ᠮᠠᠨ ᠤ ᠲᠣᠭᠤᠷᠢᠭ᠂ ᠣᠮᠠᠷᠠᠲᠦ ᠶᠢᠨ ᠭᠥᠩᠭᠡᠨ ᠴᠠᠭᠠᠨ ᠦᠢᠯᠡᠰ ᠤᠨ ᠬᠢᠵᠠᠭᠠᠷᠲᠦ ᠺᠣᠮᠫᠠᠨᠢ ᠲᠠᠢ ᠬᠠᠮᠲᠦ ᠫᠷᠤᠵᠢᠺᠠᠲ ᠤᠨ ᠬᠠᠮᠲᠤᠷᠠᠬᠤ ᠲᠣᠶᠢᠮᠣᠴᠢᠯᠠᠭᠰᠠᠨ ᠲᠣᠬᠢᠷᠠᠯᠴᠠᠭ᠎ᠠ ᠳᠤ ᠭᠠᠷ ᠤᠨ ᠦᠰᠦᠭ ᠵᠢᠷᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2018-07-18
     7 ᠰᠠᠷ᠎ᠠ ᠶᠢᠨ 11᠎ ᠤ ᠡᠳᠦᠷ᠂ ᠮᠠᠨ ᠤ ᠲᠣᠭᠤᠷᠢᠭ ᠣᠮᠠᠷᠠᠲᠦ ᠶᠢᠨ ᠬᠥᠩᠭᠡᠨ ᠴᠠᠭᠠᠨ ᠦᠢᠯᠡᠰ ᠤᠨ ᠬᠢᠵᠠᠭᠠᠷᠲᠦ ᠺᠣᠮᠫᠠᠨᠢ ᠲᠠᠢ ᠵᠢᠯ ᠤᠨ ᠭᠠᠷᠤᠯᠲᠠ15 ᠲᠦᠮᠡᠨ ᠲᠤᠨ ᠤ ᠦᠨᠳᠦᠷ ᠲᠡᠰ ᠤᠨ ᠴᠢᠳᠬᠤᠮᠠᠯ ᠮᠠᠲ᠋ᠧᠷᠢᠶᠠᠯ ᠵᠢᠴᠢ 5 ᠲᠦᠮᠡᠨ ᠲᠣᠨ ᠤ ᠬᠥᠩᠭᠡᠨ ᠴᠠᠭᠠᠨ ᠶᠢᠨ ᠢᠯᠲᠠᠰᠤ ᠶᠢᠨ ᠫᠷᠤᠵᠢᠺᠠᠲ ᠤᠨ ᠲᠣᠶᠢᠮᠣᠴᠢᠯᠠᠭᠰᠠᠨ ᠲᠣᠬᠢᠷᠠᠯᠴᠠᠭ᠎ᠠ ᠳᠤ ᠭᠠᠷ ᠤᠨ ᠦᠰᠦᠭ ᠵᠢᠷᠦᠪᠠ᠃ ᠦᠪᠦᠷ ᠮᠣᠩᠭᠤᠯ ᠤᠨ ᠪᠣᠭᠤᠲᠦ ᠬᠤᠲᠠ ᠶᠢᠨ ᠬᠥᠩᠭᠡᠨ ᠴᠠᠭᠠᠨ ᠦᠢᠯᠡᠰ ᠤᠨ ᠬᠦᠷᠢᠶᠡᠯᠡᠩ ᠤᠨ ᠨᠠᠮ ᠤᠨ ᠵᠥᠪᠯᠡᠯ ᠤᠨ ᠱᠦᠵᠢ᠂ ᠬᠠᠮᠢᠶᠠᠷᠤᠯᠳᠠ ᠶᠢᠨ ᠵᠥᠪᠯᠡᠯ ᠤᠨ ᠡᠷᠬᠢᠯᠡᠭᠴᠢ ᠯᠢ ᠴᠢᠦ ᠫᠢᠩ᠂ ᠬᠥᠩᠭᠡᠨ ᠴᠠᠭᠠᠨ ᠦᠢᠯᠡᠰ ᠤᠨ  ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ ᠵᠢᠴᠢ ᠲᠣᠭᠤᠷᠢᠭ ᠤᠨ ᠪᠡᠯᠡ ᠣᠷᠤᠭᠤᠯᠤᠯᠲᠠ ᠠᠬᠢᠭᠤᠯᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠡᠨ ᠲᠣᠰ ᠤᠳᠠᠭᠠᠨ ᠤ ᠭᠡᠷ᠎ᠡ ᠪᠠᠶᠢᠭᠤᠯᠬᠤ ᠶᠣᠰᠣᠯᠠᠯ ᠳᠤ ᠣᠷᠣᠯᠴᠠᠭᠰᠠᠨ ᠪᠠᠶᠢᠨ᠎ᠠ᠃      ᠣᠮᠠᠷᠠᠲᠦ ᠶᠢᠨ ᠬᠥᠩᠭᠡᠨ ᠴᠠᠭᠠᠨ ᠦᠢᠯᠡᠰ ᠤᠨ ᠬᠢᠵᠠᠭᠠᠷᠲᠦ ᠺᠣᠮᠫᠠᠨᠢ ᠵᠢᠯ ᠤᠨ ᠭᠠᠷᠤᠯᠲᠠ 15 ᠲᠦᠮᠡᠨ ᠲᠤᠨ ᠤ ᠦᠨᠳᠦᠷ ᠲᠡᠰ ᠤᠨ ᠴᠢᠳᠬᠤᠮᠠᠯ ᠮᠠᠲ᠋ᠧᠷᠢᠶᠠᠯ ᠵᠢᠴᠢ 5 ᠲᠦᠮᠡᠨ ᠲᠣᠨ ᠤ ᠬᠥᠩᠭᠡᠨ ᠴᠠᠭᠠᠨ ᠢᠯᠲᠠᠰᠤ ᠶᠢᠨ ᠫᠷᠤᠵᠢᠺᠠᠲ ᠤᠨ ᠶᠠᠷᠤᠩᠬᠢ ᠪᠡᠯᠡ ᠣᠷᠤᠭᠤᠯᠤᠯᠲᠠ ᠨᠢ 9.7 ᠳ᠋ᠥᠩᠰᠢᠭᠤᠷ᠂ ᠫᠷᠤᠵᠢᠺᠠᠲ ᠤᠨ ᠰᠣᠩᠭᠤᠭᠰᠠᠨ ᠭᠠᠵᠠᠷ ᠨᠢ ᠭᠥᠩᠭᠡᠨ ᠴᠠᠭᠠᠨ ᠦᠢᠯᠡᠰ ᠤᠨ ᠬᠦᠷᠢᠶᠡᠯᠡᠩ ᠤᠨ ᠬᠤᠸᠠ ᠶᠦᠨ ᠬᠤᠶᠠᠳᠤᠭᠠᠷ ᠬᠤᠭᠤᠴᠠᠭ᠎ᠠ ᠶᠢᠨ ᠫᠷᠤᠵᠢᠺᠠᠲ ᠤᠨ ᠪᠠᠷᠠᠭᠤᠨ᠂ ᠬᠤᠢ ᠽᠧ ᠵᠠᠮ ᠠᠴᠠ ᠵᠡᠭᠦᠨᠰᠢ᠂ ᠴᠠᠩ ᠵᠧᠩ ᠵᠠᠮ ᠠᠴᠠ ᠣᠮᠠᠷ᠎ᠠ᠂ ᠡᠵᠡᠯᠡᠭᠰᠡᠨ ᠭᠠᠵᠠᠷ ᠨᠢ 200 ᠮᠦ ᠬᠦᠷᠴᠡᠢ᠃ ᠫᠷᠤᠵᠢᠺᠠᠲ ᠢ ᠪᠠᠶᠢᠭᠤᠯᠤᠨ ᠪᠦᠳᠦᠭᠡᠭᠰᠡᠨ ᠤ ᠳᠠᠷᠠᠭ᠎ᠠ᠂ ᠪᠠᠷᠤᠭ ᠵᠢᠯ ᠤᠨ ᠭᠠᠷᠤᠯᠲᠠ ᠶᠢᠨ ᠥᠷᠲᠡᠭ ᠨᠢ 27 ᠳ᠋ᠥᠩᠰᠢᠭᠤᠷ ᠶᠢ ᠪᠡᠶᠡᠯᠡᠭᠦᠯᠵᠦ᠂ ᠵᠢᠯ ᠤᠨ ᠭᠠᠶᠢᠯᠢ ᠳᠠᠲᠠᠪᠣᠷᠢ 1ᠳ᠋ᠥᠩᠰᠢᠭᠤᠷ᠂ 400 ᠰᠢᠨ᠎ᠡ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠲᠣᠰ ᠫᠷᠤᠵᠢᠺᠠᠲ ᠶᠢ ᠪᠡᠶᠡᠯᠡᠭᠦᠯᠬᠦ ᠨᠢ᠂ ᠬᠥᠩᠭᠡᠨ ᠴᠠᠭᠠᠨ ᠦᠢᠯᠡᠰ ᠤᠨ ᠬᠦᠷᠢᠶᠡᠯᠡᠩ ᠤᠨ ᠬᠥᠩᠭᠡᠨ ᠴᠠᠭᠠᠨ ᠬᠠᠪᠲᠠᠰᠤ ᠶᠢᠨ ᠢᠯᠳᠠᠰᠣ ᠶᠢᠨ ᠦᠢᠯᠡᠰ ᠤᠨ ᠬᠡᠯᠬᠢᠶ᠎ᠡ ᠶᠢ  ᠰᠢᠪᠳᠣᠯᠬᠤ ᠪᠠᠷ ᠪᠠᠷᠠᠬᠤ ᠦᠭᠡᠢ᠂ ᠡᠭᠦᠨ ᠤ ᠬᠠᠮᠲᠦ ᠬᠥᠩᠭᠡᠨ ᠴᠠᠭᠠᠨ ᠦᠢᠯᠡᠰ ᠤᠨ ᠪᠦᠳᠦᠴᠡ ᠶᠢ ᠰᠢᠯᠢᠳᠡᠭᠵᠢᠭᠦᠯᠬᠦ ᠲᠠᠭᠤᠷᠢᠶᠠᠯ ᠦᠵᠡᠭᠦᠯᠬᠦ ᠲᠣᠭᠤᠷᠢᠭ ᠢ ᠵᠣᠬᠢᠶᠠᠨ ᠪᠠᠶᠢᠭᠤᠯᠵᠦ᠂ ᠮᠠᠨ ᠤ ᠲᠣᠭᠤᠷᠢᠭ ᠤᠨ ᠠᠵᠦ ᠠᠬᠤᠢ ᠶᠢᠨ ᠦᠨᠳᠦᠷ ᠴᠢᠨᠠᠷ ᠲᠠᠢ ᠬᠦᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃
 
ᠢᠷᠡᠯᠲᠡ᠄ ᠳ᠋ᠦᠩ ᠾᠧ ᠲᠣᠭᠤᠷᠢᠭ ᠤᠨ ᠠᠷᠡᠳ ᠤᠨ ᠵᠠᠰᠠᠭ ᠤᠨ ᠣᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1