᠦ᠂ ᠤᠰᠤᠯ ᠤᠨ ᠭᠠᠵᠠᠷ ᠠᠴᠠ ᠠᠪᠤᠷᠠᠬᠤ ᠠᠵᠢᠯ ᠴᠤ ᠨᠢᠭᠡᠨᠲᠡ ᠳᠠᠭᠤᠰᠴᠠᠢ᠃ ᠰᠢᠷᠬᠠᠳᠤᠨᠰᠠᠨ 12 ᠬᠦᠮᠦᠨ ᠪᠦᠬᠦᠨ ᠢᠶᠠᠷ ᠢᠶᠠᠨ ᠠᠮᠢ ᠨᠠᠰᠤᠨ ᠤ ᠠᠶᠤᠯ ᠦᠭᠡᠢ᠃      ᠲᠤᠬᠠᠢ ᠶᠢᠨ ᠤᠷᠤᠨ ᠤ ᠶᠠᠭᠠᠷᠠᠯᠲᠠᠢ ᠠᠷᠭᠠᠴᠠᠭᠠᠬᠤ ᠬᠠᠮᠢᠶᠠᠷᠤᠯᠲᠠ ᠶᠢᠨ ᠰᠯᠠᠪᠤᠷᠢ ᠶᠢᠨ ᠬᠢᠨ ᠤᠰᠤᠯ ᠤᠨ ᠮᠡᠳᠡᠭᠦᠯᠦᠯᠲᠡ ᠶᠢ ᠬᠦᠯᠢᠶᠡᠨ ᠠᠪᠤᠮᠠᠬᠴᠠ ᠠᠪᠤᠷᠠᠨ ᠲᠤᠰᠠᠯᠬᠠᠤ ᠪᠠᠶᠢᠷᠢᠰᠢᠭᠤᠯᠤᠯᠲᠠ ᠬᠢᠵᠦ ᠶᠠᠭᠠᠷᠠᠯᠲᠠᠢ ᠠᠵᠢᠯᠯᠠᠬᠰᠠᠨ ᠪᠠᠶᠢᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1