ᠲᠦᠪ ᠤᠨ ᠴᠠᠬ ᠠᠭᠤᠷ ᠤᠨ ᠲᠤᠪᠴᠢᠶ᠎ᠠ ᠠᠭᠠᠳᠠᠷ ᠪᠤᠷᠤᠭᠠᠨ ᠤ ᠰᠢᠷ᠎ᠠ ᠦᠩᠭᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2018-07-09
     ᠲᠦᠪ ᠤᠨ ᠴᠠᠬ ᠠᠭᠤᠷ ᠤᠨ ᠲᠤᠪᠴᠢᠶᠠᠨ ᠤ ᠠᠯᠪᠠᠨ ᠨᠤᠲ ᠤᠨ ᠮᠡᠳᠡᠭᠡ ᠶᠢ ᠦᠨᠳᠦᠰᠦᠯᠡᠪᠡᠯ᠂ ᠲᠤᠰ ᠲᠤᠪᠴᠢᠶ᠎ᠠ 7 ᠰᠠᠷ᠎ᠠ ᠶᠢᠨ 6᠎ ᠤ ᠡᠳᠦᠷ ᠤᠨ 6᠄ 00 ᠴᠠᠬ ᠲᠤ ᠠᠭᠠᠳᠠᠷ ᠪᠤᠷᠤᠭᠠᠨ ᠤ ᠰᠢᠷ᠎ᠡ ᠦᠩᠭᠡ ᠶᠢᠨ ᠰᠡᠷᠡᠮᠵᠢ ᠶᠢᠨ ᠲᠤᠬᠢᠶ᠎ᠠ ᠶᠢ ᠦᠷᠭᠦᠯᠵᠢᠯᠡᠨ ᠨᠡᠶᠢᠲᠡᠯᠡᠵᠡᠢ᠃ ᠤᠷᠢᠳᠴᠢᠯᠠᠨ ᠲᠤᠭᠠᠴᠠᠭᠠᠯᠠᠬᠰᠠᠨ ᠢᠶᠠᠷ᠂ 7 ᠰᠠᠷ᠎ᠠ ᠶᠢᠨ 6᠎ ᠤ ᠡᠳᠦᠷ ᠤᠨ 8᠄ 00 ᠴᠠᠬ ᠠᠴᠠ 7᠎ ᠤ ᠡᠳᠦᠷ ᠤᠨ 8᠄ 00 ᠴᠠᠬ ᠪᠤᠯᠲᠠᠯ᠎ᠠ ᠵᠢᠶᠠᠩᠰᠦ ᠮᠤᠵᠢ ᠶᠢᠨ ᠶᠡᠬᠡᠩᠬᠢ ᠪᠦᠰᠡ᠂ ᠠᠨᠾᠦ᠋ᠢ ᠮᠤᠵᠢ ᠶᠢᠨ ᠵᠡᠭᠦᠨ ᠪᠦᠰᠡ ᠬᠢᠭᠡᠳ ᠡᠮᠦᠨ᠎ᠡ ᠪᠦᠰᠡ᠂ ᠵᠤᠵᠢᠶᠠᠩ ᠮᠤᠵᠢ ᠶᠢᠨ ᠳᠤᠮᠳᠠ ᠪᠠᠷᠠᠭᠤᠨ ᠪᠦᠰᠡ᠂ ᠹᠦᠵᠢᠶᠠᠨ ᠮᠤᠵᠢ ᠶᠢᠨ ᠪᠠᠷᠠᠭᠤᠨ ᠬᠤᠶᠢᠲᠤ ᠪᠦᠰᠡ᠂ ᠵᠢᠶᠠᠩᠰᠢ ᠮᠤᠵᠢ ᠶᠢᠨ ᠳᠤᠮᠳᠠ ᠬᠤᠶᠢᠲᠤ ᠪᠦᠰᠡ᠂ ᠬᠤᠨᠠᠨ ᠮᠤᠵᠢ ᠶᠢᠨ ᠡᠮᠦᠨ᠎ᠡ ᠪᠦᠰᠡ᠂ ᠴᠦᠩᠴᠢᠩ ᠮᠤᠵᠢ ᠶᠢᠨ ᠡᠮᠦᠨ᠎ᠡ ᠪᠦᠰᠡ᠂ ᠰᠧᠴᠤᠸᠠᠨ ᠮᠤᠵᠢ ᠶᠢᠨ ᠵᠡᠭᠦᠨ ᠪᠦᠰᠡ ᠬᠢᠭᠡᠳ ᠡᠮᠦᠨ᠎ᠡ ᠪᠦᠰᠡ᠂ ᠭᠦᠢᠵᠸᠦ ᠮᠤᠵᠢ ᠶᠢᠨ ᠶᠡᠬᠡᠩᠬᠢ ᠪᠦᠰᠡ᠂ ᠶᠦᠨᠨᠠᠨ ᠮᠤᠵᠢ ᠶᠢᠨ ᠬᠤᠶᠢᠲᠤ ᠪᠦᠰᠡ ᠂ ᠭᠤᠸᠠᠩᠰᠢ ᠮᠤᠵᠢ ᠶᠢᠨ ᠪᠠᠷᠠᠭᠤᠨ ᠬᠤᠶᠢᠲᠤ ᠪᠦᠰᠡ ᠵᠢᠴᠢ ᠾᠤᠪᠸᠢ ᠮᠤᠵᠢ ᠶᠢᠨ ᠪᠠᠷᠠᠭᠤᠨ ᠬᠤᠶᠢᠲᠤ ᠪᠦᠰᠡ᠂ ᠦᠪᠦᠷ ᠮᠤᠩᠭᠤᠯ ᠤᠨ ᠳᠤᠮᠳᠠ ᠪᠦᠰᠡ ᠵᠡᠷᠭᠡ ᠪᠦᠰᠡ ᠨᠤᠲᠤᠬ ᠢᠶᠠᠷ ᠰᠢᠷᠦᠭᠦᠨ ᠪᠤᠷᠤᠭᠠᠨ ᠪᠤᠶᠤ ᠠᠭᠠᠳᠠᠷ ᠪᠤᠷᠤᠭᠠᠨ ᠤᠷᠤᠨ᠎ᠡ᠃      ᠡᠭᠦᠨ ᠳᠤ᠂ ᠵᠢᠶᠠᠩᠰᠦ ᠮᠤᠵᠢ ᠶᠢᠨ ᠳᠤᠮᠳᠠ ᠪᠦᠰᠡ ᠪᠤᠯᠤᠨ ᠡᠮᠦᠨ᠎ᠡ ᠪᠦᠰᠡ᠂ ᠵᠢᠶᠠᠩᠰᠢ ᠮᠤᠵᠢ ᠶᠢᠨ ᠵᠡᠭᠦᠨ ᠪᠦᠰᠡ᠂ ᠵᠤᠵᠢᠶᠠᠩ ᠮᠤᠵᠢ ᠶᠢᠨ ᠪᠠᠷᠠᠭᠤᠨ ᠡᠮᠦᠨ᠎ᠡ ᠪᠦᠰᠡ᠂ ᠹᠦᠵᠢᠶᠠᠨ ᠮᠤᠵᠢ ᠶᠢᠨ ᠪᠠᠷᠠᠭᠤᠨ ᠬᠤᠶᠢᠲᠤ ᠪᠦᠰᠡ᠂ ᠭᠦᠢᠵᠸᠦ ᠮᠤᠵᠢ ᠶᠢᠨ ᠳᠤᠮᠳᠠ ᠪᠦᠰᠡ ᠵᠡᠷᠭᠡ ᠪᠦᠰᠡ ᠨᠤᠲᠤᠬ ᠢᠶᠠᠷ ᠰᠢᠷᠦᠭᠦᠨ ᠠᠭᠠᠳᠠᠷ ᠪᠤᠷᠤᠭᠠᠨ ︵100-180 ᠮᠢᠯᠢᠮᠤᠲᠷ︶ ᠴᠢᠳᠬᠤᠯᠠᠵᠦ᠂ ᠬᠠᠮᠤᠬ ᠤᠨ ᠰᠢᠷᠦᠭᠦᠨ ᠳᠡᠭᠡᠨ ᠴᠠᠬ ᠪᠦᠷᠢ 40-60 ᠮᠢᠯᠢᠮᠤᠲᠷ ᠤᠨ ᠲᠤᠨᠳᠠᠰᠤ ᠪᠠᠭᠤᠵᠦ᠂ ᠵᠠᠷᠢᠮ ᠳᠤᠨᠢ 80 ᠮᠢᠯᠢᠮᠤᠲᠷ ᠠᠴᠠ ᠳᠡᠭᠡᠭᠰᠢ ᠲᠤᠨᠳᠠᠰᠤ ᠪᠠᠭᠤᠬᠤ ᠪᠠ ᠴᠠᠬᠢᠯᠭᠠᠨ ᠴᠠᠬᠢᠯᠵᠦ ᠰᠠᠯᠬᠢ ᠰᠠᠯᠬᠢᠯᠠᠬᠤ ᠰᠤᠯᠢᠬ ᠤᠷᠤᠰᠬᠠᠯᠲᠤ ᠴᠠᠬ ᠠᠭᠠᠷ ᠢᠯᠡᠷᠡᠨ᠎ᠡ᠃
 
ᠢᠷᠡᠯᠲᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠤᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1