ᠯᠢ ᠺᠧ ᠴᠢᠶᠠᠩ ︽ᠪᠢ ᠡᠮ ᠤᠨ ᠰᠠᠬᠢᠭᠤᠰᠤ ᠪᠢᠰᠢ︾ ᠭᠡᠳᠡᠭ ᠺᠢᠨᠤ᠋ ᠠᠴᠠ ᠪᠤᠯᠤᠬᠰᠠᠨ ᠬᠠᠯᠠᠮᠰᠢᠯ ᠶᠠᠷᠢᠯᠴᠠᠭᠠᠨ ᠳᠤ ᠴᠤᠬᠤᠯᠠᠪᠤᠷᠢ ᠦᠭᠪᠡ
ᠨᠡᠶᠢᠲᠡᠯᠡᠭᠰᠡᠨ ᠴᠠᠭ᠄
2018-07-19
ᠲᠦᠷᠦᠭᠦᠬᠡᠨ ᠶᠡᠷᠦᠩᠬᠡᠢ ᠰᠠᠶᠢᠳ ᠯᠢ ᠺᠧ ᠴᠢᠶᠠᠩ ︽ᠪᠢ ᠡᠮ ᠤᠨ ᠰᠠᠬᠢᠭᠤᠰᠤ ᠪᠢᠰᠢ︾ ᠬᠡᠳᠡᠭ ᠺᠢᠨᠤ᠋ ᠠᠴᠠ ᠪᠤᠯᠤᠬᠰᠠᠨ ᠬᠠᠯᠠᠮᠰᠢᠯ ᠶᠠᠷᠢᠯᠴᠠᠭᠠᠨ ᠳᠤ ᠴᠤᠬᠤᠯᠠᠪᠤᠷᠢ ᠦᠭᠴᠡᠢ᠃ ᠲᠡᠷᠡᠪᠡᠷ ᠴᠤᠬᠤᠯᠠᠪᠤᠷᠢ ᠳᠠᠭᠠᠨ ᠬᠤᠯᠪᠤᠬᠳᠠᠬᠤ ᠰᠠᠯᠪᠤᠷᠢ ᠶᠢ ᠦᠮᠡᠨ ᠤ ᠡᠰᠡᠷᠭᠦ ᠡᠮ ᠤᠨ ᠦᠨ᠎ᠡ ᠶᠢ ᠬᠢᠮᠳᠠᠷᠠᠭᠤᠯᠵᠦ ᠬᠠᠩᠭᠠᠯᠲᠠᠲᠠᠢ ᠪᠠᠶᠢᠯᠭᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠠᠷᠦ᠋ᠢᠬᠠᠨ ᠲᠤᠭᠤᠰᠢᠯᠠᠭᠤᠯᠬᠤ ᠬᠡᠷᠡᠭᠲᠡᠢ ᠭᠡᠵᠡᠢ᠃︽ᠦᠮᠡᠨ ᠡᠪᠡᠳᠴᠢᠲᠡᠨ ᠢ ᠪᠠᠭᠲᠠᠭᠠᠬᠰᠠᠨ ᠬᠦᠨᠳᠦ ᠡᠪᠡᠳᠴᠢᠲᠡᠳ ᠢᠮᠫᠤᠷᠲᠯᠠᠬᠰᠠᠨ ︿ᠠᠮᠢ ᠠᠪᠤᠷᠠᠬᠤ ᠡᠮ﹀᠎ ᠢ ᠬᠤᠳᠠᠯᠳᠤᠵᠦ ᠤᠯᠬᠤ ᠦᠭᠡᠢ ᠪᠠ ᠠᠪᠬᠤ ᠵᠤᠭᠤᠰ ᠦᠭᠡᠢ᠂ ᠪᠠᠰᠠ ᠡᠪᠡᠳᠴᠢᠨ ᠢᠶᠠᠨ ᠤᠳᠠᠭᠠᠰᠢᠷᠠᠭᠤᠯᠵᠦ ᠴᠢᠳᠠᠬᠤ ᠦᠬᠡᠢ ᠵᠡᠷᠭᠡ ᠪᠠᠶᠢᠳᠠᠯ ᠨᠢ ᠡᠮ ᠤᠨ ᠦᠨ᠎ᠡ ᠬᠠᠩᠰᠢ ᠶᠢ ᠬᠢᠮᠳᠠᠷᠠᠭᠤᠯᠵᠦ ᠬᠠᠩᠭᠠᠯᠲᠠᠲᠠᠢ ᠪᠠᠶᠢᠯᠭᠠᠬᠤ ᠶᠢᠨ ᠪᠠᠴᠢᠮ ᠴᠢᠨᠠᠷ ᠢ ᠲᠤᠰᠬᠠᠵᠦ ᠪᠤᠢ ᠁ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠲᠤᠬᠲᠠᠭᠠᠬᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠠᠷᠤᠢ ᠲᠤᠭᠤᠰᠢᠯᠠᠭᠤᠯᠵᠦ ᠠᠯᠢ ᠴᠢᠳᠠᠬᠤ ᠪᠠᠷ ᠬᠤᠷᠳᠤᠨ ᠪᠡᠶᠡᠯᠡᠬᠦᠯᠬᠦ ᠬᠡᠷᠡᠭᠲᠡᠢ︾ ᠭᠡᠵᠦ ᠶᠡᠷᠦᠩᠬᠡᠢ ᠰᠠᠶᠢᠳ ᠴᠤᠬᠤᠯᠠᠪᠤᠷᠢ ᠳᠠᠭᠠᠨ ᠳᠤᠷᠠᠳᠪᠠ᠃      ᠡᠨᠡ ᠤᠨ ᠤ 4 ᠰᠠᠷ᠎ᠠ ᠪᠤᠯᠤᠨ 6 ᠰᠠᠷ᠎ᠠ ᠳᠤ ᠯᠢ ᠺᠤ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠶᠠᠷ ᠤᠳᠠᠭ᠎ᠠ ᠡᠷᠬᠢᠯᠡᠨ ᠬᠤᠷᠠᠯᠳᠤᠭᠤᠯᠵᠦ᠂ ᠢᠮᠫᠤᠷᠲᠯᠠᠬᠤ ᠦᠮᠡᠨ ᠤ ᠡᠰᠡᠷᠭᠦ ᠡᠮ ᠠᠴᠠ ᠭᠠᠶᠢᠯᠢ ᠬᠤᠷᠢᠶᠠᠬᠤ ᠦᠭᠡᠢ ᠪᠠᠷ ᠰᠢᠶ᠋ᠳᠦᠭᠰᠡᠨ ᠪᠠ ᠰᠢᠨ᠎ᠡ ᠪᠠᠷ ᠨᠠᠶᠢᠷᠠᠭᠤᠯᠤᠬᠰᠠᠨ ᠡᠮ ᠢ ᠢᠮᠫᠤᠷᠲᠯᠠᠬᠤ ᠶᠢ ᠵᠤᠷᠢᠬᠵᠢᠭᠤᠯᠵᠦ᠂ ᠭᠠᠳᠠᠭᠠᠳᠤ ᠤᠯᠤᠰ ᠲᠤ ᠵᠠᠬ᠎ᠠ ᠳᠤ ᠭᠠᠷᠤᠬᠰᠠᠨ ᠰᠢᠨ᠎ᠡ ᠡᠮ ᠤᠨ ᠬᠢᠨᠠᠨ ᠰᠢᠯᠭᠠᠯᠲᠠ ᠶᠢ ᠲᠦᠷᠭᠡᠳᠬᠡᠨ᠂ ᠦᠮᠡᠨ ᠤ ᠡᠰᠡᠷᠭᠦ ᠡᠮ ᠤᠨ ᠦᠨ᠋ ᠎ᠡ ᠶᠢ ᠬᠢᠮᠳᠠᠷᠠᠭᠤᠯᠬᠤ ᠠᠷᠭ᠎ᠠ ᠬᠡᠮᠵᠢᠶ᠎ᠡ ᠶᠢ ᠲᠤᠭᠤᠰᠢᠯᠠᠭᠤᠵᠦ᠂ ᠬᠠᠩᠭᠠᠯᠭ᠎ᠠ ᠭᠦᠢᠴᠡᠳ ᠪᠤᠰᠤ ᠡᠮ ᠢ ᠬᠠᠩᠭᠠᠯᠲᠠᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃ ᠬᠤᠷᠠᠯ ᠠᠴᠠ ᠪᠠᠰᠠ ᠦᠮᠡᠨ ᠤ ᠡᠰᠡᠷᠭᠦ ᠡᠮ ᠤᠨ ᠦᠢᠯᠡᠳᠪᠦᠷᠢᠯᠡᠬᠦ ᠬᠢᠭᠡᠳ ᠢᠮᠫᠤᠲᠯᠠᠬᠤ ᠳᠠᠬᠢ ᠭᠠᠶᠢᠯᠢ ᠶᠢᠨ ᠳᠠᠷᠤᠮᠲᠠ ᠶᠢ ᠶᠡᠬᠡᠪᠡᠷ ᠬᠦᠩᠭᠡᠷᠡᠭᠦᠯᠵᠦ᠂ ᠵᠠᠰᠠᠬ ᠤᠨ ᠤᠷᠳᠤᠨ ᠠᠴᠠ ᠲᠦᠪᠯᠡᠷᠡᠭᠦᠯᠦᠨ ᠬᠤᠳᠠᠯᠳᠤᠨ ᠠᠪᠬᠤ᠂ ᠰᠢᠨ᠎ᠡ ᠪᠠᠷ ᠦᠢᠯᠡᠳᠪᠦᠷᠢᠯᠡᠭᠰᠡᠨ ᠡᠮ ᠢᠯᠠᠩᠭᠤᠶ᠎ᠠ ᠪᠠᠴᠢᠮ ᠱᠠᠭᠠᠷᠳᠠᠯᠭ᠎ᠠ ᠲᠠᠢ ᠦᠮᠡᠨ ᠤ ᠡᠰᠡᠷᠭᠦ ᠢᠮᠫᠤᠷᠲᠯᠠᠬᠤ ᠡᠮ ᠢ ᠴᠠᠬ ᠲᠤᠬᠠᠢ ᠳᠤᠨᠢ ᠡᠮᠨᠡᠯᠭᠡ ᠶᠢᠨ ᠳᠠᠭᠠᠳᠬᠠᠯ ᠳᠤ ᠬᠠᠮᠤᠷᠤᠭᠤᠯᠬᠤ ᠶᠢ ᠬᠡᠷᠡᠭᠵᠢᠭᠦᠯᠵᠦ᠂ ᠬᠢᠯᠢ ᠳᠠᠮᠨᠠᠬᠰᠠᠨ ᠴᠠᠬᠢᠮ ᠬᠤᠳᠠᠯᠳᠤᠭ᠎ᠠ ᠶᠢ ᠠᠰᠢᠬᠯᠠᠨ ᠤᠯᠠᠨ ᠠᠷᠭ᠎ᠠ ᠪᠠᠷ ᠡᠯ᠎ᠡ ᠵᠦᠢᠯ ᠤᠨ ᠶᠤᠰᠤᠨ ᠳᠤ ᠨᠡᠶᠢᠴᠡᠬᠦ ᠦᠭᠡᠢ ᠦᠨ᠎ᠡ ᠶᠢ ᠦᠰᠭᠡᠬᠦ ᠬᠢᠳᠡᠯ ᠢ ᠬᠤᠷᠢᠬᠯᠠᠨ᠂ ᠪᠦᠲᠦᠭᠡᠯᠴᠢ ᠬᠢᠮᠢ ᠶᠢᠨ ᠡᠮ ᠤᠨ ᠦᠮᠴᠢᠯᠡᠬᠦ ᠡᠷᠬᠡ ᠶᠢ ᠬᠠᠮᠠᠭᠠᠯᠠᠬᠤ ᠪᠠᠨ ᠴᠢᠩᠭᠠᠳᠬᠠᠵᠦ᠂ ᠴᠢᠨᠠᠷ ᠤᠨ ᠬᠢᠨᠠᠨ ᠬᠠᠮᠢᠶᠠᠷᠤᠯᠲᠠ ᠪᠠᠨ ᠴᠢᠩᠭᠠᠷᠠᠭᠤᠯᠤᠨ᠎ᠡ ᠭᠡᠵᠡᠢ᠃      ᠶᠡᠷᠦᠩᠬᠡᠢ ᠰᠠᠶᠢᠳ ᠴᠤᠬᠤᠯᠠᠪᠤᠷᠢ ᠳᠠᠭᠠᠨ᠂ ᠦᠮᠡᠨ ᠤ ᠡᠰᠡᠷᠬᠦ ᠡᠮ ᠪᠤᠯ ᠠᠮᠢ ᠠᠪᠤᠷᠠᠬᠤ ᠡᠮ ᠮᠦᠨ᠂ ᠭᠠᠶᠢᠯᠢ ᠶᠢ ᠬᠦᠩᠭᠡᠷᠡᠭᠦᠯᠴᠢᠬᠡᠭᠡᠳ ᠦᠨ᠎ᠡ ᠶᠢ ᠨᠢ ᠬᠢᠮᠳᠠᠷᠠᠭᠤᠯᠬᠤ ᠦᠭᠡᠢ ᠪᠠᠶᠢᠵᠦ ᠪᠤᠯᠬᠤ ᠦᠭᠡᠢ᠃ ᠡᠷᠬᠡᠪᠰᠢ ᠤᠯᠠᠨ ᠠᠷᠭ᠎ᠠ ᠪᠠᠷ ᠳᠤᠮᠳᠠᠬᠢ ᠭᠤᠬᠴᠤᠭ᠎ᠠ ᠶᠢ ᠴᠦᠭᠡᠷᠡᠭᠦᠯᠵᠦ᠂ ᠦᠮᠡᠨ ᠤ ᠡᠰᠡᠷᠭᠦ ᠡᠮ ᠤᠨ ᠦᠨ᠎ᠡ ᠶᠢ ᠬᠤᠷᠳᠤᠬᠠᠨ ᠬᠢᠮᠳᠠᠷᠠᠭᠤᠯᠵᠦ᠂ ᠤᠯᠠᠨ ᠲᠦᠮᠡᠨ ᠳᠤ ᠦᠨᠡᠨᠬᠦ ᠠᠰᠢᠬ ᠬᠦᠷᠲᠡᠭᠡᠬᠦ ᠬᠡᠷᠡᠭᠲᠡᠢ ᠭᠡᠪᠡ᠃      ᠡᠨᠡ ᠤᠨ ᠤ 4 ᠰᠠᠷ᠎ᠠ ᠳᠤ ᠨᠢᠭᠡ ᠤᠳᠠᠭᠠᠨ ᠤ ᠦᠨᠳᠦᠰᠤᠨ ᠱᠠᠲᠤᠨ ᠳᠤ ᠬᠦᠷᠴᠦ ᠠᠵᠢᠯ ᠪᠠᠶᠢᠴᠠᠭᠠᠬᠤ ᠳᠤᠮᠳᠠ ᠪᠠᠨ ᠯᠢ ᠺᠧ ᠴᠢᠶᠠᠩ ᠭᠠᠳᠠᠭᠠᠳᠤ ᠶᠢᠨ ᠬᠦᠷᠦᠩᠭᠡ ᠤᠷᠤᠭᠤᠯᠤᠯᠲᠠ ᠲᠠᠢ ᠨᠢᠭᠡ ᠡᠮ ᠤᠨ ᠠᠵᠦ ᠠᠬᠤᠶᠢᠯᠠᠯ ᠳᠤ ᠲᠤᠰᠬᠠᠶᠢᠯᠠᠨ ᠬᠦᠷᠴᠦ᠂ ᠡᠮ ᠢ ᠡᠮᠨᠡᠯᠭᠡ ᠶᠢᠨ ᠳᠠᠭᠠᠳᠬᠠᠯ ᠳᠤ ᠬᠠᠮᠤᠷᠤᠭᠤᠯᠬᠤ᠂ ᠵᠠᠰᠠᠬ ᠤ ᠤᠷᠳᠤᠨ ᠠᠴᠠ ᠬᠤᠳᠠᠯᠳᠤᠨ ᠠᠪᠬᠤ ᠵᠡᠷᠭᠡ ᠠᠷᠭ᠎ᠠ ᠪᠠᠷ ᠲᠤᠰ ᠠᠵᠦ ᠠᠬᠤᠶᠢᠯᠠᠯ ᠤᠨ ᠦᠮᠡᠨ ᠤ ᠡᠰᠡᠷᠭᠦ ᠪᠤᠶᠤ ᠪᠤᠰᠤᠳ ᠬᠦᠨᠳᠦ ᠡᠪᠡᠳᠴᠢᠨ ᠤ ᠡᠰᠡᠷᠭᠦ ᠡᠮ ᠤᠨ ᠦᠨ᠎ᠡ ᠬᠠᠩᠰᠢ ᠶᠢ ᠬᠢᠮᠳᠠᠷᠠᠭᠤᠯᠬᠤ ᠶᠢ ᠰᠠᠨᠠᠭᠠᠴᠢᠯᠠᠵᠠᠢ᠃      ᠲᠡᠷᠡᠪᠡᠷ᠂ ᠤᠳᠤ ᠬᠡᠨ ᠤ ᠭᠡᠷ ᠲᠤ ᠨᠢᠭᠡ ᠨᠢ ᠦᠮᠡᠨ ᠡᠪᠡᠳᠴᠢᠨ ᠳᠤ ᠨᠡᠷᠪᠡᠭᠳᠡᠪᠡᠯ ᠪᠦᠬᠦ ᠭᠡᠷ ᠢᠶᠠᠷ ᠢᠶᠠᠨ ᠲᠡᠭᠦᠨ ᠤ ᠡᠪᠡᠳᠴᠢᠨ ᠢ ᠵᠠᠰᠠᠬᠤ ᠪᠠᠷ ᠴᠢᠷᠮᠠᠶᠢᠵᠦ᠂ ᠴᠢᠨᠠᠬᠰᠢᠯᠠᠪᠠᠯ ᠤᠶᠢᠷ᠎ᠠ ᠲᠦᠷᠦᠯ ᠠᠴᠠ ᠪᠠᠨ ᠴᠤ ᠲᠤᠰᠠᠯᠠᠮᠵᠢ ᠬᠦᠰᠡᠳᠡᠭ᠃ ᠦᠮᠡᠨ ᠨᠢ ᠨᠢᠭᠡᠨᠲᠡ ᠠᠷᠠᠳ ᠲᠦᠮᠡᠨ ᠤ ᠠᠮᠢᠳᠤᠷᠠᠯ ᠡᠷᠡᠭᠦᠯ ᠡᠩᠬᠡ ᠶᠢ ᠰᠦᠷᠳᠡᠭᠦᠯᠬᠦ ᠬᠠᠮᠤᠬ ᠤᠨ ᠲᠡᠷᠢᠭᠦᠨ ᠤ ᠶᠠᠷᠭᠠᠴᠢᠨ ᠪᠤᠯᠵᠠᠢ᠃ ᠬᠠᠮᠤᠬ ᠤᠨ ᠶᠡᠭᠡ ᠬᠦᠴᠦᠨ ᠢᠶᠠᠷ ᠡᠪᠡᠳᠴᠢᠲᠡᠨ ᠢ ᠠᠪᠤᠷᠠᠨ ᠡᠪᠡᠳᠴᠢᠲᠡᠨ ᠤ ᠭᠡᠷ ᠪᠦᠯᠢ ᠶᠢᠨ ᠳᠠᠷᠤᠮᠲᠠ ᠶᠢ ᠬᠦᠩᠭᠡᠷᠡᠭᠦᠯᠬᠦ ᠬᠡᠷᠡᠭᠲᠡᠢ ᠭᠡᠯ᠎ᠡ᠃      ᠯᠢ ᠺᠧ ᠴᠢᠶᠠᠩ ᠴᠤᠬᠤᠯᠠᠪᠤᠷᠢ ᠳᠠᠭᠠᠨ ︽ᠦᠮᠡᠨ ᠡᠪᠡᠳᠴᠢᠲᠡᠨ ᠳᠤ ᠠᠪᠴᠦ ᠬᠡᠯᠡᠪᠡᠯ ᠴᠠᠬ ᠪᠤᠯ ᠳᠠᠷᠤᠢ ᠠᠮᠢ ᠨᠠᠰᠤ ᠮᠦᠨ︾᠂ ᠬᠤᠯᠪᠤᠬᠳᠠᠬᠤ ᠰᠠᠯᠠᠭ᠎ᠠ ᠮᠦᠴᠢᠷ ᠢ ︽ᠪᠠᠴᠢᠮ ᠱᠠᠭᠠᠷᠳᠠᠯᠭ᠎ᠠ ᠲᠠᠢ ᠤᠯᠠᠨ ᠲᠦᠮᠡᠨ ᠳᠤ ᠶᠠᠭᠠᠷᠠᠯᠲᠠᠢ ᠦᠢᠯᠡᠴᠢᠯᠡᠵᠦ︾᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠠᠷᠤᠢ ᠲᠦᠷᠭᠡᠨ ᠲᠤᠭᠤᠰᠢᠯᠠᠭᠤᠬᠤ ᠶᠢ ᠱᠠᠭᠠᠷᠳᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠬ ᠤᠨ ᠤᠷᠳᠤᠨ ᠤ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1