ᠦᠪᠦᠷ ᠮᠤᠩᠭᠤᠯ ᠤᠨ ᠴᠠᠭ ᠠᠭᠤᠷ ᠤᠨ ᠰᠠᠯᠠᠭ᠎ᠠ ᠮᠦᠴᠢᠷ ᠠᠴᠠ ᠡᠨᠡ ᠵᠢᠯ ᠤᠨ ᠬᠠᠮᠤᠭ ᠠᠩᠬᠠᠨ ᠤ ᠠᠭᠠᠲᠠᠷ ᠪᠤᠷᠤᠭᠠᠨ ᠤ ᠤᠯᠠᠭᠠᠨ ᠦᠩᠭᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2018-07-18
     ᠰᠢᠨᠬᠤᠸᠠ ᠨᠤᠲ ᠬᠦᠬᠡᠬᠤᠲᠠ ᠶᠢᠨ 7 ᠰᠠᠷ᠎ᠠ ᠶᠢᠨ 16᠎ ᠤ ᠡᠳᠦᠷ ᠤᠨ ᠴᠠᠬᠢᠯᠭᠠᠨ ᠮᠡᠳᠡᠭᠡ᠂ ᠦᠪᠦᠷ ᠮᠤᠩᠭᠤᠯ ᠤᠨ ᠬᠢᠩᠭᠠᠨ ᠠᠶᠢᠮᠠᠭ ᠤᠨ ᠴᠠᠭ ᠠᠭᠤᠷ ᠤᠨ ᠬᠤᠷᠢᠶ᠎ᠠ ᠠᠴᠠ ᠠᠭᠠᠲᠠᠷ ᠪᠤᠷᠤᠭᠠᠨ ᠤ ᠤᠯᠠᠭᠠᠨ ᠦᠩᠭᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ᠃ ᠡᠨᠡ ᠪᠤᠯ ᠮᠦᠨ ᠴᠦ ᠦᠪᠦᠷ ᠮᠤᠩᠭᠤᠯ ᠤᠨ ᠴᠠᠭ ᠠᠭᠤᠷ ᠤᠨ ᠰᠠᠯᠠᠭ᠎ᠠ ᠮᠦᠴᠢᠷ ᠠᠴᠠ ᠨᠡᠶᠢᠲᠡᠯᠡᠭᠰᠡᠨ ᠡᠨᠡ ᠵᠢᠯ ᠤᠨ ᠬᠠᠮᠤᠭ ᠠᠩᠬᠠᠨ ᠤ ᠠᠭᠠᠲᠠᠷ ᠪᠤᠷᠤᠭᠠᠨ ᠤ ᠤᠯᠠᠭᠠᠨ ᠦᠩᠭᠡ ᠶᠢᠨ ᠰᠡᠷᠡᠮᠵᠢ ᠶᠢᠨ ᠲᠤᠬᠢᠶ᠎ᠠ ᠪᠤᠯᠤᠨ᠎ᠠ᠃      ᠴᠠᠭ ᠠᠭᠤᠷ ᠤᠨ ᠰᠠᠯᠠᠭ᠎ᠠ ᠮᠦᠴᠢᠷ ᠤᠨ ᠲᠤᠭ᠎ᠠ ᠪᠠᠷᠢᠮᠲᠠ ᠶᠢᠨ ᠢᠯᠡᠳᠬᠡᠭᠰᠡᠨ ᠢᠶᠠᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠴᠤᠤᠯ ᠪᠠᠯᠭᠠᠰᠤ᠂ ᠪᠠᠳᠠᠷᠠᠬᠤ ᠪᠠᠯᠭᠠᠰᠤ᠂ ᠪᠠᠶᠠᠨ ᠵᠢᠯᠠᠭ᠎ᠠ ᠰᠢᠶᠠᠩ ᠤᠨ ᠲᠤᠨᠳᠠᠰᠤᠨ ᠤ ᠬᠡᠮᠵᠢᠶ ᠎ᠡ ᠨᠢᠭᠡᠨᠲᠡ 100 ᠮᠢᠯᠢᠮᠧᠲᠷ ᠠᠴᠠ ᠳᠡᠭᠡᠭᠰᠢ ᠳᠤ ᠬᠦᠷᠪᠡ᠃ ᠤᠳᠤᠬᠠᠨ ᠳᠤ ᠬᠢᠩᠭᠠᠨ ᠠᠶᠢᠮᠠᠭ ᠤᠨ ᠴᠠᠭ ᠠᠭᠤᠷ ᠤᠨ ᠲᠤᠪᠴᠢᠶ᠎ᠠ ᠠᠴᠠ ᠨᠢᠭᠡᠨᠲᠡ 4 ᠳᠡᠰ ᠤᠨ ᠪᠠᠴᠢᠮ ᠪᠠᠢᠳᠠᠯ ᠢ ᠠᠷᠭᠠᠴᠠᠭᠠᠬᠤ ᠲᠤᠰᠬᠠᠯ ᠨᠡᠶᠢᠲᠡᠯᠡᠵᠡᠢ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠶᠢᠨ ᠤᠷᠢᠳᠴᠢᠯᠠᠭᠰᠠᠨ ᠮᠡᠳᠡᠭᠡᠯᠡᠯ ᠢ ᠦᠨᠳᠦᠰᠦᠯᠡᠪᠡᠯ᠂ ᠳᠡᠳ᠋ ᠬᠠᠯᠠᠭᠤᠨ ᠪᠦᠰᠡᠨ ᠤ ᠦᠨᠳᠦᠷ ᠳᠠᠷᠤᠯᠲᠠ᠂ ᠦᠨᠳᠦᠷ ᠠᠭᠠᠷ ᠤᠨ ᠬᠤᠩᠭᠢᠯ ᠵᠢᠴᠢ ᠲᠤᠤᠷ᠎ᠠ ᠠᠭᠠᠷ ᠤᠨ ᠲᠠᠰᠢᠯᠲᠠ ᠶᠢᠨ ᠱᠤᠭᠤᠮ ᠤᠨ ᠬᠠᠮᠲᠤ ᠶᠢᠨ ᠨᠦᠯᠦᠭᠡ ᠪᠠᠷ 16᠎ ᠤ ᠡᠳᠦᠷ ᠤᠨ ᠰᠦᠨᠢ ᠠᠴᠠ 18᠎ ᠤ ᠡᠳᠦᠷ ᠪᠤᠯᠲᠠᠯ᠎ᠠ ᠦᠪᠦᠷ ᠮᠤᠩᠭᠤᠯ ᠤᠨ ᠪᠤᠷᠤ ᠲᠤᠬᠤᠢ ᠶᠢᠨ ᠤᠷᠤᠨ᠂ ᠬᠦᠯᠦᠨ ᠪᠤᠶᠢᠷ ᠤᠨ ᠪᠠᠷᠠᠭᠤᠨ ᠬᠤᠢᠲᠤ ᠪᠦᠰᠠ ᠳᠤ ᠠᠭᠠᠳᠠᠷ ᠪᠤᠷᠤᠭᠠᠨ ᠤᠷᠤᠬᠤ ᠪᠤᠯᠤᠨ᠎ᠠ᠃      16᠎ ᠤ ᠡᠳᠦᠷ ᠤᠨ 20 ᠴᠠᠭ ᠠᠴᠠ 18᠎ ᠤ ᠡᠳᠦᠷ ᠤᠨ 20 ᠴᠠᠭ ᠪᠤᠯᠲᠠᠯ᠎ᠠ ᠠᠯᠠᠱᠠ ᠠᠴᠠ ᠤᠯᠠᠭᠠᠨᠬᠠᠳᠠ ᠶᠢᠨ ᠪᠠᠷᠠᠭᠤᠨ ᠪᠦᠰᠠ᠂ ᠬᠦᠯᠦᠨ ᠪᠤᠶᠢᠷ ᠤᠨ ᠵᠡᠭᠦᠨ ᠪᠦᠰᠠ ᠬᠢᠭᠡᠳ ᠤᠮᠠᠷᠠᠲᠤ ᠪᠦᠰᠠ ᠬᠦ᠋ᠷᠲᠡᠯᠡᠬᠢ ᠶᠡᠷᠦᠩᠭᠡᠢ ᠲᠤᠨᠳᠠᠰᠤᠨ ᠤ ᠬᠡᠮᠵᠢᠶ᠎ᠡ ᠨᠢ 10.0~24.9 ᠮᠢᠯᠢᠮᠧᠲᠷ ᠬᠦᠷᠬᠦ ᠪᠤᠯᠤᠨ᠎ᠠ᠃ ᠡᠭᠦᠨ ᠳᠤ᠂ ᠪᠠᠶᠠᠨᠨᠠᠭᠤᠷ ᠤᠨ ᠵᠡᠭᠦᠨ ᠡᠮᠦᠨᠡᠲᠦ ᠪᠦᠰᠡ᠂ ᠤᠷᠳᠤᠰ ᠤᠨ ᠵᠡᠭᠦᠨ ᠪᠦᠰᠡ᠂ ᠪᠤᠭᠤᠲᠤ ᠶᠢᠨ ᠳᠤᠮᠳᠠ ᠪᠦᠰᠡ ᠬᠢᠭᠡᠳ ᠡᠮᠦᠨ᠎ᠡ ᠪᠦᠰᠡ᠂ ᠤᠯᠠᠭᠠᠨᠴᠠᠪ ᠤᠨ ᠶᠡᠬᠡᠩᠬᠢ ᠪᠦᠰᠡ᠂ ᠰᠢᠯᠢ ᠶᠢᠨ ᠭᠤᠤᠯ ᠤᠨ ᠳᠤᠮᠳᠠ ᠪᠦᠰᠡ ᠬᠢᠭᠡᠳ ᠡᠮᠦᠨ᠎ᠡ ᠪᠦᠰᠡ᠂ ᠤᠯᠠᠭᠠᠨᠬᠠᠳᠠ ᠶᠢᠨ ᠪᠠᠷᠠᠭᠤᠨ ᠪᠦᠰᠡ᠂ ᠬᠦᠯᠦᠨ ᠪᠤᠶᠢᠷ ᠤᠨ ᠵᠡᠭᠦᠨ ᠪᠦᠰᠡ ᠶᠢᠨ ᠵᠡᠷᠦᠩᠭᠡᠢ ᠲᠤᠨᠳᠠᠰᠤᠨ ᠤ ᠬᠡᠮᠵᠢᠶ ᠎ᠡ 25.0~49.9 ᠮᠢᠯᠢᠮᠧᠲᠷ ᠬᠦᠷᠴᠦ᠂ ᠤᠷᠳᠤᠰ ᠤᠨ ᠵᠡᠭᠦᠨ ᠬᠤᠢᠲᠤ ᠪᠦᠰᠡ᠂ ᠪᠤᠭᠤᠲᠤ ᠶᠢᠨ ᠡᠮᠦᠨ᠎ᠡ ᠪᠦᠰᠡ᠂ ᠬᠦᠬᠡᠬᠤᠲᠠ ᠶᠢᠨ ᠳᠤᠮᠳᠠ ᠪᠦᠰᠡ ᠪᠠ ᠡᠮᠦᠨ᠎ᠡ ᠪᠦᠰᠡ᠂ ᠤᠯᠠᠭᠠᠨᠴᠠᠪ ᠤᠨ ᠪᠠᠷᠠᠭᠤᠨ ᠡᠮᠦᠨ᠎ᠡ ᠪᠦᠰᠡ᠂ ᠬᠦᠯᠦᠨ ᠪᠦᠷ ᠤᠨ ᠬᠤᠢᠲᠤ ᠪᠦᠰᠡ ᠶᠢᠨ ᠬᠤᠶᠢᠭᠤᠷᠬᠢ ᠭᠠᠵᠠᠷ ᠢᠶᠠᠷ ᠶᠡᠷᠦᠩᠭᠡᠢ ᠲᠤᠨᠳᠠᠰᠤᠨ ᠤ ᠬᠡᠮᠵᠢᠶ ᠎ᠡ 50.0~99.9 ᠮᠢᠯᠢᠮᠧᠲᠷ ᠬᠦᠷᠬᠦ ᠪᠤᠯᠤᠨ᠎ᠠ᠃      ᠴᠠᠭ ᠠᠭᠤᠷ ᠤᠨ ᠰᠠᠯᠠᠭ᠎ᠠ ᠮᠦᠴᠢᠷ ᠤᠨ ᠪᠠᠷᠤᠭᠴᠠᠭᠠᠯᠠᠭᠰᠠᠨ ᠢᠶᠠᠷ᠂ ᠪᠤᠷᠤᠭᠠᠨ ᠤᠷᠤᠬᠤ ᠴᠠᠭ ᠨᠢ ᠭᠤᠤᠯᠳᠠᠭᠤ 16᠎ ᠤ ᠡᠳᠦᠷ ᠤᠨ 20 ᠴᠠᠭ ᠠᠴᠠ 17᠎ ᠤ ᠡᠳᠦᠷ ᠤᠨ 20 ᠴᠠᠭ ᠲᠤ ᠲᠦᠪᠯᠡᠷᠡᠨ᠎ᠡ᠃ ᠤᠷᠳᠤᠰ ᠤᠨ ᠵᠡᠭᠦᠨ ᠬᠤᠶᠢᠲᠤ ᠪᠦᠰᠡ᠂ ᠪᠤᠭᠤᠲᠤ ᠶᠢᠨ ᠡᠮᠦᠨ᠎ᠡ ᠪᠦᠰᠡ᠂ ᠬᠦᠬᠡᠬᠤᠲᠠ ᠶᠢᠨ ᠳᠤᠮᠳᠠ ᠪᠦᠰᠡ ᠬᠢᠭᠡᠳ ᠡᠮᠦᠨ᠎ᠡ ᠪᠦᠰᠡ᠂ ᠬᠦᠯᠦᠨ ᠪᠤᠶᠢᠷ ᠤᠨ ᠬᠤᠢᠲᠤ ᠪᠦᠰᠡ ᠶᠢᠨ ᠬᠤᠢᠭᠤᠷᠬᠢ ᠭᠠᠵᠠᠷ ᠲᠤ ᠭᠤᠤᠯ ᠮᠦᠷᠡᠨ ᠤ ᠦᠶᠡᠷ᠂ ᠠᠭᠤᠯᠠᠨ ᠦᠶᠡᠷ᠂ ᠭᠧᠤᠯᠤᠬᠢ ᠶᠢᠨ ᠭᠠᠮᠰᠢᠭ ᠵᠡᠷᠭᠡ ᠴᠠᠭ ᠠᠭᠤᠷ ᠤᠨ ᠡᠷᠡᠰᠳᠡᠯ ᠤᠨ ᠳᠡᠰ ᠨᠢ ᠨᠡᠯᠢᠶᠡᠳ ᠦᠨᠳᠦᠷ᠃ ︵ᠳᠠᠳᠤᠯᠭ᠎ᠠ ᠶᠢᠨ ᠨᠠᠶᠢᠷᠠᠭᠤᠯᠤᠬᠴᠢ ᠨᠠᠬᠢᠶ᠎ᠠ ᠤᠷᠴᠢᠭᠤᠯᠪᠠ︶
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1